ᠤᠳᠤ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠢ᠎ᠶ᠋ᠢᠨ ᠠᠵᠢᠯ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠨ᠎ᠡ
2023-06-14 09:53:43
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

— ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ  ᠶᠠᠷᠢᠶᠠᠨ᠎ᠤ ᠵᠣᠷᠢᠭ ᠰᠠᠨᠠᠭ᠎ᠠ ᠺᠠᠳ᠋ᠷ ᠤᠯᠠᠨ ᠲᠦᠮᠡᠨ᠎ᠦ ᠳᠤᠮᠳᠠ ᠴᠢᠩᠭ᠎ᠠ ᠲᠤᠰᠭᠠᠯ ᠭᠠᠷᠪᠠ ④


《ᠤᠯᠠᠮᠵᠢᠯᠠᠯᠲᠤ ᠡᠨᠧᠷᠭᠢ᠎ᠶ᠋ᠢᠨ ᠠᠵᠤ ᠦᠢᠯᠡᠰ᠎ᠦᠨ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠌᠎ᠶ᠋ᠢ ᠠᠬᠢᠭᠤᠯᠵᠤ᠂ ᠪᠣᠬᠢᠷᠲᠤᠯ ᠦᠭᠡᠢ ᠡᠨᠧᠷᠭᠢ᠎ᠶ᠋ᠢ ᠶᠡᠬᠡ᠎ᠪᠡᠷ ᠬᠥᠭ᠌ᠵᠢᠭᠦᠯᠵᠦ᠍᠂ ᠤᠯᠤᠰ᠎ᠤᠨ ᠴᠢᠬᠤᠯᠠ ᠡᠨᠧᠷᠭᠢ᠎ᠶ᠋ᠢᠨ ᠰᠠᠭᠤᠷᠢᠨ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ᠌ ᠪᠣᠯ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠭᠣᠣᠯᠳᠠᠯᠭ᠎ᠠ᠎ᠶ᠋ᠢᠨ ᠳᠣᠲᠣᠷᠠᠬᠢ ᠭᠣᠣᠯᠳᠠᠯᠭ᠎ᠠ ᠪᠣᠯᠤᠨ᠎ᠠ》᠂ 《ᠡᠨᠧᠷᠭᠢ᠎ᠶ᠋ᠢᠨ ᠠᠵᠤ ᠦᠢᠯᠡᠰ᠎ᠦᠨ ᠳᠠᠪᠠᠭᠤᠯᠢᠭ᠎ᠢ ᠰᠠᠢᠲᠤᠷ ᠪᠠᠳᠠᠷᠠᠭᠤᠯᠵᠤ᠂ ᠤᠳᠤ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠢ᠎ᠶ᠋ᠢᠨ ᠠᠵᠢᠯ᠎ᠢ ᠰᠠᠢᠲᠤᠷ ᠬᠢᠬᠦ ᠬᠡᠷᠡᠭ᠌ᠲᠡᠢ》᠁ ᠤᠢ᠍ᠢᠷ᠎ᠠ᠎ᠶ᠋ᠢᠨ ᠡᠳᠦᠷ᠂ ᠶᠡᠷᠦᠩᠬᠡᠢ ᠱᠦᠵᠢ ᠰᠢ ᠵᠢᠨ ᠫᠢᠩ᠎ᠦᠨ ᠨᠠᠨᠳᠢᠨ ᠬᠦᠰᠡᠯ ᠨᠠᠢᠳᠠᠯᠭ᠎ᠠ ᠨᠢ ᠥᠪᠥᠷ ᠮᠣᠩᠭᠣᠯ᠎ᠤᠨ ᠡᠨᠧᠷᠭᠢ᠎ᠶ᠋ᠢᠨ ᠠᠵᠢᠯ ᠳ᠋ᠤ ᠤᠷᠤᠭ᠍ᠰᠢᠯᠠᠬᠤ ᠴᠢᠭ᠌ᠯᠡᠯ᠎ᠢ ᠲᠣᠳᠣᠷᠬᠠᠢ ᠵᠢᠭᠠᠵᠤ᠂ ᠪᠦᠬᠦ᠌ ᠣᠷᠣᠨ᠎ᠤ ᠺᠠᠳ᠋ᠷ ᠤᠯᠠᠨ ᠲᠦᠮᠡᠨ᠎ᠦ ᠳᠤᠮᠳᠠ ᠴᠢᠩᠭ᠎ᠠ ᠲᠤᠰᠭᠠᠯ ᠭᠠᠷᠪᠠ᠃

ᠤᠯᠠᠨ᠎ᠢᠶᠠᠷ᠎ᠢᠶᠠᠨ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠤᠳᠤ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠢ᠎ᠵᠢ ᠰᠠᠢᠲᠤᠷ ᠬᠦᠬᠵᠢᠬᠦᠯᠬᠦ ᠡᠨᠡ ᠬᠦ᠌ ᠠᠵᠢᠯ᠎ᠤᠨ ᠲᠣᠭᠣᠷᠢᠨ᠎ᠳᠤ᠂ ᠤᠯᠤᠰ᠎ᠤᠨ ᠴᠢᠬᠤᠯᠠ ᠡᠨᠧᠷᠭᠢ ᠪᠣᠯᠤᠨ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠦᠳᠦᠭᠡᠨ ᠪᠠᠢᠭᠤᠯᠬᠤ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠳᠤ ᠪᠠᠲᠤ ᠰᠠᠭᠤᠷᠢᠯᠠᠵᠤ᠂ ᠡᠨᠧᠷᠭᠢ᠎ᠶ᠋ᠢᠨ ᠬᠤᠪᠢᠰᠭᠠᠯ᠎ᠢ ᠭᠤᠢᠪᠢᠰᠢ ᠦᠭᠡᠢ ᠠᠬᠢᠭᠤᠯᠵᠤ᠂ ᠡᠨᠧᠷᠭᠢ᠎ᠶ᠋ᠢᠨ ᠠᠵᠤ ᠦᠢᠯᠡᠰ᠎ᠦᠨ ᠪᠦᠲᠦᠴᠡ᠎ᠶ᠋ᠢ ᠱᠢᠯᠢᠳᠡᠭ᠌ᠵᠢᠭᠦᠯᠦᠨ ᠲᠤᠬᠢᠷᠠᠭᠤᠯᠵᠤ᠂ ᠤᠯᠤᠰ᠎ᠤᠨ ᠡᠨᠧᠷᠭᠢ᠎ᠶ᠋ᠢᠨ 《ᠪᠤᠳᠠᠭᠠᠨ ᠠᠶᠠᠭ᠎ᠠ》 ᠵᠢ ᠯᠠᠪᠳᠠᠭᠤᠨ ᠪᠠᠲᠤᠲᠠᠢ ᠠᠳᠬᠤᠬᠤ᠎ᠳᠤ ᠨᠡᠩ ᠶᠡᠬᠡ ᠬᠠᠷᠢᠭᠤᠴᠠᠯᠭ᠎ᠠ ᠡᠭᠦᠷᠭᠡᠯᠡᠯ᠂ ᠨᠡᠩ ᠶᠡᠬᠡ ᠵᠢᠳᠬᠦᠯ ᠴᠢᠷᠮᠠᠢᠯᠭ᠎ᠠ ᠭᠠᠷᠭᠠᠨ᠎ᠠ ᠭᠡᠵᠦ᠍ ᠢᠯᠡᠳᠭᠡᠵᠡᠭᠡᠪᠡ᠃

ᠠᠮᠢ ᠠᠬᠤᠶ᠎ᠶ᠋ᠢ ᠤᠷᠢᠳ᠎ᠢᠶᠡᠷ ᠪᠤᠳᠤᠯᠬᠢᠯᠠᠬᠤ ᠪᠣᠬᠢᠷᠲᠤᠯ ᠥᠬᠡᠶ ᠬᠥᠭ᠌ᠵᠢᠭᠦᠯᠬᠦ᠌᠎ᠶ᠋ᠢ ᠪᠠᠷᠢᠮᠲᠠᠯᠠᠵᠤ ᠪᠠᠭ᠎ᠠ ᠨᠡᠭᠦᠷᠡᠰᠦᠲᠥ᠋ᠷᠥᠭ᠌ᠴᠢᠲᠦ ᠲᠡᠢᠰᠢ  ᠬᠡᠯᠪᠡᠷᠢ᠎ᠪᠠᠨ ᠬᠤᠪᠢᠷᠠᠭᠤᠯᠬᠤ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠤᠨ᠎ᠠ

6 ᠰᠠᠷ᠎ᠠ᠎ᠶ᠋ᠢᠨ 7 ᠎ᠤ᠋ ᠦᠳᠡ᠎ᠶ᠋ᠢᠨ ᠬᠣᠢᠨ᠎ᠠ᠂ ᠶᠡᠷᠦᠩᠬᠡᠶ ᠱᠦᠵᠢ ᠵᠥᠩ ᠬᠤᠸᠠᠨ ᠠᠵᠤ ᠦᠶ᠋ᠯᠡᠰ᠎ᠦᠨ ᠬᠦᠷᠢᠶᠡᠯᠡᠩ᠎ᠳᠦ ᠱᠢᠨᠵᠢᠯᠡᠨ ᠪᠠᠢᠴᠠᠭᠠᠵᠤ᠂ ᠥᠪᠥᠷ ᠮᠣᠩᠭᠣᠯ᠎ᠤᠨ ᠱᠢᠨ᠎ᠡ ᠡᠨᠧᠷᠭᠢ ᠱᠢᠨ᠎ᠡ ᠮᠠᠲ᠋ᠧᠷᠢᠶᠠᠯ᠎ᠤᠨ ᠠᠵᠤ ᠦᠶ᠋ᠯᠡᠰ᠎ᠢ ᠬᠥᠭ᠌ᠵᠢᠭᠦᠯᠦᠭ᠌ᠰᠡᠨ᠂ ᠠᠵᠤ ᠦᠶ᠋ᠯᠡᠰ᠎ᠦᠨ ᠪᠦᠲᠦᠴᠡ᠎ᠶ᠋ᠢ ᠱᠢᠯᠢᠳᠡᠭ᠌ᠵᠢᠭᠦᠯᠦᠨ ᠲᠣᠬᠢᠷᠠᠭᠤᠯᠬᠤ᠎ᠶ᠋ᠢ ᠠᠬᠢᠭᠤᠯᠤᠭ᠍ᠰᠠᠨ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ᠎ᠶ᠋ᠢ ᠠᠬᠢᠭᠤᠯᠤᠭ᠍ᠰᠠᠨ ᠵᠡᠷᠭᠡ ᠪᠠᠢᠳᠠᠯ᠎ᠤᠨ ᠲᠠᠨᠢᠯᠴᠠᠭᠤᠯᠭ᠎ᠠ᠎ᠶ᠋ᠢ ᠰᠣᠨᠣᠰᠪᠠ᠃

ᠪᠣᠬᠢᠷᠲᠤᠯ ᠦᠭᠡᠢ ᠬᠥᠭ᠌ᠵᠢᠯᠲᠡ᠎ᠶ᠋ᠢ ᠪᠠᠷᠢᠮᠲᠠᠯᠠᠬᠤ ᠪᠣᠯ ᠵᠠᠪᠠᠯ ᠶᠠᠪᠤᠬᠤ ᠵᠠᠮ ᠮᠥᠨ᠃ 6 ᠰᠠᠷ᠎ᠠ᠎ᠶ᠋ᠢᠨ 10 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶ᠋ᠢᠨ ᠲᠣᠪᠴᠢᠶ᠎ᠠ ᠪᠥᠬᠥ᠌ ᠣᠷᠣᠨ᠎ᠤ ᠡᠨᠧᠷᠭᠢ᠎ᠶ᠋ᠢᠨ ᠱᠢᠰᠲ᠋ᠧᠮ᠎ᠦᠨ ᠠᠵᠢᠯ᠎ᠤᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶ᠋ᠢᠨ ᠬᠣᠷᠢᠶ᠎ᠠ᠎ᠶᠢᠨ ᠬᠤᠷᠠᠯ᠎ᠤᠨ ᠵᠣᠷᠢᠭ ᠰᠠᠨᠠᠭ᠎ᠠ ᠶᠣᠰᠣᠭᠠᠷ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠵᠢᠭᠠᠪᠤᠷᠢ ᠪᠣᠯᠤᠨ ᠴᠦᠯᠯᠡᠷᠭᠡᠭ᠌ᠵᠢᠯ᠎ᠢ ᠶᠡᠷᠦᠩᠬᠡᠢᠯᠡᠨ ᠰᠡᠷᠭᠡᠢᠯᠡᠨ ᠵᠠᠰᠠᠬᠤ᠎ᠶ᠋ᠢ ᠴᠢᠩᠭᠠᠳᠭᠠᠬᠤ ᠪᠠ 《ᠤᠮᠠᠷᠠᠲᠤ᠎ᠶ᠋ᠢᠨ ᠭᠤᠷᠪᠠᠨ ᠣᠷᠣᠨ》 ᠵᠡᠷᠭᠡ ᠭᠤᠤᠯᠳᠠᠯᠭ᠎ᠠ᠎ᠲᠠᠶ ᠠᠮᠢ ᠠᠬᠤᠶ᠎ᠶ᠋ᠢᠨ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠨ ᠲᠤᠭᠤᠱᠢᠯᠠᠭᠤᠯᠪᠠ᠃

ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠭᠠᠵᠠᠷ᠎ᠤᠨ ᠳᠡᠳ᠋ ᠳᠠᠷᠤᠭ᠎ᠠ ᠭᠤᠤ ᠪᠥᠸᠧ᠄ 《ᠤᠳᠤ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠠᠵᠤ ᠦᠢᠯᠡᠰ ᠪᠣᠯ ᠮᠠᠨ᠎ᠤ ᠣᠷᠣᠨ᠎ᠤ ᠡᠨᠧᠷᠭᠢ᠎ᠶ᠋ᠢᠨ ᠠᠵᠤ ᠦᠢᠯᠡᠰ᠎ᠢ ᠤᠷᠲᠤᠳᠭᠠᠨ ᠬᠥᠭ᠌ᠵᠢᠭᠦᠯᠬᠦ᠌ ᠴᠢᠬᠤᠯᠠ ᠭᠣᠭ᠍ᠴᠣᠭ᠎ᠠ ᠪᠣᠯᠤᠨ᠎ᠠ᠂ ᠤᠳᠤ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠠᠵᠤ ᠦᠢᠯᠡᠰ᠎ᠦᠨ ᠪᠣᠬᠢᠷᠲᠤᠯ ᠦᠭᠡᠢ ᠬᠥᠭ᠌ᠵᠢᠯᠲᠡ ᠨᠢ ᠪᠦᠬᠦᠢᠯᠡ ᠡᠨᠧᠷᠭᠢ᠎ᠶ᠋ᠢᠨ ᠠᠵᠤ ᠦᠢᠯᠡᠰ᠎ᠦᠨ ᠪᠣᠬᠢᠷᠲᠤᠯ ᠦᠭᠡᠢ ᠬᠥᠭ᠌ᠵᠢᠯᠲᠡ᠎ᠳᠦ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠶᠤᠮ᠃ ᠪᠢᠳᠡ ᠵᠠᠩᠭᠢᠯᠠᠭ᠎ᠠ᠎ᠶ᠋ᠢᠨ ᠮᠡᠷᠭᠡᠵᠢᠯ᠎ᠦᠨ ᠪᠣᠭᠣᠮᠲᠠ ᠱᠢᠪᠲᠤᠯᠬᠤ᠂ ᠪᠦᠲᠦᠭᠡᠭ᠌ᠳᠡᠬᠦᠨ᠎ᠦ ᠪᠦᠲᠦᠴᠡ᠎ᠶ᠋ᠢ ᠱᠢᠯᠢᠳᠡᠭ᠌ᠵᠢᠭᠦᠯᠬᠦ᠌᠂ ᠪᠠᠭ᠎ᠠ ᠨᠡᠭᠦᠷᠡᠰᠦᠲᠥ᠋ᠷᠥᠭ᠌ᠴᠢᠲᠦ ᠪᠣᠬᠢᠷᠲᠤᠯ ᠥᠬᠡᠶ ᠬᠥᠭ᠌ᠵᠢᠯᠲᠡ᠂ ᠪᠠᠲᠤᠯᠠᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠴᠢᠩᠭᠠᠳᠭᠠᠬᠤ ᠵᠡᠷᠭᠡ ᠲᠠᠯ᠎ᠠ᠎ᠪᠠᠷ ᠰᠤᠳᠤᠯᠭᠠᠨ᠎ᠢᠶᠠᠨ ᠦᠷᠭᠦᠯᠵᠢᠯᠡᠨ ᠴᠢᠩᠭᠠᠳᠭᠠᠵᠤ᠂ ᠮᠠᠨ᠎ᠤ ᠣᠷᠣᠨ᠎ᠤ ᠣᠲᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠠᠵᠤ ᠦᠶ᠋ᠯᠡᠰ᠎ᠦᠨ ᠪᠥᠬᠥ᠌ ᠲᠠᠯ᠎ᠠ᠎ᠪᠠᠷ ᠪᠣᠬᠢᠷᠲᠤᠯ ᠥᠬᠡᠶ ᠬᠥᠭ᠌ᠵᠢᠬᠦ᠌᠎ᠶ᠋ᠢ ᠴᠢᠷᠮᠠᠢᠨ ᠠᠬᠢᠭᠤᠯᠤᠨ᠎ᠠ》 ᠭᠡᠪᠡ᠃

ᠱᠢᠨ᠎ᠡ ᠡᠨᠧᠷᠭᠢ᠎ᠶ᠋ᠢᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠪᠠᠢᠭᠤᠯᠤᠯᠲᠠ᠎ᠶ᠋ᠢ ᠲᠦᠷᠭᠡᠳᠭᠡᠵᠦ᠍ ᠠᠵᠤ ᠠᠬᠤᠶ᠎ᠶ᠋ᠢᠨ ᠨᠡᠮᠡᠭ᠌ᠳᠡᠯ᠎ᠦᠨ ᠱᠢᠨ᠎ᠡ ᠬᠥᠳᠡᠯᠭᠡᠭᠦᠷ᠎ᠢ ᠪᠥᠬᠥ᠌ ᠬᠦᠴᠦᠨ᠎ᠢᠶᠡᠷ᠎ᠢᠶᠡᠨ ᠪᠣᠶ ᠪᠣᠯᠭᠠᠨ᠎ᠠ

ᠥᠪᠥᠷ ᠮᠣᠩᠭᠣᠯ᠎ᠤᠨ ᠰᠠᠯᠬᠢᠨ ᠡᠨᠧᠷᠭᠢ᠂ ᠨᠡᠷᠡᠨ ᠡᠨᠧᠷᠭᠢ᠎ᠶ᠋ᠢᠨ ᠡᠬᠢ ᠪᠠᠶᠠᠯᠢᠭ ᠡᠯᠪᠡᠭ ᠪᠠᠢᠵᠤ᠂ ᠤᠯᠤᠰ᠎ᠤᠨ ᠴᠢᠬᠤᠯᠠ ᠴᠡᠪᠡᠷ ᠡᠨᠧᠷᠭᠢ᠎ᠶ᠋ᠢ ᠬᠥᠭ᠌ᠵᠢᠬᠦᠯᠬᠦ ᠰᠠᠭᠤᠷᠢᠨ᠎ᠤ ᠨᠢᠭᠡ ᠪᠣᠯᠤᠨ᠎ᠠ᠃ ᠰᠠᠯᠬᠢᠨ ᠡᠨᠧᠷᠭᠢ᠎ᠶ᠋ᠢᠨ ᠡᠬᠢ ᠪᠠᠶᠠᠯᠢᠭ᠎ᠤᠨ ᠮᠡᠷᠭᠡᠵᠢᠯ᠎ᠦᠨ ᠨᠡᠭᠡᠭᠡᠨ ᠠᠱᠢᠭ᠍ᠯᠠᠵᠤ ᠪᠣᠯᠬᠤ ᠬᠡᠮᠵᠢᠶ᠎ᠡ 14.6 ᠳ᠋ᠦᠩᠱᠢᠭᠤᠷ ᠺᠢᠯᠦᠸᠠᠲ᠎ᠲᠤ ᠬᠦᠷᠴᠦ᠍᠂ ᠪᠠᠷᠤᠭ ᠪᠦᠬᠦ᠌ ᠤᠯᠤᠰ᠎ᠤᠨ 57% ᠎ᠶ᠋ᠢ ᠡᠵᠡᠯᠡᠨ᠎ᠡ; ᠨᠡᠷᠡᠨ᠎ᠦ ᠡᠨᠧᠷᠭᠢ᠎ᠶ᠋ᠢᠨ ᠡᠬᠢ ᠪᠠᠶᠠᠯᠢᠭ᠎ᠤᠨ ᠮᠡᠷᠭᠡᠵᠢᠯ᠎ᠦᠨ ᠨᠡᠭᠡᠭᠡᠨ ᠠᠱᠢᠭ᠍ᠯᠠᠵᠤ ᠪᠣᠯᠬᠤ ᠬᠡᠮᠵᠢᠶ᠎ᠡ 94 ᠳ᠋ᠦᠩᠱᠢᠭᠤᠷ ᠺᠢᠯᠦᠸᠠᠲ᠎ᠲᠤ ᠬᠦᠷᠴᠦ᠍᠂ ᠪᠠᠷᠤᠭ ᠪᠦᠬᠦ᠌ ᠤᠯᠤᠰ᠎ᠤᠨ 21% ᠵᠢ ᠡᠵᠡᠯᠡᠨ᠎ᠡ᠃ ᠱᠢᠨ᠎ᠡ ᠡᠨᠧᠷᠭᠢ᠎ᠶ᠋ᠢᠨ ᠠᠵᠤ ᠦᠢᠯᠡᠰ᠎ᠢ ᠬᠥᠭ᠌ᠵᠢᠭᠦᠯᠬᠦ᠌᠎ᠳᠦ ᠥᠪᠥᠷ ᠮᠣᠩᠭᠣᠯ ᠥᠪᠡᠷᠮᠢᠴᠡ ᠡᠬᠢ ᠪᠠᠶᠠᠯᠢᠭ᠎ᠤᠨ ᠳᠠᠪᠠᠭᠤᠯᠢᠭ᠎ᠲᠠᠶ ᠶᠤᠮ᠃

ᠠᠯᠠᠱᠠ ᠠᠢᠮᠠᠭ᠎ᠤᠨ ᠡᠨᠧᠷᠭᠢ᠎ᠶ᠋ᠢᠨ ᠲᠣᠪᠴᠢᠶ᠎ᠠ ᠵᠢᠨ ᠲᠤᠪᠴᠢᠶᠠᠨ ᠳᠠᠷᠤᠭ᠎ᠠ ᠸᠠᠩ ᠬᠣᠩ ᠸᠧᠢ᠄ 《ᠡᠨᠧᠷᠭᠢ᠎ᠶ᠋ᠢᠨ ᠬᠥᠭ᠌ᠵᠢᠯᠲᠡ᠎ᠶ᠋ᠢᠨ ᠰᠠᠯᠠᠭ᠎ᠠ ᠮᠥᠴᠢᠷ ᠪᠣᠯᠤᠭ᠍ᠰᠠᠨ᠎ᠤ ᠬᠤᠪᠢ᠎ᠳᠤ᠂ ᠪᠢᠳᠡ ᠪᠣᠬᠢᠷᠲᠤᠯ ᠦᠭᠡᠢ ᠪᠠᠷ ᠭᠦᠭᠵᠢᠬᠦᠯᠬᠦ ᠪᠣᠯ ᠵᠠᠢᠯᠠᠰᠢ ᠦᠭᠡᠢ ᠶᠠᠪᠤᠬᠤ ᠵᠠᠮ ᠮᠥᠨ ᠭᠡᠬᠦ᠌ ᠣᠢᠯᠠᠭᠠᠭ᠍ᠳᠠᠬᠤᠨ᠎ᠢ ᠢᠮᠠᠭ᠍ᠲᠠ ᠪᠠᠷᠢᠮᠲᠠᠯᠠᠵᠤ᠂ ᠤᠯᠠᠮᠵᠢᠯᠠᠯᠲᠤ ᠡᠨᠧᠷᠭᠢ᠎ᠶ᠋ᠢᠨ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠱᠢᠬᠦ᠌᠎ᠶ᠋ᠢ ᠠᠬᠢᠭᠤᠯᠵᠤ᠂ ᠠᠯᠠᠱᠠ᠎ᠶ᠋ᠢᠨ ᠥᠪᠡᠷᠮᠢᠴᠡ ᠳᠠᠪᠠᠭᠤᠯᠢᠭᠳᠤ ᠰᠠᠯᠬᠢ ᠭᠡᠷᠡᠯ᠎ᠤᠨ ᠡᠬᠢ ᠪᠠᠶᠠᠯᠢᠭ᠎ᠢ ᠠᠱᠢᠭ᠍ᠯᠠᠵᠤ᠂ ᠪᠣᠬᠢᠷᠲᠤᠯ ᠦᠭᠡᠢ ᠡᠨᠧᠷᠭᠢ᠎ᠶ᠋ᠢ ᠶᠡᠬᠡ᠎ᠪᠡᠷ ᠬᠥᠭ᠌ᠵᠢᠭᠦᠯᠵᠦ᠍᠂ ᠤᠯᠤᠰ᠎ᠤᠨ ᠴᠢᠬᠤᠯᠠ ᠡᠨᠧᠷᠭᠢ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ᠌᠎ᠳᠦ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠡᠨ ᠦᠵᠡᠭᠦᠯᠦᠨ᠎ᠡ》 ᠭᠡᠪᠡ᠃

ᠤᠯᠤᠰ᠎ᠤᠨ ᠣᠲᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠠᠵᠤ ᠦᠶ᠋ᠯᠡᠰ᠎ᠦᠨ ᠵᠢᠱ᠌ᠢᠶ᠎ᠡ ᠦᠵᠡᠭᠦᠯᠬᠦ᠌ ᠣᠷᠣᠨ᠂ ᠲᠦᠷᠦᠭᠦᠦ ᠪᠦᠯᠦᠭ᠎ᠦᠨ ᠤᠯᠤᠰ᠎ᠤᠨ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠭᠦᠯᠬᠦ᠌ ᠵᠢᠱ᠌ᠢᠶ᠎ᠡ ᠦᠵᠡᠭᠦᠯᠬᠦ᠌ ᠣᠷᠣᠨ ᠪᠣᠯᠤᠭ᠍ᠰᠠᠨ᠎ᠤ ᠬᠤᠪᠢ᠎ᠳᠤ᠂ ᠣᠷᠳᠣᠰ ᠬᠣᠲᠠ ᠰᠠᠯᠬᠢᠨ ᠬᠦᠴᠦᠨ᠎ᠦ ᠴᠠᠬᠢᠯᠭᠠᠨ᠂ ᠬᠡᠷᠡᠯᠴᠢ ᠴᠡᠨᠡᠭ᠂ ᠨᠥᠭᠡᠴᠡ ᠡᠨᠧᠷᠭᠢ᠂ ᠤᠰᠤᠲᠥ᠋ᠷᠥᠭ᠌ᠴᠢ ᠡᠨᠧᠷᠭᠢ ᠪᠠ ᠱᠢᠨ᠎ᠡ ᠡᠨᠧᠷᠭᠢ᠎ᠶ᠋ᠢᠨ ᠲᠣᠨᠣᠭ᠍ᠯᠠᠯ᠎ᠤᠨ ᠠᠵᠤ ᠦᠶ᠋ᠯᠡᠰ᠎ᠦᠨ ᠬᠥᠭ᠌ᠵᠢᠯᠲᠡ᠎ᠶ᠋ᠢ ᠠᠬᠢᠭᠤᠯᠬᠤ ᠠᠯᠢ ᠣᠯᠠᠨ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠨᠡᠢᠲᠡᠯᠡᠪᠡ᠃

ᠠᠵᠤ ᠦᠶ᠋ᠯᠡᠰ᠎ᠦᠨ ᠬᠡᠯᠬᠢᠶ᠎ᠡ᠎ᠶ᠋ᠢᠨ ᠲᠣᠭᠣᠷᠢᠨ᠎ᠳᠤ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢ ᠪᠠᠢᠷᠢᠯᠠᠭᠤᠯᠵᠤ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢᠨ ᠲᠣᠭᠣᠷᠢᠨ᠎ᠳᠤ ᠠᠵᠤ ᠦᠶ᠋ᠯᠡᠰ᠎ᠦᠨ ᠬᠡᠯᠬᠢᠶ᠎ᠡ᠎ᠶ᠋ᠢ ᠪᠠᠢᠷᠢᠱᠢᠭᠤᠯᠤᠨ᠎ᠠ

ᠱᠢᠨ᠎ᠡ᠎ᠶ᠋ᠢ ᠡᠭᠦᠳᠬᠦ᠌ ᠪᠣᠯ ᠬᠥᠭ᠌ᠵᠢᠯᠲᠡ᠎ᠶ᠋ᠢ ᠬᠦᠲᠦᠯᠦᠨ ᠳᠠᠭᠠᠭᠤᠯᠬᠤ ᠨᠢᠭᠡᠳᠦᠭᠡᠷ ᠬᠥᠳᠡᠯᠭᠡᠬᠦ᠌ ᠬᠦᠴᠦᠨ ᠮᠥᠨ᠂ ᠨᠡᠩ ᠴᠤ᠌ ᠡᠨᠧᠷᠭᠢ᠎ᠶ᠋ᠢᠨ ᠠᠵᠤ ᠦᠢᠯᠡᠰ᠎ᠤᠨ ᠭᠦᠭᠵᠢᠯᠳᠠ ᠵᠢᠨ ᠬᠡᠯᠪᠡᠷᠢ᠎ᠶ᠋ᠢ ᠬᠤᠪᠢᠷᠠᠭᠤᠯᠬᠤ ᠴᠢᠬᠤᠯᠠ ᠱᠢᠪᠲᠤᠯᠤᠯᠲᠠ᠎ᠶ᠋ᠢᠨ ᠴᠡᠭ ᠮᠥᠨ᠃ ᠶᠡᠷᠦᠩᠬᠡᠢ ᠱᠦᠵᠢ ᠰᠢ ᠵᠢᠨ ᠫᠢᠩ ᠱᠢᠨ᠎ᠡ᠎ᠶ᠋ᠢ ᠡᠭᠦᠳᠬᠦ᠌᠎ᠶ᠋ᠢ ᠢᠮᠠᠭ᠍ᠲᠠ ᠤᠯᠤᠰ᠎ᠤᠨ ᠬᠥᠭ᠌ᠵᠢᠯᠲᠡ᠎ᠶ᠋ᠢᠨ ᠪᠦᠬᠦ᠌ ᠲᠠᠯ᠎ᠠ᠎ᠶ᠋ᠢᠨ ᠭᠣᠣᠯ ᠪᠠᠢᠷᠢᠨ᠎ᠳᠤ ᠲᠠᠯᠪᠢᠵᠤ᠂ ᠱᠢᠨᠵᠢᠯᠡᠬᠦ᠌ ᠤᠬᠠᠭᠠᠨ᠎ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠠᠯᠢ ᠤᠯᠠᠨ ᠱᠢᠨ᠎ᠡ ᠦᠵᠡᠯ ᠰᠠᠨᠠᠭ᠎ᠠ᠂ ᠱᠢᠨ᠎ᠡ ᠨᠤᠲᠠᠯᠠᠯᠲᠠ᠂ ᠱᠢᠨ᠎ᠡ ᠱᠠᠭᠠᠷᠳᠠᠯᠭ᠎ᠠ᠎ᠶ᠋ᠢ ᠳᠤᠷᠠᠳᠴᠠᠢ᠃

ᠤᠢ᠍ᠢᠷ᠎ᠠ᠎ᠶ᠋ᠢᠨ ᠡᠳᠦᠷ᠂ ᠶᠡᠷᠦᠩᠬᠡᠢ ᠱᠦᠵᠢ ᠵᠦᠩ ᠬᠤᠸᠠᠨ ᠠᠵᠤ ᠦᠢᠯᠡᠰ᠎ᠦᠨ ᠬᠦᠷᠢᠶᠡᠯᠡᠩ᠎ᠳᠦ ᠱᠢᠨᠵᠢᠯᠡᠨ ᠪᠠᠢᠴᠠᠭᠠᠬᠤ᠎ᠳᠠᠭᠠᠨ᠄ 《ᠤᠳᠤ᠂ ᠪᠢᠳᠡ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠠᠯ᠎ᠠ ᠪᠡᠷ  ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠎ᠳᠤ ᠲᠦᠱᠢᠭ᠌ᠯᠡᠵᠦ᠍ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠷᠬᠡ ᠪᠣᠭᠣᠮᠲᠠ᠎ᠵᠢ ᠱᠢᠪᠲᠤᠯᠬᠤ ᠬᠡᠷᠡᠭ᠌ᠲᠡᠢ》 ᠭᠡᠵᠦ ᠳᠠᠬᠢᠨᠲᠠ ᠴᠢᠬᠤᠯᠠᠴᠢᠯᠠᠪᠠ᠃

ᠡᠨᠡ ᠨᠢ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠡᠨᠧᠷᠭᠢ᠎ᠶ᠋ᠢᠨ ᠠᠵᠤ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠳᠦ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠲᠣᠳᠣᠷᠬᠠᠢ ᠵᠢᠭᠠᠵᠤ ᠥᠭ᠌ᠴᠡᠢ᠃

ᠳᠤᠮᠳᠠᠳᠤ ᠤᠯᠤᠰ᠎ᠤᠨ ᠤᠮᠠᠷᠠᠲᠤ᠎ᠶ᠋ᠢᠨ ᠬᠣᠪᠣᠷ ᠱᠢᠷᠣᠶ᠎ᠶ᠋ᠢᠨ ᠪᠦᠯᠦᠭᠯᠡᠯ᠎ᠤᠨ ᠨᠠᠮ᠎ᠤᠨ ᠬᠣᠷᠢᠶ᠎ᠠ ᠵᠢᠨ ᠳᠡᠳ᠋ ᠱᠦᠵᠢ᠂ ᠶᠡᠷᠦᠩᠬᠡᠶ ᠳᠠᠭᠠᠭᠠᠮᠠᠯ ᠴᠢᠦᠶ ᠶᠧ ᠳ᠋ᠦᠩ᠄ 《 ᠪᠢᠳᠡ ᠶᠡᠷᠦᠩᠬᠡᠶ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠮᠠᠨ᠎ᠤ ᠤᠯᠤᠰ᠎ᠤᠨ ᠬᠣᠪᠣᠷ ᠱᠢᠷᠣᠶ᠎ᠶ᠋ᠢᠨ ᠠᠵᠤ ᠦᠶ᠋ᠯᠡᠰ᠎ᠦᠨ ᠬᠡᠯᠬᠢᠶ᠎ᠡ᠎ᠶ᠋ᠢ ᠬᠥᠭ᠌ᠵᠢᠭᠦᠯᠦᠨ ᠪᠤᠵᠠᠭᠠᠢᠷᠠᠭᠤᠯᠬᠤ᠂ ᠴᠢᠨᠠᠷ ᠰᠠᠢᠲᠠᠶ ᠬᠣᠪᠣᠷ ᠱᠢᠷᠣᠶ᠎ᠶ᠋ᠢᠨ ᠠᠮᠢ ᠠᠬᠤᠶ᠎ᠶ᠋ᠢᠨ ᠲᠣᠭᠣᠷᠢᠭ᠎ᠢ ᠪᠠᠢᠭᠤᠯᠬᠤ ᠡᠭᠦᠷᠭᠡ᠎ᠶ᠋ᠢ ᠤᠬᠠᠮᠰᠠᠷ᠎ᠡᠴᠡ᠎ᠪᠠᠨ ᠡᠭᠦᠷᠭᠡᠯᠡᠵᠦ᠍᠂ ᠳᠡᠭᠡᠳᠦ ᠲᠡᠰᠵᠢᠭᠰᠡᠨ ᠮᠡᠷᠭᠡᠵᠢᠯ᠎ᠦᠨ ᠱᠤᠭᠤᠮ᠎ᠢ ᠪᠠᠷᠢᠮᠲᠠᠯᠠᠵᠤ᠂ ᠤᠶᠤᠨᠴᠢᠯᠠᠭ᠍ᠰᠠᠨ ᠲᠣᠨᠣᠭ᠍ᠯᠠᠯ᠎ᠤᠨ ᠲᠠᠰ ᠳᠡᠪᠱᠢᠬᠦ᠌᠎ᠶ᠋ᠢ ᠠᠬᠢᠭᠤᠯᠵᠤ᠂ ᠠᠵᠤ ᠦᠶ᠋ᠯᠡᠰ᠎ᠦᠨ ᠬᠡᠯᠪᠡᠷᠢ᠎ᠶ᠋ᠢ ᠪᠣᠬᠢᠷᠲᠤᠯ ᠥᠬᠡᠶ ᠲᠡᠢᠰᠢ ᠬᠤᠪᠢᠷᠠᠭᠤᠯᠬᠤ᠎ᠵᠢ ᠬᠡᠷᠡᠭᠵᠢᠭᠦᠯᠤᠨ᠎ᠠ; ᠠᠵᠤ ᠠᠬᠤᠢᠯᠠᠯ᠎ᠤᠨ ᠣᠲᠣ᠎ᠶ᠋ᠢᠨ ᠪᠠᠢᠭ᠎ᠠ ᠪᠠᠶᠠᠠᠠᠤᠪᠤᠭ᠎ᠠ ᠵᠢᠨ ᠬᠣᠪᠣᠷ ᠱᠢᠷᠣᠶ᠎ᠶ᠋ᠢᠨ ᠡᠬᠢ ᠪᠠᠶᠠᠯᠢᠭ᠎ᠤᠨ ᠰᠤᠳᠤᠯᠭᠠᠨ ᠬᠢᠭᠡᠳ ᠶᠡᠷᠦᠨᠭᠬᠡᠢᠯᠡᠨ ᠠᠰᠢᠭᠯᠠᠬᠤ ᠪᠥᠬᠥ᠌ ᠤᠯᠤᠰ᠎ᠤᠨ ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ᠎ᠵᠡᠷᠭᠡ ᠤᠯᠤᠰ᠎ᠤᠨ ᠲᠠᠰ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠱᠢᠨ᠎ᠡ᠎ᠶ᠋ᠢ ᠡᠭᠦᠳᠬᠦ᠌ ᠲᠠᠪᠴᠠᠩ᠎ᠤᠨ ᠦᠶ᠋ᠯᠡᠳᠦᠯ᠎ᠢ ᠰᠠᠢᠲᠤᠷ ᠪᠠᠳᠠᠷᠠᠭᠤᠯᠵᠤ᠂ 〈ᠬᠣᠶᠠᠷ ᠬᠦᠷᠢᠶᠡᠯᠡᠩ〉 ᠎ᠤ᠋ᠨ ᠲᠡᠷᠢᠭᠦᠨ ᠲᠠᠰ᠎ᠤᠨ ᠲᠤᠰᠭᠠᠶ ᠮᠡᠷᠭᠡᠵᠢᠯᠲᠡᠨ᠂ ᠡᠯ᠎ᠡ ᠶᠡᠬᠡ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠯᠤᠭ᠎ᠠ᠎ᠶ᠋ᠢᠨ ᠬᠠᠮᠲᠤᠷᠠᠨ ᠱᠢᠨ᠎ᠡ᠎ᠶ᠋ᠢ ᠡᠭᠦᠳᠬᠦ᠌᠎ᠪᠠᠨ ᠦᠷᠭᠦᠯᠵᠢᠯᠡᠨ ᠴᠢᠩᠭᠠᠳᠭᠠᠵᠤ᠂ ᠬᠣᠪᠣᠷ ᠱᠢᠷᠣᠶ᠎ᠶ᠋ᠢᠨ ᠰᠠᠭᠤᠷᠢ ᠣᠨᠣᠯ᠎ᠤᠨ ᠰᠤᠳᠤᠯᠭᠠᠨ᠂ ᠠᠩᠬᠠᠨ᠎ᠤ ᠡᠭᠦᠳᠦᠯᠲᠡ᠎ᠶ᠋ᠢᠨ ᠭᠤᠤᠯᠯᠠᠬᠤ ᠮᠡᠷᠭᠡᠵᠢᠯ᠎ᠦᠨ ᠲᠠᠯ᠎ᠠ᠎ᠪᠠᠷ ᠲᠠᠰᠤᠷᠠᠯᠲᠠ ᠥᠬᠡᠶ ᠬᠦᠴᠦᠯᠡᠨ᠎ᠡ》 ᠭᠡᠪᠡ᠃

ᠶᠤᠸᠠᠨ ᠵᠢᠩ ᠤᠮᠠᠷᠠᠲᠤ᠎ᠶ᠋ᠢᠨ ᠱᠢᠨᠵᠢᠯᠡᠬᠦ᠌ ᠤᠬᠠᠭᠠᠨ᠎ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠬᠠᠷᠢᠭᠤᠴᠠᠯᠭᠠᠲᠠᠨ ᠯᠢ ᠸᠧᠢ᠄ 《ᠪᠢᠳᠠ ᠢᠮᠠᠭ᠍ᠲᠠ ᠱᠢᠨ᠎ᠡ᠎ᠶ᠋ᠢ ᠡᠭᠦᠳᠬᠦ᠌᠎ᠶ᠋ᠢ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠨᠢᠭᠡᠳᠦᠭᠡᠷ ᠬᠥᠳᠡᠯᠭᠡᠬᠦ᠌ ᠬᠦᠴᠦᠨ ᠪᠣᠯᠭᠠᠵᠤ᠂ ᠱᠢᠨ᠎ᠡ ᠡᠨᠧᠷᠭᠢ᠎ᠶ᠋ᠢᠨ ᠠᠵᠤ ᠦᠢᠯᠡᠰ᠎ᠦᠨ ᠬᠡᠯᠬᠢᠶ᠎ᠡ᠎ᠶ᠋ᠢᠨ ᠲᠣᠭᠣᠷᠢᠨ᠎ᠳᠤ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢ ᠪᠠᠢᠷᠢᠯᠠᠭᠤᠯᠵᠤ᠂ ᠱᠢᠨ᠎ᠡ ᠡᠨᠧᠷᠭᠢ᠎ᠶ᠋ᠢᠨ ᠬᠦᠷᠢᠶᠡᠨ᠎ᠳᠦ ᠨᠢᠭᠡ ᠪᠦᠯᠦᠭ ᠵᠠᠩᠭᠢᠯᠠᠭ᠎ᠠ᠎ᠶ᠋ᠢᠨ ᠮᠡᠷᠭᠡᠵᠢᠯ᠎ᠦᠨ ᠪᠣᠭᠣᠮᠲᠠ ᠱᠢᠪᠲᠤᠯᠬᠤ ᠲᠦᠷᠦᠯ ᠵᠦᠢᠯ᠎ᠢ ᠬᠡᠷᠡᠭ᠌ᠵᠢᠭᠦᠯᠪᠡ᠃ ᠪᠢᠳᠡ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠡᠬᠢ ᠪᠠᠶᠠᠯᠢᠭ᠎ᠤᠨ ᠳᠠᠪᠠᠭᠤᠯᠢᠭ᠎ᠢ ᠲᠠᠰᠤᠷᠠᠯᠲᠠ ᠥᠬᠡᠶ ᠪᠣᠬᠢᠷᠲᠤᠯ ᠥᠬᠡᠶ ᠠᠵᠤ ᠦᠶ᠋ᠯᠡᠰ᠎ᠦᠨ ᠳᠠᠪᠠᠭᠤᠯᠢᠭ ᠪᠣᠯᠭᠠᠨ ᠬᠤᠪᠢᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠥᠲᠥᠭᠡᠨ ᠪᠠᠢᠭᠤᠯᠬᠤ᠎ᠳᠤ ᠨᠠᠩ ᠶᠡᠬᠡ ᠬᠤᠪᠢ ᠨᠡᠮᠡᠷᠢ ᠦᠵᠡᠭᠦᠯᠦᠨ᠎ᠡ》 ᠭᠡᠪᠡ᠃

ᠠᠵᠤ ᠦᠢᠯᠡᠰ᠎ᠦᠨ ᠬᠡᠯᠬᠢᠶ᠎ᠡ᠎ᠶ᠋ᠢᠨ ᠲᠣᠭᠣᠷᠢᠨ᠎ᠳᠤ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢ ᠪᠠᠢᠷᠢᠯᠠᠭᠤᠯᠵᠤ᠂ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢᠨ ᠲᠣᠭᠣᠷᠢᠨ᠎ᠳᠤ ᠠᠵᠤ ᠦᠢᠯᠡᠰ᠎ᠦᠨ ᠬᠡᠯᠬᠢᠶ᠎ᠡ᠎ᠶ᠋ᠢ ᠪᠠᠢᠷᠢᠱᠢᠭᠤᠯᠤᠨ᠎ᠠ᠃ ᠣᠳᠣᠬᠠᠨ᠎ᠳᠤ᠂ ᠥᠪᠥᠷ ᠮᠣᠩᠭᠣᠯ ᠶᠠᠭ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠡᠨᠡᠬᠦ ᠡᠨᠧᠷᠭᠢ᠎ᠶ᠋ᠢᠨ ᠬᠥᠭ᠌ᠵᠢᠯᠲᠡ᠎ᠶ᠋ᠢ ᠬᠥᠲᠥᠯᠥᠨ ᠳᠠᠭᠠᠭᠤᠯᠬᠤ ᠨᠢᠭᠡᠳᠦᠭᠡᠷ ᠬᠥᠳᠡᠯᠭᠡᠬᠦ᠌ ᠬᠦᠴᠦᠨ᠎ᠦ ᠦᠶ᠋ᠯᠡᠳᠦᠯ᠎ᠢ ᠢᠳᠡᠪᠬᠢᠲᠡᠶ ᠪᠠᠳᠠᠷᠠᠭᠤᠯᠵᠤ᠂ ᠱᠢᠨ᠎ᠡ᠎ᠶ᠋ᠢ ᠡᠭᠦᠳᠬᠦ᠌᠎ᠡᠴᠡ ᠬᠥᠳᠡᠯᠭᠡᠬᠦ᠌ ᠬᠦᠴᠦᠨ ᠣᠯᠵᠤ᠂ ᠱᠢᠨ᠎ᠡ᠎ᠶ᠋ᠢ ᠡᠭᠦᠳᠬᠦ᠌᠎ᠪᠡᠷ ᠢᠷᠡᠭᠡᠳᠦᠶ᠎ᠪᠡᠨ ᠲᠥᠰᠦᠪᠯᠡᠵᠦ᠍᠂ ᠡᠨᠧᠷᠭᠢ᠎ᠶ᠋ᠢᠨ ᠠᠵᠤ ᠦᠢᠯᠡᠰ᠎ᠤᠨ ᠪᠠᠭ᠎ᠠ ᠨᠡᠭᠦᠷᠡᠰᠦᠲᠥ᠋ᠷᠥᠭ᠌ᠴᠢ ᠲᠡᠢᠰᠢ ᠬᠡᠯᠪᠡᠷᠢ᠎ᠪᠠᠨ ᠬᠤᠪᠢᠷᠠᠭᠤᠯᠬᠤ ᠪᠠ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠴᠢᠷᠮᠠᠢᠨ ᠡᠭᠦᠳᠴᠦ᠍ ᠪᠠᠢᠨ᠎ᠠ᠃

(ᠲᠤᠰ ᠰᠣᠨᠢᠨ᠎ᠤ ᠰᠤᠷᠪᠤᠯᠵᠢᠯᠠᠭ᠍ᠴᠢ ᠺᠠᠩ ᠯᠢ ᠨᠠ  ᠯᠢᠦ ᠬᠣᠩ ᠵᠠᠩ   ᠼᠠᠢ ᠳ᠋ᠦᠩ ᠮᠧᠢ  ᠸᠠᠩ ᠢᠦᠢ ᠵᠦᠸᠸ  ᠪᠠᠶᠠᠰᠭᠤᠯᠠᠩ  ᠯᠢ ᠶᠦᠩ ᠲᠤᠤ ᠶᠡᠷᠦᠨᠭᠭᠡᠢᠯᠡᠨ ᠮᠡᠳᠡᠭᠡᠯᠡᠪᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号