ᠯᠢ ᠢᠦᠢ ᠭᠠᠩ ᠶᠠᠷᠢᠶ᠎ᠠ ᠲᠠᠯᠪᠢᠵᠠᠢ
6 ᠰᠠᠷ᠎ᠠ᠎ᠶ᠋ᠢᠨ 10᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠵᠣᠬᠢᠶᠠᠨ ᠪᠠᠢᠭᠤᠯᠬᠤ ᠬᠡᠯᠲᠡᠰ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠠ ᠵᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠩᠭᠤ᠎ᠶ᠋ᠢᠨ ᠭᠡᠱᠢᠭᠦᠨ᠂ ᠵᠣᠬᠢᠶᠠᠨ ᠪᠠᠢᠭᠤᠯᠬᠤ ᠬᠡᠯᠲᠡᠰ᠎ᠦᠨ ᠳᠠᠷᠤᠭ᠎ᠠ ᠯᠢ ᠢᠦᠶ ᠭᠠᠩ ᠬᠤᠷᠠᠯ᠎ᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠵᠠᠶ᠃
ᠬᠤᠷᠠᠯ᠎ᠠᠴᠠ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠪᠠᠨ ᠶᠡᠷᠦᠩᠬᠡᠶ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠲᠡᠭᠡᠷ᠎ᠠ ᠨᠢᠭᠡᠳᠭᠡᠵᠦ᠍᠂ ᠵᠣᠬᠢᠶᠠᠨ ᠪᠠᠢᠭᠤᠯᠬᠤ ᠰᠠᠯᠠᠭ᠎ᠠ ᠮᠥᠴᠢᠷ᠎ᠦᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ᠎ᠳᠠᠭᠠᠨ ᠰᠠᠭᠤᠷᠢᠯᠠᠵᠤ᠂ ᠺᠠᠳ᠋ᠷ᠂ ᠴᠢᠳᠠᠪᠤᠷᠢᠲᠠᠨ᠂ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ ᠵᠡᠷᠭᠡ ᠠᠵᠢᠯ᠎ᠢ ᠠᠬᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠰᠤᠷᠤᠯᠴᠠᠬᠤ ᠪᠠ ᠬᠡᠷᠡᠭ᠌ᠯᠡᠬᠦ᠌᠎ᠶ᠋ᠢ ᠤᠶᠠᠯᠳᠤᠭᠤᠯᠬᠤ ᠶ᠋ᠢ ᠪᠠᠷᠢᠮᠲᠠᠯᠠᠵᠤ᠂ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠠᠴᠠ ᠴᠢᠭ᠌ᠯᠡᠯ᠎ᠢ ᠣᠨᠣᠪᠴᠢᠲᠠᠶ ᠡᠷᠢᠨ ᠣᠯᠵᠤ᠂ ᠬᠠᠷᠠᠯᠲᠠ᠎ᠶ᠋ᠢ ᠡᠷᠢᠨ ᠣᠯᠵᠤ᠂ ᠠᠷᠭ᠎ᠠ᠎ᠶ᠋ᠢ ᠡᠷᠢᠨ ᠣᠯᠵᠤ᠂ ᠠᠷᠭ᠎ᠠ ᠬᠡᠮᠵᠢᠶ᠎ᠡ᠎ᠶ᠋ᠢ ᠡᠷᠢᠨ ᠣᠯᠵᠤ᠂ ᠵᠣᠬᠢᠶᠠᠨ ᠪᠠᠢᠭᠤᠯᠬᠤ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠯᠡᠨ ᠠᠬᠢᠭᠤᠯᠵᠤ᠂ ᠣᠳᠣᠬᠢᠴᠢᠯᠠᠭ᠍ᠰᠠᠨ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠳᠤ ᠴᠢᠩᠭ᠎ᠠ ᠬᠦᠴᠦᠲᠤ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ ᠬᠠᠩᠭᠠᠬᠤ ᠬᠡᠷᠡᠭ᠌ᠲᠡᠶ᠃ ᠶᠡᠷᠦᠩᠬᠡᠢ ᠱᠦᠵᠢ ᠰᠢ ᠵᠢᠨ ᠫᠢᠩ᠎ᠤᠨ ᠭᠣᠣᠯ ᠰᠡᠳᠦᠪᠲᠦ ᠬᠥᠮᠦᠵᠢᠯ᠎ᠢ ᠰᠠᠢᠲᠤᠷ ᠥᠷᠨᠢᠭᠦᠯᠬᠦ᠌ ᠲᠤᠬᠠᠶ ᠴᠢᠬᠤᠯᠠ ᠵᠢᠭᠠᠪᠤᠷᠢ ᠱᠠᠭᠠᠷᠳᠠᠯᠭ᠎ᠠ᠂ ᠢᠯᠠᠩᠭᠤᠶ᠎ᠠ ᠰᠤᠷᠤᠯᠴᠠᠯᠭ᠎ᠠ᠎ᠪᠠᠷ ᠰᠤᠷᠲᠠᠯ᠎ᠢ ᠲᠥᠪ ᠪᠣᠯᠭᠠᠬᠤ ᠲᠤᠬᠠᠶ ᠴᠢᠬᠤᠯᠠ ᠥᠭᠦᠯᠡᠯᠲᠡ᠎ᠶ᠋ᠢ ᠬᠢᠨᠠᠮᠠᠭᠠᠶ ᠨᠠᠢᠳᠠᠪᠤᠷᠢᠵᠢᠭᠤᠯᠵᠤ᠂ ᠦᠨᠡᠨ ᠪᠣᠳᠠᠲᠠᠶ᠎ᠶ᠋ᠢ ᠡᠷᠬᠢᠮᠯᠡᠬᠦ᠌ ᠰᠤᠷᠲᠠᠯ᠎ᠢ ᠶᠡᠬᠡ ᠪᠡᠷ ᠳᠡᠯᠭᠡᠷᠡᠭᠦᠯᠵᠦ᠍᠂ ᠠᠷᠢᠭᠤᠨ ᠴᠢᠬᠡᠴᠢ ᠰᠤᠷᠲᠠᠯ᠎ᠢ ᠪᠠᠳᠠᠷᠠᠭᠤᠯᠤᠨ᠂ ᠠᠷᠪᠢᠴᠢ ᠪᠣᠷᠣᠭ᠍ᠵᠢᠭᠤᠨ ᠰᠤᠷᠲᠠᠯ᠎ᠢ ᠪᠤᠢ ᠪᠣᠯᠭᠠᠵᠤ᠂ ᠥᠪᠡᠷ᠎ᠤᠨ ᠪᠡᠶ᠎ᠡ᠎ᠳᠡᠭᠡᠨ ᠬᠤᠪᠢᠰᠭᠠᠯ ᠬᠢᠬᠦ᠌ ᠵᠣᠷᠢᠭ ᠰᠠᠨᠠᠭ᠎ᠠ᠎ᠪᠠᠷ ᠭᠣᠣᠯ ᠰᠡᠳᠦᠪᠲᠦ ᠬᠥᠮᠦᠵᠢᠯ᠎ᠦᠨ ᠠᠷᠠᠳ ᠤᠯᠠᠨ᠎ᠳᠤ ᠬᠠᠨᠤᠮᠵᠢᠲᠠᠶ ᠪᠣᠳᠠᠲᠤ ᠦᠷ᠎ᠡ ᠪᠦᠲᠦᠮᠵᠢ ᠤᠯᠬᠤ᠎ᠶ᠋ᠢ ᠪᠦᠬᠦ᠌ ᠬᠦᠴᠦᠨᠢᠶᠡᠷᠵᠢᠡᠨ ᠠᠬᠢᠭᠤᠯᠬᠤ ᠬᠡᠷᠡᠭ᠌ᠲᠡᠶ ᠭᠡᠵᠦ ᠴᠢᠬᠤᠯᠠᠴᠢᠯᠠᠪᠠ᠃