ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ᠎ᠤᠨ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠢᠮᠠᠭ᠍ᠲᠠ ᠳᠡᠭᠡᠳᠦ ᠬᠡᠮᠵᠢᠶ᠎ᠡ ᠪᠡᠷ ᠴᠢᠬᠤᠯᠠᠴᠢᠯᠠᠵᠤ᠂ ᠥᠪᠥᠷ ᠮᠣᠩᠭᠣᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠳᠠᠭᠠᠨ ᠬᠠᠮᠤᠭ ᠡᠴᠡ ᠣᠯᠠᠨ ᠠᠩᠬᠠᠷᠴᠤ᠌᠂ ᠬᠠᠮᠤᠭ ᠡᠴᠡ ᠣᠯᠠᠨ ᠥᠭᠦᠯᠡᠵᠦ᠍᠂ ᠬᠠᠮᠤᠭ ᠡᠴᠡ ᠣᠯᠠᠨ ᠪᠠᠢᠷᠢᠯᠠᠭᠤᠯᠤᠭ᠍ᠰᠠᠨ᠎ᠨᠢ ᠳᠠᠷᠤᠶ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ ᠪᠣᠯᠤᠨ᠎ᠠ᠃ 6 ᠰᠠᠷ᠎ᠠ᠎ᠶ᠋ᠢᠨ 5 ᠡᠴᠡ 8 ᠤ᠋ ᠡᠳᠦᠷ ᠪᠣᠯᠲᠠᠯ᠎ᠠ᠂ ᠶᠡᠷᠦᠩᠬᠡᠶ ᠱᠦᠵᠢ ᠰᠢ ᠵᠢᠨ ᠫᠢᠩ ᠳᠠᠬᠢᠨᠲᠠ ᠥᠪᠥᠷ ᠮᠣᠩᠭᠣᠯ᠎ᠳᠤ ᠢᠷᠡᠵᠦ᠍᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ ᠪᠣᠯ ᠥᠪᠥᠷ ᠮᠣᠩᠭᠣᠯ᠎ᠤᠨ ᠡᠷᠬᠡᠪᠰᠢ ᠪᠠᠲᠤ ᠴᠡᠭᠡᠵᠢᠯᠡᠬᠦ᠌ ᠴᠢᠬᠤᠯᠠᠳᠠᠢ 《ᠤᠯᠤᠰ᠎ᠤᠨ ᠶᠡᠬᠡ ᠶᠠᠪᠤᠳᠠᠯ ᠮᠥᠨ》 ᠭᠡᠵᠦ᠍ ᠴᠢᠬᠤᠯᠠᠴᠢᠯᠠᠪᠠ᠃
ᠴᠢᠩ ᠰᠡᠳᠭᠢᠯ᠎ᠦᠨ ᠨᠠᠢᠳᠠᠯᠭ᠎ᠠ ᠨᠢ ᠬᠥᠮᠦᠰ᠎ᠢ ᠵᠣᠷᠢᠭ᠍ᠵᠢᠭᠤᠯᠤᠨ ᠤᠷᠤᠭ᠍ᠰᠢᠯᠠᠭᠤᠯᠤᠨ᠎ᠠ; ᠭᠦᠨ ᠬᠠᠯᠠᠮᠵᠢᠯᠠᠯ ᠨᠢ ᠬᠥᠮᠦᠰ᠎ᠦᠨ ᠰᠡᠳᠭᠢᠯ᠎ᠢ ᠳᠤᠯᠠᠭᠠᠴᠠᠭᠤᠯᠤᠨ᠎ᠠ᠃ ᠣᠢᠷ᠎ᠠ᠎ᠶ᠋ᠢᠨ ᠡᠳᠦᠷ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠨᠢ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠴᠢᠬᠤᠯᠠ ᠬᠦᠴᠦᠨ ᠪᠣᠯᠤᠭ᠍ᠰᠠᠨ ᠪᠥᠬᠥ᠌ ᠣᠷᠣᠨ᠎ᠤ ᠣᠶ ᠱᠢᠭᠤᠶ ᠨᠤᠲᠤᠭ ᠪᠡᠯᠴᠢᠭᠡᠷ᠎ᠦᠨ ᠱᠢᠰᠲ᠋ᠧᠮ᠎ᠦᠨ ᠺᠠᠳ᠋ᠷ ᠠᠵᠢᠯᠲᠠᠳ᠎ᠤᠨ ᠳᠤᠮᠳᠠ ᠴᠢᠩᠭ᠎ᠠ ᠲᠤᠰᠭᠠᠯ ᠭᠠᠷᠪᠠ᠃ ᠤᠯᠠᠨ᠎ᠢᠶᠠᠷ᠎ᠢᠶᠠᠨ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭᠠᠨ᠎ᠤ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠢᠴᠡᠳ ᠲᠠᠨᠢᠵᠤ᠂ ᠨᠠᠮ᠎ᠤᠨ ᠲᠥᠪ ᠬᠣᠷᠢᠶ᠎ᠠ ᠵᠢᠨ ᠴᠦᠯᠯᠡᠷᠭᠡᠭ᠌ᠵᠢᠯ᠎ᠢ ᠶᠡᠷᠦᠩᠬᠡᠢᠯᠡᠨ ᠰᠡᠷᠭᠡᠢᠯᠡᠨ ᠵᠠᠰᠠᠬᠤ᠂ 《ᠤᠮᠠᠷᠠᠲᠤ᠎ᠶ᠋ᠢᠨ ᠭᠤᠷᠪᠠᠨ ᠣᠷᠣᠨ》 ᠵᠡᠷᠭᠡ ᠭᠣᠣᠯᠳᠠᠯᠭ᠎ᠠ ᠲᠠᠶ ᠠᠮᠢ ᠠᠬᠤᠢ᠎ᠶ᠋ᠢᠨ ᠢᠨᠵᠧᠨᠧᠷᠢᠩ᠎ᠦᠨ ᠪᠦᠳᠦᠭᠡᠨ ᠪᠠᠢᠭᠤᠯᠤᠯᠲᠠ᠎ᠶ᠋ᠢᠨ ᠲᠤᠬᠠᠢ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠤᠢ ᠱᠢᠭᠤᠢ ᠨᠤᠲᠤᠭ ᠪᠡᠯᠴᠢᠭᠡᠷ᠎ᠦᠨ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠴᠢᠷᠮᠠᠢᠨ ᠨᠡᠬᠡᠬᠡᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ ᠲᠠᠪᠤᠨ ᠶᠡᠬᠡ ᠡᠭᠦᠷᠭᠡ ᠪᠣᠯᠤᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠢ᠋ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠬᠣᠶᠠᠷ ᠶᠡᠬᠡ ᠶᠠᠪᠤᠳᠠᠯ᠎ᠢ ᠰᠠᠢᠲᠤᠷ ᠪᠡᠶᠡᠯᠡᠭᠦᠯᠬᠦ᠌᠎ᠳᠦ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ᠍ ᠢᠯᠡᠳᠭᠡᠵᠡᠭᠡᠪᠡ᠃
ᠬᠦᠰᠡᠯ ᠨᠠᠢᠳᠠᠯᠭ᠎ᠠ ᠵᠢ ᠪᠠᠳᠤ ᠴᠡᠭᠡᠵᠢᠯᠡᠨ᠂ ᠠᠮᠢ ᠠᠬᠤᠢ ᠵᠢᠨ ᠲᠡᠪᠢᠰᠬᠡᠷ ᠦᠩᠬᠡ ᠵᠢ ᠴᠢᠨᠠᠬᠰᠢᠳᠠ ᠵᠤᠵᠠᠭᠠᠳᠬᠠᠵᠦ᠂ ᠪᠤᠬᠢᠷᠳᠤᠯ ᠦᠬᠡᠢ ᠬᠦᠳᠡᠯᠬᠡᠬᠦ ᠬᠦᠴᠦᠨ᠎ᠢ ᠬᠦᠭᠵᠢᠬᠡᠨ᠎ᠠ
ᠵᠤᠨ᠎ᠤ ᠡᠳᠦᠷ᠎ᠦᠨ ᠮᠤᠨᠠ ᠠᠭᠤᠯᠠ᠎ᠶ᠋ᠢᠨ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠳᠤ᠂ ᠤᠢ ᠮᠣᠳᠣ ᠬᠥᠬᠡᠷᠡᠨ ᠨᠣᠭᠣᠭᠠᠷᠠᠵᠤ᠂ ᠴᠡᠴᠡᠭᠡᠰ ᠮᠢᠷᠠᠯᠵᠠᠨ ᠳᠡᠯᠭᠡᠷᠡᠵᠦ᠍᠂ ᠶᠠᠭ ᠯᠠ ᠡᠪᠡᠰᠦ ᠤᠷᠭᠤᠮᠠᠯ ᠪᠦᠬᠦᠨ ᠶᠡᠷᠦᠩᠬᠡᠢ ᠱᠦᠵᠢ᠎ᠶ᠋ᠢᠨ ᠬᠦᠷᠴᠦ᠍ ᠢᠷᠡᠭ᠌ᠰᠡᠨ ᠪᠠᠶᠠᠷ ᠪᠠᠬᠠᠳᠤᠯ ᠳᠤᠮᠳᠠ ᠰᠣᠭ᠍ᠲᠣᠭᠤᠷᠠᠵᠤ ᠪᠠᠢᠬᠤ ᠮᠡᠳᠦ᠃
《ᠶᠡᠷᠦᠩᠬᠡᠢ ᠱᠦᠵᠢ ᠡᠯᠡᠰᠦ᠎ᠶ᠋ᠢ ᠵᠠᠰᠠᠵᠤ ᠣᠢᠵᠢᠭᠤᠯᠬᠤ ᠠᠵᠢᠯ᠎ᠢ ᠢᠩᠭᠢᠵᠦ᠍ ᠴᠢᠬᠤᠯᠠᠴᠢᠯᠠᠵᠤ᠂ ᠣᠨᠴᠠᠭᠠᠢᠯᠠᠨ ᠪᠠᠶᠠᠨᠨᠠᠭᠤᠷ᠎ᠲᠤ ᠱᠢᠨᠵᠢᠯᠡᠨ ᠪᠠᠢᠴᠠᠭᠠᠬᠤ ᠪᠠᠷ ᠢᠷᠡᠭ᠌ᠰᠡᠨ ᠨᠢ ᠮᠠᠨ᠎ᠤ ᠤᠢ ᠰᠢᠭᠤᠢ ᠨᠤᠲᠤᠭ ᠪᠡᠯᠴᠢᠭᠡᠷ ᠤ᠋ᠨ ᠠᠵᠢᠯᠴᠢᠳ ᠲᠤ᠌ ᠠᠪᠴᠤ᠌ ᠬᠡᠯᠡᠪᠡᠯ ᠲᠤᠢᠯ᠎ᠤᠨ ᠶᠡᠬᠡ ᠵᠣᠷᠢᠭ᠍ᠵᠢᠭᠤᠯᠤᠯ ᠪᠣᠯᠬᠤ ᠪᠥᠭᠡᠳ ᠨᠡᠩ ᠴᠤ᠌ ᠨᠢᠭᠡ ᠵᠦᠢᠯ᠎ᠦᠨ ᠱᠠᠯᠠᠪᠳᠠᠭᠤᠯᠤᠯ ᠪᠣᠯᠤᠨ᠎ᠠ᠃ ᠡᠮᠦᠨ᠎ᠠ ᠹᠷᠣᠨᠲ ᠤ᠋ᠨ ᠤᠢ ᠱᠢᠭᠤᠢ ᠬᠠᠮᠠᠭᠠᠯᠠᠭ᠍ᠴᠢ ᠪᠣᠯᠤᠭ᠍ᠰᠠᠨ᠎ᠤ ᠬᠤᠪᠢ᠎ᠳᠤ᠂ ᠪᠢ ᠮᠤᠨᠠ ᠠᠭᠤᠯᠠ᠎ᠶ᠋ᠢᠨ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠶ᠋ᠢᠨ ᠤᠬᠠᠭᠤᠯᠭ᠎ᠠ ᠪᠠ ᠬᠢᠨᠠᠯᠲᠠ ᠲᠠᠯᠪᠢᠬᠤ ᠠᠵᠢᠯ᠎ᠢ ᠦᠷᠭᠦᠯᠵᠢᠯᠡᠨ ᠰᠠᠢᠲᠤᠷ ᠬᠢᠨ᠎ᠠ》 ᠭᠡᠵᠤ ᠰᠠᠶᠢᠬᠠᠨ ᠠᠭᠤᠯᠠ᠎ᠪᠡᠷ ᠲᠤᠭᠤᠷᠢᠨ ᠴᠠᠭᠳᠠᠭᠠᠳ ᠪᠤᠴᠠᠵᠤ ᠢᠷᠡᠭ᠌ᠰᠡᠨ ᠮᠤᠨᠠ ᠠᠭᠤᠯᠠ᠎ᠶ᠋ᠢᠨ ᠤᠢ ᠱᠢᠭᠤᠢ᠎ᠶ᠋ᠢᠨ ᠬᠠᠮᠢᠶᠠᠷᠤᠨ ᠬᠠᠮᠠᠭᠠᠯᠠᠬᠤ ᠲᠥᠪ᠎ᠦᠨ ᠤᠢ ᠬᠠᠮᠠᠭᠠᠯᠠᠭ᠍ᠴᠢ ᠰᠤᠶᠤᠯ ᠰᠡᠳᠭᠢᠯ ᠳᠣᠭ᠍ᠳᠣᠯᠤᠨ ᠬᠡᠯᠡᠪᠡ᠃
《ᠪᠣᠬᠢᠷᠲᠤᠯ ᠦᠭᠡᠢ ᠨᠤᠮᠢᠨ ᠨᠤᠭᠤᠭᠠᠨ ᠪᠣᠯ ᠬᠢᠩᠭᠠᠨ ᠠᠢᠮᠠᠭ᠎ᠤᠨ ᠳᠡᠪᠢᠰᠭᠡᠷ ᠦᠩᠭᠡ᠂ ᠨᠡᠩ ᠴᠤ᠌ ᠴᠢᠨᠠᠷ ᠰᠠᠢᠲᠠᠢ ᠬᠥᠭ᠌ᠵᠢᠯᠲᠡ᠎ᠶ᠋ᠢ ᠦᠷᠭᠦᠯᠵᠢᠯᠡᠨ ᠪᠡᠶᠡᠯᠡᠭᠦᠯᠬᠦ᠌ ᠶ᠋ᠢᠨ ᠰᠠᠭᠤᠷᠢ ᠪᠣᠯᠤᠨ᠎ᠠ᠃ ᠡᠨᠡ ᠬᠦ᠌ 〈ᠳᠡᠪᠢᠰᠭᠡᠷ ᠥᠩᠭᠡ〉᠎ᠶ᠋ᠢ ᠬᠡᠷᠬᠢᠨ ᠴᠢᠨᠠᠭᠰᠢᠳᠠ ᠵᠤᠵᠠᠭᠠᠳᠬᠠᠬᠤ ᠪᠣᠯ ᠮᠠᠨ᠎ᠤ ᠣᠶ ᠱᠢᠭᠤᠶ ᠨᠤᠲᠤᠭ ᠪᠡᠯᠴᠢᠭᠡᠷ ᠤ᠋ᠨ ᠠᠵᠢᠯᠳᠠᠳ ᠤ᠋ᠨ ᠡᠷᠬᠡᠪᠰᠢ ᠬᠠᠨᠳᠤᠬᠤ ᠴᠢᠬᠤᠯᠠᠳᠠᠢ ᠥᠷᠢᠰᠥᠯᠳᠦᠭᠡᠨ ᠮᠥᠨ》 ᠭᠡᠵᠦ᠍ ᠬᠢᠩᠭᠠᠨ ᠠᠢᠮᠠᠭ᠎ᠤᠨ ᠣᠶ ᠱᠢᠭᠤᠶ ᠨᠤᠲᠤᠭ ᠪᠡᠯᠴᠢᠭᠡᠷ᠎ᠦᠨ ᠲᠣᠪᠴᠢᠶᠠᠨ᠎ᠤ ᠳᠡᠳ᠋ ᠳᠠᠷᠤᠭ᠎ᠠ ᠢᠦᠶ ᠴᠠᠩ ᠵᠢᠦ ᠬᠡᠯᠡᠪᠡ᠃ ᠬᠢᠩᠭᠠᠨ ᠠᠢᠮᠠᠭ ᠤ᠋ᠨ ᠬᠢᠨ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠬ᠍ᠴᠠᠵᠢᠭᠤᠯᠤᠨ ᠬᠠᠮᠠᠭᠠᠯᠠᠬᠤ ᠪᠠ ᠰᠡᠷᠭᠦᠭᠡᠬᠦ᠌᠎ᠶ᠋ᠢ ᠦᠷᠭᠦᠯᠵᠢᠯᠡᠨ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ 300 ᠲᠦᠮᠡᠨ ᠮᠦ᠍ ᠮᠣᠳᠣᠯᠢᠭ ᠲᠣᠰᠣᠨ ᠮᠠᠲᠸᠷᠢᠶᠠᠯ ᠪᠣᠯᠤᠨ 200 ᠲᠦᠮᠡᠨ ᠮᠦ᠍ ᠠᠵᠤ ᠠᠬᠤᠢ᠎ᠶ᠋ᠢᠨ ᠤᠢ᠎ᠶ᠋ᠢᠨ ᠰᠠᠭᠤᠷᠢᠨ᠎ᠤ ᠪᠦᠳᠦᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ 《ᠨᠣᠭᠣᠭᠠᠷᠠᠭᠤᠯᠤᠯᠲᠠ᠎ᠶ᠋ᠢ ᠨᠡᠮᠡᠭ᠌ᠳᠡᠭᠦᠯᠬᠦ᠌᠂ ᠨᠣᠭᠣᠭᠠᠷᠠᠭᠤᠯᠤᠯᠲᠠ᠎ᠶ᠋ᠢ ᠬᠠᠮᠠᠭᠠᠯᠠᠬᠤ᠂ ᠨᠣᠭᠣᠭᠠᠷᠠᠭᠤᠯᠤᠯᠲᠠ᠎ᠶ᠋ᠢ ᠬᠡᠷᠡᠭ᠌ᠯᠡᠬᠦ᠌᠂ ᠨᠣᠭᠣᠭᠠᠷᠠᠭᠤᠯᠤᠯᠲᠠ᠎ᠶ᠋ᠢ ᠠᠮᠢᠯᠠᠭᠤᠯᠬᠤ》 ᠲᠦᠷᠪᠡᠨ ᠲᠠᠯ᠎ᠠ᠎ᠪᠠᠷ ᠦᠷᠭᠦᠯᠵᠢᠯᠡᠨ ᠬᠦᠴᠦᠯᠡᠵᠦ᠍᠂ ᠠᠮᠢ ᠠᠬᠤᠢ ᠶ᠋ᠢᠨ ᠰᠠᠭᠤᠷᠢ᠎ᠶ᠋ᠢ ᠴᠢᠨᠠᠭ᠍ᠰᠢᠳᠠ ᠪᠠᠲᠤᠳᠬᠠᠵᠤ᠂ ᠪᠣᠬᠢᠷᠲᠤᠯ ᠦᠭᠡᠢ ᠬᠥᠳᠡᠯᠭᠡᠬᠦ᠌ ᠴᠢᠳᠠᠪᠤᠷᠢ᠎ᠶ᠋ᠢ ᠬᠥᠭ᠌ᠵᠢᠭᠡᠬᠦ ᠪᠡᠷ ᠪᠤᠢ᠃
ᠶᠡᠷᠦᠩᠬᠡᠢ ᠱᠦᠵᠢ᠎ᠶ᠋ᠢᠨ ᠶᠠᠷᠢᠶ᠎ᠠ ᠨᠢ ᠠᠯᠠᠱᠠ ᠵᠡᠭᠦᠨ ᠬᠣᠱᠢᠭᠤᠨ᠎ᠤ ᠤᠢ ᠱᠢᠭᠤᠢ᠎ᠶ᠋ᠢᠨ ᠠᠵᠢᠯ᠎ᠤᠨ ᠦᠷᠳᠡᠭᠡ ᠶ᠋ᠢᠨ ᠳᠠᠷᠤᠭ᠎ᠠ ᠯᠢᠦ ᠬᠣᠩ ᠢ ᠵᠢ ᠮᠠᠰᠢ ᠤᠷᠮᠠᠰᠢᠭᠤᠯᠤᠨ ᠵᠤᠷᠢᠠᠠᠵᠢᠭᠤᠯᠪᠠ᠃ 《ᠠᠯᠠᠱᠠ ᠠᠢᠮᠠᠭ᠎ᠤᠨ ᠴᠦᠯᠯᠡᠷᠭᠡᠭ᠌ᠵᠢᠯ᠎ᠤᠨ ᠠᠰᠠᠭᠤᠳᠠᠯ ᠬᠦᠨᠳᠦ ᠨᠣᠴᠢᠲᠠᠢ ᠶᠤᠮ᠂ ᠣᠢᠵᠢᠭᠤᠯᠵᠤ ᠡᠯᠡᠰᠦ᠎ᠶ᠋ᠢ ᠵᠠᠰᠠᠬᠤ ᠠᠵᠢᠯ᠎ᠢ 37 ᠵᠢᠯ ᠬᠢᠬᠦ ᠶᠠᠪᠤᠴᠠ ᠳ᠋ᠦ ᠪᠢ ᠠᠯᠠᠱᠠ᠎ᠶᠢᠨ ᠴᠦᠯᠯᠡᠷᠭᠡᠭ᠌ᠵᠢᠯ᠎ᠢ ᠵᠠᠰᠠᠬᠤ ᠠᠵᠢᠯ᠎ᠤᠨ ᠣᠯᠤᠭ᠍ᠰᠠᠨ ᠯᠤᠲᠤ ᠶᠡᠬᠡ ᠠᠮᠵᠢᠯᠲᠠ ᠪᠦᠲᠦᠮᠵᠢ᠎ᠶ᠋ᠢ ᠭᠡᠷᠡᠴᠢᠯᠡᠵᠦ᠂ ᠡᠯᠡᠰᠦᠷᠭᠡᠭᠵᠢᠯ᠎ᠢ ᠰᠡᠷᠭᠡᠢᠯᠡᠵᠦ᠍ ᠡᠯᠡᠰᠦ᠎ᠶ᠋ᠢ ᠵᠠᠰᠠᠬᠤ ᠵᠢᠨ ᠬᠢᠯᠪᠠᠷ ᠪᠤᠰᠤ᠎ᠶᠢ ᠭᠦᠨᠵᠡᠭᠡᠢ ᠮᠡᠳᠡᠷᠡᠪᠡ᠃ ᠶᠡᠷᠦᠩᠬᠡᠢ ᠱᠦᠵᠢ᠎ᠶ᠋ᠢᠨ ᠶᠠᠷᠢᠶ᠎ᠠ ᠨᠢ ᠮᠢᠨᠦ᠍ ᠨᠤᠲᠤᠭ ᠣᠰᠤᠨ᠎ᠤ᠎ᠪᠠᠨ ᠴᠦᠯᠯᠡᠷᠭᠡᠭ᠌ᠵᠢᠯ᠎ᠢ ᠵᠠᠰᠠᠬᠤ ᠢᠲᠡᠭᠡᠯ ᠵᠣᠷᠢᠭ᠎ᠢ ᠨᠡᠩ ᠪᠠᠲᠤᠳᠭᠠᠪᠠ᠂ ᠡᠨᠡ ᠨᠢ ᠮᠢᠨᠦ᠍ ᠡᠭᠦᠷᠭᠡ ᠦᠩᠬᠡ ᠬᠡᠷᠡᠯᠳᠡᠢ᠂ ᠬᠠᠷᠢᠭᠤᠴᠠᠯᠭ᠎ᠠ ᠬᠦᠨᠳᠦ ᠶᠡᠬᠡ ᠬᠡᠳᠡᠭ᠎ᠢ ᠬᠠᠷᠠᠭᠤᠯᠵᠤ ᠪᠠᠢᠨ᠎ᠠ》 ᠭᠡᠵᠦ᠍ ᠯᠢᠦ ᠬᠣᠩ ᠢ ᠬᠡᠯᠡᠪᠡ᠃
ᠡᠬᠦᠷᠬᠡ ᠬᠠᠷᠢᠭᠤᠴᠠᠯᠭ᠎ᠠ ᠳ᠋ᠠᠭᠠᠨ ᠦᠯᠦ ᠤᠰᠤᠯᠳᠠᠨ᠂ ᠠᠮᠢ ᠠᠬᠤᠢ ᠵᠢᠨ ᠠᠤᠭ᠎ᠠ ᠲᠦᠰᠦᠪ᠎ᠢ ᠰᠠᠢᠨ ᠰᠠᠢᠬᠠᠨ ᠪᠤᠳᠠᠳᠤ ᠵᠢᠷᠤᠬᠯᠠᠯ ᠪᠤᠯᠭᠠᠨ ᠬᠤᠪᠢᠷᠠᠭᠤᠯᠤᠨ᠎ᠠ
ᠮᠤᠤᠠᠤᠰᠤ ᠵᠢᠨ ᠡᠯᠡᠰᠦᠷᠬᠡᠭ ᠭᠠᠵᠠᠷ᠎ᠤᠨ ᠥᠷᠥᠴᠡᠨ᠎ᠳᠦ ᠪᠠᠢᠷᠢᠯᠠᠭ᠎ᠠ ᠦᠦᠱᠢᠨ ᠬᠣᠱᠢᠭᠤ᠎ᠶᠢᠨ ᠭᠠᠵᠠᠷ ᠪᠤᠯᠭᠠᠨ᠎ᠳᠦ ᠨᠤᠮᠢᠨ ᠲᠠᠪᠠᠯᠭᠠᠨ ᠬᠠᠶᠠᠯᠠᠨ᠎ᠠ᠃ ᠥᠩᠭᠡᠷᠡᠭ᠌ᠰᠡᠨ᠎ᠤ ᠳᠡᠷᠡ ᠬᠦ᠌ ᠨᠡᠯᠦᠭᠡᠷ ᠶᠡᠬᠡ ᠡᠯᠡᠰᠦ ᠲᠠᠢ ᠪᠠᠢᠭᠰᠠᠨ ᠬᠤᠰᠢᠭᠤ ᠨᠢ ᠪᠣᠷᠣᠯᠳᠠᠢ ᠪᠡᠷ ᠲᠥᠯᠥᠭᠡᠯᠡᠭᠦᠯᠦᠭ᠌ᠰᠡᠨ ᠡᠯᠡᠰᠦ ᠵᠠᠰᠠᠭ᠍ᠴᠢᠳ᠎ᠤᠨ ᠦᠷᠨᠢᠭᠦᠯᠦᠭᠰᠡᠨ ᠤᠳᠠᠭ᠎ᠠ ᠪᠤᠯᠭᠠᠨ᠎ᠤ ᠨᠣᠭᠣᠭᠠᠨ ᠬᠤᠪᠢᠰᠭᠠᠯᠤᠳᠢ ᠳᠠᠮᠵᠢᠭᠠᠳ᠂ 10 ᠲᠦᠮᠡᠨ ᠮᠦ᠍ ᠨᠡᠭᠦᠳᠡᠯ ᠡᠯᠡᠰᠦᠨ ᠳᠣᠪᠣᠴᠠᠭ ᠲᠤᠭᠲᠠᠪᠤᠷᠢᠵᠢᠵᠤ᠂ 6 ᠲᠦᠮᠡ ᠱᠢᠬᠠᠮ ᠮᠦ᠍ ᠬᠠᠮᠠᠷ ᠬᠠᠳᠬᠤᠬᠤ ᠡᠪᠡᠰᠦ ᠤᠷᠭᠤᠬᠤ ᠦᠭᠡᠢ ᠪᠠᠢᠭ᠍ᠰᠠᠨ ᠡᠯᠡᠰᠤ ᠴᠡᠯ ᠨᠣᠭᠣᠭᠠᠨ ᠬᠠᠳᠤᠯᠠᠩ ᠪᠡᠯᠴᠢᠭᠡᠷ ᠪᠤᠯᠵᠠᠢ᠃
《ᠡᠨᠡ ᠤᠳᠠᠭ᠎ᠠ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ᠎ᠳᠠᠭᠠᠨ᠂ ᠶᠡᠷᠦᠩᠬᠡᠢ ᠱᠦᠵᠢ ᠰᠢ ᠵᠢᠨ ᠫᠢᠩ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠢ ᠳᠠᠢᠯᠠᠯᠳᠤᠭᠠᠨ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠬᠦ᠌ ᠬᠡᠷᠡᠭ᠌ᠲᠡᠢ ᠭᠡᠵᠦ᠍ ᠳᠤᠷᠠᠳᠴᠠᠢ᠂ ᠬᠠᠳᠤᠨ ᠭᠣᠣᠯ᠎ᠤᠨ 〈ᠶᠡᠬᠡ ᠳᠤᠬᠤᠢ〉 ᠵᠢᠨ ᠪᠣᠭᠣᠮᠲᠠ ᠱᠢᠪᠲᠤᠯᠬᠤ ᠳᠠᠢᠯᠠᠯᠳᠤᠭᠠᠨ ᠪᠣᠯ ᠡᠭᠦᠨ᠎ᠦ ᠳᠣᠲᠣᠷᠠᠬᠢ ᠨᠢᠭᠡ ᠨᠢ ᠪᠣᠯᠤᠨ᠎ᠠ᠃ ᠦᠦᠱᠢᠨ ᠬᠣᠱᠢᠭᠤ ᠨᠢ ᠬᠠᠲᠤᠨ ᠭᠤᠤᠯ᠎ᠤᠨ 〈ᠶᠡᠬᠡ ᠳᠤᠬᠤᠢ〉 ᠵᠢᠨ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠰᠠᠢᠲᠤᠷ ᠬᠢᠬᠦ᠌ ᠭᠤᠤᠯ ᠪᠡᠬᠢᠯᠡᠯᠳᠡ᠎ᠶᠢᠨ ᠭᠠᠵᠠᠷ ᠪᠠᠢᠵᠤ᠂ ᠣᠶ ᠱᠢᠭᠤᠶ ᠨᠤᠲᠤᠭ ᠪᠡᠯᠴᠢᠭᠡᠷ᠎ᠦᠨ ᠱᠢᠰᠲ᠋ᠧᠮ᠎ᠨᠢ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ ᠭᠤᠤᠯ ᠬᠦᠴᠦᠨ ᠪᠣᠯᠤᠭ᠍ᠰᠠᠨ᠎ᠤ ᠬᠤᠪᠢ᠎ᠳᠤ᠂ ᠪᠢᠳᠡ ᠬᠠᠷᠢᠭᠤᠴᠠᠯᠭᠠᠳᠤ ᠰᠡᠳᠭᠢᠯᠭᠡ ᠪᠠ ᠲᠤᠯᠭᠠᠮᠪᠣᠳᠣᠯᠢᠶᠠᠨ ᠴᠢᠨᠠᠬᠰᠢᠳᠠ ᠴᠢᠩᠭᠠᠳᠭᠠᠵᠤ᠂ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ ᠪᠠ ᠤᠮᠠᠷᠠᠲᠤ᠎ᠶ᠋ᠢᠨ ᠭᠤᠷᠪᠠᠨ ᠤᠷᠤᠨ᠎ᠤ ᠬᠠᠮᠠᠭᠠᠯᠠᠯᠳᠠ᠎ᠶᠢᠨ ᠣᠶ᠎ᠶ᠋ᠢᠨ ᠱᠢᠰᠲ᠋ᠧᠮ᠎ᠦᠨ ᠪᠦᠳᠦᠭᠡᠨ ᠪᠠᠢᠭᠤᠯᠤᠯᠲᠠ᠎ᠳᠤ ᠬᠦᠴᠦ᠍ ᠣᠷᠣᠭᠤᠯᠵᠤ᠂ ᠪᠣᠳᠠᠲᠠᠶ ᠠᠷᠭ᠎ᠠ ᠬᠡᠮᠵᠢᠶ᠎ᠡ ᠠᠪᠴᠤ᠌᠂ ᠲᠣᠭ᠍ᠲᠠᠴᠠ ᠪᠠᠢᠭᠤᠯᠵᠤ᠂ ᠱᠢᠨ᠎ᠡ ᠭᠠᠪᠢᠶ᠎ᠠ ᠪᠠᠢᠭᠤᠯᠤᠨ᠎ᠠ》 ᠭᠡᠵᠦ᠍ ᠣᠷᠳᠣᠰ ᠬᠣᠲᠠ᠎ᠶ᠋ᠢᠨ ᠦᠦᠱᠢᠨ ᠬᠣᠱᠢᠭᠤᠨ᠎ᠤ ᠣᠶ ᠱᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠯᠢᠦᠶ ᠴᠢ ᠬᠡᠯᠡᠪᠡ᠃
《ᠶᠡᠷᠦᠩᠬᠡᠢ ᠱᠦᠵᠢ᠎ᠶ᠋ᠢᠨ ᠶᠠᠷᠢᠶᠠᠨ᠎ᠤ ᠵᠣᠷᠢᠭ ᠰᠠᠨᠠᠭ᠎ᠠ ᠪᠣᠯ ᠪᠦᠬᠦ᠌ ᠣᠷᠣᠨ᠎ᠤ ᠤᠢ ᠱᠢᠭᠤᠢ ᠪᠠ ᠨᠤᠲᠤᠭ ᠪᠡᠯᠴᠢᠭᠡᠷ᠎ᠦᠨ ᠱᠢᠰᠲ᠋ᠧᠮ᠎ᠦᠨ ᠬᠣᠢᠱᠢᠳᠠ᠎ᠶ᠋ᠢᠨ ᠠᠵᠢᠯ᠎ᠢᠶᠠᠨ ᠥᠷᠨᠢᠭᠦᠯᠬᠦ᠌ ᠠᠵᠢᠯᠯᠠᠭᠠᠨ᠎ᠤ ᠬᠥᠲᠥᠯᠪᠦᠷᠢ ᠪᠣᠯᠤᠨ᠎ᠠ᠂ ᠪᠢᠳᠡ ᠪᠣᠳᠠᠲᠤ ᠠᠵᠢᠯᠯᠠᠭ᠎ᠠ᠎ᠪᠠᠷ᠎ᠢᠶᠠᠨ ᠶᠡᠷᠦᠩᠬᠡᠢ ᠱᠦᠵᠢ᠎ᠶ᠋ᠢᠨ ᠥᠪᠥᠷ ᠮᠣᠩᠭᠣᠯ᠎ᠳᠤ ᠵᠢᠷᠤᠭ᠍ᠯᠠᠵᠤ ᠥᠭ᠌ᠭᠦᠭ᠌ᠰᠡᠨ ᠠᠤᠭ᠎ᠠ ᠶᠡᠬᠡ ᠠᠮᠢ ᠠᠬᠤᠢ᠎ᠶ᠋ᠢᠨ ᠵᠢᠷᠤᠭ ᠲᠥᠯᠥᠪᠯᠡᠭᠡ᠎ᠶ᠋ᠢ ᠰᠠᠢ᠌ᠨ ᠰᠠᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠤᠨ᠎ᠠ》 ᠭᠡᠵᠦ᠍ ᠥᠪᠡᠷᠲᠡᠭᠡᠨ ᠵᠠᠰᠠᠬᠤ ᠣᠷᠣᠨ᠎ᠤ ᠣᠶ ᠱᠢᠭᠤᠶ ᠪᠠ ᠨᠤᠲᠤᠭ ᠪᠡᠯᠴᠢᠭᠡᠷ᠎ᠦᠨ ᠦᠷ᠎ᠡ ᠴᠢᠬᠢ᠎ᠶ᠋ᠢᠨ ᠶᠡᠷᠦᠩᠬᠡᠶ ᠥᠷᠲᠡᠭᠡ᠎ᠶ᠋ᠢᠨ ᠠᠵᠢᠯᠲᠠᠨ ᠶᠠᠨ ᠵᠢᠶᠧ ᠬᠡᠯᠡᠪᠡ᠃
《ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠵᠣᠷᠢᠭ᠍ᠲᠠᠢ᠎ᠪᠠᠷ ᠡᠭᠦᠷᠭᠡᠯᠡᠵᠦ᠍᠂ ᠬᠦᠴᠢᠷ ᠪᠡᠷᠬᠡᠱᠢᠶᠡᠯ᠎ᠡᠴᠡ ᠠᠶᠤᠬᠤ ᠦᠭᠡᠢ᠂ ᠤᠳᠠᠭᠠᠨ ᠳᠠᠭᠠᠭᠠᠮᠠᠭᠠᠢ ᠵᠢᠳᠬᠦᠵᠦ᠂ ᠤᠬᠠᠮᠰᠠᠷ᠎ᠠᠴᠠ ᠪᠠᠨ ᠠᠮᠢ ᠠᠬᠤᠢ᠎ᠶ᠋ᠢᠨ ᠪᠣᠯᠪᠠᠰᠤᠨ᠎ᠤ ᠪᠦᠲᠦᠭᠡᠨ ᠪᠠᠢᠭᠤᠯᠤᠭ᠍ᠴᠢ᠂ ᠪᠣᠬᠢᠷᠲᠤᠯ ᠦᠭᠡᠢ ᠬᠥᠭ᠌ᠵᠢᠯᠲᠡ᠎ᠶ᠋ᠢᠨ ᠠᠬᠢᠭᠤᠯᠤᠭ᠍ᠴᠢ ᠪᠣᠯᠬᠤ ᠬᠡᠷᠡᠭ᠌ᠲᠡᠢ》᠃ ᠪᠤᠭᠤᠲᠤ ᠬᠣᠲᠠ᠎ᠶ᠋ᠢᠨ ᠣᠶ ᠱᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠳ᠋ᠠᠩ ᠱᠢᠶᠤᠤ ᠬᠣᠩ᠂ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠴᠢᠬᠤᠯᠠ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠭ᠍ᠰᠠᠨ᠎ᠤ ᠬᠤᠪᠢ᠎ᠳᠤ᠂ ᠪᠤᠭᠤᠲᠤ ᠬᠣᠲᠠ᠎ᠶ᠋ᠢᠨ ᠣᠶ ᠱᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ ᠱᠢᠰᠲ᠋ᠧᠮ᠎ᠳᠦ ᠦᠵᠡᠯᠲᠡ᠎ᠶ᠋ᠢ ᠪᠠᠷᠢᠮᠲᠠᠯᠠᠨ᠂ ᠠᠭᠤᠯᠠ ᠤᠰᠤ ᠣᠶ ᠰᠢᠭᠤᠢ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠱᠢᠰᠲ᠋ᠧᠮ᠎ᠲᠡᠶ ᠵᠠᠰᠠᠬᠤ᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠡᠷᠡᠭᠦᠯ ᠲᠣᠭ᠍ᠲᠠᠭᠤᠨ᠂ ᠴᠢᠳᠠᠮᠵᠢ ᠪᠦᠷᠢᠨ ᠲᠡᠭᠦᠯᠳᠡᠷ ᠣᠶ ᠱᠢᠭᠤᠶ᠂ ᠨᠤᠲᠤᠭ ᠪᠡᠯᠴᠢᠭᠡᠷ᠂ ᠨᠤᠭᠤ ᠭᠠᠵᠠᠷ᠂ ᠡᠯᠡᠰᠦᠨ᠎ᠤ ᠠᠮᠢ ᠠᠬᠤᠶ᠎ᠶ᠋ᠢᠨ ᠱᠢᠰᠲ᠋ᠧᠮ᠎ᠢ ᠬᠦᠴᠦᠯᠡᠨ ᠴᠤᠬᠴᠠᠯᠠᠨ᠎ᠠ ᠭᠡᠵᠦ ᠬᠡᠯᠡᠪᠠ᠃
(ᠰᠤᠷᠪᠤᠯᠵᠢᠯᠠᠭ᠍ᠴᠢ ᠾᠦᠸᠸ ᠱᠢᠶᠤᠤ ᠴᠢᠩ ᠸᠠᠩ ᠢᠦᠢ ᠵᠦᠸᠸ ᠭᠤᠤ ᠮᠢᠨ ᠨᠠ ᠳᠡᠭᠦᠰᠪᠢᠯᠢᠭ ᠶᠡᠷᠦᠨᠭᠬᠡᠢᠯᠡᠨ ᠮᠡᠳᠡᠭᠡᠯᠡᠪᠡ)