ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠨᠠᠮ᠎ᠤᠨ ᠤᠳᠤᠷᠢᠳᠭᠤ ᠳᠤᠭᠤᠢᠯᠠᠩ ᠥᠷᠭᠡᠳᠭᠡᠭ᠌ᠰᠡᠨ ᠬᠤᠷᠠᠯ ᠬᠤᠷᠠᠯᠳᠤᠭᠤᠯᠵᠠᠢ
2023-06-13 10:11:55
ᠵᠣᠬᠢᠶᠠᠭ᠍ᠴᠢ᠄
​ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

6 ᠰᠠᠷ᠎ᠠ᠎ᠶ᠋ᠢᠨ 11 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠨᠠᠮ᠎ᠤᠨ ᠤᠳᠤᠷᠢᠳᠭᠤ ᠳᠤᠭᠤᠢᠯᠠᠩ ᠥᠷᠭᠡᠳᠭᠡᠭ᠌ᠰᠡᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠵᠢᠭᠠᠪᠤᠷᠢ ᠪᠣᠯᠤᠨ ᠴᠦᠯᠯᠡᠷᠭᠡᠭ᠌ᠵᠢᠯ᠎ᠢ ᠶᠡᠷᠦᠩᠬᠡᠢᠯᠡᠨ ᠰᠡᠷᠭᠡᠢᠯᠡᠨ ᠵᠠᠰᠠᠬᠤ᠎ᠶ᠋ᠢ ᠴᠢᠩᠭᠠᠳᠭᠠᠬᠤ ᠪᠠ 《ᠤᠮᠠᠷᠠᠲᠤ᠎ᠶ᠋ᠢᠨ ᠭᠤᠷᠪᠠᠨ ᠣᠷᠣᠨ》 ᠵᠡᠷᠭᠡ ᠭᠤᠤᠯᠳᠠᠯᠭ᠎ᠠ᠎ᠲᠠᠶ ᠠᠮᠢ ᠠᠬᠤᠶ᠎ᠶ᠋ᠢᠨ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ 6 ᠰᠠᠷ᠎ᠠ᠎ᠶ᠋ᠢᠨ 9 ᠤ᠋ ᠡᠳᠦᠷ᠎ᠦᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠵᠢᠨ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠪᠠ᠃

ᠬᠤᠷᠠᠯ᠎ᠠᠴᠠ᠂ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ᠎ᠲᠤᠳᠤᠷᠠᠬᠢ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠤᠯ ᠠᠵᠢᠯ ᠤ᠋ᠨ ᠲᠣᠭᠣᠷᠢᠨ᠎ᠳᠤ᠂ ᠶᠡᠬᠡ ᠲᠠᠯ᠎ᠠ᠎ᠳᠤ ᠦᠶ᠋ᠯᠡᠴᠢᠯᠡᠬᠦ᠌ ᠠᠵᠢᠯ᠎ᠳᠤ ᠳᠤᠷᠠᠳᠤᠭ᠍ᠰᠠᠨ ᠱᠢᠨ᠎ᠡ ᠥᠨᠳᠥᠷ ᠱᠠᠭᠠᠷᠳᠠᠯᠭ᠎ᠠ᠎ᠶ᠋ᠢ ᠭᠦᠨᠵᠡᠭᠡᠶ ᠣᠢᠯᠠᠭᠠᠵᠤ᠂ ᠪᠥᠬᠥ᠌ ᠲᠠᠯ᠎ᠠ᠎ᠪᠠᠷ ᠡᠵᠡᠮᠳᠡᠵᠦ᠍᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠯ᠎ᠡ ᠵᠦᠶ᠋ᠯ᠎ᠦᠨ ᠠᠵᠢᠯ᠎ᠳᠤ᠂ ᠢᠯᠠᠩᠭᠤᠶ᠎ᠠ ᠬᠣᠶᠠᠷ ᠶᠡᠬᠡ ᠶᠠᠪᠤᠳᠠᠯ᠎ᠤᠨ ᠲᠤᠰᠭᠠᠶ ᠲᠦᠷᠦᠯ ᠤ᠋ᠨ ᠬᠠᠤᠯᠢ ᠲᠣᠭ᠍ᠲᠠᠭᠠᠯᠲᠠ᠎ᠳᠤ ᠪᠥᠬᠥ᠌ ᠲᠠᠯ᠎ᠠ᠎ᠪᠠᠷ ᠪᠠᠷᠢᠮᠵᠢᠶᠠᠯᠠᠨ ᠬᠠᠷᠭᠤᠭᠤᠯᠵᠤ᠂ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠎ᠪᠠᠷ᠎ᠢᠶᠠᠨ《 ᠬᠣᠶᠠᠷ᠎ᠢ ᠲᠣᠭ᠍ᠲᠠᠭᠠᠬᠰᠠᠨ 》 ᠢ᠋  ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ 》 ᠎ᠶ᠋ᠢ ᠦᠶ᠋ᠯᠡᠳᠦᠯᠭᠡᠵᠢᠭᠦᠯᠬᠦ᠌ ᠬᠡᠷᠡᠭ᠌ᠲᠡᠶ ᠭᠡᠵᠦ ᠱᠠᠭᠠᠷᠳᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号