ᠲᠦᠷᠦᠬᠦᠭᠡᠨ ᠪᠥᠬᠥ᠌ ᠣᠷᠣᠨ᠎ᠤ ᠤᠯᠤᠰ ᠲᠥᠷᠥ᠍ ᠬᠠᠤᠯᠢ ᠴᠠᠭᠠᠵᠠ᠎ᠶ᠋ᠢᠨ ᠱᠢᠰᠲ᠋ᠧᠮ᠎ᠦᠨ ᠤᠳᠤᠷᠢᠳᠭᠤ ᠺᠠᠳ᠋ᠷᠴᠤᠳ᠎ᠤᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠵᠢᠴᠢ ᠱᠢᠨ᠎ᠡ ᠴᠠᠭ ᠦᠶ᠎ᠡ᠎ᠶ᠋ᠢᠨ ᠤᠯᠤᠰ ᠲᠥᠷᠥ᠍ ᠬᠠᠤᠯᠢ ᠴᠠᠭᠠᠵᠠ᠎ᠶ᠋ᠢᠨ ᠠᠵᠢᠯ᠎ᠤᠨ ᠲᠦᠪᠱᠢᠨ᠎ᠢ ᠳᠡᠭᠡᠭ᠌ᠰᠢᠯᠡᠭᠦᠯᠬᠦ᠌ ᠨᠢᠭᠡᠳᠦᠭᠡᠷ ᠬᠤᠭᠤᠴᠠᠭᠠᠨ᠎ᠤ ᠪᠣᠯᠪᠠᠰᠤᠷᠠᠯ ᠬᠥᠬᠡᠬᠣᠲᠠ᠎ᠳᠤ ᠶᠠᠪᠤᠭ᠍ᠳᠠᠪᠠ᠃
ᠲᠣᠰ ᠤᠳᠠᠭᠠᠨ᠎ᠤ ᠪᠣᠯᠪᠠᠰᠤᠷᠠᠯ ᠨᠢ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠂ ᠰᠢ ᠵᠢᠨ ᠫᠢᠩ᠎ᠦᠨ ᠬᠠᠤᠯᠢᠵᠢᠯ ᠤ᠋ᠨ ᠦᠵᠡᠯ ᠰᠠᠨᠠᠭ᠎ᠠ᠂ ᠤᠯᠤᠰ᠎ᠤᠨ ᠶᠡᠷᠦᠩᠬᠡᠢ ᠠᠮᠤᠷ ᠲᠦᠪᠱᠢᠨ᠎ᠦ ᠦᠵᠡᠯᠲᠡ ᠪᠣᠯᠤᠨ ᠶᠡᠷᠦᠩᠬᠡᠢ ᠱᠦᠵᠢ ᠰᠢ ᠵᠢᠨ ᠫᠢᠩ᠎ᠦᠨ ᠤᠯᠤᠰ ᠲᠦᠷᠦ᠍ ᠬᠠᠤᠯᠢ ᠴᠠᠭᠠᠵᠠ᠎ᠶ᠋ᠢᠨ ᠠᠵᠢᠯ᠎ᠤᠨ ᠲᠤᠬᠠᠢ ᠴᠢᠬᠤᠯᠠ ᠥᠭᠦᠯᠡᠯᠲᠡ᠂ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠵᠡᠷᠭᠡ ᠠᠭᠤᠯᠭ᠎ᠠ ᠵᠢᠨ ᠲᠤᠭᠤᠷᠢᠨ ᠳ᠋ᠸ᠋ ᠶᠠᠪᠤᠬᠳᠠᠵᠤ᠂ ᠪᠣᠳᠠᠲᠤ ᠲᠠᠢ᠌ᠨ᠎ᠦ ᠪᠣᠳᠠᠲᠤ ᠬᠡᠷᠡᠭ᠌ᠯᠡᠭᠡᠨ᠎ᠦ ᠤᠳᠤᠷᠢᠳᠤᠮᠵᠢ᠎ᠶ᠋ᠢ ᠲᠤᠪᠤᠢ᠌ᠯᠭᠠᠵᠥ᠍᠂ ᠤᠯᠤᠰ ᠲᠦᠷᠦ᠍ ᠬᠠᠤᠯᠢ ᠴᠠᠭᠠᠵᠠ᠎ᠶ᠋ᠢᠨ ᠤᠳᠤᠷᠢᠳᠭᠤ ᠺᠠᠳ᠋ᠷ᠎ᠤᠨ ᠨᠠᠷᠢᠨ ᠪᠤᠳᠤᠯᠢᠶᠠᠨᠲᠠᠢ ᠲᠡᠮᠡᠴᠡᠯ᠎ᠢ ᠠᠷᠭᠠᠴᠠᠭᠠᠬᠤ ᠴᠢᠳᠠᠪᠤᠷᠢ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠴᠢᠳᠠᠪᠤᠷᠢ ᠪᠣᠯᠤᠨ ᠴᠢᠨᠠᠷ ᠰᠠᠢᠲᠠᠢ ᠬᠥᠭ᠌ᠵᠢᠯᠲᠡ᠎ᠶ᠋ᠢ ᠪᠠᠲᠤᠯᠠᠬᠤ ᠴᠢᠳᠠᠪᠤᠷᠢ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠠᠮᠤᠭᠤᠯᠠᠩᠳᠤ ᠥᠪᠥᠷ ᠮᠣᠩᠭᠣᠯ᠂ ᠬᠠᠤᠯᠢᠵᠢᠯ᠎ᠤᠨ ᠥᠪᠥᠷ ᠮᠣᠩᠭᠣᠯ ᠤ᠋ᠨ ᠪᠦᠳᠦᠭᠡᠨ ᠪᠠᠢᠭᠤᠯᠤᠯᠳᠠ ᠵᠢ ᠠᠬᠢᠭᠤᠯᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠥᠪᠥᠷ ᠮᠣᠩᠭᠣᠯ᠎ᠤᠨ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠳ᠋ᠤ ᠤᠯᠤᠰ ᠲᠦᠷᠦ᠍ ᠬᠠᠤᠯᠢ ᠴᠠᠭᠠᠵᠠ᠎ᠶ᠋ᠢᠨ ᠬᠦᠴᠦᠨ ᠴᠢᠳᠠᠯ᠎ᠢᠶᠠᠨ ᠡᠷᠭᠦᠬᠦ᠌᠎ᠶ᠋ᠢ ᠵᠤᠷᠢᠪᠠ᠃
ᠪᠣᠯᠪᠠᠰᠤᠷᠠᠯ᠎ᠨᠢ ᠳᠥᠷᠪᠡᠨ ᠡᠳᠦᠷ᠎ᠦᠨ ᠬᠤᠭᠤᠴᠠᠭ᠎ᠠ᠎ᠲᠠᠶ ᠶᠠᠪᠤᠭ᠍ᠳᠠᠵᠤ᠂ ᠲᠤᠬᠠᠶ᠎ᠶ᠋ᠢᠨ ᠲᠠᠯᠠᠪᠠᠶ᠎ᠳᠤ ᠬᠢᠴᠢᠶᠡᠯ ᠣᠷᠣᠬᠤ᠂ ᠳᠤᠭᠤᠢᠯᠠᠩ ᠬᠤᠪᠢᠶᠠᠨ ᠶᠠᠷᠢᠯᠴᠠᠬᠤ᠂ ᠨᠡᠢᠲᠡᠯᠢᠭ ᠵᠢᠱ᠌ᠢᠶᠡᠴᠢ ᠶᠠᠷᠢᠶ᠎ᠠ ᠲᠠᠯᠪᠢᠬᠤ ᠵᠡᠷᠭᠡ ᠬᠡᠯᠪᠡᠷᠢ ᠵᠢ ᠤᠶᠠᠯᠳᠤᠭᠤᠯᠵᠤ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠭᠡᠱᠢᠭᠦᠨ᠂ ᠬᠢᠨᠠᠨ ᠪᠠᠢᠴᠠᠭᠠᠬᠤ ᠪᠠ ᠬᠠᠤᠯᠢ ᠴᠠᠭᠠᠵᠠ᠎ᠶ᠋ᠢᠨ ᠵᠥᠪᠯᠡᠯ᠎ᠦᠨ ᠳᠡᠳ᠋ ᠡᠷᠬᠢᠯᠡᠭ᠌ᠴᠢ ᠭᠡᠱᠢᠭᠦᠨ ᠱᠢᠤᠢ ᠱᠢᠶᠠᠨ ᠮᠢᠩ᠂ ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠶ᠋ᠢᠨ ᠤᠯᠤᠰ ᠲᠥᠷᠥ᠍ ᠪᠠ ᠬᠠᠤᠯᠢ ᠴᠠᠭᠠᠵᠠ᠎ᠶ᠋ᠢᠨ ᠵᠢᠭᠠᠨ ᠰᠤᠳᠤᠯᠬᠤ ᠬᠡᠯᠲᠡᠰ᠎ᠦᠨ ᠳᠡᠳ᠋ ᠡᠷᠬᠢᠯᠡᠭ᠌ᠴᠢ ᠶᠠᠩ ᠱᠢᠶᠤᠤ ᠵᠢᠶᠦ᠋ᠨ ᠵᠡᠷᠭᠡ ᠵᠢ ᠤᠷᠢᠵᠤ ᠲᠤᠰᠭᠠᠶ ᠰᠡᠳᠦᠪ᠎ᠢᠶᠡᠷ ᠲᠠᠢᠯᠤᠮᠵᠢ ᠬᠢᠯᠭᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠯᠤᠰ ᠲᠦᠷᠦ᠍ ᠬᠠᠤᠯᠢ ᠴᠠᠭᠠᠵᠠ᠎ᠶ᠋ᠢᠨ ᠬᠣᠷᠢᠢ᠎ᠠ᠂ ᠡᠯ᠎ᠡ ᠠᠢᠮᠠᠭ ᠬᠤᠳᠠ᠎ᠶ᠋ᠢᠨ ᠨᠠᠮ᠎ᠤᠨ ᠬᠣᠷᠢᠶ᠎ᠠ ᠵᠢᠨ ᠤᠯᠤᠰ ᠲᠦᠷᠦ᠍ ᠬᠠᠤᠯᠢ ᠴᠠᠭᠠᠵᠠ᠎ᠶ᠋ᠢᠨ ᠬᠣᠷᠢᠢ᠎ᠠ ᠪᠠ ᠤᠯᠤᠰ ᠲᠦᠷᠦ᠍ ᠬᠠᠤᠯᠢ ᠴᠠᠭᠠᠵᠠ᠎ᠶ᠋ᠢᠨ ᠡᠯ᠎ᠡ ᠨᠢᠭᠡᠴᠢ᠎ᠶ᠋ᠢᠨ 300 ᠱᠢᠬᠠᠮ ᠬᠥᠮᠦᠨ ᠪᠣᠯᠪᠠᠰᠤᠷᠠᠯ᠎ᠳᠤ ᠣᠷᠣᠯᠴᠠᠵᠠᠢ᠃