《ᠲᠦᠷᠢᠮ》 《ᠲᠦᠷᠦ ᠵᠢᠨ ᠪᠤᠳᠤᠯᠭ᠎ᠠ》 《ᠢᠨᠵᠸᠨ᠋ᠸᠷᠢᠩ》 — ᠎ᠨᠤᠲᠤᠭ ᠪᠡᠯᠴᠢᠭᠡᠷ᠎ᠤᠨ ᠪᠦᠲᠦᠭᠡᠨ ᠪᠠᠢᠭᠤᠯᠤᠯᠳᠠ ᠬᠠᠮᠠᠭᠠᠯᠠᠯᠳᠠ ᠵᠢᠨ ᠲᠤᠯᠭ᠎ᠠ ᠵᠢᠨ ᠭᠤᠷᠪᠠᠨ ᠴᠢᠯᠠᠭᠤ
2023-05-08 16:36:33
ᠵᠣᠬᠢᠶᠠᠭ᠍ᠴᠢ᠄
ᠠᠭᠤᠯᠠ ᠦᠷᠴᠠᠢᠬᠤ
ᠣᠩᠱᠢᠭ᠍ᠰᠠᠨ ᠣᠳᠠᠭ᠎ᠠ᠄
★★★☆☆

《ᠲᠦᠮᠡᠨ ᠭᠠᠵᠠᠷ᠎ᠤᠨ ᠨᠤᠮᠢᠨ ᠨᠤᠭᠤᠭᠠᠨ ᠤᠷᠳᠤ ᠴᠠᠭᠠᠨ ᠬᠡᠷᠡᠮ》 ᠰᠢᠷᠢᠰ ᠮᠡᠳᠡᠭᠡᠯᠡᠯ (ᠨᠢᠭᠡ)  


ᠨᠠᠢᠷᠠᠭᠤᠯᠤᠬᠴᠢ ᠵᠢᠨ ᠦᠭᠡ᠄ ᠲᠠᠪᠤᠨ ᠶᠡᠭᠡ ᠡᠬᠦᠷᠭᠡ ᠵᠢ ᠦᠢᠯᠡᠳᠦᠯᠭᠡᠵᠢᠬᠦᠯᠵᠦ᠂ ᠦᠷ᠎ᠡ ᠪᠦᠲᠦᠮᠵᠢ ᠵᠢ ᠠᠬᠢᠭᠤᠯᠬᠤ ᠵᠢᠨ ᠲᠦᠯᠦᠭᠡ 《ᠠᠮᠢ ᠠᠬᠤᠢ ᠤᠷᠴᠢᠨ ᠲᠤᠭᠤᠷᠢᠨ》 ᠲᠤᠰᠬᠠᠢ ᠬᠡᠪᠯᠡᠯ  ᠡᠨᠡ ᠬᠤᠭᠤᠴᠠᠭ᠎ᠠ ᠡᠴᠡ ᠡᠬᠢᠯᠡᠵᠦ 《ᠲᠦᠮᠡᠨ ᠭᠠᠵᠠᠷ᠎ᠤᠨ ᠨᠤᠮᠢᠨ ᠨᠤᠭᠤᠭᠠᠨ ᠤᠷᠳᠤ ᠴᠠᠭᠠᠨ ᠬᠡᠷᠡᠮ》 ᠰᠢᠷᠢᠰ ᠮᠡᠳᠡᠭᠡᠯᠡᠯ ᠨᠡᠢᠳᠡᠯᠡᠵᠦ᠂ 《ᠬᠦᠬᠡᠮᠳᠦᠭ ᠨᠤᠭᠤᠭᠠᠨ ᠠᠭᠤᠯᠠ ᠤᠰᠤ ᠪᠤᠯ ᠲᠠᠷᠤᠢ ᠠᠯᠳᠠ ᠮᠦᠩᠬᠦᠨ ᠠᠭᠤᠯᠠ ᠮᠦᠨ》 ᠭᠡᠬᠦ ᠤᠢᠯᠠᠭᠠᠭᠳᠠᠬᠤᠨ᠎ᠢ ᠦᠢᠯᠡᠳᠦᠯᠭᠡᠵᠢᠬᠦᠯᠵᠦ ᠪᠠᠢᠭ᠎ᠠ ᠮᠠᠨ᠎ᠤ ᠤᠷᠤᠨ᠎ᠤ ᠠᠮᠢ ᠠᠬᠤᠢ ᠵᠢᠨ ᠪᠦᠲᠦᠭᠡᠨ ᠪᠠᠢᠭᠤᠯᠤᠯᠳᠠ ᠵᠢᠨ ᠠᠮᠵᠢᠯᠳᠠ ᠵᠢ ᠬᠦᠦᠷᠨᠢᠵᠦ᠂ ᠠᠷᠭ᠎ᠠ ᠲᠤᠷᠰᠢᠯᠭ᠎ᠠ ᠵᠢ ᠲᠦᠭᠡᠮᠡᠯᠵᠢᠭᠦᠯᠬᠦ ᠵᠢ ᠵᠤᠷᠢᠯ᠎ᠠ᠃ ᠠᠩᠬᠠᠷᠤᠨ ᠤᠩᠰᠢᠮᠤ!


ᠮᠠᠨ᠎ᠤ ᠤᠷᠤᠨ ᠬᠠᠤᠯᠢ ᠲᠦᠷᠢᠮ᠎ᠤᠨ ᠪᠠᠳᠤᠯᠠᠭ᠎ᠠ ᠲᠠᠢ᠂ ᠱᠠᠩᠨᠠᠯ ᠨᠦᠬᠦᠪᠦᠷᠢ ᠵᠢᠨ ᠲᠦᠷᠦ ᠵᠢᠨ ᠪᠤᠳᠤᠯᠭ᠎ᠠ ᠲᠠᠢ᠂ ᠬᠠᠮᠠᠭᠠᠯᠠᠨ ᠰᠡᠷᠭᠦᠭᠡᠵᠦ ᠪᠦᠲᠦᠭᠡᠨ ᠪᠠᠢᠭᠤᠯᠬᠤ ᠢᠵᠢ ᠪᠦᠷᠢᠨ ᠢᠨᠵᠸᠨ᠋ᠸᠷᠢᠩ ᠲᠠᠢ ᠪᠡᠷ 11.38 ᠳ᠋ᠦᠩᠱᠢᠭᠤᠷ ᠮᠥ᠍ ᠨᠤᠳᠤᠭ ᠪᠡᠯᠴᠢᠭᠡᠷ ᠵᠢᠡᠨ ᠨᠢᠳᠤᠨ᠎ᠤ ᠪᠠᠨ ᠴᠡᠴᠡᠭᠡᠢ ᠰᠢᠭ ᠬᠠᠢᠷᠠᠯᠠᠨ ᠬᠠᠮᠠᠭᠠᠯᠠᠵᠦ᠂ ᠪᠦᠲᠦᠭᠡᠨ ᠪᠠᠢᠭᠤᠯᠬᠤ ᠵᠢ ᠪᠠᠷᠢᠮᠳᠠᠯᠠᠭᠰᠠᠭᠠᠷ ᠢᠷᠡᠭᠰᠡᠨ ᠡᠴᠡ 《ᠠᠯᠳᠠᠨ ᠭᠠᠷᠤᠳᠢ ᠵᠢᠨ ᠵᠤᠯᠵᠠᠭ᠎ᠠ ᠳᠡᠪᠢᠭᠡᠳ ᠳᠡᠪᠢᠭᠡᠳ ᠬᠡᠳᠦᠯᠦᠰᠢ ᠦᠭᠡᠢ᠂ ᠠᠷᠠᠯᠳᠦ ᠲᠡᠷᠭᠡᠨ ᠤ᠋ ᠬᠦᠷᠳᠦ ᠲᠠᠪᠬᠢᠭᠠᠳ ᠲᠠᠪᠬᠢᠭᠠᠳ ᠲᠤᠭᠤᠯᠤᠰᠢ ᠦᠭᠡᠢ》 ᠠᠭᠤᠳᠠᠮ ᠰᠠᠷᠠᠭᠤᠯ ᠨᠤᠲᠤᠭ ᠪᠡᠯᠴᠢᠭᠡᠷ ᠨᠢ ᠡᠭᠡ ᠤᠯᠤᠰ᠎ᠤᠨ ᠤᠮᠠᠷᠠᠳᠤ ᠵᠢᠨ ᠠᠮᠢ ᠠᠬᠤᠢ ᠵᠢᠨ ᠴᠢᠬᠤᠯᠠ ᠬᠠᠯᠬᠠᠪᠴᠢ ᠪᠤᠯᠤᠭᠰᠠᠨ ᠶᠤᠮ᠃ ᠤᠳᠤᠬᠠᠨ ᠳ᠋ᠦ ᠪᠥᠬᠥ᠌ ᠣᠷᠣᠨ᠎ᠤ ᠨᠤᠲᠤᠭ ᠪᠡᠯᠴᠢᠭᠡᠷ᠎ᠦᠨ ᠤᠷᠭᠤᠮᠠᠯ᠎ᠤᠨ ᠪᠦᠷᠬᠦᠴᠠ 45%᠎ᠳ᠋ᠤ ᠬᠦᠷᠴᠦ᠍᠂ ᠨᠤᠲᠤᠭ ᠪᠡᠯᠴᠢᠭᠡᠷ ᠮᠠᠭᠤᠳᠠᠬᠤ ᠬᠠᠨᠳᠤᠰᠢ᠎ᠶ᠋ᠢ ᠪᠦᠲᠦᠮᠵᠢᠲᠡᠶ ᠬᠣᠷᠢᠭ᠍ᠯᠠᠵᠤ᠂ ᠨᠤᠲᠤᠭ ᠪᠡᠯᠴᠢᠭᠡᠷ᠎ᠦᠨ ᠥᠪᠡᠷ᠎ᠢ᠎ᠪᠡᠨ ᠱᠢᠨᠡᠳᠭᠡᠨ ᠰᠡᠷᠭᠦᠭᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ ᠡᠳᠦᠷ ᠢᠷᠡᠬᠦᠶ᠎ᠡ ᠪᠠᠶᠠᠯᠢᠬᠵᠢᠪᠠ᠃

ᠡᠨᠡ ᠬᠦ᠌ ᠢᠯᠠᠭᠤᠭᠰᠠᠨ ᠠᠮᠵᠢᠯᠳᠠ 《ᠬᠥᠬᠡᠮᠳᠦᠭ ᠨᠣᠭᠣᠭᠠᠨ ᠠᠭᠤᠯᠠ ᠤᠰᠤ ᠪᠣᠯ ᠲᠠᠷᠤᠢ ᠠᠯᠲᠠ ᠮᠥᠩᠭᠥᠨ ᠠᠭᠤᠯᠠ ᠮᠥᠨ》 ᠭᠡᠬᠦ᠌ ᠣᠢᠯᠠᠭᠠᠭ᠍ᠳᠠᠬᠤᠨ᠎ᠢ ᠪᠠᠲᠤ ᠪᠣᠶ ᠪᠤᠯᠭᠠᠭᠰᠠᠨ ᠡᠴᠡ ᠢᠷᠡᠯᠳᠡ ᠲᠠᠢ; ᠡᠨᠡ ᠬᠦ᠌ ᠢᠯᠠᠭᠤᠭᠰᠠᠨ ᠠᠮᠵᠢᠯᠳᠠ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢᠨ ᠲᠣᠭᠣᠷᠢᠨ᠎ᠳᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠤᠬᠢᠷᠳᠤᠯ ᠦᠭᠡᠢ ᠬᠦᠭᠵᠢᠬᠦᠯᠬᠦ ᠪᠡᠷ ᠤᠳᠤᠷᠢᠳᠤᠮᠵᠢ ᠪᠤᠯᠭᠠᠭᠰᠠᠨ ᠴᠢᠨᠠᠷ ᠰᠠᠢᠳᠠᠢ ᠬᠦᠭᠵᠢᠯᠳᠡ ᠵᠢᠨ ᠵᠠᠮ ᠵᠢᠡᠷ ᠵᠠᠮᠨᠠᠭᠰᠠᠨ ᠡᠴᠡ ᠢᠷᠡᠯᠳᠡ ᠲᠠᠢ᠃


tu2.png


ᠠᠷᠦ ᠬᠤᠷᠴᠢᠨ᠎ᠦ ᠪᠠᠶᠠᠠᠠᠦᠢ᠍ᠨᠳᠦᠷ᠎ᠤᠨ ᠲᠠᠯ᠎ᠠ ᠨᠤᠲᠤᠭ

ᠰᠤᠷᠪᠤᠯᠵᠢᠯᠠᠬᠴᠢ   ᠪᠠᠢ ᠰᠢᠶᠠᠨ   ᠰᠡᠭᠦᠳᠡᠷᠯᠡᠪᠡ 


ᠬᠠᠮᠤᠭ᠎ᠤᠨ ᠴᠢᠩᠭ᠎ᠠ ᠬᠠᠤᠯᠢ ᠲᠦᠷᠢᠮ 

ᠨᠤᠲᠤᠭ ᠪᠡᠯᠴᠢᠭᠡᠷ᠎ᠤᠨ ᠬᠠᠮᠠᠭᠠᠯᠠᠯᠳᠠ ᠵᠢᠨ ᠬᠦᠴᠦᠳᠤ ᠪᠠᠳᠤᠯᠠᠭ᠎ᠠ

• 1983 ᠤᠨ᠎ᠤ 9 ᠰᠠᠷ᠎ᠠ ᠵᠢᠨ 1 ᠡᠴᠡ ᠡᠬᠢᠯᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠦᠨ ᠬᠠᠮᠢᠶᠠᠷᠤᠯᠲᠠ᠎ᠶ᠋ᠢᠨ ᠲᠦᠷᠢᠮ》᠎ᠢ᠋ ᠬᠡᠷᠡᠭᠵᠢᠭᠦᠯᠪᠡ᠃

• 2011 ᠤᠨ᠎ᠤ 12 ᠰᠠᠷ᠎ᠠ ᠵᠢᠨ 1 ᠡᠴᠡ ᠡᠬᠢᠯᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠨᠤᠲᠤᠭ ᠪᠡᠯᠴᠢᠭᠡᠷ᠎ᠢ ᠬᠠᠮᠠᠭᠠᠯᠠᠬᠤ ᠲᠦᠷᠢᠮ》 ᠢ᠋ ᠬᠡᠷᠡᠭᠵᠢᠭᠦᠯᠵᠦ᠂ 2016 ᠣᠨ᠎ᠤ 3 ᠰᠠᠷ᠎ᠠ᠎ᠶ᠋ᠢᠨ 30᠎ᠤ᠋ ᠡᠳᠦᠷ ᠵᠠᠰᠠᠪᠤᠷᠢ ᠣᠷᠣᠭᠤᠯᠪᠠ᠃

• 2021 ᠤᠨ᠎ᠤ 10 ᠰᠠᠷ᠎ᠠ ᠵᠢᠨ 1 ᠡᠴᠡ ᠡᠬᠢᠯᠡᠨ 《ᠦᠪᠦᠷ ᠮᠤᠨᠭᠭᠤᠯ᠎ᠤᠨ ᠦᠪᠡᠷᠳᠡᠭᠡᠨ ᠵᠠᠰᠠᠬᠤ ᠤᠷᠤᠨ᠎ᠤ ᠮᠠᠯ ᠪᠡᠯᠴᠢᠭᠡᠷ᠎ᠢ ᠲᠡᠨᠭᠴᠡᠭᠦᠷᠢ ᠲᠠᠢ ᠪᠠᠢᠯᠭᠠᠬᠤ ᠪᠠ ᠪᠡᠯᠴᠢᠭᠡᠷᠯᠡᠭᠦᠯᠬᠦ ᠵᠢ ᠴᠠᠭᠠᠵᠠᠯᠠᠵᠤ ᠪᠡᠯᠴᠢᠭᠡᠷ᠎ᠢ ᠠᠮᠠᠷᠠᠭᠤᠯᠬᠤ ᠲᠦᠷᠢᠮ》 ᠎ᠢ᠋ ᠬᠡᠷᠡᠭᠵᠢᠭᠦᠯᠪᠡ᠃

ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ ᠨᠠᠭᠠᠰᠢ᠂ ᠮᠠᠨ᠎ᠤ ᠣᠷᠣᠨ ᠤᠷᠢᠳ ᠬᠣᠵᠢᠳ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠦᠨ ᠬᠠᠮᠢᠶᠠᠷᠤᠯᠲᠠ᠎ᠶ᠋ᠢᠨ ᠲᠦᠷᠢᠮ》᠂ 《ᠦᠪᠦᠷ ᠮᠤᠨᠭᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠦᠨᠳᠦᠰᠦᠨ ᠨᠤᠲᠤᠭ ᠪᠡᠯᠴᠢᠭᠡᠷ᠎ᠦᠨ ᠬᠠᠮᠠᠭᠠᠯᠠᠯᠲᠠ᠎ᠶ᠋ᠢᠨ ᠲᠦᠷᠢᠮ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ᠎ᠦᠨ ᠬᠠᠮᠢᠶᠠᠷᠤᠯᠲᠠ᠎ᠶ᠋ᠢᠨ ᠲᠦᠷᠢᠮ᠎ᠢ ᠬᠡᠷᠡᠭ᠌ᠵᠢᠭᠦᠯᠬᠦ᠌ ᠨᠠᠷᠢᠨ ᠲᠦᠷᠢᠮ》᠎ᠳ᠋ᠤ ᠵᠠᠯᠭᠠᠭ᠎ᠠ᠎ᠪᠠᠷ ᠵᠠᠰᠠᠪᠤᠷᠢ ᠣᠷᠣᠭᠤᠯᠵᠤ ᠨᠡᠢᠲᠡᠯᠡᠪᠡ᠃ ᠡᠭᠦᠨ ᠤ᠋ ᠬᠠᠮᠳᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠯᠴᠢᠭᠡᠷᠯᠡᠭᠦᠯᠬᠦ᠌᠎ᠶ᠋ᠢ ᠴᠠᠭᠠᠵᠠᠯᠠᠬᠤ ᠪᠠ ᠮᠠᠯ ᠪᠡᠯᠴᠢᠭᠡᠷ ᠢ᠋ ᠲᠡᠩᠴᠡᠭᠦᠷᠢ᠎ᠲᠡᠶ ᠪᠠᠢᠯᠭᠠᠬᠤ ᠬᠢᠨᠠᠯᠲᠠ ᠬᠠᠮᠢᠶᠠᠷᠤᠯᠲᠠ᠎ᠶ᠋ᠢᠨ ᠠᠷᠭ᠎ᠠ》᠂ 《ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠢᠯᠭᠠᠬᠤ ᠪᠠ ᠪᠡᠯᠴᠢᠭᠡᠷᠯᠡᠭᠦᠯᠬᠦ᠌᠎ᠶ᠋ᠢ ᠴᠠᠭᠠᠵᠠᠯᠠᠵᠤ ᠰᠡᠯᠭᠦᠨ ᠮᠠᠯᠵᠢᠬᠤ ᠲᠦᠷᠢᠮ》᠂ 《ᠨᠤᠲᠤᠭ ᠪᠡᠯᠴᠢᠭᠡᠷ᠎ᠢ ᠬᠠᠮᠠᠭᠠᠯᠠᠨ ᠰᠡᠷᠭᠦᠭᠡᠬᠦ᠌᠎ᠶ᠋ᠢ ᠴᠢᠩᠭᠠᠳᠭᠠᠬᠤ ᠲᠤᠬᠠᠶ ᠬᠡᠷᠡᠭ᠌ᠵᠢᠭᠦᠯᠬᠦ᠌ ᠰᠠᠨᠠᠯ》 ᠵᠡᠷᠭᠡ ᠣᠷᠣᠨ ᠨᠤᠲᠤᠭ᠎ᠤᠨ ᠴᠢᠨᠠᠷᠲᠠᠶ ᠬᠠᠤᠯᠢ ᠲᠦᠷᠢᠮ ᠬᠠᠤᠯᠢ ᠲᠣᠭ᠍ᠲᠠᠭᠠᠯ ᠪᠠ ᠲᠥᠷᠥ᠎ᠶ᠋ᠢᠨ ᠪᠣᠳᠣᠯᠭ᠎ᠠ᠎ᠶ᠋ᠢᠨ ᠴᠢᠨᠠᠷᠳᠠᠢ ᠪᠢᠴᠢᠭ ᠮᠠᠲ᠋ᠧᠷᠢᠶᠠᠯ᠎ᠢ ᠨᠡᠢᠲᠡᠯᠡᠵᠦ᠍᠂ ᠨᠤᠲᠤᠭ ᠪᠡᠯᠴᠢᠭᠡᠷ ᠤ᠋ᠨ ᠬᠠᠮᠠᠭᠠᠯᠠᠯᠳᠠ ᠵᠢᠨ ᠡᠷᠴᠢᠮ ᠢ᠋ ᠳᠠᠰᠤᠷᠠᠯᠳᠠ ᠦᠭᠡᠢ ᠴᠢᠩᠭᠠᠷᠠᠭᠤᠯᠪᠠ᠃

ᠪᠦᠬᠦ ᠤᠷᠤᠨ ᠤ᠋ 87% ᠵᠢᠨ ᠭᠠᠵᠠᠷ ᠨᠤᠳᠤᠭ ᠢ᠋ ᠴᠦᠮ ᠬᠢᠵᠠᠭᠠᠷ ᠲᠠᠢ ᠪᠡᠷ ᠨᠡᠭᠡᠭᠡᠨ ᠬᠦᠭᠵᠢᠬᠦᠯᠬᠦ ᠤᠷᠤᠨ ᠪᠦᠰᠡ ᠳ᠋ᠦ ᠬᠤᠪᠢᠶᠠᠷᠢᠯᠠᠨ ᠤᠷᠤᠭᠤᠯᠵᠤ᠂ 51% ᠵᠢᠨ ᠭᠠᠵᠠᠷ ᠨᠤᠳᠤᠭ ᠢ᠋ ᠠᠮᠢ ᠠᠬᠤᠢ ᠵᠢᠨ ᠬᠠᠮᠠᠭᠠᠯᠠᠯᠳᠠ ᠵᠢᠨ ᠤᠯᠠᠭᠠᠨ ᠱᠤᠭᠤᠮ ᠳ᠋ᠦ ᠤᠷᠤᠭᠤᠯᠵᠤ᠂ ᠠᠮᠢ ᠠᠬᠤᠢ ᠵᠢᠨ ᠬᠠᠮᠠᠭᠠᠯᠠᠯᠳᠠ ᠵᠢᠨ ᠤᠯᠠᠭᠠᠨ ᠱᠤᠭᠤᠮ ᠤ᠋ᠨ ᠳᠤᠳᠤᠷᠠᠬᠢ ᠨᠤᠳᠤᠭ ᠪᠡᠯᠴᠢᠭᠡᠷ᠂ ᠠᠮᠢ ᠠᠬᠤᠢ ᠵᠢᠨ ᠬᠠᠮᠠᠭᠠᠯᠠᠯᠳᠠ ᠵᠢᠨ ᠤᠯᠠᠭᠠᠨ ᠱᠤᠭᠤᠮ ᠡᠴᠡ ᠭᠠᠳᠠᠨᠠᠬᠢ ᠦᠨᠳᠦᠰᠦᠨ ᠨᠤᠳᠤᠭ ᠪᠡᠯᠴᠢᠭᠡᠷ ᠪᠡ ᠡᠩ ᠤ᠋ᠨ ᠨᠤᠳᠤᠭ ᠪᠡᠯᠴᠢᠭᠡᠷ ᠤ᠋ᠨ ᠲᠦᠷᠦᠯ ᠠᠩᠬᠢᠯᠠᠯ ᠶᠤᠰᠤᠭᠠᠷ᠂ ᠠᠮᠢ ᠠᠬᠤᠢ ᠵᠢᠨ ᠬᠠᠮᠠᠭᠠᠯᠠᠯᠳᠠ ᠵᠢᠨ ᠤᠯᠠᠭᠠᠨ ᠱᠤᠭᠤᠮ ᠤ᠋ᠨ ᠳᠤᠳᠤᠷ᠎ᠠ ᠴᠢᠩᠭ᠎ᠠ ᠬᠠᠮᠢᠶᠠᠷᠤᠨ ᠡᠵᠡᠮᠳᠡᠬᠦ ᠵᠢ ᠬᠡᠷᠡᠭᠵᠢᠬᠦᠯᠵᠤ᠂ ᠪᠠᠢᠭᠠᠯᠢ ᠵᠢᠨ ᠠᠮᠢ ᠠᠬᠤᠢ ᠵᠢᠨ ᠳᠡᠩᠴᠡᠭᠦᠷᠢ ᠵᠢ ᠡᠪᠳᠡᠬᠦ ᠨᠡᠭᠡᠭᠡᠨ ᠬᠦᠭᠵᠢᠬᠦᠯᠦᠯᠳᠡ ᠬᠢᠬᠦ ᠦᠭᠡᠢ᠂ ᠤᠷᠴᠢᠨ ᠲᠤᠭᠤᠷᠢᠨ ᠤ᠋ ᠳᠠᠭᠠᠭᠠᠬᠤ ᠴᠢᠳᠠᠪᠤᠷᠢ ᠡᠴᠡ ᠳᠠᠪᠠᠬᠰᠠᠨ ᠢᠨᠵᠸᠨ᠋ᠸᠷᠢᠩ ᠢ᠋ ᠪᠦᠲᠦᠭᠡᠨ ᠪᠠᠢᠭᠤᠯᠬᠤ ᠦᠭᠡᠢ᠂ ᠡᠬᠢ ᠪᠠᠶᠠᠯᠢᠭ ᠤ᠋ᠨ ᠳᠠᠭᠠᠭᠠᠬᠤ ᠴᠢᠳᠠᠪᠤᠷᠢ ᠡᠴᠡ ᠳᠠᠪᠠᠬᠰᠠᠨ ᠲᠦᠷᠦᠯ ᠵᠦᠢᠯ ᠢ᠋ ᠪᠦᠲᠦᠭᠡᠨ ᠪᠠᠢᠭᠤᠯᠬᠤ ᠦᠭᠡᠢ ᠪᠠᠢᠵᠤ᠂ ᠵᠦᠢ ᠵᠤᠬᠢᠰ ᠦᠭᠡᠢ ᠨᠡᠭᠡᠭᠡᠨ ᠬᠦᠭᠵᠢᠬᠦᠯᠵᠤ ᠪᠦᠲᠦᠭᠡᠨ ᠪᠠᠢᠭᠤᠯᠬᠤ ᠠᠵᠢᠯᠯᠠᠭ᠎ᠠ ᠵᠢ ᠡᠬᠢ ᠡᠭᠦᠰᠦᠯ ᠡᠴᠡ ᠨᠢ ᠬᠤᠷᠢᠬᠯᠠᠬᠰᠠᠨ ᠪᠠᠢᠨ᠎ᠠ᠃

ᠨᠤᠳᠤᠭ ᠪᠡᠯᠴᠢᠭᠡᠷ ᠢ᠋ ᠳᠠᠳᠠᠪᠤᠷᠢᠯᠠᠨ ᠬᠡᠷᠡᠭᠯᠡᠬᠦ ᠵᠢ ᠬᠢᠨᠠᠨ ᠬᠠᠷᠭᠤᠭᠤᠯᠵᠤ ᠬᠢᠨᠠᠨ ᠵᠦᠪᠰᠢᠶᠡᠷᠡᠬᠦ ᠲᠦᠷᠢᠮ ᠢ᠋ ᠴᠢᠩᠭ᠎ᠠ ᠨᠠᠢᠳᠠᠪᠤᠷᠢᠵᠢᠭᠤᠯᠵᠤ᠂ ᠰᠠᠭᠤᠷᠢ ᠲᠦᠬᠦᠭᠡᠷᠦᠮᠵᠢ᠂ ᠤᠯᠠᠨ ᠨᠡᠢᠳᠡ ᠵᠢᠨ ᠦᠢᠯᠡᠰ ᠪᠤᠯᠤᠨ ᠠᠷᠠᠳ ᠤ᠋ᠠ ᠠᠮᠢᠳᠤᠷᠠᠯ ᠤ᠋ᠨ ᠢᠨᠵᠸᠨ᠋ᠸᠷᠢᠩ ᠤ᠋ᠨ ᠪᠦᠲᠦᠭᠡᠨ ᠪᠠᠢᠭᠤᠯᠤᠯᠳᠠ ᠵᠢᠨ ᠲᠦᠷᠦᠯ ᠵᠦᠢᠯ ᠤ᠋ᠨ ᠬᠡᠷᠡᠭᠯᠡᠭᠡᠨ ᠤ᠋ ᠨᠤᠳᠤᠭ ᠪᠡᠯᠴᠢᠭᠡᠷ ᠢ᠋ ᠭᠤᠤᠯᠳᠠᠯᠭ᠎ᠠ ᠲᠠᠢ ᠪᠠᠳᠤᠯᠠᠵᠤ᠂ ᠭᠤᠤᠯ ᠴᠤᠬᠴᠠ ᠵᠢᠨ ᠴᠢᠳᠠᠮᠵᠢ ᠵᠢᠨ ᠪᠠᠢᠷᠢ ᠳᠤᠬᠳᠠᠭᠠᠯᠳᠠ ᠳ᠋ᠦ ᠨᠡᠢᠴᠡᠬᠦ ᠦᠭᠡᠢ ᠡᠯ᠎ᠡ ᠲᠦᠷᠦᠯ ᠤ᠋ᠨ ᠪᠦᠲᠦᠭᠡᠨ ᠪᠠᠢᠭᠤᠯᠤᠯᠳᠠ ᠵᠢᠨ ᠲᠦᠷᠦᠯ ᠵᠦᠢᠯ ᠪᠤᠯᠤᠨ ᠡᠨ᠋ᠸᠷᠬᠢ ᠵᠢᠨ ᠬᠤᠷᠤᠬᠳᠠᠭᠤᠯᠤᠯ ᠶᠡᠬᠡᠳᠡᠢ᠂ ᠪᠤᠬᠢᠷᠳᠤᠯ ᠶᠡᠬᠡ ᠭᠠᠳᠠᠬᠰᠢᠯᠠᠭᠤᠯᠬᠤ ᠲᠦᠷᠦᠯ ᠵᠦᠢᠯ ᠤ᠋ᠨ ᠨᠤᠳᠤᠭ ᠪᠡᠯᠴᠢᠭᠡᠷ ᠢ᠋ ᠡᠵᠡᠯᠡᠨ ᠬᠡᠷᠡᠭᠯᠡᠬᠦ ᠵᠢ ᠴᠢᠩᠭ᠎ᠠ ᠴᠠᠭᠠᠵᠠᠯᠠᠪᠠ᠃

ᠮᠠᠨ ᠤ᠋ ᠤᠷᠤᠨ ᠪᠦᠬᠦ ᠤᠯᠤᠰ ᠲᠦ᠍ ᠡᠩ ᠲᠡᠷᠢᠭᠦᠨ ᠳ᠋ᠦ ᠨᠤᠳᠤᠭ ᠪᠡᠯᠴᠢᠭᠡᠷ ᠤ᠋ᠨ ᠤᠢᠳᠤ ᠭᠠᠵᠠᠷ ᠢ᠋ ᠡᠪᠳᠡᠬᠦ ᠵᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠦᠷᠨᠢᠭᠦᠯᠵᠤ᠂ ᠨᠤᠳᠤᠭ ᠪᠡᠯᠴᠢᠭᠡᠷ ᠤ᠋ᠨ ᠬᠡᠷᠡᠭᠴᠡᠭᠡ ᠵᠢ ᠳᠤᠷ᠎ᠠ ᠪᠡᠷ ᠵᠢᠠᠨ ᠬᠤᠪᠢᠷᠠᠭᠤᠯᠤᠬᠰᠠᠨ᠂ ᠨᠤᠳᠤᠭ ᠪᠡᠯᠴᠢᠭᠡᠷ ᠢ᠋ ᠳᠠᠳᠠᠪᠤᠷᠢᠯᠠᠵᠤ ᠡᠵᠡᠯᠡᠨ ᠬᠡᠷᠡᠭᠯᠡᠬᠦ ᠵᠢ ᠬᠠᠤᠯᠢ ᠪᠤᠰᠤ ᠪᠡᠷ ᠵᠦᠪᠰᠢᠶᠡᠷᠡᠭᠰᠡᠨ ᠪᠠ ᠵᠦᠪᠰᠢᠶᠡᠷᠡᠯ ᠦᠭᠡᠢ ᠪᠡᠷ ᠨᠤᠳᠤᠭ ᠪᠡᠯᠴᠢᠭᠡᠷ ᠢ᠋ ᠳᠠᠳᠠᠪᠤᠷᠢᠯᠠᠵᠤ ᠡᠵᠡᠯᠡᠨ ᠬᠡᠷᠡᠭᠯᠡᠭᠰᠡᠨ ᠬᠠᠤᠯᠢ ᠡᠴᠡ ᠵᠦᠷᠢᠴᠡᠭᠰᠡᠨ ᠬᠡᠷᠡᠭ ᠢ᠋ ᠴᠢᠩᠭ᠎ᠠ ᠪᠠᠢᠴᠠᠭᠠᠨ ᠰᠢᠢᠳᠪᠦᠷᠢᠯᠡᠪᠡ᠃ ᠤᠳᠤᠬᠠᠨ ᠪᠤᠯᠳᠠᠯ᠎ᠠ᠂ ᠪᠦᠬᠦ ᠤᠷᠤᠨ ᠤ᠋ ᠡᠯ᠎ᠡ ᠭᠠᠵᠠᠷ ᠤ᠋ᠨ ᠵᠢᠬᠰᠠᠭᠠᠨ ᠪᠠᠢᠴᠠᠭᠠᠵᠤ ᠬᠠᠷᠭᠤᠭᠤᠯᠤᠨ ᠪᠠᠢᠴᠠᠭᠠᠭᠠᠳ ᠢᠯᠡᠷᠡᠭᠦᠯᠦᠭᠰᠡᠨ 31240 ᠠᠰᠠᠭᠤᠳᠠᠯ ᠢ᠋ ᠨᠢᠭᠡᠨᠳᠡ ᠪᠦᠲᠦᠮᠵᠢᠳᠡᠢ ᠴᠡᠭᠴᠡᠯᠡᠨ ᠵᠠᠰᠠᠪᠠ᠃

ᠡᠭᠦᠨ ᠡᠴᠡ ᠭᠠᠳᠠᠨ᠎ᠠ᠂ ᠮᠠᠨ ᠤ᠋ ᠤᠷᠤᠨ ᠪᠦᠬᠦ᠌ ᠤᠯᠤᠰ᠎ᠲᠤ ᠡᠩ ᠲᠡᠷᠢᠭᠦᠨ᠎ᠳᠦ ᠨᠤᠲᠤᠭ ᠪᠡᠯᠴᠢᠭᠡᠷ᠎ᠦᠨ ᠡᠵᠡᠩᠨᠡᠯᠲᠡ᠎ᠶ᠋ᠢᠨ ᠪᠠᠢᠭᠤᠯᠤᠮᠵᠢ᠎ᠵᠢᠨ ᠥᠭᠡᠷᠡᠴᠢᠯᠡᠯᠲᠡ᠎ᠶ᠋ᠢ ᠬᠠᠢᠨ ᠰᠦᠪᠡᠭ᠌ᠴᠢᠯᠡᠵᠦ᠍᠂ 《ᠮᠠᠯ ᠪᠡᠯᠴᠢᠭᠡᠷ᠎ᠦᠨ ᠬᠣᠣᠰ ᠳᠠᠭᠠᠭᠠᠴᠢᠯᠠᠯᠲᠠ》 ᠪᠠ ᠨᠤᠲᠤᠭ ᠪᠡᠯᠴᠢᠭᠡᠷ᠎ᠦᠨ 《ᠬᠣᠶᠠᠷ ᠡᠷᠬᠡ ᠨᠢᠭᠡ ᠳᠦᠷᠢᠮ》 ᠢ᠋ ᠪᠦᠲᠦᠭᠡᠯᠴᠢ᠎ᠪᠡᠷ ᠬᠡᠷᠡᠭ᠌ᠵᠢᠭᠦᠯᠵᠦ᠍᠂ ᠬᠥᠮᠦᠨ᠂ ᠮᠠᠯ᠂ ᠪᠡᠯᠴᠢᠭᠡᠷ᠂ ᠬᠠᠷᠢᠭᠤᠴᠠᠯᠭ᠎ᠠ᠂ ᠡᠷᠬᠡ᠂ ᠠᠱᠢᠭ᠎ᠢ ᠨᠢᠭᠡᠳᠦᠯᠲᠡᠢ ᠵᠣᠬᠢᠴᠠᠭᠤᠯᠤᠨ᠂ ᠨᠤᠲᠤᠭ ᠪᠡᠯᠴᠢᠭᠡᠷ᠎ᠦᠨ ᠡᠵᠡᠩᠨᠡᠯᠲᠡ᠎ᠶ᠋ᠢᠨ ᠠᠮᠢᠵᠢᠷᠠᠯ᠎ᠤᠨ ᠬᠦᠴᠦᠨ᠎ᠢ ᠪᠠᠳᠠᠷᠠᠭᠤᠯᠵᠤ᠂ ᠨᠤᠲᠤᠭ ᠪᠡᠯᠴᠢᠭᠡᠷ᠎ᠦᠨ ᠠᠮᠢ ᠠᠬᠤᠢ᠎ᠶ᠋ᠢ ᠦᠢᠯᠡᠳᠪᠦᠷᠢᠯᠡᠯ᠎ᠢ ᠬᠥᠭ᠌ᠵᠢᠭᠦᠯᠬᠦ᠌ ᠳᠤᠮᠳᠠ ᠪᠦᠲᠦᠮᠵᠢᠲᠡᠢ ᠬᠠᠮᠠᠭᠠᠯᠠᠪᠠ᠃ ᠨᠤᠲᠤᠭ ᠪᠡᠯᠴᠢᠭᠡᠷ᠎ᠦᠨ ᠥᠮᠴᠢᠯᠡᠬᠦ᠌ ᠡᠷᠬᠡ᠂ ᠬᠡᠷᠡᠭ᠌ᠯᠡᠬᠦ᠌ ᠡᠷᠬᠡ ᠪᠣᠯᠤᠨ ᠳᠠᠭᠠᠭᠠᠴᠢᠯᠠᠨ ᠡᠵᠡᠩᠨᠡᠬᠦ᠌ ᠡᠷᠬᠡ᠎ᠶ᠋ᠢ ᠤᠯᠠᠮ ᠵᠢᠡᠷ ᠨᠠᠢᠳᠠᠪᠤᠷᠢᠵᠢᠭᠤᠯᠤᠨ ᠲᠡᠭᠦᠯᠳᠡᠷᠵᠢᠭᠦᠯᠪᠠ᠃ ᠮᠦᠨ᠂ ᠨᠤᠲᠤᠭ ᠪᠡᠯᠴᠢᠭᠡᠷ᠎ᠦᠨ 《ᠭᠤᠷᠪᠠᠨ ᠡᠷᠬᠡ᠎ᠶ᠋ᠢ ᠰᠠᠯᠭᠠᠬᠤ》 ᠲᠤᠷᠱᠢᠯᠲᠠ᠎ᠶ᠋ᠢᠨ ᠴᠡᠭ᠎ᠦᠨ ᠠᠵᠢᠯ᠎ᠢ ᠢᠳᠡᠪᠬᠢᠲᠡᠶ ᠰᠦᠪᠡᠭ᠌ᠴᠢᠯᠡᠵᠦ᠍᠂ ᠨᠤᠲᠤᠭ ᠪᠡᠯᠴᠢᠭᠡᠷ᠎ᠦᠨ ᠡᠵᠡᠩᠨᠡᠯᠲᠡ᠎ᠶ᠋ᠢᠨ ᠡᠷᠬᠡ᠎ᠶ᠋ᠢ ᠬᠠᠤᠯᠢ ᠶᠣᠰᠣᠭᠠᠷ ᠡᠮᠬᠢ ᠵᠢᠷᠤᠮ᠎ᠲᠠᠶ ᠡᠷᠭᠢᠯᠳᠦᠭᠦᠯᠬᠦ᠌᠂ ᠬᠡᠪᠴᠢᠶᠡᠵᠢᠭ᠌ᠰᠡᠨ ᠡᠵᠡᠩᠨᠡᠯᠲᠡ᠎ᠶ᠋ᠢ ᠠᠬᠢᠭᠤᠯᠬᠤ᠎ᠳᠤ ᠲᠥᠷᠥ᠎ᠶ᠋ᠢᠨ ᠪᠣᠳᠣᠯᠭ᠎ᠠ᠎ᠶ᠋ᠢᠨ ᠰᠠᠭᠤᠷᠢ ᠲᠠᠯᠪᠢᠵᠤ ᠦᠭᠬᠦᠭᠰᠡᠨ ᠪᠠᠢᠨ᠎ᠠ᠃

ᠰᠢᠯᠢ ᠵᠢᠨ ᠭᠤᠤᠯ ᠤ᠋ᠨ ᠲᠠᠯ᠎ᠠ ᠨᠤᠳᠤᠭ ᠤ᠋ᠨ ᠤᠯᠤᠰ ᠤ᠋ᠨ ᠳᠡᠰ ᠤ᠋ᠨ ᠪᠠᠢᠭᠠᠯᠢ ᠵᠢᠨ ᠬᠠᠮᠠᠭᠠᠯᠠᠯᠳᠠ ᠵᠢᠨ ᠤᠷᠤᠨ ᠳ᠋ᠡᠬᠢ ᠦᠢᠯᠡᠳᠪᠦᠷᠢ ᠠᠭᠤᠷᠬᠠᠢ ᠵᠢᠨ ᠠᠵᠤ ᠠᠬᠤᠢᠯᠠᠯ ᠤ᠋ᠨ ᠡᠭᠦᠳᠡ ᠵᠢ ᠪᠦᠬᠦᠨ ᠢ᠋ ᠬᠠᠭᠠᠬᠤ ᠵᠢᠨ ᠬᠠᠮᠳᠤ᠂ 60% ᠡᠴᠡ ᠳᠡᠭᠡᠭᠰᠢᠬᠢ ᠤᠷᠤᠨ ᠪᠦᠰᠡ ᠵᠢ ᠠᠮᠢ ᠠᠬᠤᠢ ᠵᠢᠨ ᠬᠠᠮᠠᠭᠠᠯᠠᠯᠳᠠ ᠵᠢᠨ ᠤᠯᠠᠭᠠᠨ ᠱᠤᠭᠤᠮ ᠳ᠋ᠦ ᠤᠷᠤᠭᠤᠯᠵᠤ᠂ ᠨᠤᠳᠤᠭ ᠪᠡᠯᠴᠢᠭᠡᠷ ᠲᠦ᠍ ᠠᠭᠤᠷᠬᠠᠢ ᠨᠡᠭᠡᠭᠡᠨ ᠬᠦᠭᠵᠢᠬᠦᠯᠬᠦ ᠲᠦᠷᠦᠯ ᠵᠦᠢᠯ ᠢ᠋ ᠳᠠᠬᠢᠵᠤ ᠰᠢᠨ᠎ᠡ ᠪᠡᠷ ᠪᠠᠢᠭᠤᠯᠤᠬᠰᠠᠨ ᠦᠭᠡᠢ᠂ ᠨᠤᠳᠤᠭ ᠪᠡᠯᠴᠢᠭᠡᠷ ᠤ᠋ᠨ ᠭᠤᠤᠯ ᠤᠷᠤᠨ ᠳ᠋ᠦ ᠰᠠᠯᠬᠢᠨ ᠬᠦᠴᠦᠨ ᠤ᠋ ᠴᠠᠬᠢᠯᠭᠠᠨ᠂ ᠭᠡᠷᠡᠯᠴᠢ ᠴᠡᠨᠡᠭ ᠤ᠋ᠨ ᠲᠦᠷᠦᠯ ᠵᠦᠢᠯ ᠢ᠋ ᠳᠠᠬᠢᠵᠤ ᠲᠦᠯᠦᠪᠵᠢᠬᠦᠯᠦᠨ ᠪᠠᠢᠭᠤᠯᠤᠬᠰᠠᠨ ᠦᠭᠡᠢ᠃ ᠬᠦᠯᠦᠨ ᠪᠤᠢᠷ ᠤ᠋ᠨ ᠲᠠᠯ᠎ᠠ ᠨᠤᠳᠤᠭ ᠲᠦ᠍ ᠳᠤᠷ᠎ᠠ ᠪᠡᠷ ᠵᠢᠠᠨ ᠮᠠᠯᠳᠠᠬᠤ᠂ ᠠᠭᠤᠷᠬᠠᠢ ᠵᠢᠨ ᠭᠠᠷᠤᠯᠳᠠ ᠵᠢᠨ ᠡᠬᠢ ᠪᠠᠶᠠᠯᠢᠭ ᠢ᠋ ᠨᠡᠭᠡᠭᠡᠨ ᠠᠰᠢᠬᠯᠠᠬᠤ ᠵᠡᠷᠭᠡ ᠠᠵᠤ ᠦᠢᠯᠡᠳᠪᠦᠷᠢ ᠵᠢᠨ ᠲᠦᠷᠦᠯ ᠵᠦᠢᠯ ᠢ᠋ ᠰᠢᠨ᠎ᠡ ᠪᠡᠷ ᠪᠠᠢᠭᠤᠯᠬᠤ ᠵᠢ ᠴᠢᠩᠭ᠎ᠠ ᠴᠠᠭᠠᠵᠠᠯᠠᠵᠤ᠂ ᠪᠠᠢᠭᠤᠯᠵᠤ ᠡᠵᠡᠩᠨᠡᠬᠦ ᠵᠢ ᠨᠢᠭᠡᠨᠳᠡ ᠵᠦᠪᠰᠢᠶᠡᠷᠡᠭᠰᠡᠨ ᠠᠭᠤᠷᠬᠠᠢ᠂ ᠰᠠᠯᠬᠢᠨ ᠬᠦᠴᠦᠨ ᠤ᠋ ᠴᠠᠬᠢᠯᠭᠠᠨ᠂ ᠬᠡᠷᠡᠯᠴᠢ ᠴᠡᠨᠡᠭ ᠵᠡᠷᠭᠡ ᠲᠦᠷᠦᠯ ᠵᠦᠢᠯ ᠢ᠋ ᠬᠤᠭᠤᠴᠠᠭ᠎ᠠ ᠨᠢ ᠲᠤᠯᠪᠠᠯ ᠡᠭᠦᠳᠡ ᠪᠠᠨ ᠬᠠᠭᠠᠬᠤ ᠵᠢ ᠳᠤᠳᠤᠷᠬᠠᠢ ᠳᠤᠬᠳᠠᠭᠠᠪᠠ᠃

ᠬᠠᠮᠤᠭ᠎ᠤᠨ ᠤᠨᠤᠴᠠᠳᠠᠢ ᠱᠠᠩᠨᠠᠯ ᠨᠦᠬᠦᠪᠦᠷᠢ ᠵᠢᠨ ᠲᠦᠷᠦ ᠵᠢᠨ ᠪᠤᠳᠤᠯᠭ᠎ᠠ

ᠨᠤᠲᠤᠭ ᠪᠡᠯᠴᠢᠭᠡᠷ᠎ᠤᠨ ᠰᠡᠷᠭᠦᠯᠳᠡ ᠵᠢᠨ ᠬᠦᠳᠡᠯᠭᠡᠭᠴᠢ ᠬᠦᠴᠦᠨ

2011 ᠤᠨ᠎ᠳᠦ᠂ ᠤᠯᠤᠰ ᠡᠴᠡ ᠦᠪᠦᠷ ᠮᠤᠨᠭᠭᠤᠯ ᠵᠡᠷᠭᠡ 8 ᠭᠤᠤᠯ ᠪᠤᠯᠬᠤ ᠨᠤᠲᠤᠭ ᠪᠡᠯᠴᠢᠭᠡᠷ᠎ᠤᠨ ᠮᠠᠯᠵᠢᠬᠤ ᠤᠷᠤᠨ᠎ᠳᠦ ᠨᠤᠲᠤᠭ ᠪᠡᠯᠴᠢᠭᠡᠷ᠎ᠤᠨ ᠠᠮᠢ ᠠᠬᠤᠢ ᠵᠢ ᠬᠠᠮᠠᠭᠠᠯᠠᠬᠤ ᠨᠦᠬᠦᠪᠦᠷᠢ ᠪᠠ ᠱᠠᠨᠭᠨᠠᠯ᠎ᠤᠨ ᠲᠦᠷᠦ ᠵᠢᠨ ᠪᠤᠳᠤᠯᠭ᠎ᠠ ᠵᠢ ᠡᠬᠢᠯᠡᠨ ᠬᠡᠷᠡᠭᠵᠢᠭᠦᠯᠵᠦ᠂ 5 ᠵᠢᠯ᠎ᠤᠨ ᠬᠤᠭᠤᠴᠠᠭ᠎ᠠ ᠪᠡᠷ ᠦᠶᠡᠯᠡᠯ ᠪᠤᠯᠭᠠᠨ ᠨᠢᠭᠡᠨᠲᠡ ᠬᠤᠶᠠᠷ ᠡᠭᠡᠯᠵᠢ ᠵᠢᠨ ᠨᠤᠲᠤᠭ ᠪᠡᠯᠴᠢᠭᠡᠷ᠎ᠤᠨ ᠠᠮᠢ ᠠᠬᠤᠢ ᠵᠢ ᠬᠠᠮᠠᠭᠠᠯᠠᠬᠤ ᠲᠦᠷᠦ ᠵᠢᠨ ᠪᠤᠳᠤᠯᠭ᠎ᠠ ᠵᠢ ᠬᠡᠷᠡᠭᠵᠢᠭᠦᠯᠵᠦ᠂ 10 ᠵᠢᠯ ᠎ᠤᠨ ᠲᠤᠷᠰᠢ᠂ ᠦᠪᠦᠷ ᠮᠤᠨᠭᠭᠤᠯ ᠎ᠤᠨ 10.2᠎ᠳ᠋ᠦᠨᠭᠰᠢᠭᠤᠷ ᠮᠦ᠍ ᠨᠤᠲᠤᠭ ᠪᠡᠯᠴᠢᠭᠡᠷ 《ᠴᠠᠯᠢᠩ ᠲᠠᠢ ᠠᠮᠠᠷᠠᠯᠳᠠ》 ᠬᠦᠷᠳᠡᠪᠡ᠃ 2021 ᠤᠨ ᠡᠴᠡ ᠡᠬᠢᠯᠡᠨ᠂ ᠤᠯᠤᠰ ᠡᠴᠡ ᠭᠤᠷᠪᠠᠳᠡᠬᠢ ᠡᠭᠡᠯᠵᠢ ᠵᠢᠨ ᠨᠤᠲᠤᠭ ᠪᠡᠯᠴᠢᠭᠡᠷ ᠎ᠤᠨ ᠠᠮᠢ ᠠᠬᠤᠢ ᠵᠢ ᠬᠠᠮᠠᠭᠠᠯᠠᠬᠤ ᠨᠦᠬᠦᠪᠦᠷᠢ ᠪᠠ ᠱᠠᠨᠭᠨᠠᠯ᠎ᠤᠨ ᠲᠦᠷᠦ ᠵᠢᠨ ᠪᠤᠳᠤᠯᠭ᠎ᠠ ᠵᠢ ᠦᠷᠭᠦᠯᠵᠢᠯᠡᠨ ᠬᠡᠷᠡᠭᠵᠢᠭᠦᠯᠵᠦ᠂ ᠦᠪᠦᠷ ᠮᠤᠨᠭᠭᠤᠯ᠎ᠤᠨ 3.8 ᠳ᠋ᠦᠨᠭᠰᠢᠭᠤᠷ ᠮᠦ᠍ ᠨᠤᠲᠤᠭ ᠪᠡᠯᠴᠢᠭᠡᠷ ᠲᠦ᠍ ᠪᠡᠯᠴᠢᠭᠡᠷᠯᠡᠭᠦᠯᠬᠦ ᠵᠢ ᠴᠠᠭᠠᠵᠠᠯᠠᠬᠤ ᠲᠦᠷᠢᠮ᠎ᠢ ᠨᠠᠢᠳᠠᠪᠤᠷᠢᠵᠢᠭᠤᠯᠤᠨ᠂ 5.9 ᠳ᠋ᠦᠨᠭᠰᠢᠭᠤᠷ ᠮᠦ᠍ ᠨᠤᠲᠤᠭ ᠪᠡᠯᠴᠢᠭᠡᠷ ᠲᠦ᠍ ᠮᠠᠯ ᠪᠡᠯᠴᠢᠭᠡᠷ᠎ᠢ ᠲᠡᠨᠭᠴᠡᠭᠦᠷᠢᠳᠡᠢ ᠪᠠᠢᠯᠭᠠᠬᠤ ᠲᠦᠷᠢᠮ᠎ᠢ ᠨᠠᠢᠳᠠᠪᠤᠷᠢᠵᠢᠭᠤᠯᠪᠠ᠃

ᠪᠡᠯᠴᠢᠭᠡᠷᠯᠡᠬᠦᠯᠬᠦ ᠵᠢ ᠴᠠᠭᠠᠵᠠᠯᠠᠬᠤ᠂ ᠪᠡᠯᠴᠢᠭᠡᠷ ᠢ᠋ ᠠᠮᠠᠷᠠᠭᠤᠯᠬᠤ᠂ ᠰᠡᠯᠭᠦᠨ ᠮᠠᠯᠵᠢᠬᠤ ᠪᠤᠯ ᠮᠠᠯᠴᠢᠳ ᠤ᠋ᠨ ᠬᠦᠮᠦᠨ ᠬᠢᠭᠡᠳ ᠪᠠᠢᠭᠠᠯᠢ ᠵᠢᠨ ᠡᠶ᠎ᠡ ᠵᠤᠬᠢᠴᠠᠯ ᠲᠠᠢ ᠪᠡᠷ ᠬᠠᠮᠳᠤ ᠤᠷᠤᠰᠢᠬᠤ ᠵᠢ ᠵᠢᠷᠤᠮᠯᠠᠵᠤ᠂ ᠨᠤᠳᠤᠭ ᠪᠡᠯᠴᠢᠭᠡᠷ ᠢ᠋ ᠠᠮᠠᠷᠠᠭᠤᠯᠵᠤ ᠰᠡᠷᠭᠦᠭᠡᠬᠦ ᠠᠷᠭ᠎ᠠ ᠪᠤᠯᠬᠤ ᠶᠤᠮ᠃ ᠤᠯᠤᠰ᠎ᠤᠨ ᠳᠡᠮᠵᠢᠯᠭᠡ ᠳᠣᠣᠷ᠎ᠠ᠂ ᠮᠠᠨ ᠤ᠋ ᠤᠷᠤᠨ ᠨᠤᠲᠤᠭ ᠪᠡᠯᠴᠢᠭᠡᠷ᠎ᠦᠨ ᠠᠮᠢ ᠠᠬᠤᠶ᠎ᠶ᠋ᠢ ᠬᠠᠮᠠᠭᠠᠯᠠᠬᠤ ᠨᠦᠬᠦᠪᠦᠷᠢ ᠪᠠ ᠱᠠᠩᠨᠠᠯ ᠤ᠋ᠨ ᠲᠥᠷᠥ᠎ᠶ᠋ᠢᠨ ᠪᠣᠳᠣᠯᠭ᠎ᠠ᠎ᠶ᠋ᠢ ᠦᠷᠭᠦᠯᠵᠢᠯᠡᠨ ᠬᠡᠷᠡᠭ᠌ᠵᠢᠭᠦᠯᠵᠦ᠍᠂ ᠬᠦᠨᠳᠦ ᠨᠣᠴᠢᠲᠠᠶ ᠡᠯᠡᠰᠦᠷᠬᠡᠭᠵᠢᠵᠤ ᠮᠠᠭᠤᠳᠠᠬᠰᠠᠨ᠂ ᠪᠡᠯᠴᠢᠭᠡᠷᠯᠡᠭᠦᠯᠦᠨ ᠠᠰᠢᠬᠯᠠᠬᠤ᠎ᠳᠦ ᠲᠣᠬᠢᠷᠠᠬᠤ ᠦᠭᠡᠶ ᠨᠤᠲᠤᠭ ᠪᠡᠯᠴᠢᠭᠡᠷ᠎ᠢ ᠪᠡᠯᠴᠢᠭᠡᠷᠯᠡᠭᠦᠯᠬᠦ᠌ ᠶ᠋ᠢ ᠴᠠᠭᠠᠵᠠᠯᠠᠬᠤ ᠣᠷᠣᠨ ᠪᠤᠯᠭᠠᠨ ᠬᠤᠪᠢᠶᠠᠨ ᠳᠤᠬᠳᠠᠭᠠᠵᠤ᠂ ᠪᠡᠯᠴᠢᠭᠡᠷᠯᠡᠭᠦᠯᠬᠦ᠌᠎ᠶ᠋ᠢ ᠴᠠᠭᠠᠵᠠᠯᠠᠬᠤ ᠣᠷᠣᠨ᠎ᠠᠴᠠ ᠭᠠᠳᠠᠨᠠᠬᠢ ᠨᠤᠲᠤᠭ ᠪᠡᠯᠴᠢᠭᠡᠷ᠎ᠲᠦ ᠮᠠᠯ ᠪᠡᠯᠴᠢᠭᠡᠷ᠎ᠢ ᠲᠡᠩᠴᠡᠭᠦᠷᠢ᠎ᠲᠡᠶ ᠪᠠᠢᠯᠭᠠᠬᠤ ᠪᠠ ᠰᠡᠯᠭᠦᠨ ᠮᠠᠯᠵᠢᠬᠤ ᠳᠦᠷᠢᠮ᠎ᠢ ᠨᠠᠢᠳᠠᠪᠤᠷᠢᠵᠢᠭᠤᠯᠤᠨ᠂ ᠪᠡᠯᠴᠢᠭᠡᠷ᠎ᠦᠨ ᠪᠠᠭ᠍ᠲᠠᠭᠠᠮᠵᠢ᠎ᠶ᠋ᠢ ᠱᠢᠨᠵᠢᠯᠡᠬᠦ᠌ ᠤᠬᠠᠭᠠᠨᠴᠢ᠎ᠪᠠᠷ ᠬᠢᠨᠠᠨ ᠲᠣᠭ᠍ᠲᠠᠭᠠᠵᠤ᠂ ᠪᠠᠢᠭᠠᠯᠢ᠎ᠶ᠋ᠢᠨ ᠨᠤᠲᠤᠭ ᠪᠡᠯᠴᠢᠭᠡᠷ᠎ᠦᠨ ᠳᠠᠷᠤᠭᠠᠰᠤ᠎ᠶ᠋ᠢ ᠬᠥᠩᠭᠡᠷᠡᠭᠦᠯᠬᠦ᠌᠎ᠶ᠋ᠢᠨ ᠬᠠᠮᠲᠤ ᠮᠠᠯᠴᠢᠳ᠎ᠲᠤ ᠪᠡᠯᠴᠢᠭᠡᠷᠯᠡᠭᠦᠯᠬᠦ᠌᠎ᠶ᠋ᠢ ᠴᠠᠭᠠᠵᠠᠯᠠᠬᠤ ᠨᠥᠬᠥᠪᠥᠷᠢ ᠪᠣᠯᠤᠨ ᠮᠠᠯ ᠪᠡᠯᠴᠢᠭᠡᠷ᠎ᠢ ᠲᠡᠩᠴᠡᠭᠦᠷᠢ᠎ᠲᠡᠶ ᠪᠠᠢᠯᠭᠠᠬᠤ ᠱᠠᠩᠨᠠᠯ ᠣᠯᠭᠣᠵᠠᠢ᠃

ᠣᠢᠷ᠎ᠠ᠎ᠶ᠋ᠢᠨ ᠵᠢᠯ ᠳ᠋ᠦ᠂ ᠪᠦᠬᠦ᠌ ᠣᠷᠣᠨ ᠳ᠋ᠦ ᠵᠢᠯ ᠪᠦᠷᠢ 4.04 ᠳ᠋ᠦᠩᠱᠢᠭᠤᠷ ᠮᠦ᠍ ᠨᠤᠲᠤᠭ ᠪᠡᠯᠴᠢᠭᠡᠷ ᠢ᠋ ᠪᠡᠯᠴᠢᠭᠡᠷᠯᠡᠭᠦᠯᠬᠦ᠌᠎ᠶ᠋ᠢ ᠴᠠᠭᠠᠵᠠᠯᠠᠬᠤ᠎ᠪᠠᠷ ᠳᠠᠮᠵᠢᠨ ᠰᠡᠷᠭᠦᠭᠡᠵᠤ᠂ 6.16 ᠳ᠋ᠦᠩᠱᠢᠭᠤᠷ ᠮᠦ᠍ ᠨᠤᠲᠤᠭ ᠪᠡᠯᠴᠢᠭᠡᠷ ᠢ᠋ ᠮᠠᠯ ᠪᠡᠯᠴᠢᠭᠡᠷ᠎ᠢ ᠲᠡᠩᠴᠡᠭᠦᠷᠢ᠎ᠲᠡᠶ ᠪᠠᠢᠯᠭᠠᠬᠤ᠎ᠪᠠᠷ ᠳᠠᠮᠵᠢᠨ ᠵᠦᠢ ᠵᠣᠬᠢᠰᠲᠠᠶ ᠠᠱᠢᠭ᠍ᠯᠠᠵᠤ᠂ 140 ᠲᠦᠮᠡ ᠭᠠᠷᠤᠢ ᠡᠷᠦᠬᠡ ᠮᠠᠯᠴᠢᠨ ᠲᠠᠷᠢᠶᠠᠴᠢᠨ ᠳ᠋ᠦ ᠠᠱᠢᠭ ᠬᠦᠷᠳᠡᠭᠡᠵᠡᠢ᠃

ᠡᠨᠡ ᠵᠢᠯ ᠎ᠤᠨ 4 ᠰᠠᠷ᠎ᠠ᠎ᠳᠤ᠂ ᠱᠢᠯᠢᠨᠭᠬᠣᠲᠠ᠎ᠶ᠋ᠢᠨ 8 ᠰᠤᠮᠤ ᠪᠠᠯᠭᠠᠰᠤᠨ᠎ᠤ ᠬᠠᠳᠤᠯᠠᠩ ᠪᠡᠯᠴᠢᠭᠡᠷ᠎ᠦᠨ ᠮᠠᠯ᠎ᠪᠡᠯᠴᠢᠭᠡᠷ᠎ᠢ ᠲᠡᠩᠴᠡᠭᠦᠷᠢ᠎ᠲᠡᠶ ᠪᠠᠢᠯᠭᠠᠬᠤ ᠣᠷᠣᠨ᠎ᠤ 1879.6 ᠲᠦᠮᠡᠨ ᠮᠥ᠍ ᠪᠡᠯᠴᠢᠭᠡᠷ 45 ᠡᠳᠦᠷ᠎ᠦᠨ ᠬᠤᠭᠤᠴᠠᠭ᠎ᠠ ᠲᠠᠶ ᠬᠠᠪᠤᠷ᠎ᠤᠨ ᠤᠯᠠᠷᠢᠯ᠎ᠤᠨ ᠪᠡᠯᠴᠢᠭᠡᠷ᠎ᠢ ᠠᠮᠠᠷᠠᠭᠤᠯᠬᠤ ᠬᠤᠭᠤᠴᠠᠭᠠᠨ᠎ᠳᠤ ᠤᠷᠤᠭ᠍ᠰᠠᠨ ᠪᠥᠭᠡᠳ ᠪᠡᠯᠴᠢᠭᠡᠷ᠎ᠢ ᠠᠮᠠᠷᠠᠭᠤᠯᠬᠤ᠌᠎ᠶ᠋ᠢ ᠬᠡᠷᠡᠭ᠌ᠵᠢᠭᠦᠯᠵᠦ᠍ ᠪᠠᠢᠭ᠎ᠠ ᠮᠠᠯᠵᠢᠬᠤ ᠡᠷᠦᠬᠡ᠎ᠳᠦ ᠪᠡᠯᠴᠢᠭᠡᠷ᠎ᠢ ᠠᠮᠠᠷᠠᠭᠤᠯᠤᠭᠰᠠᠨ ᠲᠠᠯᠠᠪᠠᠶ᠎ᠪᠠᠷ ᠮᠥ᠍ ᠪᠦᠷᠢ᠎ᠳᠦ 1.125 ᠲᠥᠭᠥᠷᠢᠭ᠎ᠦᠨ ᠪᠡᠯᠴᠢᠭᠡᠷ᠎ᠢ ᠠᠮᠠᠷᠠᠭᠤᠯᠬᠤ᠌ ᠨᠥᠬᠥᠪᠥᠷᠢ ᠥᠭ᠌ᠴᠦ᠂ ᠰᠢᠯᠢ ᠵᠢᠨ ᠭᠤᠤᠯ᠎ᠤᠨ ᠲᠠᠯ᠎ᠠ ᠨᠤᠲᠤᠭ ᠵᠢᠩᠬᠢᠨᠢ᠎ᠪᠡᠷ 《ᠴᠠᠯᠢᠩ᠎ᠲᠠᠶ ᠠᠮᠠᠷᠠᠯᠲᠠ》 ᠪᠠᠨ ᠤᠬᠳᠤᠨ ᠠᠪᠤᠯ᠎ᠠ᠃

4  ᠰᠠᠷ᠎ᠠ᠎ᠶ᠋ᠢᠨ 10 ᠎ᠡᠴᠡ 5 ᠰᠠᠷ᠎ᠠ᠎ᠶ᠋ᠢᠨ 25  ᠪᠣᠯᠲᠠᠯ᠎ᠠ᠂ 10 ᠬᠣᠱᠢᠭᠤ ᠬᠣᠲᠠ ᠲᠣᠭᠣᠷᠢᠭ᠎ᠲᠤ ᠬᠣᠯᠪᠣᠭ᠍ᠳᠠᠬᠤ ᠬᠥᠯᠥᠨ ᠪᠣᠢᠷ ᠬᠣᠲᠠ᠎ᠶ᠋ᠢᠨ ᠮᠠᠯ ᠪᠡᠯᠴᠢᠭᠡᠷ᠎ᠢ ᠲᠡᠩᠴᠡᠭᠦᠷᠢ᠎ᠲᠡᠶ ᠪᠠᠢᠯᠭᠠᠬᠤ ᠣᠷᠣᠨ ᠪᠥᠬᠥ᠌ ᠲᠠᠯ᠎ᠠ᠎ᠪᠠᠷ 45 ᠡᠳᠦᠷ᠎ᠦᠨ ᠬᠤᠭᠤᠴᠠᠭ᠎ᠠ᠎ᠲᠠᠶ ᠪᠡᠯᠴᠢᠭᠡᠷ᠎ᠢ ᠠᠮᠠᠷᠠᠭᠤᠯᠬᠤ᠌ ᠬᠤᠭᠤᠴᠠᠭᠠᠨ᠎ᠳᠤ ᠣᠷᠣᠪᠠ᠃ ᠣᠳᠣᠬᠠᠨ᠎ᠳᠤ᠂ ᠬᠥᠯᠥᠨ ᠪᠣᠢᠷ ᠬᠣᠲᠠ᠎ᠶ᠋ᠢᠨ ᠬᠠᠪᠤᠷ᠎ᠤᠨ ᠤᠯᠠᠷᠢᠯ᠎ᠤᠨ ᠪᠡᠯᠴᠢᠭᠡᠷ᠎ᠢ ᠠᠮᠠᠷᠠᠭᠤᠯᠬᠤ᠌ ᠠᠵᠢᠯ ᠶᠠᠭ ᠡᠮᠬᠢ ᠵᠢᠷᠤᠮ᠎ᠲᠠᠶ ᠶᠠᠪᠤᠭ᠍ᠳᠠᠵᠤ᠂ ᠲᠣᠭ᠍ᠲᠠᠭᠠᠯ᠎ᠠᠴᠠ ᠵᠥᠷᠢᠴᠡᠨ ᠪᠡᠯᠴᠢᠭᠡᠷᠯᠡᠭᠦᠯᠦᠭ᠌ᠰᠡᠨ ᠠᠵᠢᠯᠯᠠᠭ᠎ᠠ ᠭᠠᠷᠤᠭᠰᠠᠨ ᠥᠬᠡᠶ᠃

ᠬᠠᠮᠤᠭ᠎ᠤᠨ ᠢᠵᠢ ᠪᠦᠷᠢᠨ ᠢᠨᠵᠸᠨ᠋ᠸᠷᠢᠩ

ᠨᠤᠲᠤᠭ ᠪᠡᠯᠴᠢᠭᠡᠷ᠎ᠤᠨ ᠪᠦᠲᠦᠭᠡᠨ ᠪᠠᠢᠭᠤᠯᠤᠯᠳᠠ ᠵᠢᠨ ᠪᠠᠳᠤ ᠲᠤᠯᠭᠠᠭᠤᠷᠢᠯᠠᠯ

ᠦᠪᠤᠷ ᠮᠤᠨᠭᠭᠤᠯ᠎ᠢ ᠮᠠᠨ᠎ᠤ ᠤᠯᠤᠰ᠎ᠤᠨ ᠤᠮᠠᠷᠠᠳᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠱᠢᠨ᠎ᠤ ᠬᠠᠯᠬᠠᠪᠴᠢ᠂ ᠡᠬᠡ ᠤᠯᠤᠰ᠎ᠤᠨ ᠤᠮᠠᠷᠠᠳᠤ ᠬᠢᠯᠢ ᠵᠢᠨ ᠠᠮᠤᠷ ᠲᠦᠪᠱᠢᠨ ᠲᠤᠭ᠍ᠳᠠᠭᠤᠨ᠎ᠤ ᠬᠠᠯᠬᠠᠪᠴᠢ ᠪᠤᠯᠭᠠᠨ ᠪᠦᠳᠦᠬᠡᠨ ᠪᠠᠢᠭᠤᠯᠬᠤ ᠪᠤᠯ 《ᠲᠠᠪᠤᠨ ᠶᠡᠬᠡ ᠡᠭᠦᠷᠭᠡ》 ᠵᠢᠨ ᠲᠡᠷᠢᠭᠦᠨ ᠴᠢᠬᠤᠯᠠ ᠡᠭᠦᠷᠭᠡ ᠪᠤᠯᠤᠨ᠎ᠠ᠃

ᠤᠢᠷ᠎ᠠ ᠵᠢᠨ ᠵᠢᠯ᠎ᠳᠦ᠂ ᠮᠠᠨ᠎ᠤ ᠤᠷᠤᠨ ᠡᠬᠡ ᠤᠯᠤᠰ᠎ᠤᠨ ᠤᠮᠠᠷᠠᠳᠤ ᠵᠢᠨ ᠨᠤᠮᠢᠨ ᠨᠤᠭᠤᠭᠠᠨ ᠤᠷᠳᠤ ᠴᠠᠭᠠᠨ ᠬᠡᠷᠡᠮ᠎ᠢ ᠴᠤᠴᠠᠯᠠᠬᠤ ᠪᠠᠢᠯᠳᠤᠬᠤ ᠪᠤᠳᠤᠯᠭ᠎ᠠ ᠵᠢᠨ ᠪᠠᠢᠷᠢ ᠲᠤᠭᠳᠠᠭᠠᠯᠲᠠ ᠵᠢ ᠪᠠᠳᠤ ᠴᠡᠭᠡᠵᠢᠯᠡᠨ ᠴᠢᠷᠮᠠᠢᠨ ᠠᠵᠢᠯᠯᠠᠵᠤ᠂ ᠠᠮᠢ ᠠᠬᠤᠢ ᠵᠢᠨ ᠪᠦᠳᠦᠭᠡᠨ ᠪᠠᠢᠭᠤᠯᠤᠯᠲᠠ ᠵᠢᠨ ᠬᠢᠯᠠᠯᠵᠠᠭᠰᠠᠨ ᠬᠠᠭᠤᠳᠠᠰᠤ ᠵᠢ ᠲᠤᠰᠢᠶᠠᠪᠠ᠃

2022 ᠤᠨ᠎ᠳᠦ᠂ ᠦᠪᠡᠷᠳᠡᠭᠡᠨ ᠵᠠᠰᠠᠬᠤ ᠤᠷᠤᠨ 《ᠨᠢᠭᠡ ᠱᠤᠭᠤᠮ ᠨᠢᠭᠡ ᠤᠷᠤᠨ ᠬᠤᠶᠠᠷ ᠪᠦᠰᠡ》 ᠵᠢᠨ ᠶᠡᠷᠦᠨᠭᠬᠡᠢ ᠪᠠᠢᠷᠢᠰᠢᠭᠤᠯᠤᠯᠲᠠ᠎ᠳᠦ ᠠᠨᠭᠬᠠᠷᠤᠯ ᠵᠢᠡᠨ ᠲᠦᠪᠯᠡᠷᠡᠭᠦᠯᠦᠨ᠂ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠤ ᠨᠤᠲᠤᠭ ᠪᠡᠯᠴᠢᠭᠡᠷ ᠡᠯᠡᠰᠦ ᠮᠠᠨᠭᠬ᠎ᠠ ᠵᠢ ᠰᠢᠰᠲ᠋ᠧᠮ ᠲᠠᠢ ᠵᠠᠰᠠᠬᠤ ᠵᠢ ᠨᠢᠭᠡᠳᠦᠯᠳᠡᠢ ᠲᠦᠯᠦᠪᠵᠢᠭᠦᠯᠵᠦ᠂ ᠤᠯᠤᠰ ᠡᠴᠡ ᠮᠠᠨ᠎ᠤ ᠤᠷᠤᠨ᠎ᠳᠦ ᠪᠠᠭᠤᠯᠭᠠᠭᠰᠠᠨ 304.39 ᠲᠦᠮᠡᠨ ᠮᠦ᠍ ᠭᠠᠵᠠᠷ᠎ᠢ ᠤᠢᠵᠢᠭᠤᠯᠵᠤ᠂ 1300 ᠲᠦᠮᠡᠨ ᠮᠦ᠍ ᠡᠪᠡᠰᠦ ᠲᠠᠷᠢᠬᠤ᠂ 557.68 ᠲᠦᠮᠡᠨ ᠮᠦ᠍ ᠵᠢᠨ ᠡᠯᠡᠰᠦᠷᠬᠡᠭᠵᠢᠯ᠎ᠢ ᠰᠡᠷᠬᠡᠢᠯᠡᠨ ᠡᠯᠡᠰᠦ ᠵᠢ ᠵᠠᠰᠠᠬᠤ ᠨᠤᠭᠤᠭᠠᠷᠠᠭᠤᠯᠤᠯᠲᠠ ᠵᠢᠨ ᠡᠭᠦᠷᠭᠡ ᠵᠢ ᠴᠦᠮ ᠨᠡᠯᠢᠶᠡᠳ ᠶᠡᠬᠡ ᠬᠠᠷᠢᠴᠠᠯ ᠵᠢᠡᠷ ᠲᠠᠪᠠᠭᠤᠯᠤᠨ ᠪᠡᠶᠡᠯᠡᠭᠦᠯᠵᠦ᠂ ᠡᠪᠡᠰᠦ ᠲᠠᠷᠢᠭᠰᠠᠨ ᠪᠠ ᠡᠯᠡᠰᠦᠷᠬᠡᠭᠵᠢᠯ᠎ᠢ ᠰᠡᠷᠬᠡᠢᠯᠡᠨ ᠡᠯᠡᠰᠦ ᠵᠢ ᠵᠠᠰᠠᠭᠰᠠᠨ ᠬᠢᠷᠢ ᠪᠦᠳᠦᠮᠵᠢ ᠪᠡᠷ ᠪᠦᠬᠦ ᠤᠯᠤᠰ ᠲᠦ᠍ ᠲᠦᠷᠦᠭᠦᠯᠡᠪᠡ᠃

2022 ᠤᠨ ᠤ᠋ 6 ᠰᠠᠷ᠎ᠠ ᠳ᠋ᠦ᠂ ᠢ ᠬᠦᠩ ᠵᠢᠦᠢ ᠪᠦᠯᠦᠭᠯᠡᠯ ᠨᠢ ᠬᠤᠷᠴᠢᠨ ᠤ᠋ ᠲᠠᠯ᠎ᠠ ᠨᠤᠳᠤᠭ ᠤ᠋ᠨ ᠠᠭᠤᠯᠠ ᠤᠰᠤ ᠤᠢ ᠮᠤᠳᠤ ᠭᠠᠵᠠᠷ ᠰᠢᠷᠤᠢ ᠨᠠᠭᠤᠷ ᠪᠦᠷᠢᠳᠦ ᠡᠪᠡᠰᠦ ᠪᠡᠯᠴᠢᠭᠡᠷ ᠡᠯᠡᠰᠦ ᠮᠠᠩᠬ᠎ᠠ ᠵᠢᠨ ᠬᠠᠮᠠᠭᠠᠯᠠᠯᠳᠠ ᠪᠤᠯᠤᠨ ᠰᠡᠷᠭᠦᠭᠡᠯᠳᠡ ᠵᠢᠨ ᠢᠨᠵᠸᠨ᠋ᠸᠷᠢᠩ ᠤ᠋ᠨ ᠲᠦᠷᠦᠯ ᠵᠦᠢᠯ ᠢ᠋ ᠳᠠᠭᠠᠭᠠᠴᠢᠯᠠᠨ ᠠᠪᠤᠬᠰᠠᠨ ᠶᠤᠮ᠃ ᠤᠳᠤᠬᠠᠨ ᠪᠤᠯᠳᠠᠯ᠎ᠠ᠂ ᠲᠤᠰ ᠪᠦᠯᠦᠭᠯᠡᠯ ᠲᠠᠷᠢᠮᠠᠯ ᠤ᠋ᠨ ᠡᠭᠦᠷᠭᠡ ᠪᠡᠨ ᠨᠡᠢᠳᠡ 24327 ᠮᠦ᠍ ᠳᠠᠭᠤᠰᠬᠠᠵᠤ᠂ ᠡᠭᠦᠨ ᠤ᠋ ᠳᠤᠮᠳᠠ 17722.2 ᠮᠦ᠍ ᠵᠢ ᠲᠠᠷᠢᠵᠤ ᠨᠤᠭᠤᠭᠠᠷᠠᠭᠤᠯᠵᠤ᠂ 6605 ᠮᠦ᠍ ᠪᠡᠯᠴᠢᠭᠡᠷ ᠤ᠋ᠨ ᠬᠤᠤᠷᠳᠤ ᠡᠪᠡᠰᠦ ᠵᠢ ᠠᠷᠢᠯᠭᠠᠵᠠᠢ᠃

ᠵᠦᠪᠭᠡᠨ ᠬᠤᠷᠴᠢᠨ ᠤ᠋ ᠲᠠᠯ᠎ᠠ ᠨᠤᠳᠤᠭ ᠵᠢᠡᠷ ᠵᠤᠬᠰᠤᠬᠤ ᠦᠭᠡᠢ᠂ ᠮᠠᠨ ᠤ᠋ ᠤᠷᠤᠨ ᠡᠢᠮᠦᠷᠬᠦᠦ ᠠᠮᠢ ᠠᠬᠤᠢ ᠵᠢᠨ 《ᠰᠢᠷᠬ᠎ᠠ ᠰᠤᠷᠪᠢ》 ᠵᠢ ᠳᠠᠰᠤᠷᠠᠯᠳᠠ ᠦᠭᠡᠢ ᠵᠠᠰᠠᠨ ᠰᠡᠷᠭᠦᠭᠡᠵᠤ ᠪᠠᠢᠨ᠎ᠠ᠃ 《ᠠᠷᠪᠠᠨ ᠭᠤᠷᠪᠠᠳᠤᠭᠠᠷ ᠳᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠪᠥᠬᠥ᠌ ᠣᠷᠣᠨ ᠳ᠋ᠦ ᠵᠢᠯ ᠳᠤᠮᠳᠠᠴᠢ ᠪᠡᠷ ᠬᠥᠮᠦᠨ᠎ᠦ ᠬᠦᠴᠦ᠍᠎ᠪᠡᠷ 2900 ᠲᠦᠮᠡᠨ ᠮᠥ᠍ ᠡᠪᠡᠰᠦ ᠳᠠᠷᠢᠵᠤ᠂ ᠪᠥᠲᠥᠭᠡᠨ ᠪᠠᠢᠭᠤᠯᠤᠯᠲᠠ᠎ᠶ᠋ᠢᠨ ᠬᠡᠪᠴᠢᠶ᠎ᠡ ᠪᠥᠬᠥ᠌ ᠤᠯᠤᠰ᠎ᠤᠨ ᠲᠡᠷᠢᠭᠦᠨ᠎ᠳᠦ ᠣᠷᠣᠪᠠ᠃ ᠪᠦᠬᠦ᠌ ᠣᠷᠣᠨ ᠳ᠋ᠦ ᠵᠢᠯ ᠳᠤᠮᠳᠠᠴᠢ᠎ᠪᠠᠷ 180 ᠲᠦᠮᠡᠨ ᠮᠦ᠍ ᠪᠡᠯᠴᠢᠭᠡᠷ᠎ᠢ ᠰᠠᠢᠵᠢᠷᠠᠭᠤᠯᠵᠤ᠂ ᠪᠦᠲᠦᠭᠡᠨ ᠪᠠᠢᠭᠤᠯᠬᠤ ᠬᠡᠪᠴᠢᠶ᠎ᠡ᠎ᠶ᠋ᠢ ᠲᠠᠰᠤᠷᠠᠯᠲᠠ ᠤᠢ᠍ᠭᠡᠢ ᠥᠷᠭᠡᠳᠭᠡᠨ᠂ ᠶᠠᠰᠤ ᠴᠢᠨᠠᠷ᠎ᠢ ᠨᠢ ᠢᠯᠡᠷᠬᠡᠶ ᠳᠡᠭᠡᠭ᠌ᠰᠢᠯᠡᠭᠦᠯᠵᠠᠢ᠃ ᠬᠡᠳᠦᠨ ᠶᠡᠬᠡ ᠢᠨᠵᠧᠨᠧᠷᠢᠩ ᠤ᠋ᠨ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠪᠠᠷ ᠳᠠᠮᠵᠢᠨ᠂ ᠨᠤᠲᠤᠭ ᠪᠡᠯᠴᠢᠭᠡᠷ᠎ᠦᠨ ᠠᠮᠢ ᠠᠬᠤᠢ᠎ᠶ᠋ᠢᠨ ᠣᠷᠴᠢᠨ ᠲᠣᠭᠣᠷᠢᠨ ᠢᠯᠡᠳᠲᠡ ᠰᠠᠢᠵᠢᠷᠠᠪᠠ᠃ ᠵᠦᠪᠬᠡᠨ 2022 ᠤᠨ ᠳ᠋ᠤ᠂ 500 ᠭᠠᠷᠤᠢ ᠲᠦᠮᠡᠨ ᠮᠦ᠍ ᠡᠯᠡᠰᠦᠷᠬᠡᠭ᠌ᠵᠢᠵᠤ ᠮᠠᠭᠤᠳᠠᠬᠰᠠᠨ ᠨᠤᠳᠤᠭ ᠪᠡᠯᠴᠢᠭᠡᠷ ᠠᠮᠢᠯᠠᠯ ᠤ᠋ᠨ ᠨᠤᠭᠤᠭᠠᠨ ᠦᠩᠭᠡ ᠪᠡᠨ ᠰᠡᠷᠬᠦᠭᠡᠵᠡᠢ᠃

ᠣᠯᠠᠨ ᠵᠢᠯ᠎ᠦᠨ ᠲᠤᠷᠰᠢ᠂ ᠮᠠᠨ ᠎ᠤ ᠤᠷᠤᠨ ᠲᠠᠷᠢᠶᠠᠯᠠᠬᠤ᠎ᠵᠢ ᠵᠤᠭᠰᠤᠭᠠᠵᠤ ᠡᠪᠡᠰᠤ ᠲᠠᠷᠢᠬᠤ᠂ ᠭᠤᠤᠯᠳᠠᠯᠭ᠎ᠠ᠎ᠲᠠᠶ ᠣᠷᠣᠨ ᠪᠦᠰᠡ᠎ᠶ᠋ᠢᠨ ᠨᠤᠲᠤᠭ ᠪᠡᠯᠴᠢᠭᠡᠷ᠎ᠦᠨ ᠠᠮᠢ ᠠᠬᠤᠶ᠎ᠶ᠋ᠢ ᠬᠠᠮᠠᠭᠠᠯᠠᠵᠤ ᠰᠡᠷᠭᠦᠭᠡᠬᠦ ᠲᠤᠰᠬᠠᠢ ᠢᠨᠵᠧᠨᠧᠷᠢᠩ᠎ᠢ ᠶᠡᠬᠡ ᠪᠡᠷ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠬᠥᠮᠦᠨ᠎ᠦ ᠬᠦᠴᠦ᠍᠎ᠪᠡᠷ ᠡᠪᠡᠰᠦ ᠳᠠᠷᠢᠬᠤ᠂ ᠨᠥᠬᠥᠵᠦ᠍ ᠳᠠᠷᠢᠵᠤ ᠰᠠᠢᠵᠢᠷᠠᠭᠤᠯᠬᠤ᠂ ᠪᠢᠲᠡᠭᠦᠮᠵᠢᠯᠡᠨ ᠪᠣᠢᠵᠢᠭᠤᠯᠬᠤ᠂ ᠨᠤᠲᠤᠭ ᠪᠡᠯᠴᠢᠭᠡᠷ᠎ᠦᠨ ᠬᠤᠯᠤᠭᠠᠨ᠎ᠠ ᠪᠠ ᠬᠣᠷᠣᠬᠠᠶ ᠰᠢᠪᠠᠵᠢ᠎ᠶ᠋ᠢᠨ ᠬᠥᠨᠥᠭᠡᠯ ᠵᠢᠴᠢ ᠬᠤᠤᠷᠲᠤ ᠡᠪᠡᠰᠦ᠎ᠶ᠋ᠢ ᠰᠡᠷᠭᠡᠢᠯᠡᠨ ᠵᠠᠰᠠᠬᠤ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠨ ᠨᠤᠲᠤᠭ ᠪᠡᠯᠴᠢᠭᠡᠷ᠎ᠦᠨ ᠠᠮᠢ ᠠᠬᠤᠶ᠎ᠶ᠋ᠢ ᠬᠠᠮᠠᠭᠠᠯᠠᠵᠤ ᠰᠡᠷᠭᠦᠭᠡᠬᠦ᠌ ᠠᠵᠢᠯ᠎ᠢ ᠱᠢᠨᠵᠢᠯᠡᠬᠦ᠌ ᠤᠬᠠᠭᠠᠨᠴᠢ᠎ᠪᠠᠷ ᠥᠷᠨᠢᠭᠦᠯᠪᠡ᠃ 2022 ᠣᠨ᠎ᠳᠤ᠂ ᠪᠥᠬᠥ᠌ ᠣᠷᠣᠨ ᠳ᠋ᠦ 1715.58 ᠲᠦᠮᠡᠨ ᠮᠥ᠍ ᠡᠪᠡᠰᠦ ᠳᠠᠷᠢᠵᠤ᠂ ᠤᠯᠤᠰ᠎ᠠᠴᠠ ᠪᠠᠭᠤᠯᠭᠠᠭ᠍ᠰᠠᠨ ᠶᠡᠷᠦᠩᠬᠡᠶ ᠡᠭᠦᠷᠭᠡ᠎ᠶ᠋ᠢ 132% ᠵᠢᠡᠷ ᠪᠡᠶᠡᠯᠡᠭᠦᠯᠵᠡᠢ᠃ ᠡᠭᠦᠨ᠎ᠤ ᠬᠠᠮᠳᠤ᠂ ᠤᠯᠤᠰ᠎ᠤᠨ ᠲᠠᠯ᠎ᠠ ᠨᠤᠲᠤᠭ᠎ᠤᠨ ᠪᠠᠢᠭᠠᠯᠢ ᠵᠢᠨ ᠴᠡᠴᠡᠷᠯᠢᠭ᠎ᠤᠨ ᠲᠤᠷᠰᠢᠯᠲᠠ ᠵᠢᠨ ᠴᠡᠭ᠎ᠤᠨ ᠪᠦᠳᠦᠭᠡᠨ ᠪᠠᠢᠭᠤᠯᠤᠯᠲᠠ ᠵᠢᠨ ᠢᠨᠵᠧᠨᠧᠷᠢᠩ᠎ᠢ ᠢᠳᠡᠪᠬᠢᠳᠡᠢ ᠠᠬᠢᠭᠤᠯᠵᠤ᠂ ᠬᠦᠬᠡᠬᠤᠳᠠ ᠵᠢᠨ 《ᠴᠡᠯᠡᠭᠡᠷ ᠲᠠᠯ᠎ᠠ》 ᠵᠡᠷᠭᠡ ᠪᠡᠷ ᠲᠦᠯᠦᠭᠡᠯᠡᠬᠦᠯᠦᠭᠰᠡᠨ ᠤᠯᠤᠰ᠎ᠤᠨ ᠲᠠᠯ᠎ᠠ ᠨᠤᠲᠤᠭ᠎ᠤᠨ ᠪᠠᠢᠭᠠᠯᠢ ᠵᠢᠨ ᠴᠡᠴᠡᠷᠯᠢᠭ᠎ᠤᠨ ᠪᠦᠯᠦᠭᠵᠢᠯ᠎ᠢ ᠡᠭᠦᠳᠦᠨ ᠪᠠᠢᠭᠤᠯᠵᠤ᠂ ᠲᠠᠯ᠎ᠠ ᠨᠤᠲᠤᠭ᠎ᠤᠨ ᠪᠠᠢᠭᠠᠯᠢ ᠵᠢᠨ ᠴᠡᠴᠡᠷᠯᠢᠭ᠎ᠢ ᠨᠤᠲᠤᠭ ᠪᠡᠯᠴᠢᠭᠡᠷ᠎ᠤᠨ ᠠᠮᠢ ᠠᠬᠤᠢ ᠵᠢ ᠬᠠᠮᠠᠭᠠᠯᠠᠵᠤ ᠰᠡᠷᠭᠦᠭᠡᠬᠦ ᠰᠢᠨ᠎ᠠ ᠵᠢᠭᠰᠠᠭᠠᠯ᠎ᠤᠨ ᠭᠠᠵᠠᠷ ᠪᠤᠯᠭᠠᠨ᠂ ᠨᠤᠲᠤᠭ ᠪᠡᠯᠴᠢᠭᠡᠷ᠎ᠤᠨ ᠠᠮᠢ ᠠᠬᠤᠢ ᠵᠢᠨ ᠬᠠᠮᠠᠭᠠᠯᠠᠯᠲᠠ ᠬᠢᠭᠡᠳ ᠪᠤᠬᠢᠷᠳᠤᠯ ᠦᠭᠡᠢ ᠬᠦᠭᠵᠢᠯᠲᠡ ᠵᠢᠨ ᠰᠢᠨ᠎ᠡ ᠵᠠᠮ᠎ᠢ ᠬᠠᠢᠨ ᠰᠦᠪᠡᠭᠴᠢᠯᠡᠭᠰᠡᠨ ᠪᠠᠢᠨ᠎ᠠ᠃


tu3.png


ᠬᠢᠩᠭᠠᠨ ᠠᠢᠮᠠᠭ᠎ᠤᠨ ᠤᠯᠠᠭᠠᠨᠮᠤᠳᠦ ᠵᠢᠨ ᠲᠠᠯ᠎ᠠ ᠨᠤᠲᠤᠭ 

ᠰᠤᠷᠪᠤᠯᠵᠢᠯᠠᠬᠴᠢ   ᠴᠤᠪᠤᠭᠤ  ᠰᠡᠭᠦᠳᠡᠷᠯᠡᠪᠡ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号