4 ᠰᠠᠷ᠎ᠠ ᠵᠢᠨ 1 ᠡᠴᠡ ᠡᠬᠢᠯᠡᠵᠤ ᠱᠢᠨ᠎ᠡ ᠲᠢᠲᠢᠮᠯᠢᠭ ᠸᠢᠷᠦ᠋ᠰ ᠲᠤ᠌ ᠬᠠᠯᠳᠠᠪᠤᠷᠢᠯᠠᠬᠳᠠᠬᠰᠠᠨ ᠡᠪᠡᠳᠴᠢᠳᠠᠨ᠎ᠤ ᠡᠮ ᠡᠮᠨᠡᠯᠬᠡ ᠵᠢᠨ ᠳᠠᠭᠠᠳᠭᠠᠯ᠎ᠤᠨ ᠲᠠᠩᠰᠠ ᠴᠠᠢᠷᠠᠭᠤᠯᠬᠤ ᠰᠢᠨ᠎ᠡ ᠲᠥᠷᠥ᠎ᠶ᠋ᠢᠨ ᠪᠣᠳᠣᠯᠭ᠎ᠠ᠎ᠵᠢ ᠬᠡᠷᠡᠭᠵᠢᠬᠦᠯᠦᠨ᠎ᠡ
2023-04-01 19:34:55
ᠵᠣᠬᠢᠶᠠᠭ᠍ᠴᠢ᠄
ᠯᠢ ᠾᠧᠩ ᠫᠧᠩ ᠶᠦᠨ ᠵᠢᠶᠠ
ᠣᠩᠱᠢᠭ᠍ᠰᠠᠨ ᠣᠳᠠᠭ᠎ᠠ᠄
★★★☆☆

ᠤᠯᠤᠰ᠎ᠤᠨ ᠡᠮ ᠡᠮᠨᠡᠯᠬᠡ ᠵᠢᠨ ᠪᠠᠲᠤᠯᠠᠭ᠎ᠠ᠎ᠶ᠋ᠢᠨ ᠲᠣᠪᠴᠢᠶ᠎ᠠ᠂ ᠡᠳ᠋᠎ᠦᠨ ᠵᠠᠰᠠᠭ᠎ᠤᠨ ᠶᠠᠮᠤᠨ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠂ ᠤᠯᠤᠰ᠎ᠤᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠣᠪᠴᠢᠶ᠎ᠠ 30 ᠎ᠤ᠋ ᠡᠳᠦᠷ 《ᠱᠢᠨ᠎ᠡ ᠲᠢᠲᠢᠮᠯᠢᠭ ᠸᠢᠷᠦ᠋ᠰ ᠲᠤ᠌ ᠬᠠᠯᠳᠠᠪᠤᠷᠢᠯᠠᠬᠳᠠᠬᠰᠠᠨ ᠡᠪᠡᠳᠴᠢᠳᠠᠨ᠎ᠤ ᠡᠮ ᠡᠮᠨᠡᠯᠬᠡ ᠵᠢᠨ ᠵᠠᠷᠤᠳᠠᠯ᠎ᠢ ᠪᠠᠲᠤᠯᠠᠬᠤ ᠠᠵᠢᠯ᠎ᠢ ᠴᠢᠨᠠᠭᠰᠢᠳᠠ ᠰᠠᠢᠲᠤᠷ ᠬᠢᠬᠦ᠌ ᠲᠤᠬᠠᠶ ᠮᠡᠳᠡᠭ᠌ᠳᠡᠯ》᠎ᠢ ᠨᠡᠢᠲᠡᠯᠡᠵᠦ᠍᠂ 4 ᠰᠠᠷ᠎ᠠ᠎ᠶ᠋ᠢᠨ 1᠎ᠡᠴᠡ ᠬᠣᠢᠱᠢ ᠱᠢᠨ᠎ᠡ ᠲᠢᠲᠢᠮᠯᠢᠭ ᠸᠢᠷᠦ᠋ᠰ ᠲᠤ᠌ ᠬᠠᠯᠳᠠᠪᠤᠷᠢᠯᠠᠬᠳᠠᠬᠰᠠᠨ ᠡᠪᠡᠳᠴᠢᠳᠠᠨ᠎ᠤ ᠡᠮ ᠡᠮᠨᠡᠯᠬᠡ ᠵᠢᠨ ᠵᠠᠷᠤᠳᠠᠯ᠎ᠢ ᠪᠠᠲᠤᠯᠠᠬᠤ ᠲᠥᠷᠥ᠎ᠶ᠋ᠢᠨ ᠪᠣᠳᠣᠯᠭ᠎ᠠ᠎ᠶ᠋ᠢ ᠲᠣᠳᠣᠷᠬᠠᠢᠯᠠᠪᠠ᠃ ᠳᠠᠭᠠᠳᠭᠠᠯ᠎ᠳᠤ ᠣᠷᠣᠯᠴᠠᠭ᠍ᠰᠠᠨ ᠡᠪᠡᠳᠴᠢᠲᠡᠨ᠎ᠦ ᠲᠣᠭ᠍ᠲᠠᠭᠠᠯ᠎ᠳᠤ ᠨᠡᠢᠴᠡᠭᠰᠡᠨ ᠱᠢᠨ᠎ᠡ ᠲᠢᠲᠢᠮᠯᠢᠭ ᠸᠢᠷᠦ᠋ᠰ ᠲᠤ᠌ ᠬᠠᠯᠳᠠᠪᠤᠷᠢᠯᠠᠬᠳᠠᠬᠰᠠᠨ ᠡᠮ ᠡᠮᠨᠡᠯᠬᠡ ᠵᠢᠨ ᠵᠠᠷᠤᠳᠠᠯ᠎ᠢ ᠪᠤᠰᠤᠳ 20 ᠭᠠᠷᠤᠶ ᠵᠦᠶ᠋ᠯ᠎ᠦᠨ ᠬᠥᠬᠡᠭ᠌ᠴᠢᠨ ᠲᠥᠷᠥᠯ᠎ᠦᠨ ᠬᠠᠯᠳᠠᠪᠤᠷᠢᠲᠤ ᠡᠪᠡᠳᠴᠢᠨ᠎ᠳ᠋ᠤ ᠬᠡᠷᠡᠭᠵᠢᠬᠦᠯᠵᠤ ᠪᠠᠢᠭ᠎ᠠ ᠲᠠᠢ ᠠᠳᠠᠯᠢ ᠪᠠᠢᠬᠤ ᠡᠮ ᠡᠮᠨᠡᠯᠬᠡ ᠵᠢᠨ ᠳᠠᠭᠠᠳᠭᠠᠯ᠎ᠤᠨ ᠲᠠᠩᠰᠠ ᠴᠠᠢᠷᠠᠭᠤᠯᠬᠤ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠦᠨ᠎ᠡ ᠬᠡᠵᠤ ᠲᠤᠳᠤᠷᠬᠠᠢᠯᠠᠪᠠ᠃

ᠱᠢᠨ᠎ᠡ ᠲᠢᠲᠢᠮᠯᠢᠭ ᠸᠢᠷᠦ᠋ᠰ ᠲᠤ᠌ ᠬᠠᠯᠳᠠᠪᠤᠷᠢᠯᠠᠬᠳᠠᠬᠰᠠᠨ ᠡᠪᠡᠳᠴᠢᠳᠠᠨ᠎ᠦ ᠡᠮ ᠡᠮᠨᠡᠯᠬᠡ ᠵᠢᠨ ᠳᠠᠭᠠᠳᠭᠠᠯ᠎ᠤᠨ ᠲᠠᠩᠰᠠ ᠴᠠᠢᠷᠠᠭᠤᠯᠬᠤ ᠲᠥᠷᠥ᠎ᠶ᠋ᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠬᠦ᠌ ᠲᠠᠯ᠎ᠠ᠎ᠪᠠᠷ᠂ ᠮᠡᠳᠡᠭ᠌ᠳᠡᠯ᠎ᠳᠦ ᠡᠮᠨᠡᠯᠭᠡ᠎ᠳᠦ ᠰᠠᠭᠤᠭ᠍ᠰᠠᠨ ᠵᠠᠷᠤᠳᠠᠯ᠎ᠢ ᠪᠥᠬᠥ᠌ ᠲᠣᠭ᠎ᠠ ᠪᠡᠷ ᠪᠠᠲᠤᠯᠠᠵᠤ᠂ ᠡᠭᠦᠳᠡᠨ ᠡᠮᠨᠡᠯᠭᠡ᠎ᠶ᠋ᠢᠨ ᠲᠤᠰᠭᠠᠶ ᠵᠦᠶ᠋ᠯ᠎ᠦᠨ ᠪᠠᠲᠤᠯᠠᠭ᠎ᠠ ᠵᠡᠷᠭᠡ ᠣᠨᠴᠠᠭᠠᠶ ᠪᠠᠲᠤᠯᠠᠭ᠎ᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠡᠩ᠎ᠦᠨ ᠡᠮ ᠡᠮᠨᠡᠯᠬᠡ ᠵᠢᠨ ᠪᠠᠲᠤᠯᠠᠭ᠎ᠠ᠎ᠶ᠋ᠢᠨ ᠲᠥᠷᠥ᠎ᠶ᠋ᠢᠨ ᠪᠣᠳᠣᠯᠭ᠎ᠠ ᠪᠣᠯᠭᠠᠨ ᠬᠤᠪᠢᠷᠠᠭᠤᠯᠵᠤ᠂ ᠳᠠᠭᠠᠳᠭᠠᠯ᠎ᠳᠤ ᠣᠷᠣᠯᠴᠠᠭ᠍ᠰᠠᠨ ᠡᠪᠡᠳᠴᠢᠲᠡᠨ᠎ᠦ ᠲᠣᠭ᠍ᠲᠠᠭᠠᠯ᠎ᠳᠤ ᠨᠡᠢᠴᠡᠭᠰᠡᠨ ᠱᠢᠨ᠎ᠡ ᠲᠢᠲᠢᠮᠯᠢᠭ ᠸᠢᠷᠦ᠋ᠰ ᠲᠤ᠌ ᠬᠠᠯᠳᠠᠪᠤᠷᠢᠯᠠᠬᠳᠠᠬᠰᠠᠨ ᠡᠪᠡᠳᠴᠢᠳᠠᠨ᠎ᠦ ᠡᠮ ᠡᠮᠨᠡᠯᠬᠡ ᠵᠢᠨ ᠵᠠᠷᠤᠳᠠᠯ᠎ᠢ ᠪᠤᠰᠤᠳ ᠬᠥᠬᠡᠭ᠌ᠴᠢᠨ ᠲᠥᠷᠥᠯ᠎ᠦᠨ ᠬᠠᠯᠳᠠᠪᠤᠷᠢᠲᠤ ᠡᠪᠡᠳᠴᠢᠨ᠎ᠲᠡᠶ ᠠᠳᠠᠯᠢ᠎ᠪᠠᠷ ᠡᠮ ᠡᠮᠨᠡᠯᠬᠡ ᠵᠢᠨ ᠳᠠᠭᠠᠳᠭᠠᠯ᠎ᠤᠨ ᠲᠠᠩᠰᠠ ᠴᠠᠢᠷᠠᠭᠤᠯᠬᠤ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠵᠦ᠍᠂ ᠡᠯ᠎ᠡ ᠱᠠᠲᠤᠨ᠎ᠤ ᠡᠮ ᠡᠮᠨᠡᠯᠬᠡ ᠵᠢᠨ ᠳᠠᠭᠠᠳᠭᠠᠯ᠎ᠤᠨ ᠰᠠᠯᠠᠭ᠎ᠠ ᠮᠥᠴᠢᠷ᠎ᠡᠴᠡ ᠲᠣᠭ᠍ᠲᠠᠭᠠᠯ᠎ᠳᠤ ᠨᠡᠢᠴᠡᠬᠦ᠌ ᠱᠢᠨ᠎ᠡ ᠲᠢᠲᠢᠮᠯᠢᠭ ᠸᠢᠷᠦ᠋ᠰ᠎ᠲᠦ ᠬᠠᠯᠳᠠᠪᠤᠷᠢᠯᠠᠭ᠍ᠳᠠᠭ᠍ᠰᠠᠨ ᠡᠪᠡᠳᠴᠢᠲᠡᠨ᠎ᠦ ᠡᠮ ᠡᠮᠨᠡᠯᠬᠡ ᠵᠢᠨ ᠵᠠᠷᠤᠳᠠᠯ᠎ᠢ ᠴᠠᠭ ᠲᠤᠬᠠᠶ᠎ᠳᠤᠨᠢ ᠲᠠᠰᠤᠯᠤᠨ ᠪᠤᠳᠤᠨ᠎ᠠ᠃ ᠦᠨᠳᠦᠰᠦᠨ ᠡᠮ ᠡᠮᠨᠡᠯᠬᠡ ᠵᠢᠨ ᠳᠠᠭᠠᠳᠭᠠᠯ᠂ ᠬᠦᠨᠳᠦ ᠡᠪᠡᠳᠴᠢᠨ᠎ᠦ ᠳᠠᠭᠠᠳᠭᠠᠯ᠎ᠢ ᠲᠣᠭ᠍ᠲᠠᠭᠠᠯ ᠶᠣᠰᠣᠭᠠᠷ ᠲᠣᠭᠠᠴᠠᠭ᠎ᠠ ᠬᠢᠭ᠌ᠰᠡᠨ᠎ᠦ ᠳᠠᠷᠠᠭ᠎ᠠ᠂ ᠬᠤᠪᠢ ᠬᠥᠮᠦᠨ᠎ᠦ ᠳᠠᠷᠤᠭᠠᠰᠤ ᠮᠥᠨ ᠬᠦ᠌ ᠨᠡᠯᠢᠶᠡᠳ ᠬᠦᠨᠳᠦ ᠪᠦᠬᠡᠳ ᠡᠮᠴᠢᠯᠡᠭᠡᠨ᠎ᠦ ᠠᠪᠤᠷᠠᠨ ᠲᠤᠰᠠᠯᠠᠬᠤ ᠨᠥᠬᠥᠴᠡᠯ᠎ᠳᠦ ᠨᠡᠢᠴᠡᠭ᠌ᠰᠡᠨ ᠪᠠᠢᠪᠠᠯ᠂ ᠲᠣᠭ᠍ᠲᠠᠭᠠᠯ ᠶᠣᠰᠣᠭᠠᠷ ᠲᠥᠷᠥᠯ ᠬᠤᠪᠢᠶᠠᠨ ᠠᠪᠤᠷᠠᠨ ᠲᠤᠰᠠᠯᠠᠨ᠎ᠠ ᠭᠡᠵᠦ ᠲᠤᠳᠤᠷᠬᠠᠢᠯᠠᠪᠠ᠃

ᠣᠳᠣᠬᠠᠨ᠎ᠳᠤ᠂ ᠤᠯᠤᠰ᠎ᠤᠨ ᠱᠢᠨ᠎ᠡ ᠲᠢᠲᠢᠮᠯᠢᠭ ᠸᠢᠷᠦ᠋ᠰ ᠲᠤ᠌ ᠬᠠᠯᠳᠠᠪᠤᠷᠢᠯᠠᠬᠳᠠᠬᠰᠠᠨ ᠡᠪᠡᠳᠴᠢᠨ᠎ᠢ᠎ᠣᠨᠣᠱᠢᠯᠠᠨ ᠡᠮᠨᠡᠬᠦ᠌ ᠲᠥᠰᠦᠯ᠎ᠳᠡᠬᠢ ᠱᠢᠨ᠎ᠡ ᠲᠢᠲᠢᠮᠯᠢᠭ ᠸᠢᠷᠦ᠋ᠰ ᠲᠤ᠌ ᠬᠠᠯᠳᠠᠪᠤᠷᠢᠯᠠᠬᠳᠠᠬᠰᠠᠨ ᠡᠪᠡᠳᠴᠢᠳᠠᠨ᠎ᠢ ᠡᠮᠨᠡᠨ ᠵᠠᠰᠠᠬᠤ ᠬᠡᠰᠡᠭ ᠡᠮ᠎ᠦᠨ ᠵᠦᠶ᠋ᠯ᠎ᠢ ᠡᠮ ᠡᠮᠨᠡᠯᠬᠡ ᠵᠢᠨ ᠳᠠᠭᠠᠳᠭᠠᠯ᠎ᠤᠨ ᠡᠮ᠎ᠦᠨ ᠵᠦᠶ᠋ᠯ᠎ᠦᠨ ᠭᠠᠷᠴᠠᠭ᠎ᠲᠤ ᠬᠠᠷᠠᠬᠠᠨ ᠵᠢᠩᠬᠢᠨᠢ᠎ᠪᠡᠷ ᠣᠷᠣᠭᠤᠯᠤᠭᠠᠳᠤᠶ ᠪᠠᠢᠨ᠎ᠠ᠃ ᠲᠦᠷᠦᠭᠦᠬᠡᠨ᠎ᠤ ᠱᠢᠨ᠎ᠡ ᠲᠢᠲᠢᠮᠯᠢᠭ ᠸᠢᠷᠦ᠋ᠰ ᠲᠤ᠌ ᠬᠠᠯᠳᠠᠪᠤᠷᠢᠯᠠᠬᠳᠠᠬᠰᠠᠨ ᠡᠪᠡᠳᠴᠢᠳᠠᠨ᠎ᠢ᠋ ᠡᠮᠨᠡᠨ ᠵᠠᠰᠠᠬᠤ ᠬᠣᠯᠪᠣᠭ᠍ᠳᠠᠯ ᠪᠥᠬᠥᠶ ᠡᠮ᠎ᠦᠨ ᠵᠦᠶ᠋ᠯ᠎ᠦᠨ ᠡᠮ ᠡᠮᠨᠡᠯᠬᠡ ᠵᠢᠨ ᠳᠠᠭᠠᠳᠭᠠᠯ᠎ᠤᠨ ᠲᠦᠷ ᠴᠠᠭ᠎ᠤᠨ ᠴᠢᠨᠠᠷᠲᠠᠶ ᠲᠣᠭᠠᠴᠠᠭ᠎ᠠ ᠬᠢᠬᠦ᠌ ᠲᠥᠷᠥ᠎ᠶ᠋ᠢᠨ ᠪᠣᠳᠣᠯᠭ᠎ᠠ᠎ᠶ᠋ᠢᠨ ᠬᠤᠭᠤᠴᠠᠭ᠎ᠠ᠎ᠨᠢ 3 ᠰᠠᠷ᠎ᠠ᠎ᠶ᠋ᠢᠨ 31 ᠤ᠋ ᠡᠳᠦᠷ ᠳᠠᠭᠤᠰᠭᠤ ᠪᠣᠯᠤᠨ᠎ᠠ᠃

ᠣᠢᠯᠠᠭᠠᠭ᠍ᠰᠠᠨ᠎ᠢᠶᠠᠷ᠂ ᠲᠤᠰ ᠮᠡᠳᠡᠭ᠌ᠳᠡᠯ᠎ᠢ 2023 ᠣᠨ᠎ᠤ 4 ᠰᠠᠷ᠎ᠠ᠎ᠶ᠋ᠢᠨ 1 ᠡᠴᠡ ᠡᠬᠢᠯᠡᠨ ᠬᠡᠷᠡᠭ᠌ᠵᠢᠭᠦᠯᠵᠦ᠍᠂ ᠡᠪᠡᠳᠴᠢᠲᠡᠨ᠎ᠦ ᠡᠮᠨᠡᠯᠭᠡ᠎ᠳᠦ ᠤᠷᠤᠭ᠍ᠰᠠᠨ ᠪᠤᠶᠤ ᠡᠮᠨᠡᠭᠦᠯᠦᠭ᠌ᠰᠡᠨ ᠴᠠᠭ᠎ᠢᠶᠠᠷ ᠪᠤᠳᠤᠨ᠎ᠠ᠂ ᠲᠦᠷᠦᠭᠦᠬᠡᠨ ᠨᠡᠢᠲᠡᠯᠡᠭ᠌ᠰᠡᠨ 《〈ᠬᠥᠬᠡᠭ᠌ᠴᠢᠨ ᠲᠥᠷᠥᠯ᠎ᠦᠨ ᠬᠥᠬᠡᠭ᠌ᠴᠢᠨ ᠬᠠᠮᠢᠶᠠᠷᠤᠯᠲᠠ〉 ᠶ᠋ᠢ ᠬᠡᠷᠡᠭ᠌ᠵᠢᠭᠦᠯᠦᠭ᠌ᠰᠡᠨ᠎ᠦ ᠳᠠᠷᠠᠭ᠎ᠠ ᠱᠢᠨ᠎ᠡ ᠲᠢᠲᠢᠮᠯᠢᠭ ᠸᠢᠷᠦ᠋ᠰ ᠲᠤ᠌ ᠬᠠᠯᠳᠠᠪᠤᠷᠢᠯᠠᠭ᠍ᠳᠠᠭᠰᠠᠨ ᠡᠪᠡᠳᠴᠢᠲᠡᠨ᠎ᠢ ᠡᠮᠨᠡᠨ ᠵᠠᠰᠠᠬᠤ ᠵᠠᠷᠤᠳᠠᠯ᠎ᠤᠨ ᠡᠮ ᠡᠮᠨᠡᠯᠬᠡ ᠵᠢᠨ ᠪᠠᠲᠤᠯᠠᠭ᠎ᠠ᠎ᠶ᠋ᠢᠨ ᠬᠠᠮᠢᠶ᠎ᠠ ᠪᠥᠬᠥᠶ ᠲᠥᠷᠥ᠎ᠶ᠋ᠢᠨ ᠪᠣᠳᠣᠯᠭ᠎ᠠ᠎ᠶ᠋ᠢ ᠱᠢᠯᠢᠳᠡᠭ᠌ᠵᠢᠭᠦᠯᠬᠦ᠌ ᠲᠤᠬᠠᠶ ᠮᠡᠳᠡᠭ᠌ᠳᠡᠯ》 ᠢ᠋ ᠬᠡᠷᠡᠭ᠌ᠵᠢᠭᠦᠯᠬᠦ᠌᠎ᠶ᠋ᠢ ᠬᠠᠮᠲᠤ ᠳ᠋ᠤᠨᠢ ᠵᠣᠭ᠍ᠰᠣᠭᠠᠵᠤ᠂ ᠬᠠᠮᠢᠶ᠎ᠠ ᠪᠥᠬᠥᠶ ᠲᠥᠷᠥ᠎ᠶ᠋ᠢᠨ ᠪᠣᠳᠣᠯᠭ᠎ᠠ ᠳ᠋ᠤ ᠬᠢᠵᠢᠭ᠎ᠦᠨ ᠬᠥᠭ᠌ᠵᠢᠯᠲᠡ᠎ᠶ᠋ᠢᠨ ᠪᠠᠢᠳᠠᠯ᠎ᠢ ᠦᠵᠡᠵᠦ᠍ ᠪᠠᠢᠭᠠᠳ ᠳᠠᠬᠢᠨ ᠲᠣᠬᠢᠷᠠᠭᠤᠯᠤᠯᠲᠠ ᠬᠢᠨ᠎ᠡ᠃

︵ᠱᠢᠨᠬᠤᠸᠠ ᠬᠣᠷᠢᠶ᠎ᠠ᠎ᠵᠢᠨ ᠪᠡᠭᠡᠵᠢᠩ᠎ᠦᠨ 3 ᠰᠠᠷ᠎ᠠ᠎ᠶ᠋ᠢᠨ 30 ᠤ᠋ ᠴᠠᠬᠢᠯᠭᠠᠨ ᠮᠡᠳᠡᠭᠡ︶ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠱᠢᠡᠬᠤᠸᠠ ᠬᠤᠷᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号