ᠣᠢᠷ᠎ᠠ᠎ᠶ᠋ᠢᠨ ᠵᠢᠯ᠎ᠦᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠵᠠᠯᠠᠭᠤᠴᠤᠳ᠎ᠤᠨ ᠪᠣᠯᠪᠠᠰᠤᠨ ᠨᠡᠷᠡᠮᠵᠢᠲᠤ᠂ ᠵᠠᠯᠠᠭᠤᠴᠤᠳ᠎ᠤᠨ ᠠᠵᠢᠯ᠎ᠤᠨ ᠪᠠᠢᠷᠢ᠎ᠶ᠋ᠢᠨ ᠴᠢᠳᠠᠪᠤᠷᠢᠲᠠᠨ᠂ ᠵᠠᠯᠠᠭᠤᠴᠤᠳ᠎ᠤᠨ ᠠᠶᠤᠯᠭᠦᠶ ᠦᠶ᠋ᠯᠡᠳᠪᠦᠷᠢᠯᠡᠯ᠎ᠦᠨ ᠵᠢᠱ᠌ᠢᠶ᠎ᠡ ᠦᠵᠡᠭᠦᠯᠬᠦ᠌ ᠠᠵᠢᠯ᠎ᠤᠨ ᠪᠠᠢᠷᠢ᠂ ᠵᠠᠯᠠᠭᠤᠴᠤᠳ᠎ᠤᠨ ᠭᠠᠪᠱᠢᠭᠠᠶ ᠠᠩᠭᠢ ᠵᠡᠷᠭᠡ 《ᠵᠠᠯᠠᠭᠤᠴᠤᠳ》 ᠨᠡᠷᠡᠮᠵᠢᠳᠦ ᠲᠦᠷᠦᠯ ᠲᠡᠮᠳᠡᠭᠳᠦ ᠪᠡᠷ ᠭᠠᠷᠳᠠᠴᠠ ᠪᠣᠯᠭᠠᠵᠤ᠂ ᠨᠡᠢᠲᠡᠯᠢᠭ ᠵᠢᠱ᠌ᠢᠶ᠎ᠡ ᠵᠢᠨ ᠬᠥᠲᠥᠯᠥᠨ ᠳᠠᠭᠠᠭᠤᠯᠬᠤ ᠦᠢᠯᠡᠳᠦᠯ᠎ᠢ ᠭᠦᠶ᠋ᠴᠡᠳ ᠪᠠᠳᠠᠷᠠᠭᠤᠯᠵᠤ᠂ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠲᠦᠷᠦᠯ ᠲᠡᠮᠳᠡᠭ᠌ᠲᠦ᠍ ᠠᠵᠢᠯᠯᠠᠭ᠎ᠠ᠎ᠶ᠋ᠢᠨ ᠨᠡᠢᠭᠡᠮ᠎ᠦᠨ ᠨᠥᠯᠥᠭᠡᠯᠡᠬᠦ᠌ ᠬᠦᠴᠦᠨ᠎ᠢ ᠦᠷᠭᠦᠯᠵᠢᠯᠡᠨ ᠳᠡᠭᠡᠭ᠌ᠰᠢᠯᠡᠭᠦᠯᠵᠦ᠂ ᠪᠥᠬᠥ᠌ ᠣᠷᠣᠨ᠎ᠤ ᠥᠷᠭᠡᠨ ᠣᠯᠠᠨ ᠵᠠᠯᠠᠭᠤᠴᠤᠳ᠎ᠢ ᠬᠥᠲᠥᠯᠥᠨ ᠳᠠᠭᠠᠭᠤᠯᠵᠤ ᠠᠵᠢᠯ᠎ᠤᠨ ᠪᠠᠢᠷᠢ᠎ᠳᠠᠭᠠᠨ ᠰᠠᠭᠤᠷᠢᠯᠠᠨ ᠭᠠᠪᠢᠶ᠎ᠠ ᠪᠠᠢᠭᠤᠯᠵᠤ᠂ ᠡᠬᠡ ᠤᠯᠤᠰ᠎ᠤᠨ ᠤᠮᠠᠷᠠᠲᠤ᠎ᠶ᠋ᠢᠨ ᠦᠵᠡᠰᠭᠦᠯᠡᠩᠲᠦ ᠰᠠᠢᠬᠠᠨ ᠦᠵᠡᠮᠵᠢ᠎ᠶ᠋ᠢᠨ ᠣᠷᠣᠨ᠎ᠢ ᠪᠥᠲᠥᠭᠡᠨ ᠪᠠᠢᠭᠤᠯᠬᠤ᠎ᠳᠤ ᠵᠠᠯᠠᠭᠤ ᠨᠠᠰᠤᠨ᠎ᠤ ᠬᠡᠷᠡᠯ ᠭᠢᠯᠪᠠᠭ᠎ᠠ ᠪᠡᠨ ᠨᠡᠮᠡᠷᠢᠯᠡᠵᠦ ᠪᠠᠢᠨ᠎ᠠ᠃
《ᠵᠠᠯᠠᠭᠤᠴᠤᠳ᠎ᠤᠨ ᠪᠣᠯᠪᠠᠰᠤᠨ ᠨᠡᠷᠡᠮᠵᠢᠳᠦ》 ᠪᠦᠷᠢᠶ᠎ᠡ ᠵᠢ ᠬᠠᠩᠭᠢᠨᠠᠭᠤᠯᠤᠨ᠎ᠠ
《ᠵᠠᠯᠠᠭᠤᠴᠤᠳ᠎ᠤᠨ ᠪᠣᠯᠪᠠᠰᠤᠨ ᠨᠡᠷᠡᠮᠵᠢᠲᠦ》 ᠨᠢ 《ᠠᠵᠢᠯ ᠦᠢᠯᠡᠰ᠎ᠢᠶᠡᠨ ᠳᠡᠭᠡᠳᠦᠯᠡᠬᠦ᠌᠂ ᠬᠠᠮᠵᠢᠯᠴᠠᠬᠤ᠂ ᠱᠢᠯᠢᠳᠡᠭ᠎ᠢ ᠡᠭᠦᠳᠬᠦ᠌᠂ ᠬᠤᠪᠢ ᠨᠡᠮᠡᠷᠢ ᠦᠵᠡᠭᠦᠯᠬᠦ᠌》 ᠤᠢ᠍ᠢᠯᠠᠭᠠᠭ᠍ᠳᠠᠬᠤᠨ᠎ᠢ ᠪᠠᠷᠢᠮᠲᠠᠯᠠᠵᠤ᠂ ᠵᠠᠯᠠᠭᠤᠴᠤᠳ᠎ᠤᠨ ᠤᠶᠤᠨ ᠰᠠᠨᠠᠭᠠᠨ᠎ᠤ ᠳᠦᠷᠰᠦ ᠪᠠᠢᠳᠠᠯ᠎ᠢ ᠢᠯᠡᠷᠡᠭᠦᠯᠵᠦ᠂ ᠠᠵᠢᠯ ᠲᠦᠷᠦᠯ ᠪᠣᠯᠤᠨ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠎ᠶ᠋ᠢᠨ ᠰᠠᠢ᠌ᠨ ᠰᠠᠢᠬᠠᠨ ᠲᠦᠷᠢ ᠲᠥᠷᠬᠦ᠌᠎ᠶ᠋ᠢ ᠱᠤᠭᠤᠵᠤ᠂ ᠵᠠᠯᠠᠭᠤᠴᠤᠳ᠎ᠤᠨ ᠲᠤᠬᠠᠢᠯᠠᠭ᠍ᠰᠠᠨ ᠠᠵᠢᠯ᠎ᠤᠨ ᠶᠣᠰᠣ ᠰᠤᠷᠲᠠᠬᠤᠨ᠎ᠤ ᠪᠠᠢᠭᠤᠯᠤᠯᠲᠠ᠎ᠶ᠋ᠢ ᠴᠢᠩᠭᠠᠳᠭᠠᠬᠤ᠂ ᠪᠣᠯᠪᠠᠰᠤᠨ ᠱᠢᠨ᠎ᠡ ᠰᠤᠷᠲᠠᠯ᠎ᠢ ᠤᠯᠠᠮᠵᠢᠯᠠᠬᠤ᠂ ᠨᠡᠢᠭᠡᠮ᠎ᠦᠨ ᠡᠶ᠎ᠡ ᠵᠣᠬᠢᠴᠠᠩᠭᠤᠢ᠎ᠶ᠋ᠢ ᠠᠬᠢᠭᠤᠯᠬᠤ ᠲᠠᠯ᠎ᠠ᠎ᠪᠠᠷ ᠴᠢᠬᠤᠯᠠ ᠦᠢᠯᠡᠳᠦᠯ ᠦᠵᠡᠭᠦᠯᠬᠦ ᠪᠤᠯᠤᠨ᠎ᠠ᠃ ᠡᠯ᠎ᠡ ᠱᠠᠲᠤᠨ᠎ᠤ ᠵᠠᠯᠠᠭᠤᠴᠤᠳ᠎ᠤᠨ ᠪᠣᠯᠪᠠᠰᠤᠨ ᠨᠡᠷᠡᠮᠵᠢᠲᠤ ᠬᠠᠮᠲᠤ ᠨᠡᠢᠲᠡ 《ᠪᠢ ᠤᠮᠠᠷᠠᠲᠤ ᠬᠢᠯᠢ᠎ᠳᠦ ᠬᠡᠷᠡᠯ ᠭᠢᠯᠪᠠᠭ᠎ᠠ ᠨᠡᠮᠡᠷᠢᠯᠡᠨ᠎ᠡ — ᠪᠥᠬᠥ᠌ ᠣᠷᠣᠨ᠎ᠤ ᠵᠠᠯᠠᠭᠤᠴᠤᠳ᠎ᠤᠨ ᠪᠣᠯᠪᠠᠰᠤᠨᠨᠡᠷᠡᠮᠵᠢᠲᠤ ᠠᠵᠢᠯᠯᠠᠭ᠎ᠠ》 ᠪᠠᠷ ᠶᠡᠷᠦᠩᠬᠡᠢᠯᠡᠨ ᠵᠢᠯᠣᠭᠣᠳᠣᠭᠤᠯᠵᠤ᠂ ᠲᠦᠷᠦᠯ ᠲᠡᠮᠳᠡᠭᠳᠤ ᠵᠢ ᠱᠤᠭᠤᠬᠤ᠂ ᠠᠮᠠᠯᠠᠯᠲᠠ ᠪᠠᠨ ᠪᠡᠶᠡᠯᠡᠬᠦᠯᠬᠦ᠂ ᠬᠢᠨᠠᠯᠲᠠ ᠲᠠᠯᠪᠢᠬᠤ ᠠᠯᠢ ᠣᠯᠠᠨ ᠬᠡᠯᠪᠡᠷᠢ ᠶᠠᠩᠵᠤ ᠶ᠋ᠢᠨ ᠭᠤᠤᠯ ᠰᠡᠳᠦᠪᠲᠦ ᠬᠥᠮᠦᠵᠢᠯ ᠦᠶ᠋ᠯᠡᠳᠦᠯᠭᠡ᠎ᠶ᠋ᠢᠨ ᠠᠵᠢᠯᠯᠠᠭ᠎ᠠ᠎ᠶ᠋ᠢ ᠢᠳᠡᠪᠬᠢᠲᠡᠶ ᠥᠷᠨᠢᠭᠦᠯᠵᠦ᠍᠂ ᠵᠠᠯᠠᠭᠤᠴᠤᠳ᠎ᠤᠨ ᠪᠣᠯᠪᠠᠰᠤᠨᠨᠡᠷᠡᠮᠵᠢᠲᠤ ᠨᠠᠷᠠᠲᠤ ᠲᠥᠷᠥᠯ ᠲᠡᠮᠳᠡᠭ᠌ᠲᠦ᠍᠎ᠶ᠋ᠢᠨ ᠨᠡᠢᠭᠡᠮ᠎ᠦᠨ ᠨᠥᠯᠥᠭᠡᠯᠡᠬᠦ᠌ ᠬᠦᠴᠦᠨ ᠪᠠ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《ᠥᠪᠥᠷ ᠮᠣᠩᠭᠣᠯ᠎ᠤᠨ ᠳᠦᠷᠢ ᠲᠥᠷᠬᠦ᠌᠎ᠶ᠋ᠢ ᠱᠤᠭᠤᠬᠤ》 ᠱᠠᠭᠠᠷᠳᠠᠯᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠳᠤ ᠢᠳᠡᠪᠬᠢᠲᠡᠶ ᠦᠢᠯᠡᠳᠦᠯ ᠦᠵᠡᠭᠦᠯᠪᠡ᠃
ᠣᠳᠣ ᠪᠣᠯᠲᠠᠯ᠎ᠠ᠂ ᠪᠥᠬᠥ᠌ ᠣᠷᠣᠨ᠎ᠤ ᠵᠠᠯᠠᠭᠤᠴᠤᠳ᠎ᠤᠨ ᠪᠣᠯᠪᠠᠰᠤᠨ ᠨᠡᠷᠡᠮᠵᠢᠲᠤ ᠠᠵᠢᠯᠯᠠᠭ᠎ᠠ ᠨᠢᠭᠡᠨᠲᠡ 24 ᠠᠵᠢᠯ ᠲᠥᠷᠥᠯ (ᠱᠢᠰᠲ᠋ᠧᠮ) ᠢ᠋ ᠬᠠᠮᠤᠷᠴᠤ᠌᠂ ᠪᠥᠬᠥ᠌ ᠤᠯᠤᠰ᠎ᠤᠨ ᠵᠠᠯᠠᠭᠤᠴᠤᠳ᠎ᠤᠨ ᠪᠣᠯᠪᠠᠰᠤᠨ ᠨᠡᠷᠡᠮᠵᠢᠲᠤ ᠬᠠᠮᠲᠤ ᠨᠡᠢᠲᠡ 157᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠵᠠᠯᠠᠭᠤᠴᠤᠳ᠎ᠤᠨ ᠪᠣᠯᠪᠠᠰᠤᠨ ᠨᠡᠷᠡᠮᠵᠢᠲᠤ ᠬᠠᠮᠲᠤ ᠨᠡᠢᠲᠡ 2698 ᠴᠣᠯᠭᠣᠷᠠᠨ ᠭᠠᠷᠪᠠ᠃
ᠵᠠᠯᠠᠭᠤᠴᠤᠳ᠎ᠤᠨ ᠠᠵᠢᠯ᠎ᠤᠨ ᠪᠠᠢᠷᠢ ᠶ᠋ᠢᠨ ᠴᠢᠳᠠᠪᠤᠷᠢᠲᠠᠨ ᠤᠳᠤᠨ ᠪᠤᠯᠵᠤ ᠭᠢᠯᠠᠯᠵᠠᠨ᠎ᠠ
《ᠤᠯᠤᠰ᠎ᠢᠶᠠᠨ ᠬᠦᠴᠦᠷᠬᠡᠭ᠌ᠵᠢᠭᠦᠯᠬᠦ᠌ ᠵᠠᠯᠠᠭᠤ ᠨᠢᠭᠡ ᠦᠶ᠎ᠡ᠎ᠶ᠋ᠢᠨ ᠬᠠᠷᠢᠭᠤᠴᠠᠯᠭ᠎ᠠ ᠪᠣᠯᠤᠨ ᠡᠭᠦᠷᠭᠡ᠎ᠶ᠋ᠢ ᠪᠠᠲᠤ ᠴᠡᠭᠡᠵᠢᠯᠡᠵᠦ᠍᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠢᠯᠡᠳᠪᠦᠷᠢᠯᠡᠯ᠎ᠦᠨ ᠡᠮᠦᠨ᠎ᠡ ᠹᠷᠣᠨᠲ᠎ᠲᠤ ᠦᠨᠳᠦᠰᠦᠯᠡᠵᠦ᠍᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠲᠣᠨᠣᠭ᠍ᠯᠠᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠪᠡᠷ ᠬᠠᠷᠠᠯᠲᠠ ᠪᠣᠯᠭᠠᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠣᠭᠣᠮᠲᠠ ᠱᠢᠪᠲᠤᠯᠬᠤ᠂ ᠮᠡᠷᠭᠡᠵᠢᠯ᠎ᠦᠨ ᠬᠦᠴᠢᠷ ᠠᠰᠠᠭᠤᠳᠠᠯ᠎ᠢ ᠱᠢᠢᠳᠪᠦᠷᠢᠯᠡᠬᠦ᠌᠎ᠪᠡᠷ ᠤᠳᠤᠷᠢᠳᠤᠮᠵᠢ ᠪᠣᠯᠭᠠᠵᠤ᠂ ᠤᠷ᠎ᠠ ᠮᠡᠷᠭᠡᠵᠢᠯ᠎ᠵᠢᠡᠨ ᠰᠢᠮᠳᠠᠨ ᠲᠡᠭᠡᠭᠰᠢᠯᠡᠬᠦᠯᠵᠦ᠂ ᠪᠣᠳᠠᠲᠤ ᠠᠵᠢᠯᠯᠠᠭ᠎ᠠ ᠪᠠᠷ᠎ᠢᠶᠠᠨ ᠺᠣᠮᠫᠠᠨᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠤᠨ᠎ᠠ》 ᠭᠡᠵᠦ᠍ ᠥᠪᠥᠷ ᠮᠣᠩᠭᠣᠯ᠎ᠤᠨ ᠨᠢᠭᠡᠳᠦᠭᠡᠷ ᠮᠠᠱᠢᠨ ᠮᠧᠬᠠᠨᠢᠭ᠎ᠤᠨ ᠪᠦᠯᠦᠭ᠌ᠯᠡᠯ᠎ᠦᠨ ᠭᠠᠷ ᠤᠷᠠᠯᠠᠯ᠎ᠤᠨ ᠰᠤᠳᠤᠯᠭᠠᠨ᠎ᠤ ᠭᠠᠵᠠᠷ᠎ᠤᠨ ᠨᠢᠶᠧ ᠱᠢᠨ ᠢᠦᠶ ᠬᠡᠯᠡᠨ᠎ᠡ᠃ 2017 ᠣᠨ ᠳᠤ᠂ ᠨᠢᠶ᠍ᠸ ᠱᠢᠨ ᠢᠦᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠹᠷᠣᠨᠲ᠎ᠤᠨ ᠨᠢᠭᠡᠨ ᠴᠡᠷᠢᠭ ᠠᠵᠢᠯᠴᠢᠨ᠂ ᠴᠠᠬᠢᠯᠭᠠᠨ ᠭᠠᠩᠨᠠᠭᠤᠷᠴᠢᠨ ᠪᠣᠯᠪᠠ᠃ 2022 ᠣᠨ ᠳᠤ᠂ 《ᠪᠦᠬᠦ᠌ ᠤᠯᠤᠰ ᠤᠨ ᠵᠠᠯᠠᠭᠤᠴᠤᠳ᠎ᠤᠨ ᠠᠵᠢᠯ ᠤᠨ ᠪᠠᠢᠷᠢ ᠶ᠋ᠢᠨ ᠴᠢᠳᠠᠪᠤᠷᠢᠲᠠᠨ》 ᠤ᠋ ᠵᠢᠱ᠌ᠢᠶᠡᠴᠢ᠎ᠪᠡᠷ ᠦᠨᠡᠯᠡᠭᠳᠡᠪᠡ᠃
ᠱᠢᠨ᠎ᠡ᠎ᠶ᠋ᠢ ᠡᠭᠦᠳᠬᠦ᠌᠎ᠳᠦ ᠬᠥᠳᠡᠯᠭᠡᠬᠦ᠌ ᠬᠦᠴᠦᠨ ᠨᠡᠮᠡᠷᠢᠯᠡᠵᠦ᠍᠂ ᠪᠣᠳᠠᠲᠠᠶ ᠠᠵᠢᠯᠯᠠᠨ ᠪᠤᠳᠠᠳᠤ ᠠᠮᠵᠢᠯᠲᠠ ᠪᠦᠲᠦᠮᠵᠢ ᠭᠠᠷᠭᠠᠨ᠎ᠠ᠃ ᠪᠦᠬᠦ᠌ ᠤᠯᠤᠰ᠎ᠤᠨ ᠵᠠᠯᠠᠭᠤᠴᠤᠳ᠎ᠤᠨ ᠠᠵᠢᠯ᠎ᠤᠨ ᠪᠠᠢᠷᠢ᠎ᠶ᠋ᠢᠨ ᠴᠢᠳᠠᠪᠤᠷᠢᠲᠠᠨ ᠵᠶ᠋ᠢ ᠬᠣᠩ ᠹᠸᠩ ᠪᠣᠯ ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠤ ᠦᠢᠯᠡᠳᠪᠦᠷᠢ᠎ᠶ᠋ᠢᠨ ᠪᠦᠯᠦᠭ᠌ᠯᠡᠯ᠎ᠦᠨ ᠵᠢᠷᠭᠤᠳᠤᠭᠠᠷ ᠰᠤᠳᠤᠯᠭᠠᠨ᠎ᠤ ᠬᠦᠷᠢᠶᠡᠯᠡᠩ᠎ᠦᠨ 46 ᠳ᠋ᠤᠭᠠᠷ ᠰᠤᠳᠤᠯᠬᠤ ᠭᠠᠵᠠᠷ᠎ᠤᠨ 606 ᠳ᠋ᠤᠭᠠᠷ ᠲᠠᠰᠤᠭ᠎ᠤᠨ ᠳᠡᠳ᠋ ᠡᠷᠬᠢᠯᠡᠭ᠌ᠴᠢ ᠪᠣᠯᠤᠨ᠎ᠠ᠂ ᠤᠷᠢᠳ ᠬᠣᠵᠢᠳ 《ᠪᠦᠯᠦᠭ᠌ᠯᠡᠯ ᠺᠣᠮᠫᠠᠨᠢ᠎ᠶ᠋ᠢᠨ ᠭᠠᠷᠮᠠᠭᠠᠢ ᠵᠠᠯᠠᠭᠤᠴᠤᠳ᠎ᠤᠨ ᠠᠵᠢᠯ᠎ᠤᠨ ᠪᠠᠢᠷᠢ᠎ᠶ᠋ᠢᠨ ᠴᠢᠳᠠᠪᠤᠷᠢᠲᠠᠨ》᠂ 《ᠵᠠᠯᠠᠭᠤᠴᠤᠳ᠎ᠤᠨ ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠱᠢᠯᠢᠳᠡᠭ ᠪᠡᠯᠡᠳᠭᠡᠯ ᠴᠢᠳᠠᠪᠤᠷᠢᠲᠠᠨ》 ᠵᠡᠷᠭᠡ ᠢᠷᠠᠭᠤ ᠠᠯᠳᠠᠷ᠎ᠢ ᠬᠦᠷᠳᠡᠪᠡ᠂ ᠲᠡᠭᠦᠨ᠎ᠤ ᠪᠦᠯᠬᠦᠮ᠎ᠤᠨ ᠬᠢᠨ᠎ᠦ ᠬᠠᠷᠢᠭᠤᠴᠠᠵᠤ ᠪᠠᠢᠭ᠎ᠠ ᠵᠠᠷᠢᠮ ᠭᠣᠣᠯᠳᠠᠯᠭ᠎ᠠ᠎ᠲᠠᠶ ᠰᠤᠳᠤᠯᠭᠠᠨ᠎ᠤ ᠰᠡᠳᠦᠪ᠂ ᠦᠷ᠎ᠡ ᠪᠦᠲᠦᠭᠡᠯ ᠨᠢ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠠᠪᠱᠢᠯᠳᠠ᠎ᠶ᠋ᠢᠨ ᠱᠠᠩᠨᠠᠯ᠎ᠤᠨ ᠬᠣᠶᠠᠳᠤᠭᠠᠷ ᠳᠡᠰ᠎ᠤᠨ ᠱᠠᠩᠨᠠᠯ᠎ᠢ ᠬᠦᠷᠳᠡᠪᠡ᠃
《ᠡᠨᠡᠬᠦ ᠠᠵᠢᠯ᠎ᠳᠠᠭᠠᠨ ᠪᠢ ᠬᠠᠢᠷᠠᠲᠠᠢ᠂ ᠨᠢᠭᠡᠨ ᠲᠠᠢᠯᠪᠤᠷᠢᠯᠠᠭ᠍ᠴᠢ ᠪᠣᠯᠤᠭ᠍ᠰᠠᠨ᠎ᠤ ᠬᠤᠪᠢ᠎ᠳᠤ᠂ ᠪᠢ ᠥᠪᠡᠷ᠎ᠦᠨ ᠳᠠᠭᠤ ᠬᠤᠭᠤᠯᠠᠢ ᠪᠡᠷ ᠵᠢᠠᠨ ᠳᠤᠮᠳᠠᠳᠤ ᠤᠯᠤᠰ᠎ᠤᠨ ᠦᠯᠢᠭᠡᠷ᠎ᠢ ᠰᠠᠢᠳᠤᠷ ᠶᠠᠷᠢᠨ᠎ᠡ》᠃ ᠮᠢᠶᠣᠣ ᠮᠸᠩ ᠪᠣᠯ ᠥᠪᠥᠷ ᠮᠣᠩᠭᠣᠯ᠎ᠤᠨ ᠮᠦᠽᠧᠢ᠎ᠶ᠋ᠢᠨ ᠬᠦᠷᠢᠶᠡᠯᠡᠩ᠎ᠦᠨ ᠲᠠᠢᠯᠪᠤᠷᠢᠯᠠᠭ᠍ᠴᠢ ᠪᠤᠯᠤᠨ᠎ᠠ᠂ ᠠᠵᠢᠯ᠎ᠳᠤ ᠭᠠᠷᠤᠭ᠍ᠰᠠᠨ 8 ᠵᠢᠯ᠎ᠦᠨ ᠲᠤᠷᠰᠢ᠂ ᠤᠷᠢᠳ ᠬᠣᠵᠢᠳ ᠥᠪᠡᠷᠲᠡᠭᠡᠨ ᠵᠠᠰᠠᠬᠤ ᠣᠷᠣᠨ᠎ᠢ ᠲᠦᠯᠦᠭᠡᠯᠡᠨ ᠪᠡᠭᠡᠵᠢᠩ᠎ᠳᠦ ᠬᠦᠷᠴᠦ᠍ 《ᠠᠭᠤᠤ ᠶᠡᠬᠡ ᠲᠡᠦᠬᠡᠨ ᠠᠬᠢᠴᠠ ᠭᠡᠷᠡᠯ ᠰᠠᠴᠤᠷᠠᠩᠭᠤᠢ ᠠᠮᠵᠢᠯᠲᠠ — ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ 70 ᠵᠢᠯ᠎ᠦᠨ ᠤᠢ᠎ᠶ᠋ᠢ ᠪᠡᠯᠭᠡᠯᠡᠬᠦ᠌ ᠲᠤᠮᠤ ᠬᠡᠯᠪᠡᠷᠢ᠎ᠶ᠋ᠢᠨ ᠠᠮᠵᠢᠯᠲᠠ ᠪᠦᠲᠦᠮᠵᠢ᠎ᠶ᠋ᠢᠨ ᠦᠵᠡᠭᠦᠯᠭᠡ》 ᠪᠠ 《ᠤᠬ ᠰᠠᠨᠠᠭ᠎ᠠ᠎ᠪᠠᠨ ᠦᠯᠦ᠍ ᠮᠠᠷᠲᠠᠵᠤ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠶ᠎ᠡ》 ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠦᠨ ᠤᠢ᠎ᠶ᠋ᠢ ᠪᠡᠯᠭᠡᠯᠡᠬᠦ᠌ ᠦᠵᠡᠰᠭᠦᠯᠡᠩ᠎ᠦᠨ ᠲᠠᠢᠯᠪᠤᠷᠢᠯᠠᠨ ᠶᠠᠷᠢᠬᠤ ᠠᠵᠢᠯ᠎ᠳᠤ ᠣᠷᠣᠯᠴᠠᠭ᠍ᠰᠠᠨ ᠪᠥᠭᠡᠳ ᠲᠥᠪ᠎ᠦᠨ ᠤᠬᠠᠭᠤᠯᠬᠤ ᠬᠡᠯᠲᠡᠰ᠎ᠤᠨ 《ᠠᠯᠳᠠᠨ ᠮᠧᠳᠠᠯᠳᠤ ᠲᠠᠢᠯᠪᠤᠷᠢᠯᠠᠭ᠍ᠴᠢ》 ᠵᠢᠨ ᠴᠣᠯᠠ ᠵᠢ ᠬᠦᠷᠳᠡᠵᠦ᠂ ᠪᠥᠬᠥ ᠣᠷᠣᠨ᠎ᠤ ᠡᠨᠡ ᠬᠦ᠌ ᠢᠷᠠᠭᠤ ᠠᠯᠳᠠᠷ᠎ᠢ ᠬᠦᠷᠳᠡᠭ᠌ᠰᠡᠨ ᠴᠤᠷ᠎ᠤᠨ ᠭᠠᠭ᠍ᠴᠠ ᠲᠠᠢᠯᠪᠤᠷᠢᠯᠠᠭ᠍ᠴᠢ ᠪᠣᠯᠵᠠᠢ᠃
ᠬᠥᠳᠡᠯᠮᠦᠷᠢ ᠵᠣᠯ ᠵᠢᠷᠭᠠᠯ᠎ᠢ ᠡᠭᠦᠳᠴᠦ᠍᠂ ᠲᠡᠮᠡᠴᠡᠯ ᠬᠦᠰᠡᠯ ᠵᠡᠭᠦᠳᠦ᠍᠎ᠶ᠋ᠢ ᠲᠡᠷᠭᠡᠯᠱᠢᠭᠦᠯᠦᠨ᠎ᠡ᠃ ᠵᠠᠯᠠᠭᠤᠴᠤᠳ᠎ᠤᠨ ᠠᠵᠢᠯ᠎ᠤᠨ ᠪᠠᠢᠷᠢ᠎ᠶ᠋ᠢᠨ ᠴᠢᠳᠠᠪᠤᠷᠢᠲᠠᠳ ᠡᠭᠡᠯ ᠵᠢᠷ᠎ᠦᠨ ᠠᠵᠢᠯ᠎ᠤᠨ ᠪᠠᠢᠷᠢ ᠳᠡᠭᠡᠷ᠎ᠡ ᠶᠡᠷᠦ᠍ ᠪᠤᠰᠤ᠎ᠶ᠋ᠢᠨ ᠠᠮᠵᠢᠯᠲᠠ ᠪᠦᠲᠦᠮᠵᠢ ᠭᠠᠷᠭᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠵᠣᠷᠢᠭ ᠰᠠᠨᠠᠭ᠎ᠠ᠂ ᠬᠥᠳᠡᠯᠮᠦᠷᠢ᠎ᠶ᠋ᠢᠨ ᠵᠣᠷᠢᠭ ᠰᠠᠨᠠᠭ᠎ᠠ᠂ ᠤᠷᠠᠨ ᠳᠠᠷᠬᠠᠨ᠎ᠤ ᠵᠣᠷᠢᠭ ᠰᠠᠨᠠᠭ᠎ᠠ᠎ᠶ᠋ᠢ ᠲᠠᠢᠯᠪᠤᠷᠢᠯᠠᠵᠤ᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠵᠠᠯᠠᠭᠤᠴᠤᠳ᠎ᠤᠨ ᠴᠥᠬᠥᠷᠡᠰᠢ ᠦᠭᠡᠢ ᠲᠡᠮᠡᠴᠡᠬᠦ᠌ ᠤᠶᠤᠨ ᠰᠠᠨᠠᠭᠠᠨ᠎ᠤ ᠳᠦᠷᠰᠦ ᠪᠠᠢᠳᠠᠯ᠎ᠢ ᠢᠯᠡᠷᠡᠭᠦᠯᠪᠡ᠃
ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠢ᠎ᠠ ᠵᠠᠯᠠᠭᠤᠴᠤᠳ᠎ᠤᠨ ᠠᠶᠤᠯᠭᠦᠢ ᠦᠢᠯᠡᠳᠪᠦᠷᠢᠯᠡᠯ᠎ᠦᠨ ᠵᠢᠱ᠌ᠢᠢ᠎ᠡ ᠦᠵᠡᠭᠦᠯᠬᠦ᠌ ᠠᠵᠢᠯ᠎ᠤᠨ ᠪᠠᠢᠷᠢ᠎ᠶ᠋ᠢ ᠡᠭᠦᠳᠦᠨ ᠪᠠᠢᠭᠤᠯᠬᠤ᠎ᠪᠠᠷ ᠠᠴᠢᠶᠠᠯᠠᠪᠤᠷᠢ ᠪᠣᠯᠭᠠᠵᠤ᠂ ᠰᠠᠭᠤᠷᠢ᠎ᠶ᠋ᠢ ᠪᠡᠬᠢᠵᠢᠭᠦᠯᠬᠦ᠌᠂ ᠡᠭᠦᠳᠦᠨ ᠪᠠᠢᠭᠤᠯᠬᠤ᠎ᠶ᠋ᠢ ᠴᠢᠩᠭᠠᠳᠭᠠᠬᠤ᠂ ᠦᠨᠡᠯᠡᠨ ᠲᠣᠭ᠍ᠲᠠᠭᠠᠬᠤ᠎ᠶ᠋ᠢ ᠴᠢᠩᠭ᠎ᠠ ᠠᠳᠭᠤᠬᠤ ᠳᠡᠭᠡᠷ᠎ᠡ ᠬᠦᠴᠦ᠍ ᠣᠷᠣᠭᠤᠯᠵᠤ᠂ 《ᠠᠶᠤᠯᠭᠦᠢ ᠦᠢᠯᠡᠳᠪᠦᠷᠢᠯᠡᠯ᠎ᠳᠦ ᠵᠠᠯᠠᠭᠤᠴᠤᠳ ᠭᠤᠤᠯ ᠬᠦᠴᠦᠨ ᠴᠡᠷᠢᠭ ᠪᠤᠯᠬᠤ》 ᠪᠡᠷ ᠭᠣᠣᠯ ᠰᠡᠳᠦᠪ ᠪᠣᠯᠭᠠᠵᠤ᠂ ᠡᠮᠦᠨ᠎ᠡ ᠹᠷᠣᠨᠲ᠎ᠤᠨ ᠦᠢᠯᠡᠳᠪᠦᠷᠢᠯᠡᠯ᠎ᠦᠨ ᠲᠠᠰᠤᠭ᠂ ᠡᠭᠡᠯᠵᠢ ᠵᠢᠨ ᠳᠤᠭᠤᠢᠯᠠᠩ ᠵᠡᠷᠭᠡ ᠦᠨᠳᠦᠰᠦᠨ ᠱᠠᠲᠤᠨ᠎ᠤ ᠠᠶᠤᠯᠭᠦᠢ ᠦᠢᠯᠡᠳᠪᠦᠷᠢᠯᠡᠯ᠎ᠦᠨ ᠨᠢᠭᠡᠴᠢ ᠵᠢᠢᠳᠡᠪᠬᠢᠲᠡᠢ ᠡᠭᠦᠳᠦᠨ ᠪᠠᠢᠭᠤᠯᠵᠤ᠂ 4 ᠵᠢᠯ ᠳᠠᠷᠠᠭᠠᠯᠠᠨ ᠡᠪᠯᠡᠯ᠎ᠦᠨ ᠲᠥᠪ ᠬᠣᠷᠢᠢ᠎ᠠ ᠪᠤᠯᠤᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠶᠠᠮᠤᠨ᠎ᠤ ᠮᠠᠭ᠍ᠲᠠᠭᠠᠯ ᠰᠠᠢᠱᠢᠶᠠᠯ᠎ᠢ ᠤᠯᠪᠠ᠃ ᠣᠢᠷ᠎ᠠ᠎ᠶ᠋ᠢᠨ ᠵᠢᠯ᠎ᠦᠨ ᠲᠤᠷᠰᠢ᠂ ᠪᠥᠬᠥ᠌ ᠣᠷᠣᠨ᠎ᠤ 29 ᠬᠠᠮᠲᠤ ᠨᠡᠢᠲᠡ 《ᠪᠥᠬᠥ᠌ ᠤᠯᠤᠰ᠎ᠤᠨ ᠵᠠᠯᠠᠭᠤᠴᠤᠳ᠎ᠤᠨ ᠠᠶᠤᠯᠭᠦᠢ ᠦᠶ᠋ᠯᠡᠳᠪᠦᠷᠢᠯᠡᠯ᠎ᠦᠨ ᠵᠢᠱ᠌ᠢᠶ᠎ᠡ ᠦᠵᠡᠭᠦᠯᠬᠦ᠌ ᠠᠵᠢᠯ᠎ᠤᠨ ᠪᠠᠢᠷᠢ》᠎ᠪᠠᠷ ᠦᠨᠡᠯᠡᠭᠳᠡᠵᠦ᠂ 151 ᠬᠠᠮᠲᠤ ᠨᠡᠢᠲᠡ 《ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ᠎ᠤᠨ ᠠᠶᠤᠯᠭᠦᠢ ᠦᠶ᠋ᠯᠡᠳᠪᠦᠷᠢᠯᠡᠯ᠎ᠦᠨ ᠵᠢᠱ᠌ᠢᠶ᠎ᠡ ᠦᠵᠡᠭᠦᠯᠬᠦ᠌ ᠠᠵᠢᠯ᠎ᠤᠨ ᠪᠠᠢᠷᠢ》᠎ᠪᠠᠷ ᠦᠨᠡᠯᠡᠭᠳᠡᠪᠡ᠃ ᠡᠯ᠎ᠡ ᠱᠠᠲᠤᠨ᠎ᠤ ᠡᠪᠯᠡᠯ᠎ᠦᠨ ᠵᠣᠬᠢᠶᠠᠨ ᠪᠠᠢᠭᠤᠯᠤᠯᠲᠠ ᠶᠡᠷᠦᠩᠬᠡᠢ ᠱᠦᠵᠢ ᠰᠢ ᠵᠢᠨ ᠫᠢᠩ᠎ᠦᠨ ᠠᠶᠤᠯᠭᠦᠢ ᠦᠢᠯᠡᠳᠪᠦᠷᠢᠯᠡᠯ᠎ᠦᠨ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠠᠶᠤᠯᠭᠦᠢ ᠦᠢᠯᠡᠳᠪᠦᠷᠢᠯᠡᠯ᠎ᠦᠨ ᠤᠨᠤᠯ᠎ᠤᠨ ᠮᠡᠳᠡᠯᠭᠡ᠎ᠶ᠋ᠢ ᠤᠬᠠᠭᠤᠯᠤᠨ ᠲᠠᠢᠯᠪᠤᠷᠢᠯᠠᠬᠤ᠂ ᠲᠤᠷᠱᠢᠯᠭ᠎ᠠ ᠠᠷᠭ᠎ᠠ ᠬᠢᠳᠡᠯ᠎ᠢ ᠤᠬᠠᠭᠤᠯᠬᠤ᠂ ᠠᠰᠠᠭᠤᠳᠠᠯ᠎ᠤᠨ ᠬᠡᠮ ᠰᠣᠭᠣᠭ᠎ᠢ ᠰᠡᠷᠡᠮᠵᠢᠯᠡᠭᠦᠯᠦᠨ ᠢᠯᠡᠴᠢᠯᠡᠬᠦ᠌ ᠵᠡᠷᠭᠡ ᠡᠯ᠎ᠡ ᠲᠦᠷᠦᠯ᠎ᠦᠨ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ 《ᠠᠮᠤᠷ ᠲᠦᠪᠱᠢᠨ》᠎ᠢ᠋ ᠦᠨᠡᠨ ᠬᠦ᠌ ᠰᠡᠳᠬᠢᠯ ᠵᠢᠷᠦᠭᠡᠨ᠎ᠳᠡᠭᠡᠨ ᠬᠠᠳᠠᠩᠱᠢᠭᠤᠯᠵᠠᠢ᠃
ᠵᠠᠯᠠᠭᠤᠴᠤᠳ᠎ᠤᠨ ᠭᠠᠪᠱᠢᠭᠠᠢ ᠠᠩᠭᠢ ᠵᠢᠨ ᠡᠭᠦᠷᠭᠡᠯᠡᠯ᠎ᠢᠶᠡᠨ ᠬᠦᠢᠴᠡᠳ ᠢᠯᠡᠷᠡᠭᠦᠯᠪᠡ᠃ ᠵᠠᠯᠠᠭᠤᠴᠤᠳ᠎ᠤᠨ ᠭᠠᠪᠱᠢᠭᠠᠢ ᠠᠩᠬᠢ 《ᠬᠦᠴᠢᠷ᠎ᠡᠴᠡ ᠠᠶᠤᠬᠤ ᠦᠭᠡᠢ᠂ ᠪᠠᠢᠯᠳᠤᠵᠤ ᠴᠢᠳᠠᠬᠤ᠂ ᠬᠤᠪᠢ ᠨᠡᠮᠡᠷᠢ ᠦᠵᠡᠭᠦᠯᠵᠦ᠍ ᠴᠢᠳᠠᠬᠤ᠂ ᠰᠤᠷᠤᠯᠴᠠᠵᠤ ᠴᠢᠳᠠᠬᠤ᠂ ᠡᠭᠦᠳᠦᠨ ᠪᠦᠲᠦᠭᠡᠵᠦ᠍ ᠴᠢᠳᠠᠬᠤ》 ᠵᠠᠯᠠᠭᠤᠴᠤᠳ᠎ᠤᠨ ᠭᠠᠪᠱᠢᠭᠠᠢ ᠠᠩᠬᠢ᠎ᠶ᠋ᠢᠨ ᠵᠣᠷᠢᠭ ᠰᠠᠨᠠᠭ᠎ᠠ᠎ᠶ᠋ᠢ ᠭᠦᠢᠴᠡᠳ ᠪᠠᠳᠠᠷᠠᠭᠤᠯᠵᠤ᠂ ᠶᠡᠬᠡ ᠶᠠᠪᠤᠳᠠᠯ ᠬᠦᠴᠢᠷ ᠶᠠᠪᠤᠳᠠᠯ᠎ᠤᠨ ᠳᠤᠮᠳᠠ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠍᠂ ᠠᠶᠤᠯ ᠲᠦᠭ᠌ᠰᠢᠭᠦᠷᠢᠲᠦ ᠴᠠᠭ ᠮᠥᠴᠡ᠎ᠳᠦ ᠤᠤᠷ ᠴᠢᠨᠠᠷ᠎ᠢᠶᠠᠨ ᠢᠯᠡᠷᠡᠭᠦᠯᠵᠦ᠍᠂ ᠵᠠᠯᠠᠭᠤ ᠨᠠᠰᠤᠨ᠎ᠤ ᠰᠡᠷᠭᠡᠢᠯᠡᠯᠲᠡ᠎ᠶ᠋ᠢᠨ ᠱᠤᠭᠤᠮ᠎ᠢ ᠴᠣᠭ᠍ᠴᠠᠯᠠᠪᠠ᠃
ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠤᠭᠤᠴᠠᠭᠠᠨ᠎ᠳᠤ᠂ ᠤᠷᠢᠳ ᠬᠣᠵᠢᠳ 1000 ᠱᠢᠬᠠᠮ ᠵᠠᠯᠠᠭᠤᠴᠤᠳ᠎ᠤᠨ ᠭᠠᠪᠱᠢᠭᠠᠢ ᠠᠩᠬᠢ ᠥᠪᠡᠷᠲᠡᠭᠡᠨ ᠵᠠᠰᠠᠬᠤ ᠣᠷᠣᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠮᠦᠨ᠎ᠡ ᠹᠷᠣᠨᠲ᠎ᠲᠤ ᠭᠠᠪᠱᠢᠭᠠᠢᠯᠠᠵᠤ᠂ 7 ᠲᠦᠮᠡ ᠭᠠᠷᠤᠢ ᠵᠠᠯᠠᠭᠤᠴᠤᠳ ᠤᠷᠤᠯᠴᠠᠭᠰᠠᠨ ᠪᠠᠢᠨ᠎ᠠ᠃ 2021 ᠣᠨ᠎ᠳᠤ᠂ ᠬᠥᠯᠥᠨ ᠪᠣᠢᠷ ᠬᠣᠲᠠ᠎ᠶ᠋ᠢᠨ ᠮᠠᠨᠵᠤᠤᠷ ᠬᠣᠲᠠ᠎ᠶ᠋ᠢᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ ᠡᠪᠯᠡᠯ᠎ᠦᠨ ᠠᠵᠢᠯ᠎ᠤᠨ ᠵᠥᠪᠯᠡᠯ ᠨᠢ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠲᠥᠪ ᠬᠣᠷᠢᠶ᠎ᠠ ᠵᠢᠨ 《ᠵᠠᠯᠠᠭᠤᠴᠤᠳ᠎ᠤᠨ ᠭᠠᠪᠱᠢᠭᠠᠶ ᠠᠩᠭᠢ》᠎ᠶ᠋ᠢᠨ ᠢᠷᠠᠭᠤ ᠠᠯᠳᠠᠷ᠎ᠢ ᠭᠥᠷᠳᠡᠪᠡ᠃ ᠵᠠᠯᠠᠭᠤᠴᠤᠳ᠎ᠤᠨ ᠭᠠᠪᠱᠢᠭᠠᠢ ᠠᠩᠬᠢ᠎ᠶ᠋ᠢᠨ ᠬᠢᠨ ᠣᠯᠵᠤ ᠠᠯᠳᠠᠬᠤ ᠵᠢ ᠪᠤᠳᠤᠬᠤ ᠦᠭᠡᠢ᠂ ᠬᠦᠴᠢᠷ ᠪᠡᠷᠬᠡᠱᠢᠶᠡᠯ᠎ᠡᠴᠡ ᠠᠶᠤᠬᠤ ᠦᠭᠡᠢ᠂ ᠪᠠᠶᠠᠰᠤᠩᠭᠤᠢ ᠥᠭᠡᠳᠡᠷᠬᠡᠭ ᠪᠦᠯᠬᠦᠮ ᠨᠡᠢᠲᠡ᠎ᠶ᠋ᠢᠨ ᠵᠣᠷᠢᠭ ᠰᠠᠨᠠᠭ᠎ᠠ ᠪᠡᠷ ᠵᠠᠯᠠᠭᠤ ᠨᠠᠰᠤᠨ᠎ᠤ ᠰᠦᠷ ᠳᠠᠯᠠᠢᠴᠠᠲᠠᠢ ᠬᠦᠴᠦᠨ ᠴᠢᠳᠠᠯ᠎ᠢ ᠨᠢᠭ᠍ᠲᠠᠷᠠᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠨᠠᠮ᠎ᠤᠨ ᠲᠤᠭ᠎ᠤᠨ ᠵᠢᠭᠠᠭ᠍ᠰᠠᠨ ᠴᠢᠭ᠌ᠯᠡᠯ ᠵᠢᠡᠷ ᠡᠪᠯᠡᠯ᠎ᠦᠨ ᠲᠤᠭ ᠨᠠᠮᠢᠷᠠᠨ᠎ᠠ》 ᠭᠡᠬᠦ᠌ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠪᠡ᠃
ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠦᠷᠭᠦᠯᠵᠢᠯᠡᠨ ᠥᠷᠭᠡᠨ ᠣᠯᠠᠨ ᠡᠪᠯᠡᠯ᠎ᠦᠨ ᠭᠡᠱᠢᠭᠦᠨ ᠵᠠᠯᠠᠭᠤᠴᠤᠳ᠎ᠢ ᠪᠦᠯᠬᠦᠮᠳᠡᠭᠦᠯᠦᠨ ᠳᠠᠭᠠᠭᠤᠯᠵᠤ᠂ ᠵᠢᠳᠬᠦᠯ ᠴᠢᠷᠮᠠᠢᠯᠭ᠎ᠠ ᠪᠠ ᠬᠤᠪᠢ ᠨᠡᠮᠡᠷᠢ᠎ᠪᠡᠷ᠎ᠢᠶᠡᠨ ᠵᠠᠯᠠᠭᠤ ᠨᠠᠰᠤ ᠵᠢ ᠪᠢᠴᠢᠭ᠌ᠯᠡᠵᠦ᠍᠂ ᠡᠪ ᠬᠠᠮᠲᠤ ᠵᠠᠯᠠᠭᠤᠴᠤᠳ᠎ᠤᠨ ᠡᠪᠯᠡᠯ᠎ᠢᠶᠡᠷ ᠭᠤᠤᠯ ᠤᠳᠤᠷᠢᠳᠤᠮᠵᠢ ᠪᠣᠯᠭᠠᠭ᠍ᠰᠠᠨ᠂ ᠦᠷᠭᠡᠨ ᠤᠯᠠᠨ ᠵᠠᠯᠠᠭᠤᠴᠤᠳ ᠣᠷᠣᠯᠴᠠᠭ᠍ᠰᠠᠨ᠂ ᠨᠡᠢᠭᠡᠮ ᠨᠡᠢᠲᠡ᠎ᠪᠡᠷ᠎ᠢᠶᠡᠨ ᠨᠡᠢᠳᠡᠮ ᠳᠡᠮᠵᠢᠭ᠌ᠰᠡᠨ᠂ ᠵᠣᠬᠢᠬᠤ ᠨᠡᠢᠭᠡᠮ᠎ᠦᠨ ᠴᠢᠳᠠᠪᠬᠢ ᠪᠥᠬᠥᠶ 《ᠵᠠᠯᠠᠭᠤᠴᠤᠳ》 ᠨᠡᠷᠡᠮᠵᠢᠳᠦ ᠲᠥᠷᠥᠯ ᠲᠡᠮᠳᠡᠭ᠌ᠲᠦ᠍ ᠵᠢ ᠡᠬᠦᠳᠬᠦ᠎ᠶ᠋ᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ ᠵᠢ ᠠᠭᠢᠭᠤᠯᠬᠤ᠎ᠳᠦ ᠵᠠᠯᠠᠭᠤ ᠨᠠᠰᠤᠨ᠎ᠤ ᠬᠦᠴᠦᠨ ᠴᠢᠳᠠᠯ᠎ᠵᠢᠡᠨ ᠡᠷᠭᠦᠨ᠎ᠡ᠃
(ᠡᠬᠡ ᠪᠢᠴᠢᠭ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠬᠠᠩᠭᠠᠪᠠ)