4 ᠰᠠᠷᠠᠶᠢᠨ 19 ᠤ᠋ ᠥᠷᠯᠥᠭᠡ᠂ ᠨᠠᠮᠤᠨ ᠬᠣᠷᠢᠳᠤᠭᠠᠷ ᠶᠡᠬᠡ ᠬᠤᠷᠠᠯᠤᠨ ᠵᠣᠷᠢᠭ᠋ ᠰᠠᠨᠠᠭ᠎ᠠᠶᠢ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠦᠬᠠᠢ ᠬᠤᠳᠠᠶᠢᠨ ᠬᠠᠢᠷᠤᠪᠤᠨ ᠲᠣᠬᠣᠢ ᠲᠣᠭᠣᠷᠢᠭ᠋ᠤᠨ ᠯᠢᠨ ᠶᠢᠨ ᠵᠡᠭᠡᠯᠢ ᠭᠤᠳᠤᠮᠵᠢᠶᠢᠨ ᠬᠠᠢ ᠰᠢᠨ ᠨᠡᠢᠭᠡᠮ ᠲᠣᠭᠣᠷᠢᠭ᠋ᠤᠨ ᠤᠨᠤᠯ ᠰᠤᠷᠤᠯᠴᠠᠬᠤ ᠬᠢᠴᠢᠶᠡᠯᠦᠨ ᠲᠠᠩᠬᠢᠮᠳᠤ ᠬᠥᠭᠵᠢᠶᠡᠨᠲᠡᠢ ᠶᠠᠪᠤᠭᠳᠠᠪᠠ᠃ ᠲᠠᠢᠰᠠᠨ ᠳᠡᠭᠡᠷ᠎ᠡ ᠪᠤᠭᠤᠷᠤᠯᠴᠤᠳᠤᠨ ᠤᠬᠠᠭᠤᠯᠤᠨ ᠲᠠᠢᠯᠪᠤᠷᠢᠯᠠᠬᠤ ᠪᠦᠯᠬᠦᠮᠦᠨ ᠳᠠᠷᠤᠭ᠎ᠠ ᠰᠢᠶᠣᠣ ᠲᠢᠩ ᠰᠢ ᠥᠪᠡᠷᠦᠨ ᠬᠡᠰᠡᠭ ᠬᠤᠭᠤᠴᠠᠭᠠᠨᠤ ᠰᠤᠷᠤᠯᠴᠠᠭᠰᠠᠨ ᠤᠯᠤᠯᠲᠠᠲᠠᠢᠪᠡᠨ ᠤᠶᠠᠯᠳᠤᠭᠤᠯᠤᠨ᠂ ᠡᠭᠡᠯ ᠪᠣᠷᠣᠭᠵᠢᠭᠤᠨ ᠦᠭᠡ ᠶᠠᠷᠢᠶᠠᠪᠠᠷ ᠤᠯᠠᠨᠳᠤ ᠨᠠᠮᠤᠨ ᠬᠣᠷᠢᠳᠤᠭᠠᠷ ᠶᠡᠬᠡ ᠬᠤᠷᠠᠯᠤᠨ ᠵᠣᠷᠢᠭ᠋ ᠰᠠᠨᠠᠭ᠎ᠠᠶᠢ ᠤᠬᠠᠭᠤᠯᠤᠨ ᠲᠠᠢᠯᠪᠤᠷᠢᠯᠠᠬᠤᠳᠤ᠂ ᠲᠠᠢᠰᠠᠨ ᠳᠣᠣᠷ᠎ᠠ ᠨᠡᠢᠭᠡᠮ ᠲᠣᠭᠣᠷᠢᠭ᠋ᠤᠨ ᠨᠠᠮᠤᠨ ᠭᠡᠰᠢᠭᠦᠨ ᠤᠯᠠᠨ ᠲᠦᠮᠡᠨ ᠰᠡᠳᠬᠢᠯ ᠲᠥᠪᠯᠡᠷᠡᠭᠦᠯᠦᠨ ᠨᠠᠷᠢᠨ ᠬᠢᠨᠠᠮᠠᠭᠠᠢ ᠰᠣᠨᠣᠰᠤᠨ᠎ᠠ᠃
ᠲᠤᠬᠠᠢᠶᠢᠨ ᠡᠳᠦᠷ᠂ ᠪᠤᠭᠤᠷᠤᠯᠴᠤᠳᠤᠨ ᠤᠬᠠᠭᠤᠯᠤᠨ ᠲᠠᠢᠯᠪᠤᠷᠢᠯᠠᠬᠤ ᠪᠦᠯᠬᠦᠮᠦᠨ ᠪᠦᠷᠢᠯᠳᠦᠭᠦᠨ ᠱᠠᠨ ᠬᠦᠢ ᠴᠢᠨ ᠪᠣᠯᠣᠨ ᠳ᠋ᠦᠩ ᠶᠦᠩ ᠱᠧᠩ ᠪᠠᠰᠠ ᠤᠷᠢᠳ ᠬᠣᠵᠢᠳ ᠬᠠᠢᠷᠤᠪᠤᠨ ᠲᠣᠬᠣᠢ ᠲᠣᠭᠣᠷᠢᠭ᠋ᠤᠨ ᠢ ᠯᠢᠨ ᠪᠠᠭ᠎ᠠ ᠰᠤᠷᠭᠠᠭᠤᠯᠢ᠂ ᠦᠬᠠᠢ ᠬᠤᠳᠠᠶᠢᠨ ᠬᠠᠢᠷ᠎ᠠ ᠬᠠᠯᠠᠮᠵᠢᠶᠢᠨ ᠨᠡᠢᠭᠡᠮᠯᠢᠭᠲᠸ᠋ ᠬᠦᠷᠴᠦ᠂ ᠰᠤᠷᠤᠭ᠍ᠴᠢᠳ ᠪᠣᠯᠣᠨ ᠰᠠᠢᠨ ᠳᠤᠷᠠᠴᠤᠳ ᠲᠸ᠋ ᠳᠤᠮᠳᠠᠳᠤᠶᠢᠨ ᠤᠯᠠᠮᠵᠢᠯᠠᠯᠲᠤ ᠰᠣᠶᠣᠯ ᠪᠣᠯᠣᠨ ᠨᠠᠮᠤᠨ ᠬᠣᠷᠢᠳᠤᠭᠠᠷ ᠶᠡᠬᠡ ᠬᠤᠷᠠᠯᠤᠨ ᠵᠣᠷᠢᠭ᠋ ᠰᠠᠨᠠᠭ᠎ᠠᠶᠢ ᠤᠬᠠᠭᠤᠯᠤᠨ ᠲᠠᠢᠯᠪᠤᠷᠢᠯᠠᠵᠤ᠂ ᠤᠬᠠᠭᠤᠯᠤᠨ ᠲᠠᠢᠯᠪᠤᠷᠢᠯᠠᠯᠲᠠ ᠨᠢ ᠰᠣᠨᠣᠰᠤᠭ᠍ᠴᠢᠳᠤᠨ ᠬᠦᠷᠢᠶᠡᠯᠡᠯᠢ ᠥᠷᠭᠡᠨᠢᠶᠡᠷ ᠣᠯᠪᠠ᠃
ᠦᠬᠠᠢ ᠬᠤᠳᠠᠳᠤ᠂ ᠨᠡᠭᠦᠷᠡᠰᠦᠨ ᠠᠭᠤᠷᠬᠠᠢᠶᠢᠨ ᠲᠦᠬᠦᠮ ᠪᠦᠲᠦᠴᠡᠲᠦ ᠣᠷᠣᠨ ᠰᠠᠭᠤᠴᠠᠶᠢᠨ ᠲᠣᠭᠣᠷᠢᠭ ᠡᠴᠡ ᠨᠡᠭᠦᠭᠰᠡᠨ ᠪᠠ ᠨᠡᠭᠦᠷᠡᠰᠦ ᠮᠠᠯᠲᠠᠭᠰᠠᠨ ᠡᠴᠡ ᠪᠣᠯᠵᠤ ᠳᠣᠷᠣᠭ᠍ᠰᠢ ᠰᠠᠭᠤᠭᠰᠠᠨ ᠣᠷᠣᠨᠡᠴᠡ ᠪᠤᠴᠠᠵᠦ ᠨᠡᠭᠦᠭᠰᠡᠨ ᠠᠬᠠᠮᠠᠳ ᠺᠠᠳ᠋ᠷ᠂ ᠠᠬᠠᠮᠠᠳ ᠪᠠᠢᠯᠳᠤᠭ᠍ᠴᠢ᠂ ᠠᠬᠠᠮᠠᠳ ᠲᠤᠰᠬᠠᠢ ᠮᠡᠷᠭᠡᠵᠢᠯᠲᠡᠨ᠂ ᠠᠬᠠᠮᠠᠳ ᠪᠠᠭ᠍ᠰᠢ᠂ ᠠᠬᠠᠮᠠᠳ ᠵᠢᠱ᠌ᠢᠶᠡᠴᠢ ᠪᠡᠷ ᠪᠦᠷᠢᠯᠳᠦᠭᠰᠡᠨ ᠡᠨᠡᠬᠦ ᠤᠬᠠᠭᠤᠯᠤᠨ ᠲᠠᠢᠯᠪᠤᠷᠢᠯᠠᠬᠤ ᠡᠩᠨᠡᠭᠡᠶᠢ ᠬᠥᠮᠥᠨ ᠪᠦᠬᠦᠨ ᠮᠡᠳᠡᠨ᠎ᠠ ᠭᠡᠵᠦ ᠬᠡᠯᠡᠵᠦ ᠪᠣᠯᠣᠨ᠎ᠠ᠃ ᠬᠡᠳᠦᠢᠪᠡᠷ ᠲᠡᠲᠡᠨᠤ ᠲᠤᠮᠳᠠᠴᠢ ᠨᠠᠰᠤ 65 ᠵᠢ ᠳᠠᠪᠠᠭᠰᠠᠨ ᠪᠣᠯᠪᠠᠴᠤ ᠲᠡᠳᠡ ᠮᠥᠨ ᠯᠡ ᠡᠷᠴᠢ ᠵᠣᠷᠢᠭ᠋ᠪᠠᠳᠠᠷᠠᠩᠭᠤᠢ ᠪᠠᠢᠯ᠎ᠠ᠃ ᠡᠩᠦᠨ ᠦᠶᠡᠳᠦ᠂ ᠨᠠᠰᠤᠲᠠᠢᠴᠤᠳ ᠦᠨᠳᠦᠰᠦᠨ ᠱᠠᠲᠤᠨᠳᠤ ᠬᠦᠷᠴᠦ᠂ ᠬᠥᠳᠡᠭᠡ ᠲᠣᠰᠬᠣᠨᠳᠤ ᠬᠦᠷᠴᠦ᠂ ᠠᠵᠤ ᠠᠬᠤᠢᠯᠠᠯᠳᠤ ᠬᠦᠷᠴᠦ᠂ ᠰᠤᠷᠭᠠᠭᠤᠯᠢᠳᠤ ᠬᠦᠷᠴᠦ᠂ ᠣᠷᠭᠢᠯᠤᠮ᠎ᠠ ᠬᠠᠯᠠᠭᠤᠨ ᠰᠡᠳᠬᠢᠯᠭᠡᠪᠡᠷ ᠰᠢᠶᠢᠨ ᠫᠢᠩ ᠤᠨ ᠰᠢᠨ᠎ᠡ ᠴᠠᠭ ᠦᠶ᠎ᠡᠶᠢᠨ ᠳᠤᠮᠳᠠᠳᠤ ᠤᠯᠤᠰᠤᠨ ᠣᠨᠴᠠᠯᠢᠭ᠋ᠲᠠᠢ ᠨᠡᠢᠭᠡᠮ ᠵᠢᠷᠤᠮᠤᠨ ᠦᠵᠡᠯ ᠰᠠᠨᠠᠭ᠎ᠠ ᠪᠣᠯᠣᠨ ᠨᠠᠮᠤᠨ ᠬᠣᠷᠢᠳᠤᠭᠠᠷ ᠶᠡᠬᠡ ᠬᠤᠷᠠᠯᠤᠨ ᠵᠣᠷᠢᠭ᠋ ᠰᠠᠨᠠᠭ᠎ᠠᠶᠢ ᠤᠬᠠᠭᠤᠯᠵᠤ᠂ ᠨᠠᠮᠤᠨ ᠰᠢᠨᠡᠶᠢ ᠡᠭᠦᠳᠬᠦ ᠤᠨᠤᠯᠢ ᠡᠭᠡᠯ ᠠᠷᠠᠳᠤᠨ ᠭᠡᠷᠲᠦ ᠬᠦᠷᠬᠡᠬᠦᠶᠢ ᠠᠬᠢᠭᠤᠯᠵᠤ ᠪᠤᠢ᠃
2016 ᠣᠨᠳᠤ ᠪᠠᠢᠭᠤᠯᠤᠭᠳᠠᠭᠰᠠᠨ ᠡᠴᠡ ᠨᠠᠭᠠᠰᠢ᠂ ᠪᠤᠭᠤᠷᠤᠯᠴᠤᠳᠤᠨ ᠤᠬᠠᠭᠤᠯᠤᠨ ᠲᠠᠢᠯᠪᠤᠷᠢᠯᠠᠬᠤ ᠪᠦᠯᠬᠦᠮᠦᠨ ᠬᠢᠨ ᠡᠯ᠎ᠡ ᠲᠦᠷᠦᠯᠦᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠᠶᠢ ᠨᠡᠢ᠍ᠢᠳᠡ 600 ᠭᠠᠷᠤᠢ ᠤᠳᠠᠭ᠎ᠠ ᠥᠷᠨᠢᠭᠦᠯᠵᠦ᠂ ᠰᠢᠭᠤᠳ ᠬᠠᠮᠤᠷᠤᠬᠰᠠᠨ ᠤᠯᠠᠨ ᠲᠦᠮᠡᠨᠤ ᠲᠤᠭ᠎ᠠ 10 ᠲᠦᠮᠡ ᠰᠢᠬᠠᠮ ᠬᠥᠮᠥᠨ ᠤᠳᠠᠭᠠᠳᠤ ᠬᠦᠷᠴᠡᠢ᠃
ᠡᠨᠡ ᠵᠢᠯ 78 ᠨᠠᠰᠤᠲᠠᠢ ᠰᠢᠶᠣᠣ ᠲᠢᠩ ᠰᠢ ᠪᠣᠯ ᠤᠬᠠᠭᠤᠯᠤᠨ ᠲᠠᠢᠯᠪᠤᠷᠢᠯᠠᠬᠤ ᠪᠦᠯᠬᠦᠮᠦᠨ ᠳᠠᠭᠠᠭᠤᠯᠤᠭ᠍ᠴᠢ ᠪᠣᠯᠣᠨ᠎ᠠ᠃ ᠲᠡᠷᠡ ᠶᠡᠷᠦᠨᠢ ᠤᠬᠠᠭᠤᠯᠤᠨ ᠲᠠᠢᠯᠪᠤᠷᠢᠯᠠᠬᠤ ᠭᠣᠣᠯᠳᠠᠯᠭ᠎ᠠ ᠪᠣᠯᠣᠨ ᠰᠤᠷᠤᠯᠴᠠᠭᠰᠠᠨ ᠣᠯᠣᠯᠲᠠ ᠲᠥᠷᠥᠭᠳᠡᠯ ᠢ᠋ᠢᠡᠨ ᠨᠠᠷᠢᠨ ᠨᠢᠭ᠍ᠲᠠ ᠲᠡᠮᠳᠡᠭᠯᠡᠵᠦ᠂ ᠪᠢᠴᠢᠭ ᠮᠠᠲᠸᠷᠢᠶᠠᠯᠵᠢᠡᠨ ᠪᠤᠭᠴᠤᠨ ᠳ᠋ᠠᠭᠠᠨ ᠠᠪᠴᠤ ᠶᠠᠪᠤᠳᠠᠭ᠃ ᠲᠡᠷᠡ᠂ ᠤᠬᠠᠭᠤᠯᠤᠨ ᠲᠠᠢᠯᠪᠤᠷᠢᠯᠠᠬᠤ ᠪᠣᠯ ᠲᠡᠶ᠋ᠢᠮᠦ ᠬᠢᠯᠪᠠᠷ ᠶᠠᠪᠤᠳᠠᠯ ᠪᠢᠰᠢ᠂ ᠭᠠᠭᠴᠠ ᠬᠦ᠌ ᠦᠨᠡᠨ ᠬᠦ᠌ ᠤᠢᠯᠠᠭᠠᠵᠤ ᠪᠤᠳᠠᠳᠠᠢ ᠡᠵᠡᠮᠰᠢᠪᠡᠯ ᠰᠠᠶᠢ ᠣᠯᠠᠨ ᠲᠦᠮᠡᠨᠢ ᠢᠳᠡᠭᠡᠬᠦᠯᠦᠨ ᠪᠢᠰᠢᠷᠡᠭᠦᠯᠵᠦ ᠴᠢᠳᠠᠨ᠎ᠠ ᠭᠡᠵᠦ ᠰᠤᠷᠪᠤᠯᠵᠢᠯᠠᠬᠴᠢᠳᠤ ᠬᠡᠯᠡᠪᠡ᠃
ᠡᠢᠨ ᠬᠥ᠌᠂ ᠪᠤᠭᠤᠷᠤᠯᠴᠤᠳᠤᠨ ᠤᠬᠠᠭᠤᠯᠤᠨ ᠲᠠᠢᠯᠪᠤᠷᠢᠯᠠᠬᠤ ᠪᠦᠯᠬᠦᠮᠦᠨ ᠬᠢᠨ ᠤᠨᠤᠯᠤᠨ ᠰᠤᠷᠤᠯᠴᠠᠯᠭ᠎ᠠᠶᠢᠨ ᠲᠠᠯᠠᠪᠠᠷ ᠶᠡᠬᠡᠭᠡᠨ ᠬᠦᠴᠦ ᠣᠷᠣᠭᠤᠯᠳᠠᠭ ᠰᠠᠨᠵᠢ᠃ ᠪᠦᠯᠬᠦᠮᠤᠨ ᠰᠤᠷᠤᠯᠴᠠᠬᠤ ᠬᠢᠭᠡᠳ ᠰᠤᠳᠤᠯᠤᠨ ᠶᠠᠷᠢᠯᠴᠠᠬᠤ ᠮᠠᠲᠧᠷᠢᠶᠠᠯᠢ ᠴᠤᠭᠯᠠᠭᠤᠯᠤᠨ ᠡᠮᠬᠢᠳᠬᠡᠬᠦ ᠵᠢ ᠲᠤᠰᠬᠠᠢ ᠬᠦᠮᠦᠨ ᠬᠠᠷᠢᠭᠤᠴᠠᠵᠦ᠂ ᠦᠷᠭᠦᠯᠵᠢ ᠬᠤᠳᠠ᠂ ᠲᠣᠭᠣᠷᠢᠭ᠋ᠤᠨ ᠨᠠᠮ ᠵᠠᠰᠠᠭᠤᠨ ᠠᠯᠪᠠᠨ ᠭᠡᠷᠲᠦ ᠬᠦᠷᠴᠦ ᠬᠠᠮᠢᠶ᠎ᠠ ᠪᠦᠬᠦᠢ ᠪᠢᠴᠢᠭ ᠮᠠᠲᠧᠷᠢᠶᠠᠯᠢ ᠵᠢᠭᠡᠯᠡᠨ ᠤᠩᠰᠢᠵᠤ᠂ ᠬᠤᠳᠠᠶᠢᠨ ᠨᠠᠮᠤᠨ ᠬᠣᠷᠢᠶ᠎ᠠ᠂ ᠲᠣᠭᠣᠷᠢᠭ᠋ᠤᠨ ᠨᠠᠮᠤᠨ ᠬᠣᠷᠢᠶᠠᠶᠢᠨ ᠤᠬᠠᠭᠤᠯᠬᠤ ᠬᠡᠯᠲᠡᠰ ᠡᠴᠡ ᠤᠬᠠᠭᠤᠯᠭ᠎ᠠᠶᠢᠨ ᠮᠠᠲᠧᠷᠢᠶᠠᠯᠢ ᠰᠢᠯᠵᠢᠭᠦᠯᠦᠨ ᠠᠪᠴᠢᠷᠠᠳᠠᠭ᠃ ᠤᠬᠠᠭᠤᠯᠤᠨ ᠲᠠᠢᠯᠪᠤᠷᠢᠯᠠᠬᠤ ᠴᠢᠭ᠌ᠯᠡᠯ ᠢ ᠣᠨᠣᠪᠴᠢᠲᠠᠢ ᠡᠵᠡᠮᠳᠡᠬᠦ᠌ᠶ᠋ᠢᠨ ᠲᠥᠯᠥᠭᠡ᠂ ᠪᠦᠯᠬᠦᠮ ᠦᠨ ᠬᠢᠨ 《ᠤᠬᠠᠭᠤᠯᠤᠨ ᠲᠠᠢᠯᠪᠤᠷᠢᠯᠠᠯᠳᠠ ᠵᠢᠨ ᠰᠤᠳᠤᠯᠤᠨ ᠶᠠᠷᠢᠯᠴᠠᠬᠤ ᠬᠤᠷᠠᠯ ᠤᠨ ᠲᠦᠷᠢᠮ》 ᠢ᠋ ᠰᠦᠪᠡᠭ᠌ᠴᠢᠯᠡᠨ ᠪᠠᠢᠭᠤᠯᠵᠤ᠂ ᠭᠠᠷᠠᠭ ᠪᠦᠷᠢ ᠬᠠᠮᠲᠤ ᠰᠠᠭᠤᠵᠤ ᠲᠥᠪᠯᠡᠷᠡᠩᠬᠦᠢ ᠰᠤᠷᠤᠯᠴᠠᠵᠤ ᠰᠤᠳᠤᠯᠤᠨ ᠶᠠᠷᠢᠯᠴᠠᠳᠠᠭ᠃ ᠤᠳᠠᠭ᠎ᠠ ᠪᠦᠷᠢ ᠶ᠋ᠢᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠡᠬᠢᠯᠡᠬᠦ᠌ ᠡᠴᠡ ᠡᠮᠦᠨ᠎ᠡ᠂ ᠤᠯᠠᠨ ᠢᠶᠠᠷ ᠢᠶᠠᠨ ᠨᠢᠭᠡ ᠳᠣᠣᠷ᠎ᠠ ᠴᠤᠭ᠍ᠯᠠᠷᠠᠨ ᠬᠤᠷᠠᠯ ᠬᠢᠵᠦ᠍᠂ ᠤᠬᠠᠭᠤᠯᠤᠨ ᠲᠠᠢᠯᠪᠤᠷᠢᠯᠠᠬᠤ ᠶ᠋ᠢᠨ ᠭᠣᠣᠯᠳᠠᠯᠭ᠎ᠠ ᠪᠠ ᠬᠦᠴᠢᠷᠳᠡᠯ ᠢ ᠶᠠᠷᠢᠯᠴᠠᠨ ᠲᠣᠭ᠍ᠲᠠᠭᠠᠳᠠᠭ ᠪᠥᠭᠡᠳ ᠬᠡᠷᠬᠢᠨ ᠶᠠᠷᠢᠪᠠᠯ ᠰᠠᠶᠢ ᠰᠠᠢᠬᠠᠨ ᠤᠬᠠᠭᠤᠯᠵᠤ ᠴᠢᠳᠠᠬᠤ ᠲᠤᠬᠠᠢ ᠶᠠᠷᠢᠯᠴᠠᠳᠠᠭ᠃
《 ᠴᠢᠷᠮᠠᠢᠯᠭ᠎ᠠ ᠬᠥᠮᠦᠨ ᠢ ᠭᠣᠮᠣᠳᠠᠭᠠᠬᠤ ᠦᠭᠡᠢ 》 ᠭᠡᠳᠡᠭᠴᠢᠯᠡᠨ ᠤᠳᠠᠭ᠎ᠠ ᠪᠦᠷᠢ ᠵᠢᠨ ᠭᠦᠨ ᠭᠦᠨᠵᠡᠭᠡᠶ ᠨᠠᠷᠢᠨ ᠨᠢᠮᠪᠠᠶ ᠤᠬᠠᠭᠤᠯᠤᠨ ᠲᠠᠢᠯᠪᠤᠷᠢᠯᠠᠯᠳᠠ ᠪᠡᠷ ᠳᠠᠮᠵᠢᠨ᠂ ᠪᠤᠭᠤᠷᠤᠯᠴᠤᠳ ᠤᠨ ᠤᠬᠠᠭᠤᠯᠤᠨ ᠲᠠᠢᠯᠪᠤᠷᠢᠯᠠᠬᠤ ᠪᠦᠯᠬᠦᠮ ᠨᠢ ᠬᠤᠯᠠ ᠤᠢᠷ᠎ᠠ ᠳ᠋ᠠᠭᠠᠨ ᠠᠯᠳᠠᠷᠰᠢᠵᠤ᠂ ᠨᠡᠢᠭᠡᠮ ᠲᠣᠭᠣᠷᠢᠭ᠂ ᠰᠤᠷᠭᠠᠭᠤᠯᠢ᠂ ᠠᠵᠤ ᠠᠬᠤᠢᠯᠠᠯ ᠤᠨ ᠬᠢᠨ ᠬᠣᠢᠨ᠎ᠠ ᠬᠣᠢᠨ᠎ᠠ ᠠᠴᠠ ᠪᠠᠨ ᠤᠷᠢᠬᠤ ᠪᠣᠯᠪᠠ᠃ ᠡᠲᠡᠭᠡᠷ ᠵᠢᠯ ᠦᠳ ᠲᠦ᠂ ᠪᠤᠭᠤᠷᠤᠯᠴᠤᠳ ᠤᠨ ᠤᠬᠠᠭᠤᠯᠤᠨ ᠲᠠᠢᠯᠪᠤᠷᠢᠯᠠᠬᠤ ᠪᠦᠯᠬᠦᠮ ᠤᠷᠢᠳ ᠬᠣᠵᠢᠳ《ᠪᠥᠬᠥ᠌ ᠤᠯᠤᠰ ᠤᠨ ᠦᠨᠳᠦᠰᠦᠨ ᠱᠠᠲᠤᠨ ᠤ ᠣᠨᠣᠯ ᠤᠨ ᠤᠬᠠᠭᠤᠯᠤᠨ ᠲᠠᠢᠯᠪᠤᠷᠢᠯᠠᠬᠤ ᠲᠡᠷᠢᠭᠦᠨ ᠦ ᠬᠠᠮᠲᠤ》᠂《ᠲᠠᠯ᠎ᠠ ᠨᠤᠲᠤᠭ ᠤᠨ ᠰᠤᠷᠤᠯᠴᠠᠯᠭ᠎ᠠ ᠶ᠋ᠢᠨ ᠬᠥᠩᠭᠡᠨ ᠮᠣᠷᠢᠲᠤ ᠴᠡᠷᠢᠭ ᠦᠨ ᠲᠡᠷᠢᠭᠦᠨ ᠦ ᠬᠠᠮᠲᠤ》 ᠵᠡᠷᠭᠡ ᠢᠷᠠᠭᠤ ᠠᠯᠳᠠᠷ ᠢ ᠭᠥᠷᠳᠡᠵᠦ ᠦᠩᠭᠡᠷᠡᠵᠡᠢ᠃
ᠰᠠᠢᠨ ᠤᠬᠠᠭᠤᠯᠤᠨ ᠲᠠᠢᠯᠪᠤᠷᠢᠯᠠᠯᠲᠠᠨᠢ ᠣᠯᠠᠨ ᠲᠦᠮᠡᠨᠳ᠋ᠤ ᠣᠢᠯᠠᠭᠠᠭᠤᠯᠬᠤ ᠪᠠᠷ ᠪᠠᠷᠠᠬᠤ ᠦᠭᠡᠶ ᠨᠡᠩ ᠴᠤ᠌ ᠬᠦᠨ ᠰᠠᠭᠤᠭᠳᠠᠭᠤᠯᠬᠤ ᠬᠡᠷᠡᠭ᠌ᠲᠡᠶ᠃ ᠤᠯᠠᠨ ᠲᠦᠮᠡᠨ ᠳ᠋ᠤ ᠣᠢᠷᠠᠲᠤᠬᠤ ᠶ᠋ᠢᠨ ᠲᠥᠯᠥᠭᠡ᠂ ᠪᠤᠭᠤᠷᠤᠯᠴᠤᠳ ᠤᠨ ᠤᠬᠠᠭᠤᠯᠤᠨ ᠲᠠᠢᠯᠪᠤᠷᠢᠯᠠᠬᠤ ᠪᠦᠯᠬᠦᠮ ᠦᠨ ᠬᠢᠨ ᠲᠤᠬᠠᠢ ᠶ᠋ᠢᠨ ᠭᠠᠵᠠᠷ ᠤᠷᠤᠨ ᠤᠪᠠᠢᠳᠠᠯ ᠂ ᠴᠠᠭ ᠤᠨ ᠪᠠᠢᠳᠠᠯ᠂ ᠲᠤᠬᠠᠢ ᠶ᠋ᠢᠨ ᠬᠥᠮᠦᠰᠤᠨ ᠪᠠᠢᠳᠠᠯ ᠳᠤᠨᠢ ᠲᠤᠬᠢᠷᠠᠭᠤᠯᠤᠨ ᠤᠬᠠᠭᠤᠯᠤᠨ ᠲᠠᠢᠯᠪᠤᠷᠢᠯᠠᠬᠤ ᠬᠡᠪᠴᠢᠶ᠎ᠡ᠂ ᠤᠬᠠᠭᠤᠯᠤᠨ ᠲᠠᠢᠯᠪᠤᠷᠢᠯᠠᠬᠤ ᠠᠭᠤᠯᠭ᠎ᠠ ᠪᠣᠯᠤᠨ ᠤᠬᠠᠭᠤᠯᠤᠨ ᠲᠠᠢᠯᠪᠤᠷᠢᠯᠠᠬᠤ ᠬᠡᠯᠪᠡᠷᠢ ᠶ᠋ᠢ ᠲᠣᠭ᠍ᠲᠠᠭᠠᠵᠤ᠂ ᠤᠯᠠᠨ ᠲᠦᠮᠡᠨ ᠦ ᠨᠠᠰᠤᠨ ᠤ ᠲᠡᠰ ᠳᠠᠪᠬᠤᠷᠭ᠎ᠠ᠂ ᠲᠤᠬᠠᠢᠯᠠᠭᠰᠠᠨ ᠠᠵᠢᠯᠦᠨ ᠱᠢᠨᠵᠢ ᠴᠢᠨᠠᠷ᠂ ᠠᠮᠢᠳᠤᠷᠠᠯ ᠤᠨ ᠳᠠᠳᠭᠠᠯ ᠪᠣᠯᠤᠨ ᠦᠢᠯᠡ ᠠᠵᠢᠯᠯᠠᠭ᠎ᠠ ᠶ᠋ᠢᠨ ᠠᠷᠭ᠎ᠠ ᠬᠡᠯᠪᠡᠷᠢ ᠶ᠋ᠢ ᠦᠨᠳᠦᠰᠦᠯᠡᠨ ᠠᠳᠠᠯᠢ ᠪᠤᠰᠤ ᠤᠬᠠᠭᠤᠯᠤᠨ ᠲᠠᠢᠯᠪᠤᠷᠢᠯᠠᠬᠤ ᠠᠭᠤᠯᠭ᠎ᠠ ᠶ᠋ᠢ ᠰᠣᠩᠭᠣᠳᠠᠭ᠃ ᠡᠭᠦᠨ ᠦ ᠬᠠᠮᠲᠤ᠂ ᠨᠠᠰᠤᠲᠠᠢᠴᠤᠳ ᠪᠠᠰᠠ ᠤᠷᠠᠨ ᠰᠠᠢᠬᠠᠨ ᠤ ᠲᠣᠭ᠍ᠯᠠᠯᠲᠠ ᠶ᠋ᠢᠨ ᠬᠡᠯᠪᠡᠷᠢ ᠪᠡᠷ ᠣᠯᠠᠨ ᠲᠦᠮᠡᠨ ᠳᠦ ᠨᠠᠮ ᠤᠨ ᠲᠥᠷᠥ ᠶ᠋ᠢᠨ ᠪᠣᠳᠣᠯᠭ᠎ᠠ ᠪᠠ ᠣᠨᠣᠯ ᠢ ᠤᠯᠠᠮᠵᠢᠯᠠᠵᠤ᠂ ᠬᠤᠪᠢᠰᠬᠠᠯ ᠤᠨ ᠳᠠᠭᠤᠤ᠂ ᠡᠯ ᠷᠸᠨ ᠲᠠᠢ ᠵᠦᠴᠦᠭᠡ᠂ ᠴᠠᠷᠭᠢᠯ ᠬᠣᠯᠪᠣᠭ᠎ᠠ᠂ ᠪᠡᠭᠡᠵᠢᠩ ᠵᠦᠴᠦᠭᠡ ᠶ᠋ᠢᠨ ᠬᠡᠰᠡᠭ ᠪᠠᠳᠠᠭ ᠵᠡᠷᠭᠡ ᠲᠣᠭ᠍ᠯᠠᠯᠲᠠ ᠪᠠᠷ ᠳᠠᠮᠵᠢᠭᠤᠯᠤᠨ ᠨᠠᠮ ᠤᠨ ᠱᠢᠨ᠎ᠡ ᠶ᠋ᠢ ᠡᠭᠦᠳᠬᠦ᠌ ᠣᠨᠣᠯ ᠢ ᠤᠯᠠᠮᠵᠢᠯᠠᠪᠠ᠃
《ᠱᠢᠨ᠎ᠡ ᠴᠠᠭ ᠦᠶ᠎ᠡ ᠶ᠋ᠢᠨ ᠤᠨᠤᠯ ᠤᠨ ᠤᠬᠠᠭᠤᠯᠤᠨ ᠲᠠᠢᠯᠪᠤᠷᠢᠯᠠᠬᠤ ᠠᠵᠢᠯ ᠢ ᠰᠠᠢᠲᠤᠷ ᠬᠢᠬᠦ᠌ ᠶ᠋ᠢᠨ ᠵᠠᠩᠭᠢᠯᠠᠭ᠎ᠠ ᠨᠢ ᠬᠥᠮᠦᠨ ᠳᠦ ᠪᠤᠢ᠂ ᠡᠩᠨᠡᠭᠡ ᠳᠦ ᠪᠤᠢ》 ᠃ ᠦᠬᠠᠶ ᠬᠣᠲᠠ ᠶ᠋ᠢᠨ ᠨᠠᠮ ᠤᠨ ᠬᠣᠷᠢᠶᠠᠶᠢᠨ ᠯᠧᠺᠲ᠋ᠣᠷ ᠤᠨ ᠪᠦᠯᠬᠦᠮ ᠦᠨ ᠳᠡᠳ᠋ ᠳᠠᠷᠤᠭ᠎ᠠ ᠵᠢᠶᠠᠩ ᠬᠦᠶ ᡁᠢ᠂ ᠣᠢᠷ᠎ᠠ ᠶ᠋ᠢᠨ ᠵᠢᠯ ᠳᠦ᠂ ᠦᠬᠠᠶ ᠬᠣᠲᠠ ᠠᠬᠠᠮᠠᠳ ᠢᠳᠡᠷ ᠵᠠᠯᠠᠭᠤ ᠶ᠋ᠢ ᠪᠦᠬᠦᠨ ᠢ ᠬᠠᠮᠤᠷᠤᠭᠤᠯᠬᠤ ᠵᠠᠷᠴᠢᠮ ᠶᠣᠰᠣᠭᠠᠷ᠂ ᠨᠠᠰᠤ ᠵᠢᠯ ᠢ ᠵᠤᠬᠢᠰᠲᠠᠢ ᠲᠤᠬᠢᠷᠠᠭᠤᠯᠤᠭᠰᠠᠨ᠂ ᠲᠤᠰᠭᠠᠶ ᠮᠡᠷᠭᠡᠵᠢᠯ ᠦᠨ ᠳᠠᠪᠠᠭᠤᠯᠢᠭ ᠵᠢᠡᠷᠢᠶᠠᠨ ᠬᠠᠷᠢᠯᠴᠠᠨ ᠨᠥᠬᠥᠪᠥᠷᠢᠯᠡᠬᠦ᠌᠂ ᠢᠷᠡᠯᠲᠡ ᠶ᠋ᠢᠨ ᠠᠷᠭ᠎ᠠ ᠵᠠᠮ ᠥᠷᠭᠡᠨ ᠳᠡᠯᠭᠡᠷ᠂ ᠲᠤᠰᠭᠠᠶ ᠲᠤᠱᠢᠶᠠᠯᠲᠤ ᠪᠠ ᠲᠤᠱᠢᠶᠠᠯ ᠬᠠᠪᠰᠤᠷᠭᠠᠬᠤ ᠵᠢ ᠤᠶᠠᠯᠳᠤᠭᠤᠯᠤᠭ᠍ᠰᠠᠨ ᠣᠨᠴᠠᠯᠢᠭ᠍ᠲᠤ ᠦᠨᠳᠦᠰᠦᠨ ᠱᠠᠲᠤᠨ ᠤ ᠤᠬᠠᠭᠤᠯᠤᠨ ᠲᠠᠢᠯᠪᠤᠷᠢᠯᠠᠬᠤ ᠪᠦᠯᠬᠦᠮ ᠢ ᠬᠦᠴᠦᠯᠡᠨ ᠪᠠᠢᠭᠤᠯᠪᠠ᠃ ᠡᠩ ᠦᠨ ᠦᠶ᠎ᠡ ᠳᠦ᠂ ᠡᠯ᠎ᠡ ᠤᠬᠠᠭᠤᠯᠤᠨ ᠲᠠᠢᠯᠪᠤᠷᠢᠯᠠᠬᠤ ᠪᠦᠯᠬᠦᠮ ᠤᠨ ᠬᠢᠨ ᠤᠯᠠᠨ ᠲᠦᠮᠡᠨ ᠲᠡᠶ ᠣᠢᠷᠠᠳᠤᠵᠤ᠂ ᠪᠠᠶᠠᠷ ᠪᠠᠶᠠᠰᠤᠯᠳᠤ ᠰᠤᠷᠭᠠᠨ ᠬᠥᠮᠦᠵᠢᠯ ᠢ ᠪᠠᠷᠢᠮᠲᠠᠯᠠᠵᠤ᠂ ᠦᠨᠳᠦᠰᠦᠨ ᠤᠭ ᠶᠣᠰᠣ ᠶ᠋ᠢ ᠠᠮᠢᠳᠤᠯᠢᠭ ᠤᠴᠢᠷ ᠶᠤᠰᠤ ᠪᠤᠯᠭᠠᠨ ᠶᠠᠷᠢᠵᠤ᠂ ᠤᠨᠤᠯ ᠤᠬᠠᠭᠤᠯᠭ᠎ᠠ ᠶ᠋ᠢᠨ ᠠᠵᠢᠯ ᠢ ᠲᠠᠰᠤᠷᠠᠯᠳᠠ ᠦᠭᠡᠢ ᠶᠠᠪᠤᠭᠳᠠᠭᠤᠯᠵᠤ᠂ ᠠᠮᠢᠳᠤᠯᠢᠭ ᠪᠣᠯᠭᠠᠵᠤ᠂ ᠬᠥᠭ᠌ᠵᠢᠭᠡᠵᠦ᠍ ᠂ ᠨᠡᠩ ᠢᠯᠡᠭᠦᠦ ᠢᠲᠡᠭᠡᠭᠦᠯᠬᠦ᠌ ᠬᠦᠴᠦᠨ᠂ ᠲᠠᠲᠠᠬᠤ ᠬᠦᠴᠦᠨ᠂ ᠨᠥᠯᠥᠭᠡᠯᠡᠬᠦ᠌ ᠬᠦᠴᠦᠨ ᠲᠡᠶ ᠪᠣᠯᠭᠠᠪᠠ ᠭᠡᠵᠦ ᠢᠯᠡᠳᠬᠡᠨ᠎ᠡ᠃