ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍ ᠵᠤᠷᠢᠭᠳᠠᠢ ᠪᠠᠷ ᠬᠠᠷᠢᠭᠤᠴᠠᠯᠭ᠎ᠠ ᠡᠬᠦᠷᠬᠡᠯᠡᠵᠤ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠪᠡᠬᠢ ᠴᠣᠭ᠍ᠴᠠᠯᠠᠨ᠎ᠠ
2023-06-13 09:50:42
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

 —  ᠶᠡᠷᠦᠩᠬᠡᠢ ᠱᠦᠵᠢ ᠰᠢ ᠵᠢᠨ ᠫᠢᠩ ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ  ᠶᠠᠷᠢᠶᠠᠨ᠎ᠤ ᠵᠣᠷᠢᠭ ᠰᠠᠨᠠᠭ᠎ᠠ ᠺᠠᠳ᠋ᠷ ᠤᠯᠠᠨ ᠲᠦᠮᠡᠨ᠎ᠦ ᠳᠤᠮᠳᠠ ᠴᠢᠩᠭ᠎ᠠ ᠲᠤᠰᠭᠠᠯ ᠭᠠᠷᠪᠠ  ③


6 ᠰᠠᠷ᠎ᠠ᠎ᠦᠪᠦᠷ ᠮᠤᠨᠭᠭᠤᠯ᠎ᠤᠨ ᠡᠬᠡ ᠭᠠᠵᠠᠷ᠎ᠲᠤ ᠬᠦᠬᠡᠮᠳᠦᠭ ᠠᠭᠤᠯᠠ ᠰᠦᠨᠳᠡᠷᠯᠡᠨ᠂ ᠨᠤᠮᠢᠨ ᠲᠠᠯ᠎ᠠ ᠨᠤᠭᠤᠭᠠᠨ ᠵᠦᠯᠭᠡ ᠲᠠᠪᠢᠰᠦᠭᠰᠡᠨ ᠮᠠᠳᠤ᠃ ᠣᠢᠷ᠎ᠠ᠎ᠳᠤ᠂  ᠨᠠᠮ᠎ᠤᠨ ᠲᠥᠪ ᠬᠣᠷᠢᠶ᠎ᠠ ᠵᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ ᠳᠠᠬᠢᠨᠲᠠ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠵᠤ᠂ ᠨᠠᠮ᠎ᠤᠨ ᠲᠥᠪ ᠬᠣᠷᠢᠶ᠎ᠠ ᠵᠢᠨ ᠥᠪᠥᠷ ᠮᠣᠩᠭᠣᠯ᠎ᠳ᠋ᠤ ᠲᠤᠬᠳᠠᠭᠠᠵᠤ ᠦᠭᠬᠦᠭᠰᠡᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠪᠠᠲᠤ ᠡᠵᠡᠮᠳᠡᠨ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ᠂ ᠵᠦᠪ ᠣᠨᠣᠪᠴᠢᠲᠠᠶ᠂ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠡᠨᠡ ᠬᠦ᠌ ᠲᠡᠷᠢᠭᠦᠨ ᠴᠢᠬᠤᠯᠠ ᠡᠭᠦᠷᠭᠡ᠎ᠶ᠋ᠢᠨ ᠲᠣᠭᠣᠷᠢᠨ᠎ᠳᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠨ᠂ ᠬᠥᠭ᠌ᠵᠢᠯᠲᠡ ᠪᠠ ᠠᠮᠤᠷ ᠲᠦᠪᠱᠢᠨ᠎ᠢ ᠵᠡᠷᠭᠡ᠎ᠪᠡᠷ ᠴᠢᠬᠤᠯᠠᠴᠢᠯᠠᠬᠤ᠎ᠶ᠋ᠢ ᠪᠠᠷᠢᠮᠲᠠᠯᠠᠵᠤ᠂ ᠠᠮᠢ ᠠᠬᠤᠶ᠎ᠶ᠋ᠢ ᠤᠷᠢᠳ᠎ᠢᠶᠡᠷ ᠪᠤᠳᠤᠯᠬᠢᠯᠠᠬᠤ᠂ ᠪᠣᠬᠢᠷᠲᠤᠯ ᠦᠭᠡᠢ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠬᠤ᠎ᠵᠢ ᠪᠠᠷᠢᠮᠳᠠᠯᠠᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠎ᠳᠤ ᠢᠳᠡᠪᠬᠢᠲᠡᠢ ᠠᠭᠤᠰᠤᠯᠴᠠᠬᠤ ᠪᠠ ᠦᠢᠯᠡᠴᠢᠯᠡᠵᠦ᠂ 《ᠬᠣᠶᠠᠷ ᠬᠠᠯᠬᠠᠪᠴᠢ》᠂《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠎ᠵᠢ ᠪᠠᠢᠭᠤᠯᠬᠤ ᠳ᠋ᠤ ᠱᠢᠨ᠎ᠡ ᠵᠢᠳᠬᠦᠯ ᠴᠢᠷᠮᠠᠢᠯᠭ᠎ᠠ ᠭᠠᠷᠭᠠᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ ᠬᠡᠷᠡᠭᠲᠡᠢ ᠭᠡᠵᠦ ᠴᠢᠬᠤᠯᠠᠴᠢᠯᠠᠪᠠ᠃

ᠬᠢᠯᠢ᠎ᠶ᠋ᠢ ᠬᠦᠴᠦᠷᠬᠡᠭ᠌ᠵᠢᠭᠦᠯᠤᠨ ᠰᠡᠷᠭᠡᠢᠯᠡᠯᠲᠡ᠎ᠶ᠋ᠢ ᠪᠡᠬᠢᠵᠢᠭᠦᠯᠵᠦ ᠠᠮᠤᠷ ᠲᠣᠭ᠍ᠲᠠᠭᠤᠨ᠎ᠢ ᠬᠠᠮᠠᠭᠠᠯᠠᠨ᠎ᠠ

ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ᠎ᠤᠨ 110 ᠭᠠᠷᠤᠢ ᠳ᠋ᠢᠸᠢᠽᠢ᠎ᠶ᠋ᠢᠨ ᠱᠠᠳᠤᠨ᠎ᠦ ᠨᠢᠭᠡᠴᠢ ᠥᠷᠭᠡᠨ ᠤᠯᠠᠨ ᠳᠠᠷᠤᠭ᠎ᠠ ᠪᠠᠢᠯᠳᠤᠭ᠍ᠴᠢ᠎ᠶ᠋ᠢ ᠨᠠᠷᠢᠨ ᠬᠢᠨᠠᠮᠠᠭᠠᠢ ᠵᠣᠬᠢᠶᠠᠨ ᠪᠠᠢᠭᠤᠯᠵᠤ ᠰᠣᠨᠢᠨ ᠮᠡᠳᠡᠭᠡ᠎ᠶ᠋ᠢ ᠬᠦᠯᠢᠶᠡᠨ ᠠᠪᠴᠤ᠌ ᠰᠣᠨᠣᠰᠤᠭ᠍ᠰᠠᠨ ᠰᠠᠭᠤᠷᠢᠨ ᠳᠡᠭᠡᠷ᠎ᠡ᠂ ᠤᠯᠠᠨ ᠵᠦᠢᠯ᠎ᠦᠨ ᠬᠡᠯᠪᠡᠷᠢ᠎ᠪᠡᠷ ᠲᠥᠪᠯᠡᠷᠡᠭᠦᠯᠦᠨ ᠰᠤᠷᠤᠯᠴᠠᠬᠤ᠎ᠶ᠋ᠢᠨ ᠬᠠᠮᠲᠤ ᠰᠤᠳᠤᠯᠤᠨ ᠶᠠᠷᠢᠯᠴᠠᠵᠤ ᠰᠠᠨᠠᠯ᠎ᠢᠶᠠᠨ ᠰᠤᠯᠢᠯᠴᠠᠬᠤ᠎ᠵᠢ ᠭᠦᠨᠵᠡᠭᠡᠢ ᠦᠷᠨᠢᠭᠦᠯᠪᠠ᠂ ᠤᠯᠠᠨ᠎ᠵᠢᠡᠷ᠎ᠵᠢᠡᠨ᠂ ᠲᠠᠢ᠌ᠨ ᠬᠢᠬᠦ᠌ ᠮᠠᠶᠢᠭ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠲᠠᠢ᠌ᠴᠢᠯᠠᠯᠳᠠ᠎ᠪᠠᠷ ᠵᠢᠯᠣᠭᠣᠳᠤᠮᠵᠢ ᠪᠣᠯᠭᠠᠵᠤ᠂ ᠨᠠᠮ ᠵᠠᠰᠠᠭ ᠴᠡᠷᠢᠭ ᠴᠠᠭ᠍ᠳᠠᠭ᠎ᠠ ᠠᠷᠠᠳ 《ᠲᠠᠪᠤ᠎ᠶ᠋ᠢ ᠨᠢᠭᠡ ᠴᠤᠬ᠍ᠴᠠᠵᠢᠭᠤᠯᠤᠬᠰᠠᠨ》 ᠬᠣᠯᠪᠣᠭᠠᠯᠠᠨ ᠬᠢᠯᠢ᠎ᠵᠢ ᠬᠠᠮᠢᠶᠠᠷᠴᠤ᠌ ᠬᠢᠯᠢ᠎ᠶ᠋ᠢ ᠡᠵᠡᠮᠳᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠬᠢᠯᠢ᠎ᠶ᠋ᠢᠨ ᠬᠠᠮᠠᠭᠠᠯᠠᠯᠲᠠ᠎ᠶ᠋ᠢᠨ ᠰᠠᠭᠤᠷᠢ ᠲᠥᠬᠥᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ ᠪᠣᠯᠤᠨ ᠬᠠᠮᠠᠭᠠᠯᠠᠵᠤ ᠬᠠᠮᠢᠶᠠᠷᠬᠤ ᠡᠷᠴᠢᠮ᠎ᠢᠶᠡᠨ ᠴᠢᠩᠭᠠᠷᠠᠭᠤᠯᠵᠤ᠂ ᠡᠭᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠪᠡᠬᠢ ᠴᠣᠭ᠍ᠴᠠᠯᠠᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠦᠨ᠎ᠡ ᠭᠡᠵᠦ᠍ ᠢᠯᠡᠳᠭᠡᠵᠡᠭᠡᠪᠡ᠃

《ᠡᠭᠦᠷᠭᠡ ᠬᠠᠷᠢᠭᠤᠴᠠᠯᠭ᠎ᠠ ᠬᠦᠨᠳᠦ ᠶᠡᠬᠡ᠂  ᠪᠢᠳᠡ ᠤᠷᠢᠶᠠᠯᠠᠭ᠎ᠠ᠎ᠶ᠋ᠢ ᠢᠳᠡᠪᠬᠢᠲᠡᠶ ᠴᠤᠤᠷᠢᠶᠠᠲᠤᠨ ᠳᠠᠭᠠᠵᠤ᠂ ᠬᠣᠢᠱᠢᠳᠠ ᠪᠠᠢᠯᠳᠤᠬᠤ ᠴᠢᠳᠠᠪᠤᠷᠢ᠎ᠪᠠᠨ ᠬᠠᠲᠠᠭᠤᠵᠢᠯᠲᠠᠶ ᠪᠣᠯᠪᠠᠰᠤᠷᠠᠵᠤ᠂ ᠪᠠᠲᠤᠯᠠᠭ᠎ᠠ᠎ᠶ᠋ᠢᠨ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠬᠦᠴᠦᠷᠬᠡᠭ ᠶᠡᠬᠡ ᠪᠠᠲᠤ ᠪᠠᠬᠢ ᠣᠲᠣ ᠦᠶ᠎ᠡ᠎ᠶ᠋ᠢᠨ ᠬᠢᠯᠢ᠎ᠶ᠋ᠢᠨ ᠬᠠᠮᠠᠭᠠᠯᠠᠯᠲᠠ᠎ᠶ᠋ᠢ ᠪᠤᠢ ᠪᠤᠯᠭᠠᠬᠤ᠎ᠳᠤ ᠬᠦᠴᠦᠨ ᠴᠢᠳᠠᠯ᠎ᠢᠶᠠᠨ ᠡᠷᠭᠦᠬᠦ᠌᠎ᠪᠡᠷ ᠴᠢᠷᠮᠠᠢᠨ᠎ᠠ》 ᠭᠡᠵᠦ ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ᠎ᠤᠨ ᠨᠢᠭᠡᠨ ᠱᠢᠭᠤᠳ ᠬᠠᠷᠢᠶ᠎ᠠ ᠬᠤᠪᠢᠶᠠᠷᠢ ᠠᠩᠭᠢ᠎ᠶ᠋ᠢᠨ ᠨᠢᠭᠡᠳᠦᠭᠡᠷ ᠳᠡᠰ᠎ᠤᠨ ᠠᠬᠠᠯᠠᠬᠤ ᠲᠦᠷᠦᠭᠦᠴᠢ ᠵᠤ᠌ ᠹᠸᠩ ᠱᠤᠸᠠᠩ ᠡᠷᠡᠰ ᠱᠢᠭᠤᠷᠬᠠᠶ᠎ᠢᠯᠡᠳᠭᠡᠪᠡ᠃

ᠥᠷᠭᠡᠨ ᠠᠭᠤᠳᠠᠮ ᠲᠠᠯ᠎ᠠ ᠨᠤᠲᠤᠭ᠎ᠡᠴᠡ ᠡᠯᠡᠰᠦᠨ ᠴᠥᠯ ᠭᠣᠪᠢ ᠨᠤᠳᠤᠭ ᠬᠦᠷᠲᠡᠯ᠎ᠡ᠂ ᠤᠭᠠᠯᠵᠠᠯᠠᠨ ᠤᠷᠤᠰᠬᠤ ᠬᠢᠯᠢ᠎ᠶ᠋ᠢᠨ ᠭᠤᠤᠯ᠎ᠡᠴᠡ ᠢᠭ᠍ᠴᠤ ᠰᠠᠬᠤᠯᠢᠭ ᠬᠦᠪᠴᠢ  ᠣᠶ ᠬᠦᠷᠲᠡᠯ᠎ᠡ᠂ 8000 ᠭᠠᠷᠤᠶ ᠭᠠᠵᠠᠷ᠎ᠤᠨ ᠬᠢᠯᠢ᠎ᠶ᠋ᠢᠨ ᠱᠤᠭᠤᠮ᠂ 36 ᠲᠦᠮᠡᠨ ᠲᠡᠭ᠌ᠰᠢ ᠳᠥᠷᠪᠡᠯᠵᠢᠨ ᠺᠢᠯᠣᠮᠧᠲ᠋ᠷ᠎ᠦᠨ ᠬᠢᠯᠢ᠎ᠶ᠋ᠢᠨ ᠬᠠᠮᠢᠶᠠᠷᠤᠯᠲᠠ᠎ᠶ᠋ᠢᠨ ᠣᠷᠣᠨ᠂ ᠥᠪᠥᠷ ᠮᠣᠩᠭᠣᠯ《ᠬᠠᠭᠠᠯᠭ᠎ᠠ》 ᠪᠠᠨ ᠰᠠᠢᠲᠤᠷ ᠰᠠᠬᠢᠬᠤ ᠪᠠ 《ᠭᠤᠤᠯ》 ᠵᠢᠡᠨ ᠰᠠᠢᠲᠤᠷ ᠬᠠᠮᠠᠭᠠᠯᠠᠬᠤ ᠬᠠᠷᠢᠭᠤᠴᠠᠯᠭ᠎ᠠ ᠲᠤᠢᠯ᠎ᠤᠨ ᠬᠦᠨᠳᠦ ᠶᠡᠬᠡ᠂ ᠡᠭᠦᠷᠭᠡ ᠲᠤᠢᠯ᠎ᠤᠨ ᠬᠦᠨᠳᠦ ᠨᠦᠰᠡᠷ᠃

《ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ᠎ᠪᠠᠷ ᠢᠷᠡᠭ᠌ᠰᠡᠨ ᠮᠡᠳᠡᠬᠡ ᠵᠢ ᠦᠵᠡᠭᠡᠳ ᠪᠢ ᠮᠠᠰᠢᠳᠠ ᠪᠠᠶᠠᠷᠯᠠᠨ ᠲᠤᠬᠳᠤᠯᠪᠠ》᠃ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠦᠨ ᠠᠷᠠᠳ᠎ᠤᠨ ᠴᠠᠭ᠍ᠳᠠᠭ᠎ᠠ ᠨᠢᠶᠧ ᠯᠧᠢ᠄ 《ᠥᠪᠥᠷ ᠮᠣᠩᠭᠣᠯ ᠳᠣᠲᠣᠭᠠᠳᠤ᠎ᠳᠠᠭᠠᠨ ᠨᠠᠶ᠋ᠮᠠᠨ ᠮᠤᠵᠢ ᠤᠷᠤᠨ᠎ᠲᠠᠶ ᠵᠠᠯᠭᠠᠯᠳᠤᠵᠤ᠂ ᠭᠠᠳᠠᠭ᠍ᠰᠢ᠎ᠪᠠᠨ ᠣᠷᠣᠰ ᠮᠣᠩᠭᠣᠯ᠎ᠲᠠᠶ ᠬᠦᠷᠰᠢᠯᠡᠵᠤ᠂ ᠡᠬᠡ ᠤᠯᠤᠰ᠎ᠤᠨ 〈ᠤᠮᠠᠷᠠᠲᠤ ᠶᠡᠬᠡ ᠬᠠᠭᠠᠯᠭ᠎ᠠ〉᠂ ᠨᠡᠢᠰᠯᠡᠯ᠎ᠦᠨ 〈ᠬᠠᠮᠠᠭᠠᠯᠠᠯᠳᠠ ᠵᠢᠨ ᠭᠤᠤᠯ〉 ᠪᠠᠢᠵᠤ᠂ ᠤᠯᠤᠰ᠎ᠤᠨ ᠶᠡᠷᠦᠩᠬᠡᠶ ᠠᠮᠤᠷ ᠲᠦᠪᠱᠢᠨ᠎ᠦ ᠶᠡᠬᠡ ᠲᠠᠯ᠎ᠠ᠎ᠳᠤ ᠠᠪᠴᠤ ᠬᠡᠯᠡᠪᠡᠯ ᠪᠠᠢᠯᠳᠤᠬᠤ ᠪᠣᠳᠣᠯᠭ᠎ᠠ᠎ᠶ᠋ᠢᠨ ᠪᠠᠢᠷᠢ ᠰᠠᠭᠤᠷᠢ᠎ᠪᠡᠷ ᠮᠠᠰᠢ ᠴᠢᠬᠤᠯᠠ᠂ ᠡᠭᠦᠷᠭᠡ ᠬᠠᠷᠢᠭᠤᠴᠠᠯᠭ᠎ᠠ᠎ᠨᠢ ᠣᠨᠴᠠᠭᠠᠶ ᠪᠠᠢᠳᠠᠭ᠃ ᠳᠣᠲᠣᠭᠠᠳᠤ᠎ᠶ᠋ᠢ ᠬᠠᠮᠠᠭᠠᠯᠠᠬᠤ ᠠᠷᠠᠳ᠎ᠤᠨ ᠴᠠᠭ᠍ᠳᠠᠭ᠎ᠠ ᠪᠣᠯᠤᠭ᠍ᠰᠠᠨ᠎ᠤ ᠬᠤᠪᠢ᠎ᠳᠤ᠂ ᠪᠢᠳᠡ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠨᠠᠮ᠎ᠤᠨ ᠲᠥᠪ ᠬᠣᠷᠢᠶ᠎ᠠ ᠵᠢᠨ ᠴᠢᠬᠤᠯᠠ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠣᠯᠪᠣᠭ᠍ᠳᠠᠯ ᠪᠥᠬᠥᠶ ᠱᠠᠭᠠᠷᠳᠠᠯᠭ᠎ᠠ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠪᠡᠬᠢ ᠴᠣᠭ᠍ᠴᠠᠯᠠᠵᠤ᠂ ᠦᠨᠳᠦᠰᠦᠲᠡᠨ᠎ᠦ ᠪᠦᠯᠬᠦᠮᠳᠡᠯ᠂ ᠬᠢᠯᠢ ᠬᠢᠵᠠᠭᠠᠷ᠎ᠤᠨ ᠠᠮᠤᠷ ᠲᠣᠭ᠍ᠲᠠᠭᠤᠨ᠂ ᠨᠡᠢᠭᠡᠮ᠎ᠦᠨ ᠲᠣᠭ᠍ᠲᠠᠭᠤᠨ᠎ᠤ 〈ᠪᠤᠯᠤᠳ ᠬᠡᠷᠡᠮ ᠲᠡᠮᠦᠷ ᠬᠠᠨ᠎ᠠ〉 ᠶ᠋ᠢ ᠨᠠᠩ ᠪᠠᠲᠤ ᠪᠠᠬᠢ ᠴᠣᠭ᠍ᠴᠠᠯᠠᠵᠤ᠂ ᠠᠷᠠᠳ ᠣᠯᠠᠨ᠎ᠤ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠨᠠᠩ ᠲᠡᠭᠦᠯᠳᠡᠷ᠂ ᠨᠠᠩ ᠪᠠᠲᠤᠯᠠᠭ᠎ᠠ᠎ᠲᠠᠶ᠂ ᠨᠠᠩ ᠦᠷᠭᠦᠯᠵᠢᠯᠡᠬᠦ ᠪᠣᠯᠭᠠᠨ᠎ᠠ》 ᠭᠡᠪᠡ᠃

ᠣᠢᠷ᠎ᠠ᠎ᠳᠤ᠂ ᠱᠢᠯᠢ᠎ᠶ᠋ᠢᠨ ᠭᠤᠤᠯ᠎ᠤᠨ ᠬᠢᠯᠢ᠎ᠶ᠋ᠢᠨ ᠬᠠᠮᠢᠶᠠᠷᠤᠯᠲᠠ᠎ᠶ᠋ᠢᠨ ᠰᠠᠯᠪᠤᠷᠢ ᠠᠩᠭᠢ᠎ᠶ᠋ᠢᠨ ᠲᠦᠷᠦᠭᠦᠦ ᠪᠦᠯᠦᠭ᠎ᠦᠨ 5A ᠲᠠᠰ᠎ᠤᠨ 《ᠬᠢᠯᠢ᠎ᠵᠢ ᠬᠠᠮᠠᠭᠠᠯᠠᠬᠤ ᠤᠯᠠᠭ᠎ᠠ ᠥᠷᠲᠡᠭᠡ》 ᠵᠢᠩᠬᠢᠨᠢ᠎ᠪᠡᠷ ᠪᠠᠢᠭᠤᠯᠤᠭ᠍ᠳᠠᠪᠠ᠃ ᠲᠣᠰ ᠰᠠᠯᠪᠤᠷᠢ ᠠᠩᠭᠢ ᠨᠢ ᠲᠠᠯ᠎ᠠ ᠨᠤᠲᠤᠭ᠎ᠤᠨ 《110》 ᠴᠠᠭᠳᠠᠭ᠎ᠠ᠎ᠳᠤ ᠮᠡᠳᠡᠭᠦᠯᠬᠦ᠌ ᠴᠡᠭ᠂ ᠬᠢᠯᠢ᠎ᠶ᠋ᠢᠨ ᠴᠠᠭ᠍ᠳᠠᠭᠠᠨ᠎ᠤ ᠶᠠᠪᠤᠳᠠᠯ᠎ᠤᠨ ᠲᠠᠰᠤᠭ᠂ ᠨᠠᠮ᠎ᠤᠨ ᠭᠡᠱᠢᠭᠦᠨ᠎ᠦ ᠭᠤᠤᠯᠳᠠᠯᠭᠠᠲᠤ ᠡᠷᠦᠬᠡ᠂ ᠲᠤᠤᠷᠵᠢᠭᠤᠯᠤᠯᠲᠠ᠎ᠵᠢᠨ ᠠᠵᠢᠯᠴᠢᠨ ᠵᠡᠷᠭᠡ ᠬᠢᠯᠢ᠎ᠶ᠋ᠢ ᠬᠠᠮᠢᠶᠠᠷᠴᠤ᠌ ᠬᠢᠯᠢ᠎ᠶ᠋ᠢ ᠬᠠᠮᠠᠭᠠᠯᠠᠬᠤ ᠡᠬᠢ ᠪᠠᠶᠠᠯᠢᠭ᠎ᠤᠨ ᠬᠦᠴᠦᠨ᠎ᠢ ᠨᠡᠢᠳᠬᠡᠵᠤ ᠳᠠᠬᠢᠨ ᠵᠤᠬᠢᠶᠠᠨ ᠪᠠᠢᠭᠤᠯᠵᠤ᠂ 《ᠬᠢᠯᠢ᠎ᠶ᠋ᠢ ᠬᠠᠮᠠᠭᠠᠯᠠᠬᠤ ᠤᠯᠠᠭ᠎ᠠ ᠥᠷᠲᠡᠭᠡ》 ᠵᠢ ᠪᠠᠢᠭᠤᠯᠵᠤ᠂ ᠲᠣᠰ ᠪᠡᠶ᠎ᠡ᠎ᠶ᠋ᠢᠨ ᠪᠣᠳᠠᠲᠠᠢ ᠪᠠᠢᠳᠠᠯ᠎ᠳᠤ ᠨᠡᠢᠴᠡᠭ᠌ᠰᠡᠨ ᠬᠢᠯᠢ᠎ᠵᠢ ᠬᠠᠮᠢᠶᠠᠷᠴᠤ᠌ ᠬᠢᠯᠢ᠎ᠶ᠋ᠢ ᠬᠠᠮᠠᠭᠠᠯᠠᠵᠤ ᠬᠢᠯᠢ᠎ᠶ᠋ᠢ ᠵᠠᠰᠠᠬᠤ ᠴᠢᠨᠠᠷ ᠰᠠᠢᠲᠠᠶ ᠵᠠᠮ᠎ᠢ ᠨᠡᠭᠡᠭᠡᠬᠦ᠌᠎ᠪᠡᠷ ᠵᠣᠷᠢᠯᠭ᠎ᠠ ᠪᠣᠯᠭᠠᠬᠰᠠᠨ ᠶᠤᠮ᠃

ᠵᠡᠭᠦᠨ ᠦᠵᠦᠮᠦᠴᠢᠨ᠎ᠦ ᠬᠢᠯᠢ᠎ᠶ᠋ᠢᠨ ᠬᠠᠮᠢᠶᠠᠷᠤᠯᠲᠠ᠎ᠶ᠋ᠢᠨ ᠶᠡᠬᠡ ᠠᠩᠭᠢ᠎ᠶ᠋ᠢᠨ ᠪᠣᠭ᠍ᠳᠠᠡᠠᠭᠤᠯᠠ᠎ᠶ᠋ᠢᠨ ᠬᠢᠯᠢ᠎ᠶ᠋ᠢᠨ ᠲᠣᠮᠢᠯᠠᠭ᠍ᠰᠠᠨ ᠰᠠᠯᠪᠤᠷᠢ᠎ᠶ᠋ᠢᠨ ᠤᠯᠤᠰ ᠲᠥᠷᠥ᠎ᠶ᠋ᠢᠨ ᠵᠢᠭᠠᠨ ᠵᠢᠯᠣᠭᠣᠳᠣᠭ᠍ᠴᠢ ᠸᠠᠩ ᠯᠢᠶᠠᠩ᠄ 《ᠬᠢᠯᠢ᠎ᠶ᠋ᠢᠨ ᠲᠣᠮᠢᠯᠠᠭ᠍ᠰᠠᠨ ᠰᠠᠯᠪᠤᠷᠢ᠎ᠶ᠋ᠢᠨ ᠡᠮᠦᠨ᠎ᠡ ᠹᠷᠣᠨᠲ᠎ᠤᠨ ᠠᠷᠠᠳ᠎ᠤᠨ ᠴᠠᠭ᠍ᠳᠠᠭ᠎ᠠ ᠪᠣᠯᠤᠭ᠍ᠰᠠᠨ᠎ᠤ ᠬᠤᠪᠢ᠎ᠳᠤ᠂ ᠪᠢᠳᠡ ᠪᠣᠳᠠᠲᠤ ᠠᠵᠢᠯᠯᠠᠭ᠎ᠠ᠎ᠪᠠᠷ᠎ᠢᠶᠠᠨ ᠶᠡᠷᠦᠩᠬᠡᠶ ᠱᠦᠵᠢ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠵᠤ᠂ ᠬᠢᠯᠢ᠎ᠶ᠋ᠢᠨ ᠬᠠᠮᠠᠭᠠᠯᠠᠯᠲᠠ᠎ᠶ᠋ᠢᠨ ᠠᠮᠤᠷ ᠲᠦᠪᠱᠢᠨ ᠪᠠ ᠬᠢᠯᠢ ᠬᠢᠵᠠᠭᠠᠷ ᠣᠷᠣᠨ᠎ᠤ ᠲᠣᠭ᠍ᠲᠠᠭᠤᠨ᠎ᠢ ᠡᠷᠡᠰ ᠬᠠᠮᠠᠭᠠᠯᠠᠨ᠎ᠠ》 ᠭᠡᠪᠡ᠃

ᠤᠷᠠᠳ᠎ᠤᠨ ᠳᠤᠮᠳᠠᠳᠤ ᠬᠣᠱᠢᠭᠤᠨ᠎ᠤ ᠬᠢᠯᠢ᠎ᠶ᠋ᠢᠨ ᠬᠠᠮᠢᠶᠠᠷᠤᠯᠲᠠ᠎ᠶ᠋ᠢᠨ ᠶᠡᠬᠡ ᠠᠩᠭᠢ᠎ᠶ᠋ᠢᠨ ᠠᠷᠠᠳ᠎ᠤᠨ ᠴᠠᠭ᠍ᠳᠠᠭ᠎ᠠ ᠨᠠᠷ᠂ ᠨᠠᠩ ᠴᠣᠭ ᠪᠠᠳᠠᠷᠠᠩᠭᠤᠶ ᠣᠶᠤᠨ ᠰᠠᠨᠠᠭᠠᠨ᠎ᠤ ᠳᠦᠷᠰᠦ ᠪᠠᠢᠳᠠᠯ ᠪᠠ ᠣᠷᠭᠢᠯᠤᠮ᠎ᠠ ᠬᠠᠯᠠᠭᠤᠨ ᠰᠡᠳᠭᠢᠯᠭᠡ᠎ᠪᠡᠷ ᠡᠯ᠎ᠡ ᠵᠦᠶ᠋ᠯ᠎ᠦᠨ ᠠᠵᠢᠯ᠎ᠳᠤ ᠣᠷᠣᠯᠴᠠᠵᠤ᠂ ᠤᠯᠤᠰ᠎ᠤᠨ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ᠎ᠢ ᠬᠠᠮᠠᠭᠠᠯᠠᠬᠤ᠂ ᠰᠠᠭᠤᠭ᠎ᠠ ᠭᠠᠵᠠᠷ᠎ᠤᠨ ᠠᠵᠤ ᠠᠬᠤᠶ᠎ᠶ᠋ᠢᠨ ᠬᠥᠭ᠌ᠵᠢᠯᠲᠡ᠎ᠳᠦ ᠦᠶ᠋ᠯᠡᠴᠢᠯᠡᠬᠦ᠌᠎ᠳᠦ ᠨᠠᠩ ᠶᠡᠬᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠭᠡᠵᠡᠭᠡᠪᠡ᠃ 《ᠪᠢᠳᠡ ᠯᠠᠪᠲᠠᠶ ᠪᠥᠬᠥ᠌ ᠬᠦᠴᠦᠨ᠎ᠢᠶᠡᠷ᠎ᠢᠶᠡᠨ ᠠᠶᠤᠯ ᠲᠦᠭ᠌ᠰᠢᠭᠦᠷᠢ᠎ᠶ᠋ᠢ ᠰᠡᠷᠭᠡᠢᠯᠡᠵᠦ᠍᠂ ᠠᠮᠤᠷ ᠲᠦᠪᠱᠢᠨ᠎ᠢ ᠪᠠᠲᠤᠯᠠᠵᠤ᠂ ᠠᠮᠤᠷ ᠠᠮᠤᠭᠤᠯᠠᠩ ᠬᠢᠯᠢ ᠬᠢᠵᠠᠭᠠᠷ᠎ᠤᠨ ᠪᠥᠲᠥᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠵᠦ᠍᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠪᠡᠬᠢ ᠴᠣᠭ᠍ᠴᠠᠯᠠᠨ᠎ᠠ》 ᠭᠡᠵᠦ᠍ ᠵᠢᠯᠣᠭᠣᠳᠭᠤ ᠲᠥᠪ᠎ᠦᠨ ᠠᠷᠠᠳ᠎ᠤᠨ ᠴᠠᠭ᠍ᠳᠠᠭ᠎ᠠ ᠱᠢᠤᠢ ᠵᠢᠶᠧ ᠬᠡᠯᠡᠪᠡ᠃

ᠠᠵᠢᠯ᠎ᠤᠨ ᠬᠠᠷᠢᠭᠤᠴᠠᠯᠭ᠎ᠠ᠎ᠪᠠᠨ ᠰᠠᠬᠢᠵᠤ ᠡᠶ᠎ᠡ ᠵᠣᠬᠢᠴᠠᠩᠭᠤᠢ ᠵᠢ ᠠᠬᠢᠭᠤᠯᠤᠨ᠎ᠠ

ᠨᠡᠢᠭᠡᠮ᠎ᠦᠨ ᠲᠣᠭ᠍ᠲᠠᠭᠤᠨ ᠪᠠ ᠠᠮᠤᠷ ᠲᠦᠪᠱᠢᠨ ᠪᠣᠯ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠤᠭ᠎ᠤᠨ ᠦᠨᠳᠦᠰᠦᠨ᠂ ᠬᠠᠮᠤᠭ᠎ᠤᠨ ᠲᠦᠭᠡᠮᠡᠯ ᠬᠦᠰᠡᠯ ᠡᠷᠡᠮᠡᠯᠵᠡᠯ ᠮᠥᠨ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠲᠠᠰᠤᠷᠠᠯᠲᠠ ᠥᠬᠡᠶ ᠪᠡᠬᠢᠵᠢᠭᠦᠯᠬᠦ᠌ ᠶᠠᠪᠤᠴᠠ᠎ᠳᠠᠬᠢ 《ᠵᠠᠪᠠᠯ ᠬᠠᠷᠢᠭᠤᠯᠬᠤ ᠰᠡᠳᠦᠪ》 ᠮᠥᠨ᠃

ᠱᠢᠶᠧ ᠪᠦᠦ ᠮᠢᠨ ᠪᠣᠯ ᠠᠯᠠᠱᠠ ᠠᠢᠮᠠᠭ᠎ᠤᠨ ᠠᠯᠠᠱᠠ ᠪᠠᠷᠠᠭᠤᠨ ᠬᠣᠱᠢᠭᠤᠨ᠎ᠤ ᠪᠠᠳᠠᠢ᠎ᠶ᠋ᠢᠨ ᠵᠢᠷᠠᠨ ᠪᠠᠯᠭᠠᠰᠤ᠎ᠶ᠋ᠢᠨ ᠠᠷᠤ ᠮᠣᠳᠣ ᠭᠠᠴᠡᠭ᠎ᠠ᠎ᠶ᠋ᠢᠨ ᠮᠠᠯᠴᠢᠨ ᠪᠣᠯᠤᠨ᠎ᠠ᠂ 17 ᠨᠠᠰᠤᠨ᠎ᠡᠴᠡ᠎ᠪᠠᠨ ᠡᠬᠢᠯᠡᠨ ᠬᠢᠯᠢ᠎ᠶ᠋ᠢ ᠴᠠᠭ᠍ᠳᠠᠨ ᠰᠠᠬᠢᠵᠤ᠂ 20 ᠭᠠᠷᠤᠢ ᠵᠢᠯ᠎ᠦᠨ ᠲᠤᠷᠰᠢ ᠲᠡᠷᠡ ᠶᠠᠭ ᠭᠣᠪᠢ᠎ᠶ᠋ᠢᠨ ᠵᠠᠭ ᠱᠢᠭ᠋ ᠵᠢᠯ ᠳᠠᠷᠠᠭᠠᠯᠠᠨ 26 ᠳ᠋ᠤᠭᠠᠷ 《 ᠮᠣᠩᠭᠣᠯ ᠭᠡᠷ᠎ᠤᠨ ᠬᠠᠷᠠᠭᠤᠯ᠎ᠤᠨ ᠭᠠᠵᠠᠷ》 ᠎ᠢ᠋ ᠪᠠᠳᠤ ᠰᠠᠬᠢᠵᠤ᠂ ᠨᠠᠮ᠎ᠳᠠᠭᠠᠨ ᠦᠨᠡᠨᠴᠢ ᠱᠢᠳᠤᠷᠭᠤ ᠪᠠᠢᠬᠤ ᠰᠡᠳᠬᠢᠯ ᠪᠠ ᠢᠲᠡᠭᠡᠯ ᠪᠢᠱᠢᠷᠡᠯ᠎ᠢᠶᠡᠨ ᠤᠯᠤᠰ᠎ᠢᠶᠠᠨ ᠬᠠᠮᠠᠭᠠᠯᠠᠵᠤ ᠬᠢᠯᠢ᠎ᠪᠡᠨ ᠬᠠᠮᠠᠭᠠᠯᠠᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠲᠡᠭᠦᠨ᠎ᠦ ᠰᠠᠬᠢᠨ ᠬᠠᠮᠠᠭᠠᠯᠠᠵᠤ ᠪᠠᠢᠭ᠎ᠠ ᠬᠠᠷᠠᠭᠤᠯ᠎ᠤᠨ ᠭᠠᠵᠠᠷ ᠨᠢ ᠡᠪᠳᠡᠷᠡᠰᠢ ᠦᠭᠡᠢ ᠪᠠᠲᠤ ᠪᠡᠬᠢ 《ᠪᠠᠷᠠᠭᠤᠨ ᠣᠷᠣᠨ᠎ᠤ ᠡᠷᠦᠭᠡ᠎ᠶ᠋ᠢᠨ ᠴᠡᠷᠢᠭ᠎ᠦᠨ ᠨᠢᠭᠡᠳᠦᠭᠡᠷ ᠬᠠᠷᠠᠭᠤᠯ》  ᠬᠡᠮᠡᠭ᠌ᠳᠡᠪᠡ᠃

《ᠶᠡᠷᠦᠩᠬᠡᠢ ᠱᠦᠵᠢ᠎ᠶ᠋ᠢᠨ ᠴᠢᠬᠤᠯᠠ ᠶᠠᠷᠢᠶ᠎ᠠ ᠬᠥᠮᠦᠰ᠎ᠢ ᠵᠣᠷᠢᠭ᠍ᠵᠢᠭᠤᠯᠵᠤ᠂ ᠡᠷᠡᠮᠭᠡᠢᠯᠡᠨ ᠤᠷᠤᠭ᠍ᠰᠢᠯᠠᠭᠤᠯᠤᠨ᠎ᠠ᠃ ᠬᠢᠯᠢ ᠬᠢᠵᠠᠭᠠᠷ᠎ᠢ ᠰᠠᠬᠢᠨ ᠬᠠᠮᠠᠭᠠᠯᠠᠬᠴᠢ ᠪᠣᠯᠤᠭ᠍ᠰᠠᠨ᠎ᠤ ᠬᠤᠪᠢ᠎ᠳᠤ᠂ ᠬᠢᠯᠢ ᠬᠢᠵᠠᠭᠠᠷ᠎ᠤᠨ ᠲᠣᠭ᠍ᠲᠠᠭᠤᠨ᠎ᠢ ᠬᠠᠮᠠᠭᠠᠯᠠᠬᠤ ᠪᠣᠯ ᠵᠠᠢᠯᠠᠭᠤᠯᠵᠤ ᠪᠣᠯᠤᠰᠢ ᠥᠬᠡᠶ ᠬᠠᠷᠢᠭᠤᠴᠠᠯᠭ᠎ᠠ ᠮᠥᠨ᠂ ᠪᠢ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠵᠦ᠍ ᠡᠨᠡ ᠬᠦ᠌ ᠠᠵᠢᠯ᠎ᠢ ᠰᠠᠢᠲᠤᠷ ᠬᠢᠬᠦ᠌᠎ᠶ᠋ᠢᠨ ᠬᠠᠮᠲᠤ ᠨᠠᠰᠤᠨ ᠲᠤᠷᠱᠢᠳᠠ᠎ᠪᠠᠨ ᠲᠡᠭᠦᠨ᠎ᠦ ᠲᠥᠯᠥᠭᠡ ᠲᠡᠮᠡᠴᠡᠨ᠎ᠡ》 ᠭᠡᠮᠡᠨ ᠰᠶ᠋ᠶᠸ ᠪᠦᠦ ᠮᠢᠨ ᠰᠡᠳᠭᠢᠯ ᠳᠣᠭ᠍ᠳᠣᠯᠤᠨ ᠬᠡᠯᠡᠪᠡ᠃

ᠣᠢᠷ᠎ᠠ᠎ᠶ᠋ᠢᠨ ᠵᠢᠯ᠎ᠳᠦ᠂ ᠬᠢᠩᠭᠠᠨ᠎ᠤ ᠬᠢᠯᠢ᠎ᠶ᠋ᠢᠨ ᠬᠠᠮᠢᠶᠠᠷᠤᠯᠲᠠ᠎ᠶ᠋ᠢᠨ ᠰᠠᠯᠪᠤᠷᠢ ᠠᠩᠭᠢ ᠣᠯᠠᠨ ᠲᠦᠮᠡᠨ᠎ᠦ ᠠᠮᠤᠷ᠎ᠢ ᠬᠠᠮᠠᠭᠠᠯᠠᠬᠤ ᠬᠦᠴᠦᠨ᠎ᠢ ᠢᠳᠡᠪᠬᠢᠲᠡᠶ᠎ᠪᠡᠷ ᠨᠢᠭᠡᠳᠦᠯᠲᠡᠶ ᠲᠥᠯᠥᠪᠵᠢᠭᠦᠯᠦᠨ ᠨᠡᠢᠳᠭᠡᠵᠦ᠍᠂ 《ᠴᠠᠰᠤᠲᠤ ᠬᠣᠲᠠ᠎ᠶ᠋ᠢᠨ ᠵᠢᠷᠤᠮ᠎ᠤᠨ ᠴᠠᠭ᠍ᠳᠠᠭ᠎ᠠ》 ᠎ᠶ᠋ᠢᠨ ᠠᠮᠤᠷ᠎ᠢ ᠬᠠᠮᠠᠭᠠᠯᠠᠬᠤ ᠬᠠᠮᠲᠤᠷᠠᠨ ᠰᠡᠷᠭᠡᠢᠯᠡᠬᠦ᠌ ᠨᠡᠢᠭᠡᠮᠯᠢᠭ᠎ᠢ ᠵᠣᠬᠢᠶᠠᠨ ᠪᠠᠢᠭᠤᠯᠵᠤ᠂ ᠬᠢᠯᠢ᠎ᠶ᠋ᠢᠨ ᠲᠣᠮᠢᠯᠠᠭ᠍ᠰᠠᠨ ᠰᠠᠯᠪᠤᠷᠢ᠎ᠶ᠋ᠢ ᠬᠠᠪᠰᠤᠷᠤᠨ ᠠᠮᠤᠷ᠎ᠢ ᠬᠠᠮᠠᠭᠠᠯᠠᠬᠤ ᠪᠠ ᠴᠠᠭ᠍ᠳᠠᠨ ᠲᠣᠭᠣᠷᠢᠬᠤ᠂ ᠵᠥᠷᠢᠴᠡᠯ ᠵᠠᠭᠤᠷᠠᠯᠳᠤᠭᠠᠨ᠎ᠢ ᠡᠶᠡᠳᠡᠭᠦᠯᠬᠦ᠌᠂ ᠨᠡᠢᠭᠡᠮ ᠲᠣᠭᠣᠷᠢᠭ᠎ᠤᠨ ᠦᠶ᠋ᠯᠡᠴᠢᠯᠡᠭᠡ ᠵᠡᠷᠭᠡ ᠴᠠᠭ᠍ᠳᠠᠭᠠᠨ᠎ᠤ ᠶᠠᠪᠤᠳᠠᠯ᠎ᠤᠨ ᠠᠵᠢᠯ᠎ᠢ ᠥᠷᠨᠢᠭᠦᠯᠪᠡ᠃

ᠬᠢᠩᠭᠠᠨ᠎ᠤ ᠬᠢᠯᠢ᠎ᠶ᠋ᠢᠨ ᠬᠠᠮᠢᠶᠠᠷᠤᠯᠲᠠ᠎ᠶ᠋ᠢᠨ ᠰᠠᠯᠪᠤᠷᠢ ᠠᠩᠭᠢ᠎ᠶ᠋ᠢᠨ ᠳᠠᠷᠤᠭ᠎ᠠ ᠴᠢᠶᠣᠤ ᠮᠢᠩ ᠶᠤᠸᠠᠨ᠂ ᠲᠤᠰ ᠰᠠᠯᠪᠤᠷᠢ ᠠᠩᠭᠢ ᠠᠮᠤᠷ ᠠᠮᠤᠭᠤᠯᠠᠩ ᠬᠢᠯᠢ ᠬᠢᠵᠠᠭᠠᠷ᠎ᠤᠨ ᠪᠠᠢᠭᠤᠯᠤᠯᠲᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠪᠣᠰᠣᠭ᠎ᠠ ᠴᠣᠭ᠍ᠴᠠᠲᠤ ᠬᠢᠯᠢ ᠬᠢᠵᠠᠭᠠᠷ᠎ᠤᠨ ᠰᠡᠷᠭᠡᠢᠯᠡᠨ ᠡᠵᠡᠮᠳᠡᠬᠦ᠌ ᠱᠢᠰᠲ᠋ᠧᠮ᠎ᠢ ᠪᠠᠢᠭᠤᠯᠵᠤ᠂《ᠴᠠᠰᠤᠲᠤ ᠬᠣᠲᠠ᠎ᠶ᠋ᠢᠨ ᠵᠢᠷᠤᠮ᠎ᠤᠨ ᠴᠠᠭ᠍ᠳᠠᠭ᠎ᠠ》᠂《ᠲᠠᠯ᠎ᠠ ᠨᠤᠲᠤᠭ᠎ᠤᠨ ᠴᠠᠭ᠍ᠳᠠᠨ ᠰᠡᠷᠭᠡᠢᠯᠡᠬᠦ᠌ ᠠᠩᠭᠢ》 ᠵᠡᠷᠭᠡ ᠲᠦᠷᠦᠯ ᠲᠡᠮᠳᠡᠭ᠎ᠦᠨ ᠳᠠᠪᠠᠭᠤᠯᠢᠭ᠎ᠢ ᠲᠠᠰᠤᠷᠠᠯᠲᠠ ᠦᠭᠡᠢ ᠪᠠᠷᠢᠮᠲᠠᠯᠠᠨ ᠬᠥᠭ᠌ᠵᠢᠭᠦᠯᠵᠦ᠍᠂ ᠨᠠᠮ ᠵᠠᠰᠠᠭ ᠴᠡᠷᠢᠭ ᠴᠠᠭ᠍ᠳᠠᠭ᠎ᠠ ᠠᠷᠠᠳ ᠬᠦᠴᠦ᠍᠎ᠪᠡᠨ ᠬᠠᠮᠲᠤᠳᠭᠠᠨ ᠬᠢᠯᠢ ᠬᠢᠵᠠᠭᠠᠷ᠎ᠢ ᠬᠦᠴᠦᠷᠬᠡᠭ᠌ᠵᠢᠭᠦᠯᠵᠦ᠍ ᠰᠡᠷᠭᠡᠢᠯᠡᠯᠲᠡ᠎ᠶ᠋ᠢ ᠪᠡᠬᠢᠵᠢᠭᠦᠯᠬᠦ᠌ ᠦᠷ᠎ᠡ ᠪᠦᠲᠦᠮᠵᠢ᠎ᠶ᠋ᠢ ᠪᠡᠳᠤᠳᠬᠠᠵᠦ᠂ ᠡᠬᠡ ᠤᠯᠤᠰ᠎ᠤᠨ 《ᠤᠮᠠᠷᠠᠲᠤ ᠶᠡᠬᠡ ᠬᠠᠭᠠᠯᠭ᠎ᠠ》 ᠵᠢ ᠡᠷᠡᠰ ᠰᠠᠢᠲᠤᠷ ᠰᠠᠬᠢᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠳᠤ ᠪᠠᠬᠢ ᠴᠤᠭᠴᠠᠯᠠᠨ᠎ᠠ ᠭᠡᠵᠦ᠍ ᠢᠯᠡᠳᠭᠡᠪᠡ᠃

ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ᠎ᠶ᠋ᠢ ᠰᠣᠨᠣᠰᠤᠭᠠᠳ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠦᠷ ᠵᠡᠷᠭᠡ᠎ᠶ᠋ᠢᠨ ᠱᠢᠭᠦᠬᠦ᠌ ᠬᠣᠷᠢᠶ᠎ᠠ᠎ᠶᠢᠨ ᠠᠯᠪᠠᠨ ᠬᠡᠷ᠎ᠦᠨ ᠺᠠᠳ᠋ᠷ ᠴᠠᠭ᠍ᠳᠠᠭ᠎ᠠ ᠪᠦᠦ ᠯᠢᠨ ᠳᠣᠭ᠍ᠳᠣᠯᠤᠭ᠍ᠰᠠᠨ ᠰᠡᠳᠭᠢᠯ᠎ᠢᠶᠡᠨ ᠳᠠᠷᠤᠵᠤ ᠶᠠᠳᠠᠨ᠂ ᠮᠥᠷᠥᠨ ᠳᠡᠭᠡᠷᠡᠬᠢ 《ᠳᠠᠷᠤᠭᠠᠰᠤ》 ᠨᠠᠩ ᠬᠦᠨᠳᠦᠷᠡᠭ᠌ᠰᠡᠨ ᠎ᠢ ᠤᠬᠠᠭᠠᠷᠠᠵᠠᠢ᠂ ᠲᠡᠷᠡ᠄ 《 ᠱᠢᠨ᠎ᠡ ᠴᠠᠭ ᠦᠶ᠎ᠡ᠎ᠶ᠋ᠢᠨ ᠱᠢᠭᠦᠬᠦ᠌ ᠬᠣᠷᠢᠶ᠎ᠠ᠎ᠶᠢᠨ ᠴᠠᠭ᠍ᠳᠠᠭ᠎ᠠ ᠪᠣᠯᠤᠭ᠍ᠰᠠᠨ᠎ᠤ ᠬᠤᠪᠢ᠎ᠳᠤ᠂ ᠪᠢᠳᠡ ᠱᠢᠭᠦᠬᠦ᠌ ᠬᠣᠷᠢᠶ᠎ᠠ᠎ᠶᠢᠨ ᠤᠯᠤᠰ ᠲᠥᠷᠥ᠎ᠶ᠋ᠢᠨ ᠪᠠᠢᠭᠤᠯᠭ᠎ᠠ᠎ᠶ᠋ᠢᠨ ᠱᠢᠨᠵᠢ ᠴᠢᠨᠠᠷ᠎ᠢ ᠴᠠᠭ ᠢᠮᠠᠭ᠍ᠲᠠ ᠪᠠᠲᠤ ᠴᠡᠭᠡᠵᠢᠯᠡᠵᠦ᠍᠂ ᠨᠠᠮ᠎ᠤᠨ ᠱᠢᠨ᠎ᠡ᠎ᠶ᠋ᠢ ᠡᠭᠦᠳᠦᠭᠰᠡᠨ ᠣᠨᠣᠯ᠎ᠢᠶᠡᠷ ᠵᠡᠪᠰᠡᠭ᠌ᠯᠡᠬᠦ ᠪᠠᠨ ᠴᠢᠩᠭᠠᠳᠭᠠᠵᠤ᠂ ᠠᠯᠢ ᠣᠯᠠᠨ ᠴᠢᠨᠠᠷ ᠰᠠᠢᠲᠠᠶ ᠬᠠᠤᠯᠢᠵᠢᠯ᠎ᠤᠨ ᠤᠬᠠᠭᠤᠯᠭ᠎ᠠ᠎ᠶ᠋ᠢᠨ ᠠᠵᠢᠯ᠎ᠢᠶᠠᠷ ᠳᠠᠮᠵᠢᠭᠤᠯᠤᠨ᠂ ᠬᠠᠤᠯᠢᠵᠢᠯ᠎ᠤᠨ ᠲᠠᠭᠤᠨ᠎ᠢ ᠰᠡᠳᠭᠢᠯ ᠳᠡᠯᠪᠢᠨ ᠰᠠᠢᠲᠤᠷ ᠲᠠᠮᠵᠢᠭᠤᠯᠵᠤ᠂ ᠪᠣᠳᠠᠲᠤ ᠶᠠᠪᠤᠳᠠᠯ ᠪᠦᠷᠢ᠎ᠶ᠋ᠢ ᠦᠨᠡᠨ ᠬᠦ᠌ ᠰᠠᠢᠲᠤᠷ ᠬᠢᠵᠦ᠍᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠪᠡᠬᠢ ᠴᠣᠭ᠍ᠴᠠᠯᠠᠬᠤ᠎ᠳᠤ ᠬᠠᠤᠯᠢᠵᠢᠯ᠎ᠤᠨ ᠬᠦᠴᠦᠳᠠᠢ ᠪᠠᠲᠤᠯᠠᠭ᠎ᠠ ᠬᠠᠩᠭᠠᠨ᠎ᠠ》 ᠭᠡᠵᠡᠢ᠃

ᠤᠯᠠᠭᠠᠨᠬᠠᠳᠠ ᠬᠣᠲᠠ᠎ᠶ᠋ᠢᠨ ᠵᠠᠰᠠᠭ᠎ᠤᠨ ᠣᠷᠳᠣᠨ᠎ᠤ ᠨᠠᠷᠢᠨ ᠪᠢᠴᠢᠭ᠎ᠦᠨ ᠳᠡᠳ᠋ ᠳᠠᠷᠤᠭ᠎ᠠ᠂ ᠵᠠᠬᠢᠳᠠᠯ ᠰᠤᠷᠪᠤᠯᠵᠢᠯᠠᠯ᠎ᠤᠨ᠎ᠲᠣᠪᠴᠢᠶ᠎ᠠ ᠵᠢᠨ ᠳᠠᠷᠤᠭ᠎ᠠ ᠹᠠᠨ ᠬᠣᠩ ᠬᠤᠸᠠ᠂ ᠴᠢᠩ ᠰᠡᠳᠭᠢᠯ᠎ᠦᠨ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠂ ᠠᠷᠠᠳ᠎ᠤᠨ ᠬᠦᠴᠢᠷᠳᠡᠯ᠎ᠢ ᠱᠢᠶ᠋ᠳᠪᠦᠷᠢᠯᠡᠬᠦ᠌᠂ ᠨᠠᠮ᠎ᠤᠨ ᠲᠥᠯᠥᠭᠡ ᠰᠠᠨᠠᠭᠠᠱᠢᠷᠠᠬᠤ ᠤᠯᠤᠰ ᠲᠥᠷᠥ᠎ᠶ᠋ᠢᠨ ᠬᠠᠷᠢᠭᠤᠴᠠᠯᠭ᠎ᠠ᠎ᠵᠢ ᠡᠷᠡᠰ ᠰᠢᠭᠤᠷᠬᠠᠢ ᠡᠭᠦᠷᠭᠡᠯᠡᠵᠦ᠂ ᠤᠯᠤᠰ᠎ᠤᠨ ᠶᠡᠷᠦᠩᠬᠡᠢ ᠠᠮᠤᠷ ᠲᠦᠪᠱᠢᠨ᠎ᠦ ᠦᠵᠡᠯᠲᠡ᠎ᠶ᠋ᠢ ᠪᠠᠲᠤ ᠪᠤᠢ ᠪᠣᠯᠭᠠᠵᠤ᠂ ᠱᠢᠨ᠎ᠡ ᠴᠠᠭ ᠦᠶ᠎ᠡ᠎ᠶ᠋ᠢᠨ 《ᠹᠸᠩ ᠴᠢᠶᠣᠤ᠎ᠶ᠋ᠢᠨ ᠲᠤᠷᠱᠢᠯᠭ᠎ᠠ》 ᠵᠢ ᠪᠠᠷᠢᠮᠲᠠᠯᠠᠨ ᠬᠥᠭ᠌ᠵᠢᠭᠦᠯᠵᠦ᠂《 ᠫᠦᠵᠢᠶᠠᠩ᠎ᠤᠨ ᠲᠤᠷᠱᠢᠯᠭ᠎ᠠ》 ᠵᠢ ᠭᠦᠨᠵᠡᠭᠡᠢ ᠦᠢᠯᠡᠳᠦᠯᠭᠡᠵᠢᠭᠦᠯᠦᠨ᠂《ᠪᠦᠬᠦ᠌ ᠤᠯᠤᠰ᠎ᠤᠨ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠵᠢᠱ᠌ᠢᠶ᠎ᠡ ᠦᠵᠡᠭᠦᠯᠬᠦ᠌ ᠱᠢᠶᠠᠨ》 ᠢ᠋ ᠡᠭᠦᠳᠦᠨ ᠪᠠᠢᠭᠤᠯᠬᠤ᠎ᠶ᠋ᠢ ᠭᠦᠨᠵᠡᠭᠡᠢᠷᠡᠭᠦᠯᠦᠨ᠂ ᠵᠠᠬᠢᠳᠠᠯ ᠰᠤᠷᠪᠤᠯᠵᠢᠯᠠᠯ᠎ᠢ ᠣᠷᠣᠯᠠᠨ ᠭᠦᠢᠴᠡᠳᠭᠡᠬᠦ᠌ ᠲᠦᠷᠢᠮ᠎ᠢ ᠯᠠᠪᠳᠠᠭᠤᠨ ᠪᠠᠲᠤᠲᠠᠢ᠎ᠬᠡᠷᠡᠭ᠌ᠵᠢᠭᠦᠯᠵᠤ᠂ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠠᠷᠢᠭᠤᠴᠠᠯᠭ᠎ᠠ᠎ᠶ᠋ᠢ ᠬᠦᠴᠦᠯᠡᠨ ᠨᠠᠢᠳᠠᠪᠤᠷᠢᠵᠢᠭᠤᠯᠬᠤ᠂ ᠵᠠᠬᠢᠳᠠᠯ ᠰᠤᠷᠪᠤᠯᠵᠢᠯᠠᠯ᠎ᠤᠨ ᠠᠰᠠᠭᠤᠳᠠᠯ᠎ᠢ ᠡᠬᠢ ᠡᠭᠦᠰᠦᠯ᠎ᠡᠴᠡ ᠨᠢ ᠵᠠᠰᠠᠬᠤ᠂ ᠵᠠᠬᠢᠳᠠᠯ ᠰᠤᠷᠪᠤᠯᠵᠢᠯᠠᠯ᠎ᠤᠨ ᠳᠠᠷᠤᠭ᠍ᠳᠠᠮᠠᠯ ᠬᠡᠷᠡᠭ᠎ᠢ ᠪᠠᠢᠩᠭᠤᠵᠢᠭᠤᠯᠤᠨ ᠱᠢᠶ᠋ᠳᠪᠦᠷᠢᠯᠡᠬᠦ᠌ ᠵᠡᠷᠭᠡ ᠲᠠᠯ᠎ᠠ᠎ᠪᠠᠷ ᠬᠦᠴᠦ᠍ ᠤᠷᠤᠭᠤᠯᠵᠤ᠂ ᠠᠷᠭ᠎ᠠ ᠪᠤᠳᠤᠯᠭ᠎ᠠ ᠭᠠᠷᠭᠠᠵᠤ᠂ ᠪᠣᠳᠠᠲᠤ ᠦᠷ᠎ᠡ ᠪᠦᠲᠦᠮᠵᠢ᠎ᠶ᠋ᠢ ᠡᠷᠬᠢᠮᠯᠡᠵᠦ᠂ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠦᠨᠳᠦᠰᠦᠨ ᠱᠠᠲᠤᠨ᠎ᠤ ᠰᠠᠭᠤᠷᠢ᠎ᠶ᠋ᠢ ᠴᠢᠷᠮᠠᠢᠨ ᠪᠡᠬᠢᠵᠢᠭᠦᠯᠵᠦ᠂ ᠵᠠᠬᠢᠳᠠᠯ ᠰᠤᠷᠪᠤᠯᠵᠢᠯᠠᠯ᠎ᠤᠨ ᠵᠦᠢᠯᠡᠰ᠎ᠢ ᠱᠢᠢᠳᠪᠦᠷᠢᠯᠡᠬᠦ᠌ ᠶᠠᠰᠤ ᠴᠢᠨᠠᠷ ᠪᠠ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠂ ᠣᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠰᠠᠢᠲᠤᠷ ᠱᠢᠶ᠋ᠳᠪᠦᠷᠢᠯᠡᠵᠦ᠂ ᠪᠣᠳᠠᠲᠤ ᠠᠮᠵᠢᠯᠲᠠ ᠪᠦᠲᠦᠮᠵᠢ᠎ᠪᠠᠷ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠠᠷᠠᠳ᠎ᠤᠨ ᠪᠠᠢᠳᠠᠯ᠎ᠢ ᠣᠢᠯᠠᠭᠠᠬᠤ᠂ ᠠᠷᠠᠳ᠎ᠤᠨ ᠤᠶᠦᠠ ᠤᠬᠠᠭᠠᠨ᠎ᠢ ᠲᠥᠪᠯᠡᠷᠡᠭᠦᠯᠬᠦ᠂ ᠠᠷᠠᠳ᠎ᠤᠨ ᠠᠱᠢᠭ ᠲᠤᠰᠠ᠎ᠶ᠋ᠢ ᠬᠠᠮᠠᠭᠠᠯᠠᠬᠤ᠂ ᠠᠷᠠᠳ᠎ᠤᠨ ᠰᠡᠳᠭᠢᠯ᠎ᠢ ᠨᠢᠭ᠍ᠲᠠᠷᠠᠭᠤᠯᠬᠤ ᠴᠢᠬᠤᠯᠠ ᠦᠶ᠋ᠯᠡᠳᠦᠯ᠎ᠢ ᠦᠨᠡᠨ᠎ᠬᠦ ᠪᠠᠳᠠᠷᠠᠭᠤᠯᠤᠨ᠎ᠠ ᠭᠡᠵᠦ ᠢᠯᠡᠳᠭᠡᠪᠡ᠃

ᠡᠬᠦᠷᠬᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠨ᠂ ᠵᠤᠷᠢᠭᠲᠠᠢ ᠪᠡᠷ ᠡᠷᠡᠮᠡᠭᠡᠢᠯᠡᠨ ᠤᠷᠤᠭ᠍ᠰᠢᠯᠠᠨ᠎ᠠ᠃ ᠥᠪᠥᠷ ᠮᠣᠩᠭᠣᠯ ᠨᠠᠩ ᠯᠠᠪᠳᠠᠭᠤᠨ ᠪᠠᠲᠤᠲᠠᠶ ᠰᠤᠷᠲᠠᠯ᠂ ᠨᠠᠩ ᠬᠦᠴᠦᠲᠡᠶ ᠠᠷᠭ᠎ᠠ ᠬᠡᠮᠵᠢᠶ᠎ᠡ᠎ᠪᠡᠷ ᠡᠬᠡ ᠤᠯᠤᠰ᠎ᠤᠨ ᠤᠮᠠᠷᠠᠲᠤ ᠬᠢᠯᠢ᠎ᠳᠦ ᠦᠬᠡᠷ ᠴᠢᠯᠠᠭᠤ ᠮᠡᠲᠦ ᠪᠠᠲᠤ ᠪᠠᠬᠢ ᠠᠮᠤᠷ ᠲᠣᠭ᠍ᠲᠠᠭᠤᠨ᠎ᠤ ᠬᠠᠯᠬᠠᠪᠴᠢ᠎ᠶ᠋ᠢ ᠴᠣᠭ᠍ᠴᠠᠯᠠᠵᠤ᠂ ᠥᠪᠥᠷ ᠮᠣᠩᠭᠣᠯ᠎ᠢ ᠠᠮᠤᠷ ᠲᠦᠪᠱᠢᠨ ᠪᠠᠢᠯᠭᠠᠬᠤ ᠪᠠᠷ ᠬᠢᠯᠢ ᠬᠢᠵᠠᠭᠠᠷ᠎ᠤᠨ ᠠᠮᠤᠷ ᠲᠦᠪᠱᠢᠨ᠎ᠢ ᠬᠠᠮᠠᠭᠠᠯᠠᠵᠤ᠂ ᠨᠡᠢᠰᠯᠡᠯ᠎ᠦᠨ ᠠᠮᠤᠷ ᠲᠦᠪᠱᠢᠨ᠎ᠢ ᠬᠠᠮᠠᠭᠠᠯᠠᠨ᠎ᠠ᠃

( ᠲᠤᠰ ᠰᠣᠨᠢᠨ᠎ᠤ ᠰᠤᠷᠪᠤᠯᠵᠢᠯᠠᠭ᠍ᠴᠢ ᠰᠦᠩ ᠱᠤᠸᠠᠩ   ᠯᠢ ᠬᠠᠨ   ᠴᠧᠨ ᠴᠦᠨ ᠶᠠᠨ   ᠠᠨ ᠶᠢᠨ ᠳ᠋ᠦᠩ   ᠪᠠᠶᠠᠰᠭᠤᠯᠠᠩ   ᠱᠢᠤᠸᠠᠢ ᠯᠠᠢ   ᠯᠢᠦ ᠬᠣᠩ ᠵᠠᠩ   ᠭᠤᠤ ᠮᠢᠨ ᠨᠠ   ᠳᠠᠳᠤᠯᠭ᠎ᠠ᠎ᠶ᠋ᠢᠨ ᠰᠤᠷᠪᠤᠯᠵᠢᠯᠠᠭ᠍ᠴᠢ ᠶᠠᠩ ᠯᠢᠦ )

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号