— ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠺᠠᠳ᠋ᠷ ᠤᠯᠠᠨ ᠲᠦᠮᠡᠨ᠎ᠦ ᠳᠤᠮᠳᠠ ᠴᠢᠩᠭ᠎ᠠ ᠲᠤᠰᠭᠠᠯ ᠭᠠᠷᠪᠠ ②
《ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠪᠡᠬᠢ ᠴᠣᠭ᠍ᠴᠠᠯᠠᠬᠤ ᠪᠣᠯ ᠥᠪᠥᠷ ᠮᠣᠩᠭᠣᠯ᠎ᠤᠨ ᠡᠷᠬᠡᠪᠰᠢ ᠰᠠᠢᠳᠤᠷ ᠴᠡᠭᠡᠵᠢᠯᠡᠬᠦ᠌ ᠴᠢᠬᠤᠯᠠᠲᠠᠢ 〈ᠤᠯᠤᠰ᠎ᠤᠨ ᠶᠡᠬᠡ ᠶᠠᠪᠤᠳᠠᠯ〉 ᠪᠣᠯᠤᠨ᠎ᠠ》᠃ ᠤᠢ᠍ᠢᠷ᠎ᠠ᠎ᠶ᠋ᠢᠨ ᠡᠳᠦᠷ᠎ᠦᠳ᠎ᠲᠦ᠂ ᠥᠪᠥᠷ ᠮᠣᠩᠭᠣᠯ᠎ᠤᠨ ᠭᠠᠵᠠᠷ ᠪᠤᠯᠭᠠᠨ᠎ᠳᠤ ᠠᠴᠢ ᠡᠨᠡᠷᠢᠯ᠎ᠳᠤ ᠲᠠᠯᠠᠷᠬᠠᠨ ᠡᠷᠡᠮᠡᠬᠡᠢᠯᠡᠨ ᠤᠷᠤᠭᠰᠢᠯᠠᠬᠤ ᠬᠠᠯᠠᠭᠤᠨ ᠦᠷᠨᠢᠯᠲᠡ ᠭᠠᠷᠴᠤ᠂ ᠪᠦᠯᠬᠦᠮᠳᠡᠨ ᠲᠡᠮᠡᠴᠡᠬᠦ᠌ ᠰᠦᠷ ᠳᠠᠯᠠᠢᠴᠠᠲᠠᠢ ᠬᠦᠴᠦᠨ ᠴᠢᠳᠠᠯ᠎ᠢ ᠨᠢᠭ᠍ᠲᠠᠷᠠᠭᠤᠯᠪᠠ᠃ ᠤᠯᠠᠨ᠎ᠢᠶᠠᠷ᠎ᠢᠶᠠᠨ᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠍᠂ ᠬᠦᠰᠡᠯ ᠨᠠᠢᠳᠠᠯᠭ᠎ᠠ᠎ᠶ᠋ᠢ ᠬᠥᠰᠡᠷᠳᠡᠭᠦᠯᠬᠦ᠌ ᠦᠭᠡᠢ᠎ᠪᠡᠷ ᠮᠣᠩᠭᠣᠯ ᠮᠤᠷᠢᠨ᠎ᠤ ᠵᠣᠷᠢᠭ ᠰᠠᠨᠠᠭ᠎ᠠ ᠪᠣᠯᠤᠨ 《ᠤᠮᠠᠷᠠᠲᠤ᠎ᠶ᠋ᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠵᠢ ᠶᠡᠬᠡᠪᠡᠷ ᠪᠠᠳᠠᠷᠠᠭᠤᠯᠵᠤ᠂ ᠥᠪᠥᠷ ᠮᠣᠩᠭᠣᠯ᠎ᠤᠨ ᠥᠷᠭᠡᠨ ᠠᠭᠤᠳᠠᠮ ᠨᠤᠲᠤᠭ ᠳᠡᠪᠢᠰᠭᠡᠷ ᠳᠡᠭᠡᠷ᠎ᠡ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠴᠣ ᠱᠢᠨ᠎ᠡ ᠬᠠᠭᠤᠳᠠᠰᠤ᠎ᠶ᠋ᠢ ᠪᠢᠴᠢᠭ᠌ᠯᠡᠵᠦ᠍᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠪᠡᠬᠢ ᠴᠣᠭ᠍ᠴᠠᠯᠠᠨ᠎ᠠ ᠭᠡᠵᠦ᠍ ᠢᠯᠡᠳᠭᠡᠵᠡᠭᠡᠪᠡ᠃
ᠶᠡᠬᠡᠳᠡ ᠤᠷᠮᠠᠱᠢᠨ ᠵᠣᠷᠢᠭ᠍ᠵᠢᠵᠤ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠭ᠍ᠰᠠᠨ ᠴᠢᠭ᠌ᠯᠡᠯ ᠪᠣᠯᠤᠨ ᠵᠠᠮ᠎ᠢᠶᠠᠷ ᠡᠷᠡᠮᠡᠭᠡᠢᠯᠡᠨ ᠤᠷᠤᠭ᠍ᠰᠢᠯᠠᠨ᠎ᠡ
ᠪᠠᠶᠠᠨᠨᠠᠭᠤᠷ ᠬᠤᠳᠠ᠎ᠶ᠋ᠢᠨ ᠤᠷᠠᠳ᠎ᠤᠨ ᠬᠣᠢᠲᠤ ᠬᠣᠱᠢᠭᠤᠨ᠎ᠤ ᠬᠦᠬᠡᠡᠥ᠋ᠨᠳᠥᠷ ᠪᠠᠯᠭᠠᠰᠤᠨ᠎ᠤ ᠤᠯᠠᠭᠠᠨᠬᠤᠱᠢᠭᠤ ᠭᠠᠴᠠᠭ᠎ᠠ᠎ᠪᠠᠷ ᠬᠦᠷᠬᠦ᠎ᠳᠤ᠂ ᠵᠢᠮᠢᠰ᠎ᠤᠨ ᠮᠤᠳᠤ ᠪᠡᠨ ᠰᠠᠯᠠᠭ᠎ᠠ ᠨᠠᠮᠠᠭ᠎ᠠ ᠵᠢ ᠨᠢ ᠬᠠᠢᠴᠢᠯᠠᠵᠤ ᠵᠠᠰᠠᠵᠤ ᠪᠠᠢᠭᠰᠡᠨ ᠤᠯᠤᠰ᠎ᠤᠨ ᠣᠶ ᠱᠢᠭᠤᠶ ᠨᠤᠳᠤᠭ ᠪᠡᠯᠴᠢᠭᠡᠷ᠎ᠦᠨ ᠨᠤᠲᠤᠭ᠎ᠤᠨ ᠲᠤᠰᠭᠠᠶ ᠮᠡᠷᠭᠡᠵᠢᠯᠲᠡᠨ ᠷᠧᠨ ᠡᠯ ᠬᠤᠸᠠᠨ᠄ 《ᠶᠡᠷᠦᠩᠬᠡᠢ ᠱᠦᠵᠢ ᠰᠢ ᠵᠢᠨ ᠫᠢᠩ ᠦᠨᠡᠬᠡᠷ ᠪᠠᠶᠠᠨᠨᠠᠭᠤᠷ᠎ᠲᠤ ᠢᠷᠡᠪᠡ᠂ ᠶᠡᠷᠦᠩᠬᠡᠢ ᠱᠦᠵᠢ᠎ᠶ᠋ᠢᠨ ᠶᠠᠷᠢᠶ᠎ᠠ ᠨᠢ ᠨᠠᠮᠠᠶ᠋ᠢ ᠲᠤᠢᠯ᠎ᠢᠶᠠᠷ ᠤᠷᠮᠠᠱᠢᠭᠤᠯᠤᠨ ᠵᠣᠷᠢᠭ᠍ᠵᠢᠭᠤᠯᠵᠠᠢ!》 ᠭᠡᠵᠦ ᠰᠡᠳᠭᠢᠯ ᠳᠣᠭ᠍ᠳᠣᠯᠤᠨ ᠬᠡᠯᠡᠪᠡ᠃
《ᠶᠡᠷᠦᠩᠬᠡᠢ ᠱᠦᠵᠢ᠎ᠶ᠋ᠢᠨ ᠶᠠᠷᠢᠶ᠎ᠠ ᠬᠥᠮᠦᠰ᠎ᠢ ᠤᠷᠮᠠᠱᠢᠭᠤᠯᠤᠨ ᠵᠣᠷᠢᠭ᠍ᠵᠢᠭᠤᠯᠵᠤ᠂ ᠮᠠᠨ᠎ᠤ ᠬᠣᠢᠱᠢᠳᠠ᠎ᠶ᠋ᠢᠨ ᠠᠵᠢᠯ᠎ᠢᠶᠠᠨ ᠥᠷᠨᠢᠭᠦᠯᠬᠦ᠌ ᠠᠵᠢᠯᠯᠠᠭᠠᠨ᠎ᠤ ᠬᠥᠲᠥᠯᠪᠦᠷᠢ ᠪᠣᠯᠤᠨ᠎ᠠ᠃ ᠪᠢᠳᠡ ᠶᠡᠷᠦᠩᠬᠡᠶ ᠱᠦᠵᠢ᠎ᠶ᠋ᠢᠨ ᠴᠢᠩ ᠰᠡᠳᠬᠢᠯ ᠦᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠮᠠᠨ᠎ᠤ ᠪᠠᠯᠭᠠᠰᠤᠨ᠎ᠤ 218 ᠲᠦᠮᠡᠨ ᠮᠥ᠍ ᠪᠠᠢᠭᠠᠯᠢ ᠵᠢᠨ ᠨᠤᠳᠤᠭ ᠪᠡᠯᠴᠢᠭᠡᠷ᠎ᠢ ᠬᠠᠮᠠᠭᠠᠯᠠᠨ ᠬᠠᠮᠢᠶᠠᠷᠬᠤ ᠠᠵᠢᠯ᠎ᠢ ᠦᠨᠡᠨ ᠬᠦ᠌ ᠴᠢᠩᠭᠠᠳᠭᠠᠵᠤ᠂ ᠨᠤᠲᠤᠭ ᠪᠡᠯᠴᠢᠭᠡᠷ᠎ᠦᠨ ᠠᠮᠢ ᠠᠬᠤᠶ᠎ᠶ᠋ᠢ ᠬᠠᠮᠠᠭᠠᠯᠠᠬᠤ ᠵᠢᠴᠢ ᠵᠠᠰᠠᠨ ᠰᠡᠷᠭᠦᠭᠡᠬᠦ᠌ ᠢᠨᠵᠧᠨᠧᠷᠢᠩ᠎ᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍᠂ ᠪᠠᠢᠭᠠᠯᠢ ᠵᠢᠨ ᠨᠤᠲᠤᠭ ᠪᠡᠯᠴᠢᠭᠡᠷ᠎ᠦᠨ ᠳᠠᠷᠤᠯᠲᠠ᠎ᠶ᠋ᠢ ᠬᠥᠩᠭᠡᠷᠡᠭᠦᠯᠵᠦ᠍᠂ ᠤᠮᠠᠷᠠᠲᠤ ᠬᠢᠯᠢ᠎ᠶ᠋ᠢᠨ ᠨᠤᠮᠢᠨ ᠨᠤᠭᠤᠭᠠᠨ 〈ᠣᠷᠳᠣ ᠴᠠᠭᠠᠨ ᠬᠡᠷᠡᠮ〉 ᠢ ᠪᠠᠲᠤ ᠴᠣᠭ᠍ᠴᠠᠯᠠᠬᠤ᠎ᠳᠤ ᠱᠢᠨ᠎ᠡ ᠬᠤᠪᠢ ᠨᠡᠮᠡᠷᠢ ᠦᠵᠡᠭᠦᠯᠦᠨ᠎ᠡ》 ᠭᠡᠵᠦ᠍ ᠵᠠᠷᠤᠳ ᠬᠣᠱᠢᠭᠤᠨ᠎ᠤ ᠠᠷᠤ ᠬᠥᠨᠳᠡᠯᠡᠨ ᠪᠠᠯᠭᠠᠰᠤᠨ᠎ᠤ ᠳᠠᠷᠤᠭ᠎ᠠ ᠠᠭᠤᠯᠠ ᠬᠡᠯᠡᠪᠡ᠃
ᠬᠢᠨᠠᠮᠠᠭᠠᠢ ᠰᠤᠷᠤᠯᠴᠠᠨ ᠭᠦᠨᠵᠡᠭᠡᠢ ᠣᠢᠯᠠᠭᠠᠵᠤ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠤᠨ᠎ᠠ
ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠶᠠᠷᠢᠶ᠎ᠠ ᠪᠣᠯ ᠨᠢᠭᠡ ᠤᠳᠠᠭ᠎ᠠ᠎ᠶ᠋ᠢᠨ ᠪᠦᠬᠦ᠌ ᠲᠠᠯ᠎ᠠ᠎ᠳᠤ ᠬᠣᠯᠪᠣᠭ᠍ᠳᠠᠬᠤ ᠴᠢᠬᠤᠯᠠ ᠶᠡᠬᠡ ᠪᠠᠢᠯᠳᠤᠬᠤ ᠪᠤᠳᠤᠯᠭ᠎ᠠ᠎ᠶ᠋ᠢᠨ ᠪᠠᠢᠷᠢᠱᠢᠭᠤᠯᠤᠯᠲᠠ ᠪᠣᠯᠤᠨ᠎ᠠ᠃ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠭᠦᠨᠵᠡᠭᠡᠢ ᠣᠢᠯᠠᠭᠠᠵᠤ᠂ ᠶᠡᠷᠦᠩᠬᠡᠢ ᠱᠦᠵᠢ ᠰᠢ ᠵᠢᠨ ᠫᠢᠩ᠎ᠦᠨ ᠴᠢᠩ ᠰᠡᠳᠭᠢᠯ᠎ᠤᠨ ᠬᠦᠰᠡᠯ ᠨᠠᠢᠳᠠᠯᠭ᠎ᠠ᠎ᠶ᠋ᠢ ᠬᠥᠰᠡᠷᠳᠡᠭᠦᠯᠬᠦ᠌ ᠦᠭᠡᠢ ᠪᠠᠢᠬᠤ᠎ᠶ᠋ᠢᠨ ᠵᠠᠩᠭᠢᠯᠠᠭ᠎ᠠ ᠨᠢ ᠪᠣᠳᠠᠲᠠᠢ᠎ᠳᠤ ᠨᠠᠢᠳᠠᠪᠤᠷᠢᠵᠢᠭᠤᠯᠬᠤ᠎ᠳᠤ ᠪᠤᠢ᠃
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶ᠋ᠢᠨ ᠶᠡᠷᠦᠩᠬᠡᠶ ᠥᠷᠲᠡᠭᠡ᠎ᠶ᠋ᠢᠨ ᠠᠮᠢ ᠠᠬᠤᠶ᠎ᠶ᠋ᠢᠨ ᠬᠢᠨᠠᠨ ᠬᠡᠮᠵᠢᠯᠲᠡ᠎ᠶ᠋ᠢᠨ ᠲᠠᠰᠤᠭ᠎ᠤᠨ ᠡᠷᠬᠢᠯᠡᠭ᠌ᠴᠢ ᠪᠦᠷᠢᠨᠲᠤᠶᠠᠭ᠎ᠠ᠄《ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠶᠠᠷᠢᠶ᠎ᠠ ᠨᠢ ᠮᠠᠨ᠎ᠤ ᠥᠷᠭᠡᠨ ᠤᠯᠠᠨ ᠠᠮᠢ ᠠᠬᠤᠢ᠎ᠶ᠋ᠢᠨ ᠬᠢᠨᠠᠨ ᠬᠡᠮᠵᠢᠯᠲᠡ᠎ᠶ᠋ᠢᠨ ᠠᠵᠢᠯᠲᠠᠳ᠎ᠲᠤ ᠴᠢᠭ᠌ᠯᠡᠯ᠎ᠢ ᠲᠣᠳᠣᠷᠬᠠᠢ ᠵᠢᠭᠠᠵᠤ ᠥᠭ᠌ᠴᠡᠢ᠃ ᠬᠣᠢᠱᠢᠳᠠ ᠪᠢᠳᠡ ᠡᠷᠬᠡᠪᠰᠢ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠬᠤ᠎ᠶ᠋ᠢᠨ ᠬᠠᠮᠲᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠪᠣᠳᠠᠲᠠᠶ ᠲᠤᠬᠠᠢᠯᠠᠭ᠍ᠰᠠᠨ ᠠᠵᠢᠯ᠎ᠤᠨ ᠳᠤᠮᠳᠠ᠎ᠪᠠᠨ ᠲᠤᠭᠤᠱᠢᠯᠠᠭᠤᠯᠵᠤ᠂ ᠰᠡᠳᠭᠢᠮᠵᠢ ᠪᠡᠨ ᠢᠳᠡᠪᠬᠢᠲᠡᠶ ᠲᠣᠬᠢᠷᠠᠭᠤᠯᠤᠨ᠂ ᠭᠦᠶ᠋ᠴᠡᠳᠭᠡᠯ ᠲᠣᠭ᠎ᠠ᠎ᠶ᠋ᠢᠨ ᠱᠢᠰᠲ᠋ᠧᠮ᠎ᠢ ᠨᠠᠩ ᠱᠢᠨᠵᠢᠯᠡᠬᠦ᠌ ᠤᠬᠠᠭᠠᠨᠴᠢ ᠨᠠᠩ ᠵᠦᠶ ᠵᠣᠬᠢᠰᠲᠠᠶ᠎ᠪᠠᠷ ᠪᠠᠢᠷᠢᠯᠠᠭᠤᠯᠤᠨ᠂ ᠮᠠᠨ᠎ᠤ ᠣᠷᠣᠨ᠎ᠤ ᠠᠮᠢ ᠠᠬᠤᠶ᠎ᠶ᠋ᠢᠨ ᠶᠠᠰᠤ ᠴᠢᠨᠠᠷ᠎ᠤᠨ ᠪᠠᠢᠳᠠᠯ ᠵᠢᠴᠢ ᠣᠷᠣᠨ ᠪᠦᠰᠡ᠎ᠶ᠋ᠢᠨ ᠠᠮᠢ ᠠᠬᠤᠶ᠎ᠶ᠋ᠢ ᠵᠠᠰᠠᠨ ᠰᠡᠷᠭᠦᠭᠡᠭ᠌ᠰᠡᠨ ᠦᠷ᠎ᠡ ᠪᠦᠲᠦᠮᠵᠢ᠎ᠶ᠋ᠢ ᠪᠤᠰᠤᠳᠴᠢ᠎ᠪᠠᠷ ᠲᠤᠰᠭᠠᠬᠤ᠎ᠪᠠᠷ ᠴᠢᠷᠮᠠᠢᠵᠤ᠂ ᠬᠠᠮᠢᠶᠠᠷᠤᠯᠲᠠ ᠪᠠ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ ᠰᠠᠯᠠᠭ᠎ᠠ ᠮᠥᠴᠢᠷ᠎ᠲᠦ ᠱᠢᠨᠵᠢᠯᠡᠬᠦ᠌ ᠤᠬᠠᠭᠠᠨᠴᠢ ᠨᠠᠢᠳᠠᠪᠤᠷᠢᠲᠠᠶ ᠮᠡᠷᠭᠡᠵᠢᠯ᠎ᠦᠨ ᠲᠤᠯᠭᠠᠭᠤᠷᠢᠯᠠᠯ ᠬᠠᠩᠭᠠᠨ᠎ᠠ》 ᠭᠡᠵᠡᠢ᠃
ᠤᠰᠤᠨ ᠠᠱᠢᠭ᠍ᠯᠠᠯᠲᠠ᠎ᠶ᠋ᠢᠨ ᠶᠠᠮᠤᠨ᠎ᠤ ᠮᠠᠯᠵᠢᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠭᠠᠵᠠᠷ᠎ᠤᠨ ᠺᠠᠳ᠋ᠷ ᠠᠵᠢᠯᠲᠠᠳ᠂ ᠬᠣᠢᠱᠢᠳᠠ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠳᠡᠭᠡᠷ᠎ᠡ ᠬᠦᠴᠦ᠍ ᠲᠠᠯᠪᠢᠵᠤ᠂ ᠬᠠᠲᠤᠨ ᠭᠤᠤᠯ ᠳᠠᠭᠠᠤ ᠬᠣᠶᠠᠷ ᠡᠷᠭᠢ᠎ᠶ᠋ᠢᠨ ᠬᠥᠷᠥᠰᠥ᠍ ᠱᠢᠷᠣᠶ᠎ᠶ᠋ᠢᠨ ᠢᠳᠡᠭ᠌ᠳᠡᠯ᠎ᠢ ᠶᠡᠷᠦᠩᠬᠡᠢᠯᠡᠨ ᠵᠠᠰᠠᠬᠤ᠂ ᠪᠣᠷᠣᠲᠣᠬᠣᠢ᠎ᠶ᠋ᠢᠨ ᠤᠰᠤᠯᠠᠯᠲᠠ᠎ᠶ᠋ᠢᠨ ᠣᠷᠣᠨ᠎ᠤ ᠤᠰᠤ ᠳᠠᠪᠤᠰᠤᠨ᠎ᠤ ᠲᠣᠬᠢᠷᠠᠭᠤᠯᠭ᠎ᠠ ᠡᠵᠡᠮᠳᠡᠯ᠂ ᠬᠤᠵᠢᠷᠯᠢᠭ ᠭᠠᠵᠠᠷ᠎ᠢ ᠥᠭᠡᠷᠡᠴᠢᠯᠡᠬᠦ᠂ ᠣᠯᠠᠨ ᠡᠬᠢᠲᠦ ᠪᠣᠬᠢᠷᠲᠤᠯ᠎ᠢ ᠰᠡᠷᠭᠡᠢᠯᠡᠨ ᠵᠠᠰᠠᠬᠤ ᠵᠡᠷᠭᠡ ᠠᠵᠢᠯ᠎ᠢ ᠤᠷᠲᠤ ᠬᠤᠭᠤᠴᠠᠭ᠎ᠠ ᠪᠠᠷᠢᠮᠲᠠᠯᠠᠨ ᠦᠷᠨᠢᠭᠦᠯᠵᠦ᠂ ᠤᠯᠤᠰ᠎ᠤᠨ ᠤᠮᠠᠷᠠᠲᠤ᠎ᠶ᠋ᠢᠨ ᠭᠤᠷᠪᠠᠨ ᠣᠷᠣᠨ᠎ᠤ ᠬᠠᠯᠬᠠᠪᠴᠢ ᠣᠶ᠎ᠶ᠋ᠢᠨ ᠪᠥᠲᠥᠭᠡᠨ ᠪᠠᠢᠭᠤᠯᠤᠯᠲᠠ ᠪᠣᠯᠤᠨ ᠱᠢᠨᠵᠢᠯᠡᠬᠦ᠌ ᠤᠬᠠᠭᠠᠨᠴᠢ᠎ᠪᠠᠷ ᠡᠯᠡᠰᠦ᠎ᠶ᠋ᠢ ᠵᠠᠰᠠᠬᠤ᠎ᠳᠤ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠣᠶᠤᠨ ᠤᠬᠠᠭᠠᠨ᠎ᠢᠶᠠᠨ ᠨᠡᠮᠡᠷᠢᠯᠡᠵᠦ᠂ ᠡᠬᠡ ᠤᠯᠤᠰ᠎ᠤᠨ ᠤᠮᠠᠷᠠᠲᠤ᠎ᠶ᠋ᠢᠨ ᠡᠨᠡ ᠬᠦ᠌ ᠲᠦᠮᠡᠨ ᠭᠠᠵᠠᠷ᠎ᠤᠨ ᠨᠣᠮᠢᠨ ᠨᠣᠭᠣᠭᠠᠨ ᠬᠠᠯᠬᠠᠪᠴᠢ᠎ᠶ᠋ᠢ ᠨᠠᠩ ᠪᠠᠲᠤ ᠪᠠᠬᠢ ᠴᠣᠭ᠍ᠴᠠᠯᠠᠨ᠎ᠠ ᠭᠡᠵᠦ ᠢᠯᠡᠳᠭᠡᠵᠡᠭᠡᠪᠡ᠃
《ᠶᠡᠷᠦᠩᠬᠡᠢ ᠱᠦᠵᠢ᠎ᠶ᠋ᠢᠨ ᠮᠠᠨ᠎ᠤ ᠣᠷᠣᠨ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠶᠠᠷᠢᠶ᠎ᠠ᠎ᠶ᠋ᠢ ᠰᠤᠷᠤᠯᠴᠠᠭᠠᠳ ᠮᠠᠰᠢ ᠤᠷᠮᠠᠱᠢᠨ ᠵᠣᠷᠢᠭ᠍ᠵᠢᠭ᠍ᠰᠠᠨ ᠪᠥᠭᠡᠳ ᠬᠠᠷᠢᠭᠤᠴᠠᠯᠭ᠎ᠠ ᠬᠦᠨᠳᠦ ᠶᠡᠬᠡ ᠪᠠᠢᠬᠤ᠎ᠶ᠋ᠢ ᠦᠨᠡᠨ ᠬᠦ᠌ ᠣᠢᠯᠠᠭᠠᠵᠤ ᠮᠡᠳᠡᠵᠠᠢ᠃ ᠮᠠᠨ᠎ᠤ ᠣᠶ ᠱᠢᠭᠤᠶ ᠨᠤᠲᠤᠭ ᠪᠡᠯᠴᠢᠭᠡᠷ᠎ᠦᠨ ᠰᠠᠯᠠᠭ᠎ᠠ ᠮᠥᠴᠢᠷ᠎ᠦᠨ᠎ᠬᠢᠨ ᠰᠢ ᠵᠢᠨ ᠫᠢᠩ᠎ᠦᠨ ᠠᠮᠢ ᠠᠬᠤᠶ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠶ᠋ᠢ ᠭᠦᠨᠵᠡᠭᠡᠶ ᠦᠶ᠋ᠯᠡᠳᠦᠯᠭᠡᠵᠢᠭᠦᠯᠵᠦ᠍᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠣᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠨᠤᠲᠤᠭ ᠪᠡᠯᠴᠢᠭᠡᠷ᠎ᠦᠨ ᠠᠮᠢ ᠠᠬᠤᠶ᠎ᠶ᠋ᠢ ᠵᠠᠰᠠᠨ ᠰᠡᠷᠭᠦᠭᠡᠬᠦ᠌᠂ ᠡᠯᠡᠰᠦᠷᠬᠡᠭ ᠭᠠᠵᠠᠷ᠎ᠢ ᠶᠡᠷᠦᠩᠬᠡᠢᠯᠡᠨ ᠵᠠᠰᠠᠬᠤ ᠵᠡᠷᠭᠡ ᠴᠢᠬᠤᠯᠠ ᠶᠡᠬᠡ ᠢᠨᠵᠧᠨᠧᠷᠢᠩ᠎ᠢ ᠭᠦᠨᠵᠡᠭᠡᠶ ᠬᠡᠷᠡᠭ᠌ᠵᠢᠭᠦᠯᠦᠨ᠎ᠡ》 ᠭᠡᠵᠦ ᠱᠢᠯᠢ᠎ᠶ᠋ᠢᠨ ᠭᠣᠣᠯ ᠠᠢᠮᠠᠭ᠎ᠤᠨ ᠤᠢ ᠱᠢᠭᠤᠢ ᠪᠠ ᠨᠤᠲᠤᠭ ᠪᠡᠯᠴᠢᠭᠡᠷ᠎ᠦᠨ ᠲᠣᠪᠴᠢᠶᠠᠨ᠎ᠤ ᠳᠠᠷᠤᠭ᠎ᠠ ᠥᠷᠭᠡᠨᠪᠠᠶᠠᠷ ᠬᠡᠯᠡᠪᠡ᠃
ᠦᠷᠭᠦᠯᠵᠢᠯᠡᠨ ᠬᠦᠴᠦᠯᠡᠵᠦ᠍ ᠤᠳᠠᠭᠠᠨ ᠲᠠᠭᠠᠭᠠᠮᠠᠭᠠᠢ ᠵᠢᠳᠭᠦᠨ ᠴᠢᠷᠮᠠᠢᠵᠤ ᠥᠪᠥᠷ ᠮᠣᠩᠭᠣᠯ᠎ᠤᠨ ᠥᠷᠭᠡᠨ ᠠᠭᠤᠳᠠᠮ ᠨᠤᠲᠤᠭ ᠳᠡᠪᠢᠰᠭᠡᠷ ᠳᠡᠭᠡᠷ᠎ᠡ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠡ
ᠬᠥᠪᠴᠢ᠎ᠶ᠋ᠢᠨ ᠡᠯᠡᠰᠦ᠎ᠵᠢᠨ ᠥᠷᠥᠴᠡᠨ᠎ᠳᠦ ᠪᠠᠢᠷᠢᠯᠠᠵᠤ ᠪᠠᠢᠭ᠎ᠠ ᠤᠷᠳᠤᠰ ᠬᠤᠳᠠ᠎ᠶ᠋ᠢᠨ ᠲᠠᠯᠠᠳ ᠬᠣᠱᠢᠭᠤ ᠬᠥᠮᠦᠨ᠎ᠦ ᠬᠦᠴᠦ᠍᠎ᠪᠡᠷ ᠡᠯᠡᠰᠤ᠎ᠶᠢ ᠵᠠᠰᠠᠬᠤ᠎ᠡᠴᠡ ᠲᠦᠷᠦᠯ ᠵᠦᠢᠯᠵᠢᠡᠷ ᠡᠯᠡᠰᠤ᠎ᠶᠢ ᠵᠠᠰᠠᠬᠤ᠂ ᠲᠠᠬᠢᠭᠠᠳ ᠠᠵᠤ ᠦᠢᠯᠡᠰᠵᠢᠭᠦᠯᠦᠨ ᠡᠯᠡᠰᠤ᠎ᠶᠢ ᠵᠠᠰᠠᠬᠤ ᠬᠦᠷᠲᠡᠯᠡᠬᠢ ᠬᠤᠪᠢᠷᠠᠯᠲᠠ ᠵᠢ ᠦᠨᠭᠭᠡᠷᠡᠭᠦᠯᠵᠦ᠂ 130 ᠲᠦᠮᠡᠨ ᠮᠦ᠍ ᠡᠯᠡᠰᠦᠨ᠎ᠦ ᠲᠠᠯᠠᠪᠠᠢ᠎ᠶ᠋ᠢ ᠪᠦᠲᠦᠮᠵᠢᠲᠡᠢ ᠵᠠᠰᠠᠵᠤ᠂ ᠪᠦᠬᠦ᠌ ᠬᠣᠱᠢᠭᠤᠨ᠎ᠤ ᠠᠮᠢ ᠠᠬᠤᠢ᠎ᠶ᠋ᠢᠨ ᠵᠠᠰᠠᠯᠲᠠ ᠪᠠ ᠨᠣᠭᠣᠭᠠᠷᠠᠭᠤᠯᠤᠯᠲᠠ᠎ᠶ᠋ᠢᠨ ᠨᠤᠷᠮ᠎ᠡ 29.9% ᠲᠤ᠌ ᠬᠦᠷᠴᠡᠢ᠃
《ᠪᠢᠳᠡ ᠡᠬᠢ ᠪᠠᠶᠠᠯᠢᠭ᠎ᠤᠨ ᠣᠨᠴᠠᠯᠢᠭ ᠪᠣᠯᠤᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠳᠤ ᠰᠠᠭᠤᠷᠢᠯᠠᠨ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠶᠡᠷᠦᠩᠬᠡᠢᠯᠡᠨ ᠵᠠᠰᠠᠬᠤ᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠬᠥᠪᠴᠢ᠎ᠶ᠋ᠢᠨ ᠡᠯᠡᠰᠦ ᠭᠤᠪᠢ ᠴᠥᠯ᠎ᠦᠨ ᠱᠢᠨ᠎ᠡ ᠡᠨᠧᠷᠭᠢ᠎ᠶ᠋ᠢᠨ ᠰᠠᠭᠤᠷᠢᠨ ᠤ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ 〈ᠠᠷᠪᠠᠨ ᠳᠥᠷᠪᠡᠳᠦᠭᠡᠷ ᠲᠠᠪᠤᠨ ᠵᠢᠯ〉᠎ᠤ᠋ᠨ ᠰᠡᠭᠦᠯᠴᠢ ᠪᠣᠯᠬᠤ᠎ᠳᠤ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ᠎ᠶ᠋ᠢ 1500 ᠲᠦᠮᠡᠨ ᠺᠢᠯᠦᠸᠠᠲ᠂ ᠡᠯᠡᠰᠦ ᠮᠠᠩᠬ᠎ᠠ᠎ᠶ᠋ᠢ ᠵᠠᠰᠠᠭ᠍ᠰᠠᠨ ᠲᠠᠯᠠᠪᠠᠶ᠎ᠶ᠋ᠢ 45 ᠲᠦᠮᠡᠨ ᠮᠤ᠌᠎ᠳᠦ ᠬᠦᠷᠭᠡᠵᠦ᠍᠂ 3000 ᠬᠥᠮᠦᠨ᠎ᠦ ᠠᠵᠢᠯ ᠣᠯᠭᠣᠯᠲᠠ᠎ᠶ᠋ᠢ ᠲᠣᠭ᠍ᠲᠠᠭᠤᠨ᠎ᠢᠶᠠᠷ ᠳᠠᠢᠴᠢᠯᠠᠨ᠎ᠠ》 ᠭᠡᠵᠦ᠍ ᠳᠠᠯᠠᠳ ᠬᠣᠱᠢᠭᠤᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠡᠷᠬᠢᠯᠡᠭ᠌ᠴᠢ ᠭᠦᠸᠧ ᠱᠢᠤᠸᠠᠢ ᠹᠧᠩ ᠬᠡᠯᠡᠪᠡ᠃
ᠬᠥᠯᠥᠨ ᠪᠤᠢ᠌ᠷ ᠬᠤᠳᠠ ᠠᠮᠢ ᠠᠬᠤᠢ᠂ ᠡᠬᠢ ᠪᠠᠶᠠᠯᠢᠭ᠎ᠤᠨ ᠵᠦᠢᠷᠯᠡᠰᠢ ᠦᠭᠡᠢ ᠳᠠᠪᠠᠭᠤᠯᠢᠭ᠎ᠲᠠᠶ ᠪᠠᠢᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠢᠭᠤᠯᠬᠤ᠎ᠶ᠋ᠢᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠶᠡᠷᠦᠩᠬᠡᠢ ᠱᠦᠵᠢ ᠰᠢ ᠵᠢᠨ ᠫᠢᠩ᠎ᠦᠨ ᠶᠠᠷᠢᠶ᠎ᠠ ᠨᠢ ᠬᠥᠯᠥᠨ ᠪᠤᠢ᠌ᠷ ᠬᠤᠳᠠ᠎ᠶ᠋ᠢᠨ ᠤᠢ ᠱᠢᠭᠤᠢ ᠪᠠ ᠨᠤᠲᠤᠭ ᠪᠡᠯᠴᠢᠭᠡᠷ᠎ᠦᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠭᠠᠵᠠᠷ᠎ᠤᠨ ᠨᠠᠮ᠎ᠤᠨ ᠶᠡᠷᠦᠩᠬᠡᠢ ᠡᠭᠦᠷ᠎ᠦᠨ ᠱᠦᠵᠢ ᠴᠧᠩ ᠯᠢ᠎ᠳᠦ ᠭᠦᠨ ᠰᠡᠩᠬᠡᠷᠡᠭᠦᠯᠦᠯ ᠥᠭ᠌ᠴᠡᠢ᠃ ᠲᠡᠷᠡ᠂ ᠬᠥᠯᠥᠨ ᠪᠣᠢᠷ᠎ᠤᠨ ᠬᠡᠭᠡᠷ᠎ᠡ᠎ᠶ᠋ᠢᠨ ᠡᠪᠡᠰᠦᠨ ᠦᠷ᠎ᠡ᠎ᠶ᠋ᠢᠨ ᠡᠬᠢ ᠪᠠᠶᠠᠯᠢᠭ ᠡᠯᠪᠡᠭ ᠶᠤᠮ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠭᠠᠵᠠᠷ᠎ᠤᠨ ᠬᠢᠨ ᠴᠢᠨᠠᠷ ᠰᠠᠢᠲᠠᠶ ᠬᠡᠭᠡᠷ᠎ᠡ᠎ᠶ᠋ᠢᠨ ᠡᠪᠡᠰᠦᠨ᠎ᠦ ᠦᠷ᠎ᠡ᠎ᠶ᠋ᠢ ᠰᠣᠩᠭᠣᠨ ᠪᠣᠢᠵᠢᠭᠤᠯᠵᠤ ᠭᠠᠷᠰᠢᠭᠤᠯᠬᠤ ᠪᠠ ᠥᠷᠭᠡᠳᠭᠡᠨ ᠬᠡᠷᠡᠭ᠌ᠯᠡᠬᠦ᠌᠎ᠶ᠋ᠢ ᠤᠯᠠᠮ ᠴᠢᠩᠭᠠᠳᠭᠠᠵᠤ᠂ ᠲᠠᠷᠢᠮᠠᠯ ᠪᠡᠯᠴᠢᠭᠡᠷ᠎ᠢ ᠶᠡᠬᠡ ᠪᠡᠷ ᠳᠡᠯᠭᠡᠷᠡᠭᠦᠯᠵᠦ᠂ ᠬᠢᠶᠠᠭ ᠡᠪᠡᠰᠦ ᠵᠡᠷᠭᠡ᠎ᠶ᠋ᠢ ᠠᠱᠢᠭ᠍ᠯᠠ ᠨᠤᠲᠤᠭ᠎ᠤᠨ ᠡᠪᠡᠰᠦᠨ᠎ᠦ ᠦᠷ᠎ᠡ᠎ᠶ᠋ᠢ ᠪᠣᠢᠵᠢᠭᠤᠯᠵᠤ᠂ ᠨᠠᠩ ᠣᠯᠠᠨ ᠴᠢᠨᠠᠷ ᠰᠠᠢᠲᠠᠶ ᠥᠨᠳᠥᠷ ᠤᠨᠠᠯᠲᠠ᠎ᠲᠠᠶ ᠲᠡᠵᠢᠭᠡᠯ ᠡᠪᠡᠰᠦ ᠲᠠᠷᠢᠬᠤ᠂ ᠡᠪᠡᠰᠦ ᠪᠣᠷᠳᠣᠭ᠎ᠠ ᠬᠠᠩᠭᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠵᠦ᠂ ᠪᠠᠢᠭᠠᠯᠢ ᠵᠢᠨ ᠪᠡᠯᠴᠢᠭᠡᠷ᠎ᠤᠨ ᠳᠠᠷᠤᠭᠠᠰᠤ ᠵᠢ ᠬᠥᠩᠭᠡᠷᠡᠭᠦᠯᠬᠦ᠂ ᠮᠠᠯ ᠪᠡᠯᠴᠢᠭᠡᠷ᠎ᠦᠨ ᠵᠥᠷᠢᠴᠡᠯ᠎ᠢ ᠨᠠᠮᠳᠠᠭᠤᠯᠬᠤ᠂ ᠮᠠᠯ ᠪᠡᠯᠴᠢᠭᠡᠷ᠎ᠦᠨ ᠲᠡᠩᠴᠡᠭᠦᠷᠢ᠎ᠶ᠋ᠢ ᠪᠡᠶᠡᠯᠡᠭᠦᠯᠬᠦ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠪᠡᠬᠢ ᠴᠣᠭ᠍ᠴᠠᠯᠠᠬᠤ᠎ᠳᠤ ᠬᠦᠴᠦᠨ ᠴᠢᠳᠠᠯ᠎ᠢᠶᠠᠨ ᠡᠷᠭᠦᠨ᠎ᠡ ᠭᠡᠵᠦ ᠬᠡᠯᠡᠪᠡ᠃
(ᠲᠤᠰ ᠰᠣᠨᠢᠨ᠎ᠤ ᠰᠤᠷᠪᠤᠯᠵᠢᠯᠠᠭ᠍ᠴᠢ ᠾᠦᠸᠸ ᠱᠢᠶᠤᠤ ᠴᠢᠩ ᠱᠤᠸᠠᠢ ᠵᠧᠩ ᠯᠢ ᠭᠦᠸᠧ ᠫᠢᠩ ᠵᠠᠩ ᠬᠤᠢ ᠯᠢᠩ ᠯᠢ ᠢᠦᠢ ᠵᠦᠸᠸ ᠸᠠᠩ ᠢᠦᠢ ᠵᠦᠸᠸ ᠪᠠᠶᠠᠰᠭᠤᠯᠠᠩ ᠲᠡᠭᠦᠰᠪᠢᠯᠢᠭ ᠱᠢᠤᠸᠠᠢ ᠢ ᠴᠢᠶᠦ᠋ᠨ)