ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠢ᠋ᠢᠨ ᠵᠦᠪᠯᠡᠯᠭᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ ᠢ᠋ᠢᠨ ᠨᠠᠮ᠎ᠤᠨ ᠤᠳᠤᠷᠢᠳᠬᠤ ᠳᠤᠭᠤᠢᠯᠠᠩ 12 ᠳ᠋ᠤᠭᠠᠷ ᠤᠳᠠᠭ᠎ᠠ᠎ᠶᠢᠨ ᠥᠷᠭᠡᠳᠬᠡᠭᠰᠡᠨ ᠬᠤᠷᠠᠯ ᠬᠢᠪᠡ
2023-06-13 10:08:14
ᠵᠣᠬᠢᠶᠠᠭ᠍ᠴᠢ᠄
​ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠵᠠᠩ ᠶᠠᠨ ᠺᠦᠨ ᠬᠤᠷᠠᠯ  ᠢ᠋ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ

6 ᠰᠠᠷ᠎ᠠ᠎ᠶᠢᠨ 9 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠢ᠋ᠢᠨ ᠵᠦᠪᠯᠡᠯᠭᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ ᠢ᠋ᠢᠨ ᠨᠠᠮ᠎ᠤᠨ ᠤᠳᠤᠷᠢᠳᠬᠤ ᠳᠤᠭᠤᠢᠯᠠᠩ 12 ᠳ᠋ᠤᠭᠠᠷ ᠤᠳᠠᠭ᠎ᠠ᠎ᠶᠢᠨ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠵᠢᠭᠠᠪᠤᠷᠢ᠂ ᠴᠦᠯᠯᠡᠷᠭᠡᠭᠵᠢᠯ᠎ᠢ ᠶᠡᠷᠦᠩᠬᠡᠢᠯᠡᠨ ᠰᠡᠷᠭᠡᠢᠯᠡᠨ ᠵᠠᠰᠠᠬᠤ᠎ᠶᠢ ᠴᠢᠩᠭᠠᠳᠬᠠᠬᠤ ᠪᠠ 《ᠤᠮᠠᠷᠠᠲᠤ᠎ᠶᠢᠨ ᠭᠤᠷᠪᠠᠨ ᠣᠷᠣᠨ》 ᠵᠡᠷᠭᠡ ᠭᠣᠣᠯᠳᠠᠯᠭ᠎ᠠ᠎ᠲᠠᠢ ᠠᠮᠢ ᠠᠬᠤᠢ᠎ᠶᠢᠨ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠲᠣᠬᠢᠷᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠡᠷᠢᠭᠦᠯᠡᠭᠴᠢ ᠵᠠᠩ ᠶᠠᠨ ᠺᠦᠨ ᠬᠤᠷᠠᠯ ᠢ᠋ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠨᠠᠮ᠎ᠤᠨ ᠤᠳᠤᠷᠢᠳᠬᠤ ᠳᠤᠭᠤᠢᠯᠠᠩ᠎ᠤᠨ ᠳᠡᠳ᠋ ᠱᠦᠵᠢ ᠬᠦᠦᠳᠠᠭᠤᠯᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ ᠯᠥᠸᠧ ᡁᠢ ᠬ᠍ᠸ᠋᠂ ᠸᠧᠢ ᠭᠦᠸᠧ ᠨᠠᠨ᠂ ᠠᠨ ᠷᠦᠨ ᠱᠧᠩ᠂ ᠵᠠᠩ ᠯᠧᠢ᠂ ᠵᠠᠩ ᠪᠠᠢ ᠴᠧᠩ᠂ ᠶᠠᠩ ᠵᠢᠶᠧ᠂ ᠰᠦᠨ ᠵᠢᠶᠦ᠋ᠨ ᠴᠢᠩ ᠵᠢᠴᠢ ᠨᠠᠷᠢᠨ ᠪᠢᠴᠢᠭ᠎ᠦᠨ ᠳᠠᠷᠤᠭ᠎ᠠ ᠶᠠᠩ ᠯᠢ ᠮᠢᠨ ᠬᠤᠷᠠᠯ᠎ᠳᠤ ᠣᠷᠣᠯᠴᠠᠵᠠᠢ᠃

ᠬᠤᠷᠠᠯ ᠡᠴᠡ᠂ ᠪᠦᠬᠦ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠵᠣᠬᠢᠶᠠᠨ ᠪᠠᠢᠭᠤᠯᠤᠯᠲᠠ ᠪᠣᠯᠣᠨ ᠥᠷᠭᠡᠨ ᠣᠯᠠᠨ ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠳ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠵᠢᠭᠠᠪᠤᠷᠢ ᠴᠢᠬᠤᠯᠠ ᠶᠠᠷᠢᠶ᠎ᠠ ᠵᠢᠨ ᠵᠣᠷᠢᠭ᠋ ᠰᠠᠨᠠᠭᠠᠨ᠎ᠤ ᠪᠠᠶᠠᠯᠢᠭ᠋ ᠠᠭᠤᠯᠤᠭᠳᠠᠬᠤᠨ᠂ ᠦᠢᠯᠡᠳᠦᠯᠭᠡ  ᠵᠢᠨ  ᠱᠠᠭᠠᠷᠳᠠᠯᠭ᠎ᠠ᠎ᠶᠢ ᠭᠦᠨᠵᠡᠭᠡᠢ ᠣᠢᠯᠠᠭᠠᠵᠤ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ᠎ᠪᠠᠨ ᠦᠨᠡᠨ᠎ᠬᠦ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠤᠨ ᠠᠵᠢᠯ᠎ᠤᠨ ᠲᠤᠬᠠᠢ ᠪᠠᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠤᠯᠤᠰ ᠲᠦᠷᠦ᠎ᠢ᠋ᠢᠨ ᠵᠥᠪᠯᠡᠯᠭᠡᠨ᠎ᠤ᠋ ᠠᠵᠢᠯ᠎ᠤᠨ ᠪᠣᠳᠠᠲᠤ ᠪᠠᠢᠳᠠᠯ᠎ᠳᠤ ᠰᠠᠭᠤᠷᠢᠯᠠᠨ᠂ ᠭᠣᠣᠯ ᠰᠡᠳᠦᠪᠲᠦ ᠬᠥᠮᠦᠵᠢᠯ ᠢ᠋ ᠭᠦᠨᠵᠡᠭᠡᠢ ᠥᠷᠨᠢᠭᠦᠯᠬᠦ᠎ᠲᠠᠢ ᠤᠶᠠᠯᠳᠤᠭᠤᠯᠤᠨ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠤᠨ ᠭᠦᠨᠵᠡᠭᠡᠢᠷᠡᠨ ᠪᠣᠳᠠᠲᠠᠢᠵᠢᠬᠤ᠎ᠶᠢ ᠠᠬᠢᠭᠤᠯᠬᠤ ᠬᠡᠷᠡᠭᠲᠡᠢ ᠬᠡᠵᠦ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号