— ᠨᠠᠮ᠎ᠤᠨ ᠬᠤᠷᠢᠳᠤᠭᠠᠷ ᠶᠡᠬᠡ ᠬᠤᠷᠠᠯ᠎ᠤᠨ ᠵᠤᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠲᠤᠬᠠᠢ ᠰᠢᠷᠢᠰ ᠮᠡᠳᠡᠭᠡᠯᠡᠯ ⑦
ᠰᠢᠨ᠎ᠡ ᠠᠵᠤ ᠠᠬᠤᠢ᠎ᠶᠢᠨ ᠵᠣᠬᠢᠶᠠᠨ ᠪᠠᠢᠭᠤᠯᠤᠯᠲᠠ᠂ ᠰᠢᠨ᠎ᠡ ᠨᠡᠢᠭᠡᠮ᠎ᠦᠨ ᠵᠣᠬᠢᠶᠠᠨ ᠪᠠᠢᠭᠤᠯᠤᠯᠲᠠ ᠡᠨᠡᠬᠦ 《ᠬᠤᠶᠠᠷ ᠰᠢᠨ᠎ᠡ》 ᠵᠤᠬᠢᠶᠠᠨ ᠪᠠᠢᠭᠤᠯᠤᠯᠳᠠ ᠪᠣᠯ ᠨᠠᠮ᠎ᠤᠨ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶᠢᠨ ᠴᠤᠬᠴᠠᠯᠠᠯᠲᠠ᠎ᠶᠢᠨ ᠴᠢᠬᠤᠯᠠ ᠪᠦᠷᠢᠯᠳᠦᠭᠦᠨ ᠬᠡᠰᠡᠭ ᠶᠤᠮ᠃ ᠬᠦᠬᠡᠬᠤᠲᠠ ᠢ᠋ᠢᠨ ᠰᠠᠢᠬᠠᠨ ᠲᠤᠭᠤᠷᠢᠭ ᠰᠢᠨ᠎ᠡ᠎ᠪᠡᠷ ᠮᠠᠨᠳᠤᠬᠰᠠᠨ ᠵᠤᠬᠢᠶᠠᠨ ᠪᠠᠢᠭᠤᠯᠤᠯᠳᠠ ᠵᠢᠨ ᠬᠦᠷᠢᠶᠡᠨ᠎ᠳᠡᠬᠢ ᠨᠠᠮ᠎ᠤᠨ ᠪᠠᠢᠭᠤᠯᠤᠯᠲᠠ᠎ᠶᠢ ᠴᠢᠩᠭ᠎ᠠ ᠠᠳᠬᠤᠵᠦ᠂ 《 ᠬᠣᠶᠠᠷ ᠰᠢᠨ᠎ᠡ 》 ᠵᠤᠬᠢᠶᠠᠨ ᠪᠠᠢᠭᠤᠯᠤᠯᠲᠠ ᠵᠢᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠶᠠᠰᠤ ᠴᠢᠨᠠᠷ ᠪᠣᠯᠣᠨ ᠲᠦᠪᠰᠢᠨ᠎ᠢ ᠴᠢᠨᠠᠭᠰᠢᠳᠠ ᠳᠡᠭᠡᠭᠰᠢᠯᠡᠭᠦᠯᠵᠦ᠂ ᠪᠦᠬᠦ ᠲᠤᠭᠤᠷᠢᠭ᠎ᠤᠨ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠤ 《ᠬᠣᠶᠠᠷ ᠰᠢᠨ᠎ᠡ》 ᠵᠣᠬᠢᠶᠠᠨ ᠪᠠᠢᠭᠤᠯᠤᠯᠲᠠ᠎ᠶᠢᠨ ᠬᠦᠴᠦᠨ᠎ᠢ ᠬᠦᠢᠴᠡᠳ ᠳᠠᠢᠴᠢᠯᠠᠪᠠ᠃
《 ᠬᠣᠶᠠᠷ ᠰᠢᠨ᠎ᠡ 》 ᠵᠤᠬᠢᠶᠠᠨ ᠪᠠᠢᠭᠤᠯᠤᠯᠲᠠ ᠢ᠋ᠢᠨ ᠨᠠᠮ᠎ᠤᠨ ᠪᠠᠢᠭᠤᠯᠤᠯᠲᠠ᠎ᠶᠢ ᠪᠣᠳᠠᠲᠠᠢᠵᠢᠭᠤᠯᠪᠠ
ᠰᠠᠢᠬᠠᠨ ᠲᠣᠭᠣᠷᠢᠭ᠋᠎ᠤᠨ ᠬᠢᠨ ᠨᠡᠶ᠋ᠢᠲᠡ᠎ᠶᠢᠨ ᠥᠮᠴᠢᠯᠡᠯ᠎ᠦᠨ ᠪᠤᠰᠤ ᠠᠵᠤ ᠠᠬᠤᠢ᠎ᠶᠢᠨ ᠵᠣᠬᠢᠶᠠᠨ ᠪᠠᠢᠭᠤᠯᠤᠯᠲᠠ ᠪᠠ ᠨᠡᠢᠭᠡᠮ᠎ᠦᠨ ᠵᠣᠬᠢᠶᠠᠨ ᠪᠠᠢᠭᠤᠯᠤᠯᠲᠠ᠎ᠶᠢᠨ ᠨᠠᠮ᠎ᠤᠨ ᠪᠠᠢᠭᠤᠯᠤᠯᠲᠠ᠎ᠶᠢᠨ ᠠᠵᠢᠯ᠎ᠢ ᠥᠷᠭᠡᠳᠬᠡᠬᠦ᠎ᠶᠢ ᠲᠣᠪᠣᠢᠮ᠎ᠠ ᠪᠠᠢᠷᠢᠨ᠎ᠳᠤ ᠲᠠᠯᠪᠢᠵᠤ᠂ ᠬᠦᠨᠵᠡᠭᠡᠢ ᠪᠠᠢᠴᠠᠭᠠᠨ ᠰᠤᠲᠤᠯᠤᠯᠲᠠ ᠬᠢᠵᠦ᠂ ᠪᠠᠢᠩᠭᠤ᠎ᠶᠢᠨ ᠴᠢᠨᠠᠷᠲᠠᠢ ᠣᠢᠯᠠᠭᠠᠬᠤ ᠲᠣᠭᠲᠠᠴᠠ᠎ᠶᠢ ᠪᠠᠢᠭᠤᠯᠤᠨ᠂ ᠠᠵᠢᠯ᠎ᠤᠨ ᠠᠷᠭ᠎ᠠ ᠪᠠᠷᠢᠯ᠎ᠤᠨ ᠰᠢᠨ᠎ᠡ᠎ᠶᠢ ᠡᠭᠦᠳᠴᠦ᠂ 《ᠬᠣᠶᠠᠷ᠎ᠢ ᠪᠦᠷᠬᠦᠭᠦᠯᠬᠦ》 ᠶ᠋ᠢ ᠤᠨᠢᠨ ᠳᠡᠭᠡᠷ᠎ᠡ ᠨᠢ ᠠᠬᠢᠭᠤᠯᠵᠠᠢ᠃
ᠰᠠᠢᠬᠠᠨ ᠲᠤᠭᠤᠷᠢᠭ 《ᠬᠣᠶᠠᠷ ᠰᠢᠨ᠎ᠡ》 ᠵᠣᠬᠢᠶᠠᠨ ᠪᠠᠢᠭᠤᠯᠤᠯᠲᠠ ᠢ᠋ᠢᠨ ᠪᠠᠢᠲᠠᠯ ᠢ᠋ ᠪᠥᠬᠥ ᠲᠠᠯ᠎ᠠ᠎ᠪᠠᠷ ᠣᠢᠯᠠᠭᠠᠨ ᠵᠢᠭ᠍ᠰᠠᠭᠠᠨ ᠪᠠᠢᠴᠠᠭᠠᠵᠤ᠂ ᠠᠵᠢᠯ᠎ᠤᠨ ᠡᠬᠡ ᠲᠠᠩᠰᠠ ᠪᠠᠢᠭᠤᠯᠤᠨ᠂ ᠲᠤᠰᠠᠭᠠᠷ ᠵᠣᠬᠢᠶᠠᠨ ᠪᠠᠢᠭᠤᠯᠬᠤ᠂ ᠬᠠᠮᠲᠤᠷᠠᠨ ᠵᠣᠬᠢᠶᠠᠨ ᠪᠠᠢᠭᠤᠯᠬᠤ ᠵᠡᠷᠭᠡ ᠠᠷᠭ᠎ᠠ ᠮᠠᠶᠢᠭ᠋ ᠢ᠋ᠢᠡᠷ᠂ ᠨᠠᠮ᠎ᠤᠨ ᠵᠤᠬᠢᠶᠠᠨ ᠪᠠᠢᠭᠤᠯᠤᠯᠲᠠ ᠵᠢ ᠪᠠᠢᠭᠤᠯᠬᠤ ᠶᠣᠰᠣᠲᠠᠢ᠎ᠶᠢ ᠨᠢ ᠪᠦᠬᠦᠨ᠎ᠢ ᠪᠠᠢᠭᠤᠯᠬᠤ᠎ᠶᠢ ᠦᠨᠡᠨᠬᠦ ᠪᠠᠲᠤᠯᠠᠪᠠ᠃ ᠣᠳᠣᠬᠠᠨ ᠪᠣᠯᠲᠠᠯ᠎ᠠ᠂ ᠰᠠᠢᠬᠠᠨ ᠲᠤᠭᠤᠷᠢᠭ ᠨᠠᠮ᠎ᠤᠨ ᠭᠡᠰᠢᠭᠦᠨ᠎ᠲᠠᠢ 416 ᠨᠡᠶ᠋ᠢᠲᠡ᠎ᠶᠢᠨ ᠥᠮᠴᠢᠯᠡᠯ᠎ᠦᠨ ᠪᠤᠰᠤ ᠠᠵᠤ ᠠᠬᠤᠢᠯᠠᠯ ᠂ 85 ᠨᠡᠢᠭᠡᠮ᠎ᠦᠨ ᠵᠣᠬᠢᠶᠠᠨ ᠪᠠᠢᠭᠤᠯᠤᠯᠲᠠ᠂ 11 ᠰᠢᠨ᠎ᠡ ᠡᠵᠡᠩᠨᠡᠯᠲᠡ᠎ᠶᠢᠨ ᠬᠡᠯᠪᠡᠷᠢ᠎ᠶᠢᠨ ᠠᠵᠤ ᠠᠬᠤᠢᠯᠠᠯ᠎ᠳᠤ ᠨᠠᠮ᠎ᠤᠨ ᠵᠣᠬᠢᠶᠠᠨ ᠪᠠᠢᠭᠤᠯᠤᠯᠲᠠ᠎ᠶᠢ ᠪᠦᠬᠦᠨ᠎ᠢ ᠪᠦᠷᠬᠦᠭᠦᠯᠵᠡᠢ᠃
《ᠬᠣᠶᠠᠷ ᠰᠢᠨ᠎ᠡ》ᠵᠣᠬᠢᠶᠠᠨ ᠪᠠᠢᠭᠤᠯᠤᠯᠲᠠ᠎ᠶᠢᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠱᠦᠵᠢ᠎ᠶᠢ ᠬᠥᠮᠥᠵᠢᠭᠦᠯᠬᠦ ᠠᠵᠢᠯ᠎ᠤᠨ ᠲᠠᠯ᠎ᠠ ᠪᠡᠷ᠂ ᠰᠠᠢᠬᠠᠨ ᠲᠤᠭᠤᠷᠢᠭ ᠳᠣᠲᠣᠭᠠᠳᠤ᠎ᠳᠠᠭᠠᠨ ᠰᠣᠩᠭᠣᠨ ᠳᠡᠪᠰᠢᠭᠦᠯᠬᠦ᠂ ᠵᠣᠬᠢᠶᠠᠨ ᠪᠠᠢᠭᠤᠯᠤᠯᠲᠠ ᠠ᠋ᠴᠠ ᠰᠣᠩᠭᠣᠨ ᠲᠣᠮᠢᠯᠠᠬᠤ᠂ ᠢᠯᠡ᠎ᠪᠡᠷ ᠰᠣᠩᠭᠣᠨ ᠤᠷᠢᠬᠤ ᠵᠡᠷᠭᠡ ᠣᠯᠠᠨ ᠵᠦᠢᠯ᠎ᠦᠨ ᠠᠷᠭ᠎ᠠ ᠪᠡᠷ ᠳᠠᠮᠵᠢᠨ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠱᠦᠵᠢ᠎ᠶᠢ ᠰᠢᠯᠢᠳᠡᠭ᠎ᠢ ᠨᠢ ᠰᠣᠩᠭᠣᠨ ᠲᠣᠬᠢᠷᠠᠭᠤᠯᠵᠤ᠂ ᠬᠠᠮᠢᠶᠠᠷᠤᠯᠲᠠ᠎ᠶᠢᠨ ᠳᠠᠪᠬᠤᠷᠭ᠎ᠠ᠎ᠶᠢᠨ ᠠᠵᠢᠯᠲᠠᠨ᠎ᠢ ᠨᠠᠮ᠎ᠤᠨ ᠵᠣᠬᠢᠶᠠᠨ ᠪᠠᠢᠭᠤᠯᠤᠯᠲᠠ᠎ᠶᠢᠨ ᠱᠦᠵᠢ᠎ᠪᠡᠷ ᠲᠠᠨᠢᠯᠴᠠᠭᠤᠯᠬᠤ᠎ᠶᠢ ᠴᠢᠬᠤᠯᠠᠴᠢᠯᠠᠵᠤ᠂ ᠣᠳᠣᠬᠠᠨ᠎ᠳᠤ ᠪᠥᠬᠥ ᠲᠤᠭᠤᠷᠢᠭ᠎ᠤᠨ ᠨᠢᠭᠡᠨᠲᠡ ᠪᠠᠢᠭᠤᠯᠤᠭᠰᠠᠨ 《ᠬᠣᠶᠠᠷ ᠰᠢᠨ᠎ᠡ》 ᠵᠣᠬᠢᠶᠠᠨ ᠪᠠᠢᠭᠤᠯᠤᠯᠲᠠ᠎ᠶᠢᠨ ᠨᠠᠮ᠎ᠤᠨ ᠵᠣᠬᠢᠶᠠᠨ ᠪᠠᠢᠭᠤᠯᠤᠯᠲᠠ᠎ᠳᠤ᠂ ᠳᠡᠭᠡᠳᠦ ᠲᠠᠰ᠎ᠤᠨ ᠬᠠᠮᠢᠶᠠᠷᠤᠯᠲᠠ᠎ᠶᠢᠨ ᠠᠵᠢᠯᠲᠠᠨ᠎ᠢᠶᠠᠷ ᠨᠠᠮ᠎ᠤᠨ ᠵᠣᠬᠢᠶᠠᠨ ᠪᠠᠢᠭᠤᠯᠤᠯᠲᠠ᠎ᠶᠢᠨ ᠱᠦᠵᠢ᠎ᠶᠢᠨ ᠲᠤᠰᠢᠶᠠᠯ᠎ᠢ ᠡᠭᠦᠷᠭᠡᠯᠡᠭᠦᠯᠦᠭᠰᠡᠨ ᠨᠢ 39%᠎ᠶᠢ ᠡᠵᠡᠯᠡᠵᠦ ᠪᠠᠢᠨ᠎ᠠ᠃ ᠪᠠᠰᠠ ᠪᠥᠬᠥ ᠲᠤᠭᠤᠷᠢᠭ᠎ᠤᠨ 《ᠬᠣᠶᠠᠷ ᠰᠢᠨ᠎ᠡ》 ᠵᠤᠬᠢᠶᠠᠨ ᠪᠠᠢᠭᠤᠯᠤᠯᠲᠠ ᠢ᠋ᠢᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠱᠦᠵᠢ᠎ᠶᠢᠨ ᠪᠣᠯᠪᠠᠰᠤᠷᠠᠯ᠎ᠤᠨ ᠠᠩᠭᠢ᠎ᠶᠢ ᠡᠷᠭᠢᠯᠡᠵᠦ᠂ 《ᠬᠣᠶᠠᠷ ᠰᠢᠨ᠎ᠡ》 ᠵᠣᠬᠢᠶᠠᠨ ᠪᠠᠢᠭᠤᠯᠤᠯᠲᠠ᠎ᠶᠢᠨ ᠳᠠᠭᠠᠭᠤᠯᠤᠭ᠍ᠴᠢ᠎ᠶᠢᠨ ᠴᠢᠳᠠᠪᠤᠷᠢ ᠬᠡᠪ ᠴᠢᠨᠠᠷ᠎ᠢ ᠳᠡᠭᠡᠭᠰᠢᠯᠡᠭᠦᠯᠪᠡ᠃
ᠨᠠᠮ᠎ᠤᠨ ᠪᠠᠢᠭᠤᠯᠤᠯᠲᠠ᠎ᠶᠢᠨ ᠵᠢᠭᠠᠨ ᠵᠢᠯᠣᠭᠣᠳᠤᠭ᠍ᠴᠢ᠎ᠶᠢᠨ ᠬᠠᠮᠢᠶᠠᠷᠤᠯᠲᠠ᠎ᠶᠢ ᠴᠢᠩᠭᠠᠳᠬᠠᠵᠤ᠂ᠬᠠᠷᠢᠶ᠎ᠠ ᠣᠷᠣᠨ᠂ ᠠᠵᠢᠯ ᠲᠦᠷᠦᠯ᠎ᠦᠨ ᠬᠢᠨ᠎ᠦ ᠰᠢᠯᠢᠳᠡᠭ᠎ᠢ ᠨᠢ ᠰᠣᠩᠭᠣᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠵᠢᠭᠠᠨ ᠵᠢᠯᠣᠭᠣᠳᠤᠭ᠍ᠴᠢ (ᠠᠵᠤ ᠠᠬᠤᠢᠯᠠᠯ᠎ᠳᠤ ᠰᠠᠭᠤᠭ᠎ᠠ ᠬᠣᠯᠪᠣᠭᠠᠴᠢᠨ)ᠵᠢ ᠰᠣᠩᠭᠣᠨ ᠲᠣᠮᠢᠯᠠᠵᠤ᠂ ᠠᠵᠢᠯ᠎ᠤᠨ ᠡᠬᠡ ᠲᠠᠨᠭᠰᠠ᠎ᠶᠢ ᠪᠦᠷᠢᠨᠰᠢᠭᠦᠯᠦᠨ᠂ ᠲᠤᠰᠢᠶᠠᠯ ᠬᠠᠷᠢᠭᠤᠴᠠᠯᠭ᠎ᠠ ᠡᠭᠦᠷᠭᠡ᠎ᠶᠢ ᠨᠢ ᠲᠣᠳᠣᠷᠬᠠᠢᠯᠠᠵᠤ᠂ ᠡᠳᠦᠷ ᠲᠤᠳᠤᠮ᠎ᠤᠨ ᠬᠠᠮᠢᠶᠠᠷᠤᠯᠲᠠ᠎ᠶᠢ ᠴᠢᠩᠭᠠᠳᠬᠠᠵᠤ᠂ ᠠᠵᠤ ᠠᠬᠤᠢᠯᠠᠯ᠎ᠤᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠨᠡᠮᠡᠷᠢᠯᠡᠪᠡ᠃ ᠣᠲᠣᠬᠠᠨ ᠪᠣᠯᠲᠠᠯ᠎ᠠ᠂ ᠪᠦᠬᠦ ᠲᠤᠭᠤᠷᠢᠭ ᠲᠸ᠋ ᠬᠠᠷᠢᠶ᠎ᠠ ᠤᠷᠤᠨ᠎ᠤ ᠨᠠᠮ᠎ᠤᠨ ᠪᠠᠢᠭᠤᠯᠤᠯᠲᠠ᠎ᠶᠢᠨ ᠵᠢᠭᠠᠨ ᠵᠢᠯᠣᠭᠣᠳᠤᠭ᠍ᠴᠢ ᠵᠢ 280 ᠬᠥᠮᠥᠨ᠂ ᠠᠵᠢᠯ ᠲᠥᠷᠥᠯ᠎ᠦᠨ ᠨᠠᠮ᠎ᠤᠨ ᠪᠠᠢᠭᠤᠯᠤᠯᠲᠠ᠎ᠶᠢᠨ ᠵᠢᠭᠠᠨ ᠵᠢᠯᠣᠭᠣᠳᠤᠭ᠍ᠴᠢ ᠵᠢ 223 ᠬᠥᠮᠥᠨ᠂ ᠰᠢᠨ᠎ᠡ ᠡᠵᠡᠩᠨᠡᠯᠲᠡ᠎ᠶᠢᠨ ᠬᠡᠯᠪᠡᠷᠢᠢ᠋ᠢᠨ ᠠᠵᠤ ᠠᠬᠤᠢᠯᠠᠯ᠎ᠤᠨ ᠠᠵᠤ ᠠᠬᠤᠢᠯᠠᠯ᠎ᠳᠤ ᠰᠠᠭᠤᠭ᠎ᠠ ᠬᠣᠯᠪᠣᠭᠠᠴᠢᠨ ᠢ᠋ 22 ᠬᠥᠮᠥᠨ ᠰᠣᠩᠭᠣᠨ ᠲᠣᠮᠢᠯᠠᠵᠤ᠂ 《ᠬᠣᠶᠠᠷ ᠰᠢᠨ᠎ᠡ 》 ᠵᠣᠬᠢᠶᠠᠨ ᠪᠠᠢᠭᠤᠯᠤᠯᠲᠠ᠎ᠳᠤ ᠨᠠᠮ᠎ᠤᠨ ᠠᠵᠢᠯ᠎ᠢ ᠪᠦᠷᠬᠦᠭᠦᠯᠪᠡ᠃
《ᠬᠣᠶᠠᠷ ᠰᠢᠨ᠎ᠡ》 ᠵᠤᠬᠢᠶᠠᠨ ᠪᠠᠢᠭᠤᠯᠤᠯᠲᠠ ᠢ᠋ᠢᠨ ᠨᠠᠮ᠎ᠤᠨ ᠪᠠᠢᠭᠤᠯᠤᠯᠲᠠ ᠢ᠋ᠢᠨ ᠰᠢᠨ᠎ᠡ ᠵᠢ ᠡᠭᠦᠳᠪᠡ
ᠰᠠᠢᠬᠠᠨ ᠲᠣᠭᠣᠷᠢᠭ᠋᠎ᠤᠨ ᠬᠢᠨ ᠰᠢᠨ᠎ᠡ᠎ᠪᠡᠷ ᠮᠠᠨᠳᠤᠭᠰᠠᠨ ᠬᠦᠷᠢᠶ᠎ᠡ᠎ᠶᠢ ᠴᠢᠩᠭ᠎ᠠ ᠠᠩᠬᠠᠷᠴᠤ᠂ ᠢᠨᠲ᠋ᠸᠷ ᠰᠦᠯᠵᠢᠶ᠎ᠡ᠂ ᠠᠳᠠᠯ ᠠᠬᠤᠢ᠎ᠶᠢᠨ ᠠᠵᠤ ᠠᠬᠤᠢᠯᠠᠯ᠎ᠤᠨ ᠨᠠᠮ᠎ᠤᠨ ᠪᠠᠢᠭᠤᠯᠤᠯᠲᠠ᠎ᠶᠢ ᠲᠣᠪᠣᠢᠮ᠎ᠠ ᠰᠠᠢᠲᠤᠷ ᠠᠳᠬᠤᠵᠤ᠂ ᠰᠢᠨ᠎ᠡ ᠡᠵᠡᠩᠨᠡᠯᠲᠡ᠎ᠶᠢᠨ ᠬᠡᠯᠪᠡᠷᠢ᠂ ᠰᠢᠨ᠎ᠡ ᠠᠵᠢᠯ ᠣᠯᠭᠣᠯᠲᠠ᠎ᠶᠢᠨ ᠬᠠᠮᠲᠤᠯᠢᠭ᠋᠎ᠤᠨ ᠨᠠᠮ᠎ᠤᠨ ᠪᠠᠢᠭᠤᠯᠤᠯᠲᠠ᠎ᠶᠢ ᠰᠦᠪᠡᠭᠴᠢᠯᠡᠨ ᠠᠬᠢᠭᠤᠯᠵᠤ᠂ ᠰᠢᠨ᠎ᠡ᠎ᠪᠡᠷ ᠮᠠᠨᠳᠤᠭᠰᠠᠨ ᠬᠦᠷᠢᠶᠡᠨ᠎ᠦ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠤᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠠᠬᠢᠭᠤᠯᠵᠤ᠂ ᠨᠠᠮ᠎ᠤᠨ ᠪᠠᠢᠭᠤᠯᠤᠯᠲᠠ᠎ᠶᠢᠨ ᠵᠣᠬᠢᠶᠠᠨ ᠪᠠᠢᠭᠤᠯᠤᠯᠲᠠ᠎ᠶᠢᠨ ᠬᠦᠴᠦᠨ᠎ᠢ ᠰᠢᠨ᠎ᠡ᠎ᠪᠡᠷ ᠮᠠᠨᠳᠤᠭᠰᠠᠨ ᠬᠦᠷᠢᠶᠡᠨ᠎ᠦ ᠠᠵᠤ ᠠᠬᠤᠢᠯᠠᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠥᠳᠡᠯᠭᠡᠭᠦ ᠬᠦᠴᠦᠨ ᠪᠣᠯᠭᠠᠪᠠ᠃
ᠭᠣᠣᠯᠳᠠᠯᠭ᠎ᠠ᠎ᠲᠠᠢ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠠᠵᠢᠯ ᠲᠦᠷᠦᠯ᠎ᠦᠨ ᠨᠠᠮ᠎ᠤᠨ《ᠬᠣᠶᠠᠷ ᠰᠢᠨ᠎ᠡ》ᠵᠤᠬᠢᠶᠠᠨ ᠪᠠᠢᠭᠤᠯᠤᠯᠲᠠ ᠢ᠋ᠢᠨ ᠨᠠᠮ᠎ᠤᠨ ᠪᠠᠢᠭᠤᠯᠤᠯᠲᠠ᠎ᠶᠢᠨ ᠠᠵᠢᠯᠯᠠᠭᠠᠨ᠎ᠤ ᠲᠣᠭᠲᠠᠴᠠ᠎ᠶᠢ ᠴᠢᠨᠠᠬᠰᠢᠲᠠ ᠰᠢᠯᠢᠳᠡᠭᠵᠢᠭᠦᠯᠦᠨ ᠲᠣᠬᠢᠷᠠᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠎ᠢ ᠪᠦᠷᠢᠯᠳᠦᠭᠦᠨ ᠨᠢᠭᠡᠴᠢ᠎ᠳᠦ ᠣᠷᠣᠭᠤᠯᠤᠨ᠂ ᠪᠥᠬᠥ ᠣᠷᠣᠨ᠎ᠤ 《ᠬᠣᠶᠠᠷ ᠰᠢᠨ᠎ᠡ》 ᠵᠤᠬᠢᠶᠠᠨ ᠪᠠᠢᠭᠤᠯᠤᠯᠲᠠ ᠢ᠋ᠢᠨ ᠨᠠᠮ᠎ᠤᠨ ᠪᠠᠢᠭᠤᠯᠤᠯᠲᠠ᠎ᠳᠤ ᠪᠠᠲᠤ ᠴᠢᠩᠭ᠎ᠠ ᠵᠣᠬᠢᠶᠠᠨ ᠪᠠᠢᠭᠤᠯᠤᠯᠲᠠ᠎ᠶᠢᠨ ᠪᠠᠲᠤᠯᠠᠭ᠎ᠠ ᠬᠠᠩᠭᠠᠪᠠ᠃ ᠰᠠᠢᠬᠠᠨ ᠲᠤᠭᠤᠷᠢᠭ᠎ᠤᠨ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠲᠣᠪᠴᠢᠶ᠎ᠠ᠎ᠳᠤ ᠲᠦᠰᠢᠭᠯᠡᠨ ᠠᠳᠠᠯ ᠠᠬᠤᠢ᠎ᠶᠢᠨ ᠠᠵᠢᠯ ᠲᠥᠷᠥᠯ᠎ᠦᠨ ᠨᠠᠮ᠎ᠤᠨ ᠬᠣᠷᠢᠶ᠎ᠠ᠎ᠶᠢ ᠪᠠᠢᠭᠤᠯᠵᠤ᠂ ᠰᠠᠢᠬᠠᠨ ᠲᠤᠭᠤᠷᠢᠭ᠎ᠤᠨ ᠨᠠᠮ᠎ᠤᠨ ᠬᠣᠷᠢᠶ᠎ᠠ᠎ᠶᠢᠨ ᠰᠦᠯᠵᠢᠶᠡᠨ᠎ᠤ ᠠᠮᠤᠷ ᠲᠦᠪᠰᠢᠨ ᠪᠠ ᠮᠡᠲᠡᠭᠡ ᠵᠠᠩᠬᠢᠴᠢᠯᠠᠯᠲᠠ ᠢ᠋ᠢᠨ ᠬᠤᠷᠢᠶ᠎ᠠ ᠵᠢᠨ ᠠᠯᠪᠠᠨ ᠭᠡᠷ᠎ᠲᠦ ᠲᠦᠰᠢᠭᠯᠡᠨ ᠢᠨᠲᠧᠷ ᠰᠦᠯᠵᠢᠶ᠎ᠡ᠎ᠶᠢᠨ ᠠᠵᠢᠯ ᠲᠥᠷᠥᠯ᠎ᠦᠨ ᠨᠠᠮ᠎ᠤᠨ ᠬᠣᠷᠢᠶ᠎ᠠ᠎ᠶᠢ ᠪᠠᠢᠭᠤᠯᠵᠤ᠂ ᠠᠵᠢᠯ ᠲᠥᠷᠥᠯ᠎ᠦᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠪᠦᠬᠦᠯᠢ ᠴᠣᠭᠴᠠ᠎ᠶᠢᠨ ᠲᠥᠯᠦᠪᠵᠢᠭᠦᠯᠭᠡ ᠪᠠ 《ᠬᠤᠪᠢᠰᠬᠠᠯ᠎ᠤᠨ ᠠᠳᠠᠯ ᠠᠬᠤᠢ》 ᠢ᠋ᠢᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠰᠠᠢ ᠱᠠᠩ ᠭᠦᠩ ᠭᠤᠸᠠᠨ ᠣᠷᠳᠣᠨ᠎ᠤ ᠭᠤᠷᠪᠠᠳᠤᠭᠠᠷ ᠬᠤᠭᠤᠴᠠᠭ᠎ᠠ᠂ ᠡᠩᠬᠡ ᠭᠡᠷ ᠣᠷᠣᠨ ᠵᠡᠷᠭᠡ 10 ᠭᠠᠷᠤᠢ ᠬᠤᠪᠢᠰᠬᠠᠯ᠎ᠤᠨ ᠠᠳᠠᠯ ᠠᠬᠤᠢ᠎ᠶᠢᠨ ᠵᠢᠱ᠌ᠢᠶ᠎ᠡ ᠦᠵᠡᠭᠦᠯᠬᠦ ᠴᠡᠭ᠎ᠢ ᠪᠣᠶ ᠪᠣᠯᠭᠠᠵᠤ᠂ ᠬᠥᠲᠥᠯᠥᠨ ᠳᠠᠭᠠᠭᠤᠯᠵᠤ ᠳᠠᠢᠴᠢᠯᠠᠬᠤ ᠦᠢᠯᠡᠳᠦᠯ᠎ᠢ ᠪᠠᠳᠠᠷᠠᠭᠤᠯᠤᠨ᠂ ᠠᠳᠠᠯ ᠠᠬᠤᠢ᠎ᠶᠢᠨ ᠠᠵᠢᠯ ᠲᠥᠷᠥᠯ᠎ᠦᠨ ᠦᠢᠯᠡᠴᠢᠯᠡᠭᠡᠨ᠎ᠦ ᠶᠠᠰᠤ ᠴᠢᠨᠠᠷ ᠦᠷ᠎ᠡ ᠪᠦᠲᠦᠮᠵᠢ᠎ᠶᠢ ᠬᠦᠴᠦᠯᠡᠨ ᠳᠡᠭᠡᠭᠰᠢᠯᠡᠭᠦᠯᠪᠡ᠃

ᠲᠦᠷᠢᠮ ᠲᠣᠭᠲᠠᠴᠠ᠎ᠶᠢᠨ ᠰᠢᠨ᠎ᠡ᠎ᠶᠢ ᠡᠭᠦᠳᠴᠦ᠂ ᠰᠢᠨ᠎ᠡ ᠡᠵᠡᠩᠨᠡᠯᠲᠡ᠎ᠶᠢᠨ ᠬᠡᠯᠪᠡᠷᠢ ᠢ᠋ᠢᠨ ᠠᠵᠤ ᠠᠬᠤᠢᠯᠠᠯ᠂ ᠰᠢᠨ᠎ᠡ ᠠᠵᠢᠯ ᠣᠯᠭᠣᠯᠲᠠ᠎ᠶᠢᠨ ᠬᠠᠮᠲᠤᠯᠢᠭ᠋᠎ᠤᠨ ᠨᠠᠮ᠎ᠤᠨ ᠪᠠᠢᠭᠤᠯᠤᠯᠲᠠ᠎ᠶᠢ ᠠᠬᠢᠭᠤᠯᠪᠠ᠃ ᠨᠠᠮ᠎ᠤᠨ ᠬᠡᠰᠢᠭᠦᠨ ᠪᠠ ᠣᠯᠠᠨ ᠲᠦᠮᠡᠨ᠎ᠦ ᠦᠢᠯᠡᠴᠢᠯᠡᠭᠡᠨ᠎ᠦ ᠲᠥᠪ᠂ ᠬᠥᠬᠡᠬᠣᠲᠠ᠎ᠶᠢᠨ ᠤᠯᠠᠭ᠎ᠠ ᠥᠷᠲᠡᠭᠡ᠂ ᠬᠤᠳᠠᠯᠳᠤᠭᠠᠨ᠎ᠤ ᠶᠠᠪᠤᠳᠠᠯ᠎ᠤᠨ ᠠᠰᠠᠷ ᠪᠠᠢᠰᠢᠩ ᠵᠡᠷᠭᠡ ᠵᠡᠭᠡᠯᠢ ᠳᠠᠭᠠᠤ᠎ᠶᠢᠨ ᠨᠢᠭᠡᠴᠢ᠎ᠳᠦ ᠲᠦᠰᠢᠭᠯᠡᠨ᠂《ᠤᠯᠠᠭᠠᠨ ᠵᠥᠭᠡᠢ᠎ᠶᠢᠨ ᠤᠯᠠᠭ᠎ᠠ ᠥᠷᠲᠡᠭᠡ》 ᠵᠢ 42ᠪᠠᠢᠭᠤᠯᠤᠨ᠂ ᠰᠢᠨᠡᠠᠵᠢᠯ ᠤᠯᠭᠤᠯᠲᠠ ᠢ᠋ᠢᠨ ᠬᠠᠮᠲᠤᠯᠢᠭ᠋᠎ᠲᠤ ᠤᠮᠳᠠ ᠳᠠᠷᠤᠬᠤ᠂ ᠠᠮᠠᠷᠠᠬᠤ᠂ ᠬᠣᠭᠣᠯᠠ ᠬᠠᠯᠠᠭᠤᠯᠠᠬᠤ᠂ ᠠᠪᠴᠤ ᠶᠠᠪᠤᠬᠤ᠎ᠳᠤ ᠲᠥᠬᠥᠮ ᠴᠠᠬᠢᠯᠭᠠᠨ ᠴᠡᠨᠡᠭᠯᠡᠬᠦ ᠵᠡᠷᠭᠡ 10 ᠭᠠᠷᠤᠢ ᠵᠦᠢᠯ᠎ᠦᠨ ᠦᠢᠯᠡᠴᠢᠯᠡᠭᠡᠨ᠎ᠦ ᠠᠭᠤᠯᠭ᠎ᠠ᠎ᠶᠢ ᠬᠠᠩᠭᠠᠬᠰᠠᠨ ᠮᠦᠷᠲᠡᠭᠡᠨ 《ᠵᠥᠭᠡᠢ᠎ᠶᠢᠨ ᠡᠭᠦᠷ᠎ᠤᠨ ᠢᠨᠵᠧᠨᠧᠷᠢᠩ》 ᠢ᠋ ᠥᠷᠨᠢᠭᠦᠯᠤᠨ᠂ 5 ᠶᠡᠬᠡ ᠲᠥᠷᠥᠯ᠎ᠦᠨ 《ᠲᠥᠷᠥ᠎ᠶᠢᠨ ᠪᠣᠳᠣᠯᠭ᠎ᠠ᠎ᠶᠢᠨ ᠦᠢᠯᠡᠴᠢᠯᠡᠭᠡᠨ᠎ᠦ ᠪᠣᠭᠴᠣ᠌》 ᠬᠠᠩᠭᠠᠵᠤ᠂ ᠵᠠᠭᠤᠷᠠᠯᠳᠤᠭᠠᠨ᠎ᠢ ᠬᠥᠨᠳᠡᠯᠡᠨ᠎ᠡᠴᠡ ᠲᠠᠰᠤᠯᠬᠤ᠂ ᠡᠷᠬᠡ ᠠᠰᠢᠭ᠋᠎ᠢ ᠬᠠᠮᠠᠭᠠᠯᠠᠬᠤ᠂ ᠰᠡᠳᠬᠢᠴᠡ᠎ᠶᠢᠨ ᠵᠥᠪᠯᠡᠯᠭᠡ ᠥᠭᠬᠦ ᠵᠡᠷᠭᠡ 20 ᠭᠠᠷᠤᠢ ᠵᠦᠢᠯ᠎ᠦᠨ ᠦᠢᠯᠡᠴᠢᠯᠡᠭᠡᠨ᠎ᠦ ᠠᠷᠭ᠎ᠠ ᠬᠡᠮᠵᠢᠶ᠎ᠡ ᠪᠠ ᠲᠥᠷᠥ᠎ᠶᠢᠨ ᠪᠣᠳᠣᠯᠭ᠎ᠠ᠎ᠶᠢᠨ ᠪᠠᠲᠤᠯᠠᠭ᠎ᠠ᠎ᠶᠢ ᠬᠠᠮᠤᠷᠴᠤ᠂ 《ᠵᠥᠭᠡᠢ᠎ᠶᠢ ᠬᠠᠮᠠᠭᠠᠯᠠᠬᠤ ᠠᠵᠢᠯᠯᠠᠭ᠎ᠠ》 ᠥᠷᠨᠢᠭᠦᠯᠤᠨ᠂ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠲᠠᠢ ᠬᠠᠮᠲᠤᠷᠠᠨ ᠵᠠᠬᠢᠶᠠᠯᠠᠭ᠎ᠠ᠎ᠶᠢᠨ ᠬᠣᠭᠣᠯᠠ ᠬᠦᠷᠭᠡᠭᠴᠢ᠂ᠲᠦᠷᠭᠡᠨ ᠬᠦᠷᠭᠡᠭᠴᠢ᠎ᠳᠤ ᠵᠠᠮ ᠬᠠᠷᠢᠯᠴᠠᠭᠠᠨ᠎ᠤ ᠠᠮᠤᠷ ᠲᠦᠪᠰᠢᠨ᠎ᠦ ᠬᠠᠤᠯᠢ ᠲᠦᠭᠡᠮᠡᠯᠵᠢᠭᠦᠯᠬᠦ ᠪᠣᠯᠪᠠᠰᠤᠷᠠᠯ ᠬᠢᠪᠡ᠃ 《ᠰᠢᠭᠤᠳ ᠨᠡᠪᠲᠡᠷᠡᠭᠦᠯᠭᠡ + ᠲᠠᠷᠢᠶᠠᠯᠠᠩ᠎ᠢ ᠲᠤᠰᠠᠯᠠᠬᠤ》 ᠵᠠᠭᠪᠤᠷ᠎ᠢ ᠬᠡᠷᠡᠭᠵᠢᠭᠦᠯᠵᠦ᠂ ᠵᠢᠨᠴᠢᠶᠣᠤᠶᠢᠨ ᠤᠯᠠᠨ ᠢ᠋ᠢᠡᠷ ᠢ᠋ᠢᠡᠨ ᠦᠢᠯᠡᠰ ᠪᠤᠰᠬᠠᠵᠦ ᠨᠡᠢᠲᠡ ᠪᠡᠷ ᠢ᠋ᠢᠡᠨ ᠰᠢᠨ᠎ᠡ᠎ᠶᠢ ᠡᠭᠦᠳᠬᠦ ᠵᠢᠱ᠌ᠢᠶ᠎ᠡ ᠦᠵᠡᠭᠦᠯᠬᠦ ᠲᠣᠭᠣᠷᠢᠭ᠋᠎ᠲᠤ 《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠵᠦ ᠠᠵᠤ ᠦᠢᠯᠡᠰ᠎ᠦᠨ ᠬᠥᠭᠵᠢᠯᠲᠡ᠎ᠶᠢ ᠠᠬᠢᠭᠤᠯᠬᠤ》 ᠵᠡᠷᠭᠡ ᠰᠢᠭᠤᠳ ᠨᠡᠪᠲᠡᠷᠡᠭᠦᠯᠭᠡ ᠢ᠋ᠢᠨ ᠠᠵᠢᠯᠯᠠᠭ᠎ᠠ ᠥᠷᠨᠢᠭᠦᠯᠵᠦ᠂ ᠥᠪᠥᠷ ᠮᠣᠩᠭᠣᠯ᠎ᠤᠨ ᠠᠷᠪᠠᠨ ᠬᠣᠶᠠᠷ ᠠᠢᠮᠠᠭ ᠬᠣᠲᠠ᠎ᠶᠢᠨ ᠲᠠᠷᠢᠶᠠᠯᠠᠩ᠎ᠤᠨ ᠣᠨᠴᠠ ᠭᠠᠷᠤᠯᠲᠠ᠎ᠶᠢ ᠨᠡᠶ᠋ᠢᠲᠡ 2637.58 ᠲᠦᠮᠡᠨ ᠲᠥᠭᠥᠷᠢᠭ ᠪᠣᠷᠣᠯᠠᠭᠤᠯᠪᠠ᠃
《 ᠬᠣᠶᠠᠷ ᠰᠢᠨ᠎ᠡ 》 ᠵᠤᠬᠢᠶᠠᠨ ᠪᠠᠢᠭᠤᠯᠤᠯᠲᠠ ᠢ᠋ᠢᠨ ᠨᠠᠮ᠎ᠤᠨ ᠪᠠᠢᠭᠤᠯᠤᠯᠲᠠ᠎ᠶᠢ ᠬᠦᠴᠦᠷᠭᠡᠬᠵᠢᠭᠦᠯᠪᠡ
ᠰᠠᠢᠬᠠᠨ ᠲᠣᠭᠣᠷᠢᠭ᠋᠎ᠤᠨ ᠬᠢᠨ ᠨᠠᠮ᠎ᠤᠨ ᠵᠣᠬᠢᠶᠠᠨ ᠪᠠᠢᠭᠤᠯᠤᠯᠲᠠ ᠪᠣᠯᠣᠨ ᠨᠠᠮ᠎ᠤᠨ ᠭᠡᠰᠢᠭᠦᠨ᠎ᠦ ᠦᠢᠯᠡᠳᠦᠯ᠎ᠢᠶᠡᠨ ᠪᠠᠳᠠᠷᠠᠭᠤᠯᠬᠤ ᠪᠦᠲᠦᠮᠵᠢᠲᠡᠢ ᠠᠷᠭ᠎ᠠ ᠵᠠᠮ᠎ᠢ ᠢᠳᠡᠪᠬᠢᠲᠡᠢ ᠰᠦᠪᠡᠭᠴᠢᠯᠡᠵᠦ᠂ 《ᠬᠣᠶᠠᠷ ᠰᠢᠨ᠎ᠡ 》 ᠵᠤᠬᠢᠶᠠᠨ ᠪᠠᠢᠭᠤᠯᠤᠯᠲᠠ ᠢ᠋ᠢᠨ ᠨᠠᠮ᠎ᠤᠨ ᠵᠣᠬᠢᠶᠠᠨ ᠪᠠᠢᠭᠤᠯᠤᠯᠲᠠ᠎ᠶᠢᠨ 《ᠬᠥᠭᠵᠢᠯᠲᠡ᠎ᠶᠢ ᠠᠬᠢᠭᠤᠯᠬᠤ᠂ ᠤᠯᠠᠨ ᠲᠦᠮᠡᠨ᠎ᠳᠦ ᠦᠢᠯᠡᠴᠢᠯᠡᠬᠦ᠂ ᠬᠥᠮᠥᠰ᠎ᠦᠨ ᠰᠡᠳᠬᠢᠯ᠎ᠢ ᠨᠢᠭ᠍ᠲᠠᠷᠠᠭᠤᠯᠬᠤ᠂ ᠡᠶ᠎ᠡ ᠵᠣᠬᠢᠴᠠᠩᠭᠤᠢ᠎ᠶᠢ ᠠᠬᠢᠭᠤᠯᠬᠤ》 ᠦᠢᠯᠡᠳᠦᠯ᠎ᠢ ᠦᠨᠡᠨᠬᠦ ᠪᠠᠳᠠᠷᠠᠭᠤᠯᠪᠠ᠃
ᠠᠵᠤ ᠠᠬᠤᠢᠯᠠᠯ᠎ᠤᠨ ᠰᠢᠨᠵᠢᠯᠡᠬᠦ ᠤᠬᠠᠭᠠᠨᠴᠢ ᠬᠥᠭᠵᠢᠯᠲᠡ᠎ᠶᠢ ᠬᠥᠲᠥᠯᠥᠨ ᠵᠢᠯᠤᠭᠣᠳᠬᠤ᠎ᠳᠤ ᠦᠢᠯᠡᠲᠦᠯ ᠢ᠋ᠢᠡᠨ ᠪᠠᠲᠠᠷᠠᠭᠤᠯᠵᠦ ᠂ᠰᠠᠢᠬᠠᠨ ᠲᠤᠭᠤᠷᠢᠭ 《ᠬᠣᠶᠠᠷ ᠰᠢᠨ᠎ᠡ》 ᠵᠣᠬᠢᠶᠠᠨ ᠪᠠᠢᠭᠤᠯᠤᠯᠲᠠ᠎ᠶᠢᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠲᠦᠷᠦᠯ ᠲᠡᠮᠳᠡᠭ᠎ᠢ ᠪᠠᠢᠭᠤᠯᠵᠤ᠂ ᠠᠵᠤ ᠠᠬᠤᠢᠯᠠᠯ᠎ᠤᠨ ᠦᠷᠭᠦᠯᠵᠢᠯᠡᠬᠦ ᠬᠥᠭᠵᠢᠯᠲᠡ᠎ᠳᠦ ᠬᠦᠴᠦᠨ ᠨᠡᠮᠡᠷᠢᠯᠡᠪᠡ᠃ ᠴᠡᠯᠡᠭᠡᠷ ᠲᠠᠯ᠎ᠠ ᠵᠠᠮ᠎ᠤᠨ ᠵᠡᠭᠡᠯᠢ ᠭᠤᠳᠤᠮᠵᠢ᠎ᠳᠤ ᠠᠰᠠᠷ ᠲᠠᠭᠲᠤ᠎ᠶᠢᠨ ᠨᠠᠮ᠎ᠤᠨ ᠪᠠᠢᠭᠤᠯᠤᠯᠲᠠ᠎ᠶᠢᠨ ᠵᠢᠱ᠌ᠢᠶ᠎ᠡ ᠦᠵᠡᠭᠦᠯᠬᠦ ᠴᠡᠭ᠎ᠢ ᠪᠠᠢᠭᠤᠯᠵᠤ᠂ ᠸᠠᠨ ᠵᠧᠩ ᠱᠠᠩ ᠳᠦ ᠨᠡᠢᠭᠡᠮ ᠲᠣᠭᠣᠷᠢᠭ᠋᠎ᠤᠨ ᠲᠸᠩ ᠹᠧᠢ ᠶᠡᠬᠡ ᠠᠰᠠᠷ᠎ᠤᠨ ᠤᠯᠠᠭᠠᠨ ᠠᠰᠠᠷ ᠲᠠᠭᠲᠤ᠎ᠶᠢᠨ ᠨᠠᠮ᠎ᠤᠨ ᠬᠡᠰᠢᠭᠦᠨ ᠪᠠ ᠤᠯᠠᠨ ᠲᠦᠮᠡᠨ᠎ᠦ ᠦᠢᠯᠡᠴᠢᠯᠡᠭᠡᠨ᠎ᠦ ᠲᠥᠪ᠎ᠢ ᠪᠠᠢᠭᠤᠯᠵᠤ᠂ ᠲᠦᠷᠦ᠎ᠶᠢᠨ ᠪᠣᠳᠣᠯᠭ᠎ᠠ᠂ ᠪᠡᠯᠡ ᠮᠥᠩᠭᠥ᠂ ᠬᠠᠮᠢᠶᠠᠷᠤᠯᠲᠠ᠂ ᠦᠢᠯᠡᠴᠢᠯᠡᠭᠡ ᠵᠡᠷᠭᠡ 200 ᠭᠠᠷᠤᠢ ᠦᠢᠯᠡᠴᠢᠯᠡᠭᠡᠨ᠎ᠦ ᠡᠬᠢ ᠪᠠᠶᠠᠯᠢᠭ᠋᠎ᠢ ᠨᠢᠭᠡᠳᠦᠭᠡᠷ ᠹᠷᠣᠨᠲ᠎ᠲᠤ ᠪᠠᠭᠤᠯᠭᠠᠬᠤ᠎ᠶᠢ ᠠᠬᠢᠭᠤᠯᠵᠤ᠂ ᠠᠵᠤ ᠠᠬᠤᠢᠯᠠᠯ᠎ᠳᠤ ᠨᠢᠭᠡ ᠦᠷᠳᠡᠭᠡᠴᠢᠯᠡᠭᠰᠡᠨ ᠮᠠᠶᠢᠭ᠋᠎ᠤᠨ᠂ ᠠᠰᠠᠷᠠᠭ᠍ᠴᠢ ᠮᠠᠶᠢᠭ᠋᠎ᠤᠨ ᠦᠢᠯᠡᠴᠢᠯᠡᠭᠡ ᠥᠷᠨᠢᠭᠦᠯᠵᠦ᠂ ᠪᠦᠬᠦ ᠲᠤᠭᠤᠷᠢᠭ᠎ᠤᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ ᠰᠢᠯᠢᠳᠡᠭᠵᠢᠭᠦᠯᠬᠦ᠎ᠳᠦ ᠬᠦᠴᠦᠨ ᠨᠡᠮᠡᠷᠢᠯᠡᠪᠡ; ᠵᠥᠩ ᠬᠠᠢ ᠠᠳᠠᠯ ᠠᠬᠤᠢ᠎ᠶᠢᠨ ᠦᠢᠯᠡᠴᠢᠯᠡᠭᠡᠨ᠎ᠦ ᠬᠢᠵᠠᠭᠠᠷᠲᠤ ᠺᠣᠮᠫᠠᠨᠢ᠎ᠶᠢᠨ ᠨᠠᠮ᠎ᠤᠨ ᠡᠭᠦᠷ 《ᠬᠤᠪᠢᠰᠬᠠᠯ᠎ᠤᠨ ᠠᠳᠠᠯ ᠠᠬᠤᠢ·ᠨᠢᠭᠡ ᠴᠥᠮ᠎ᠡ ᠣᠯᠠᠨ ᠡᠰᠢᠲᠦ》 ᠨᠠᠮ᠎ᠤᠨ ᠪᠠᠢᠭᠤᠯᠤᠯᠲᠠ᠎ᠶᠢᠨ ᠲᠦᠷᠦᠯ ᠲᠡᠮᠳᠡᠭ᠎ᠢ ᠪᠣᠶ ᠪᠣᠯᠭᠠᠵᠤ᠂ ᠨᠠᠮ᠎ᠤᠨ ᠪᠠᠢᠭᠤᠯᠤᠯᠲᠠ᠎ᠶᠢᠨ ᠠᠵᠢᠯ ᠬᠢᠭᠡᠳ ᠦᠢᠯᠡᠳᠪᠦᠷᠢᠯᠡᠯ ᠡᠵᠡᠩᠨᠡᠯᠲᠡ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠥᠮᠴᠢᠲᠡᠨ᠎ᠳᠦ ᠨᠠᠩ ᠥᠨᠳᠥᠷ ᠶᠠᠰᠤ ᠴᠢᠨᠠᠷᠲᠠᠢ᠂ ᠥᠨᠳᠥᠷ ᠪᠠᠷᠢᠮᠵᠢᠶ᠎ᠠ᠎ᠲᠠᠢ᠂ ᠥᠨᠳᠥᠷ ᠲᠦᠪᠰᠢᠨ᠎ᠲᠠᠢ ᠠᠳᠠᠯ ᠠᠬᠤᠢ᠎ᠶᠢᠨ ᠦᠢᠯᠡᠴᠢᠯᠡᠭᠡ ᠬᠠᠩᠭᠠᠪᠠ᠃

ᠰᠠᠢᠬᠠᠨ ᠲᠤᠭᠤᠷᠢᠭ ᠭᠣᠣᠯᠳᠠᠯᠭ᠎ᠠ᠎ᠶᠢᠨ ᠲᠣᠭᠣᠷᠢᠨ᠎ᠳᠤ ᠶᠡᠬᠡ ᠲᠠᠯ᠎ᠠ᠎ᠳᠤ ᠦᠢᠯᠡᠴᠢᠯᠡᠬᠦ ᠳᠤᠮᠳᠠ ᠴᠸ᠋ ᠦᠢᠯᠡᠲᠦᠯ ᠢ᠋ᠢᠡᠨ ᠪᠠᠲᠠᠷᠠᠭᠤᠯᠵᠦ᠂ 《ᠬᠣᠶᠠᠷ ᠰᠢᠨ᠎ᠡ》 ᠵᠣᠬᠢᠶᠠᠨ ᠪᠠᠢᠭᠤᠯᠤᠯᠲᠠ᠎ᠶᠢᠨ ᠨᠡᠢᠭᠡᠮ᠎ᠦᠨ ᠬᠠᠷᠢᠭᠤᠴᠠᠯᠭ᠎ᠠ᠎ᠪᠠᠨ ᠭᠦᠢᠴᠡᠳᠬᠡᠬᠦ᠎ᠶᠢ ᠢᠳᠡᠪᠬᠢᠲᠡᠢ ᠬᠥᠲᠥᠯᠥᠨ ᠵᠢᠯᠤᠭᠣᠳᠤᠨ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠵᠡᠷᠭᠡ ᠠᠵᠢᠯ᠎ᠳᠤ ᠢᠳᠡᠪᠬᠢᠲᠡᠢ᠎ᠪᠡᠷ ᠬᠤᠪᠢ ᠨᠡᠮᠡᠷᠢ ᠦᠵᠡᠭᠦᠯᠪᠡ᠃ ᠥᠪᠥᠷ ᠮᠣᠩᠭᠣᠯ᠎ᠤᠨ ᠰᠠᠢ᠍ᠢᠪᠸᠢ ᠠᠮᠤ ᠪᠤᠳᠠᠭᠠᠨ᠎ᠤ ᠬᠥᠮᠥᠷᠭᠡ᠎ᠶᠢᠨ ᠲᠠᠷᠢᠶᠠᠯᠠᠩ᠎ᠤᠨ ᠬᠥᠭᠵᠢᠯᠲᠡ᠎ᠶᠢᠨ ᠬᠢᠵᠠᠭᠠᠷᠲᠤ ᠺᠣᠮᠫᠠᠨᠢ᠎ᠶᠢᠨ ᠨᠠᠮ᠎ᠤᠨ ᠡᠭᠦᠷ ᠤᠤᠯ᠎ᠤᠨ ᠠᠮᠢ ᠠᠬᠤᠢ᠎ᠶᠢᠨ ᠲᠠᠷᠢᠶᠠᠯᠠᠩ᠎ᠢ ᠦᠢᠯᠡᠳᠦᠯᠭᠡᠵᠢᠭᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠵᠦ᠂ ᠭᠤᠷᠪᠠᠨ ᠵᠢᠯ ᠳᠠᠷᠠᠭᠠᠯᠠᠨ 《ᠪᠣᠷᠣᠳᠣᠬᠣᠢ᠎ᠳᠤ ᠮᠦ᠍ ᠲᠠᠷᠢᠶ᠎ᠠ᠎ᠲᠠᠢ·ᠮᠢᠩᠭᠠᠨ ᠬᠥᠮᠥᠨ ᠮᠢᠩᠭᠠᠨ ᠮᠦ᠍ ᠪᠣᠬᠢᠷᠲᠤᠯ ᠦᠭᠡᠢ ᠪᠤᠭᠤᠳᠠᠢ ᠵᠠᠬᠢᠶᠠᠯᠠᠬᠤ》ᠲᠦᠷᠦᠯ ᠵᠦᠢᠯ᠎ᠢ ᠡᠬᠢᠯᠡᠭᠦᠯᠵᠦ᠂ ᠬᠥᠳᠡᠭᠡ ᠲᠣᠰᠬᠣᠨ᠎ᠤ ᠠᠷᠠᠳ᠎ᠤᠨ ᠪᠣᠷᠣᠯᠠᠭᠤᠯᠬᠤ᠎ᠳᠤ ᠬᠦᠴᠢᠷᠲᠡᠢ᠂ ᠬᠤᠳᠠᠯᠳᠤᠬᠤ ᠦᠨ᠎ᠡ ᠳᠣᠣᠷ᠎ᠠ ᠪᠠᠢᠬᠤ ᠠᠰᠠᠭᠤᠳᠠᠯ᠎ᠢ ᠰᠢᠢᠳᠪᠦᠷᠢᠯᠡᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠦᠷᠭᠦᠯᠵᠢᠯᠡᠨ ᠬᠦᠴᠦᠨ ᠨᠡᠮᠡᠷᠢᠯᠡᠵᠡᠢ᠃ ᠥᠪᠥᠷ ᠮᠣᠩᠭᠣᠯ᠎ᠤᠨ ᠶᠤᠸᠠᠢ ᠷᠦᠩ ᡁᠢ ᠱᠧᠩ ᠠᠳᠠᠯ ᠠᠬᠤᠢ᠎ᠶᠢᠨ ᠦᠢᠯᠡᠴᠢᠯᠡᠭᠡᠨ᠎ᠦ ᠬᠢᠵᠠᠭᠠᠷᠲᠤ ᠺᠣᠮᠫᠠᠨᠢ᠎ᠶᠢᠨ ᠨᠠᠮ᠎ᠤᠨ ᠡᠭᠦᠷ ᠨᠠᠮ᠎ᠤᠨ ᠪᠠᠢᠭᠤᠯᠤᠯᠲᠠ᠎ᠪᠠᠷ 《ᠭᠠᠷ ᠬᠣᠯᠪᠣᠨ ᠬᠠᠮᠲᠤ᠎ᠪᠠᠷ ᠲᠤᠰᠠᠯᠠᠬᠤ᠂ ᠠᠶᠤᠯ ᠡᠴᠡ ᠠᠪᠤᠷᠠᠨ ᠬᠦᠴᠢᠷᠳᠡᠯ ᠢ᠋ ᠲᠤᠰᠠᠯᠠᠬᠤ》 ᠠᠵᠢᠯᠯᠠᠭ᠎ᠠ᠎ᠶᠢ ᠬᠥᠲᠥᠯᠥᠨ ᠳᠠᠭᠠᠭᠤᠯᠵᠤ᠂ 《ᠨᠠᠮ᠎ᠤᠨ ᠪᠠᠢᠭᠤᠯᠤᠯᠲᠠ + ᠶᠠᠳᠠᠭᠤ᠎ᠶᠢ ᠲᠡᠳᠬᠦᠬᠦ》 ᠵᠠᠭᠪᠤᠷ᠎ᠢᠶᠠᠷ ᠬᠤᠳᠠᠯᠳᠤᠨ ᠠᠪᠬᠤ ᠵᠡᠷᠭᠡ ᠠᠷᠭ᠎ᠠ ᠬᠡᠮᠵᠢᠶ᠎ᠡ ᠠᠪᠴᠤ᠂ ᠶᠠᠳᠠᠭᠤ ᠠ᠋ᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ᠎ᠳᠤ ᠬᠦᠴᠦᠨ ᠨᠡᠮᠡᠷᠢᠯᠡᠵᠦ᠂ ᠬᠦᠴᠢᠷᠲᠡᠯᠲᠡᠢ ᠤᠯᠠᠨ ᠲᠦᠮᠡᠨ ᠢ᠋ ᠬᠠᠪᠰᠤᠷᠤᠨ ᠪᠣᠳᠠᠲᠠᠢ ᠬᠦᠴᠢᠷ ᠠᠰᠠᠭᠤᠳᠠᠯ ᠢ᠋ ᠨᠢ ᠰᠢᠢᠳᠪᠦᠷᠢᠯᠡᠪᠡ᠃
( ᠬᠡᠷᠡᠯ ᠵᠢᠷᠤᠭ ᠢ᠋ 《 ᠰᠠᠢᠬᠠᠨ᠎ᠤ ᠬᠤᠱ᠌ᠢᠭᠤᠴᠢ》 ᠰᠢᠯᠵᠢᠶ᠎ᠡ ᠡᠴᠡ ᠠᠪᠤᠪᠠ)