ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠬᠠᠨᠭᠭᠠᠯᠭ᠎ᠠ ᠶᠡᠬᠡ ᠴᠢᠨᠠᠷ ᠰᠠᠢᠲᠠᠢ ᠪᠦᠳᠦᠭᠡᠨ ᠪᠠᠢᠭᠤᠯᠤᠨ᠎ᠠ
2023-06-15 10:15:20
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

— ᠶᠡᠷᠦᠨᠭᠬᠡᠢ ᠱᠦᠵᠢ ᠰᠢ ᠵᠢᠨ ᠫᠢᠩ᠎ᠤᠨ ᠥᠪᠥᠷ ᠮᠤᠨᠭᠭᠤᠯ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ ᠺᠠᠳ᠋ᠷ ᠤᠯᠠᠨ ᠲᠦᠮᠡᠨ᠎ᠤ ᠳᠤᠮᠳᠠ ᠴᠢᠨᠭᠭ᠎ᠠ ᠳᠤᠰᠬᠠᠯ ᠭᠠᠷᠪᠠ ⑤

ᠠᠮᠢᠵᠢᠷᠠᠯ᠎ᠤᠨ ᠬᠦᠴᠦᠨ᠎ᠢᠶᠡᠷ ᠪᠢᠯᠬᠠᠭ᠍ᠰᠠᠨ ᠵᠤᠨ᠎ᠤ ᠡᠳᠦᠷ᠎ᠤᠳ ᠪᠣᠯ ᠶᠠᠭ ᠤᠮᠤᠭ ᠵᠣᠷᠢᠭ ᠪᠠᠳᠠᠷᠠᠨᠭᠭᠤᠢ᠎ᠠᠵᠢᠯᠯᠠᠵᠤ ᠲᠠᠮᠡᠴᠡᠬᠦ ᠴᠠᠭ ᠪᠣᠯᠤᠨ᠎ᠠ᠃ ᠣᠢᠷ᠎ᠠ᠎ᠳᠤ᠂ ᠶᠡᠷᠦᠨᠭᠬᠡᠢ ᠱᠦᠵᠢ ᠰᠢ ᠵᠢᠨ ᠫᠢᠩ ᠥᠪᠥᠷ ᠮᠣᠩᠭᠣᠯ᠎ᠳᠤ ᠳᠠᠬᠢᠨᠲᠠ ᠱᠢᠨᠵᠢᠯᠡᠨ ᠪᠠᠢᠴᠠᠭᠠᠬᠤ᠎ᠳᠠᠭᠠᠨ᠂ ᠮᠠᠯ ᠠᠵᠤ ᠠᠬᠤᠶ ᠲᠠᠷᠢᠶᠠᠯᠠᠩ᠎ᠤᠨ ᠳᠠᠪᠠᠭᠤᠯᠢᠭ᠎ᠢᠶᠠᠨ ᠰᠠᠢᠲᠤᠷ ᠪᠠᠳᠠᠷᠠᠭᠤᠯᠵᠤ᠂ ᠭᠠᠵᠠᠷ ᠱᠢᠷᠣᠶ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠦᠷ᠎ᠡ᠎ᠶ᠋ᠢᠨ ᠢᠷᠡᠯᠲᠡ᠂ ᠤᠰᠤ᠂ ᠡᠪᠡᠰᠦ ᠵᠡᠷᠭᠡ ᠲᠠᠯ᠎ᠠ᠎ᠡᠴᠡ ᠭᠠᠷᠳᠠᠵᠤ᠂ ᠮᠠᠯ ᠠᠵᠤ ᠠᠬᠤᠶ ᠲᠠᠷᠢᠶᠠᠯᠠᠩ᠎ᠤᠨ ᠣᠷᠣᠨ ᠪᠦᠰᠡ᠎ᠶ᠋ᠢᠨ ᠪᠠᠢᠷᠢᠱᠢᠭᠤᠯᠤᠯᠲᠠ ᠪᠠ ᠦᠶ᠋ᠯᠡᠳᠪᠦᠷᠢᠯᠡᠯ᠎ᠦᠨ ᠪᠦᠲᠦᠴᠡ ᠶ᠋ᠢ ᠲᠣᠭ᠍ᠲᠠᠭᠤᠨ᠎ᠢᠶᠠᠷ ᠱᠢᠯᠢᠳᠡᠭ᠌ᠵᠢᠭᠦᠯᠵᠦ᠍᠂ ᠮᠠᠯ ᠠᠵᠤ ᠠᠬᠤᠶ ᠲᠠᠷᠢᠶᠠᠯᠠᠩ᠎ᠤᠨ ᠬᠡᠯᠪᠡᠷᠢ ᠪᠡᠨ ᠬᠤᠪᠢᠷᠠᠭᠤᠯᠤᠨ ᠬᠥᠭ᠌ᠵᠢᠬᠦ᠌᠎ᠶ᠋ᠢ ᠠᠬᠢᠭᠤᠯᠵᠤ᠂ ᠠᠮᠢ ᠠᠬᠤᠶ ᠶ᠋ᠢᠨ ᠮᠠᠯ ᠠᠵᠤ ᠠᠬᠤᠶ ᠲᠠᠷᠢᠶᠠᠯᠠᠩ᠎ᠢ ᠶᠡᠬᠡ ᠪᠡᠷ ᠬᠥᠭ᠌ᠵᠢᠭᠦᠯᠵᠦ᠍᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠨᠠᠷᠢᠯᠢᠭ ᠡᠳ᠋ᠱᠢᠭᠦᠯᠬᠦ᠌ ᠪᠠ ᠪᠣᠬᠢᠷᠲᠤᠯ ᠥᠬᠡᠶ ᠣᠷᠭᠠᠨᠢᠭ ᠲᠥᠷᠥᠯ ᠲᠡᠮᠳᠡᠭ᠎ᠢ ᠡᠬᠦᠳᠬᠦ᠎ᠶ᠋ᠢ ᠰᠠᠢᠲᠤᠷ ᠠᠳᠭᠤᠵᠤ᠂ ᠨᠢᠭᠡᠳᠦᠭᠡᠷ ᠬᠣᠶᠠᠳᠤᠭᠠᠷ ᠭᠤᠷᠪᠠᠳᠤᠭᠠᠷ ᠠᠵᠤ ᠦᠶ᠋ᠯᠡᠰ᠎ᠦᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠵᠤ᠂ ᠮᠠᠯ ᠠᠵᠤ ᠠᠬᠤᠶ ᠲᠠᠷᠢᠶᠠᠯᠠᠩ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃ ᠡᠨᠡ ᠨᠢ ᠥᠪᠥᠷ ᠮᠣᠩᠭᠣᠯ᠎ᠤᠨ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠪᠦᠬᠦ᠌ ᠬᠦᠴᠦᠨ᠎ᠢᠶᠡᠷ᠎ᠢᠶᠡᠨ ᠪᠦᠳᠦᠭᠡᠨ ᠪᠠᠢᠭᠤᠯᠬᠤ᠎ᠳᠤ ᠴᠢᠭ᠌ᠯᠡᠯ᠎ᠢ ᠲᠣᠳᠣᠷᠬᠠᠢ ᠵᠢᠭᠠᠵᠤ ᠦᠭᠴᠤ᠂ ᠵᠢᠷᠤᠮᠯᠠᠯ ᠬᠠᠩᠭᠠᠵᠤ᠂ ᠬᠦᠴᠦᠨ ᠴᠢᠳᠠᠯ᠎ᠢ ᠨᠢᠭ᠍ᠲᠠᠷᠠᠭᠤᠯᠵᠠᠢ᠃

ᠬᠦᠨᠳᠦ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍ ᠮᠠᠯ ᠠᠵᠤ ᠠᠬᠤᠶ ᠲᠠᠷᠢᠶᠠᠯᠠᠩ᠎ᠤᠨ ᠣᠳᠣᠬᠢᠴᠢᠯᠠᠯᠲᠠ᠎ᠶ᠋ᠢᠨ ᠬᠥᠭ᠌ᠵᠢᠯᠲᠡ᠎ᠳᠦ ᠬᠦᠴᠦᠨ ᠴᠢᠳᠠᠯ᠎ᠢᠶᠠᠨ ᠨᠠᠩ ᠶᠡᠬᠡ ᠡᠷᠭᠦᠨ᠎ᠡ

《ᠶᠡᠷᠦᠨᠭᠬᠡᠢ ᠱᠦᠵᠢ ᠤᠯᠠᠭᠠᠨᠰᠤᠬᠠᠢ ᠵᠢᠨ᠎ᠡᠮᠦᠨ᠎ᠠ ᠬᠦᠪᠡᠭᠡᠨ᠎ᠳ᠋ᠡᠬᠢ ᠤᠳᠤ ᠦᠶ᠎ᠡ ᠶ᠋ᠢᠨ ᠲᠠᠷᠢᠶᠠᠯᠠᠩ᠎ᠤᠨ ᠵᠢᠱ᠌ᠢᠢ᠎ᠡ ᠦᠵᠡᠭᠦᠯᠬᠦ᠌ ᠬᠦᠷᠢᠶᠡᠯᠡᠩ ᠲᠣᠭᠣᠷᠢᠭ᠎ᠲᠤ ᠱᠢᠨᠵᠢᠯᠡᠨ ᠪᠠᠢᠴᠠᠭᠠᠬᠤ᠎ᠳᠠᠭᠠᠨ᠂ ᠪᠢᠳᠡᠨ᠎ᠦ ᠦᠷᠨᠢᠬᠦᠯᠦᠭᠰᠡᠨ ᠬᠤᠵᠢᠷᠯᠢᠭ ᠡᠯᠡᠰᠦᠷᠬᠡᠭ ᠡᠵᠡᠭᠦᠢ ᠭᠠᠵᠠᠷ᠎ᠢ ᠥᠭᠡᠷᠡᠴᠢᠯᠡᠨ ᠰᠠᠢᠵᠢᠷᠠᠭᠤᠯᠵᠤ ᠶᠡᠷᠦᠩᠬᠡᠢᠯᠡᠨ ᠠᠱᠢᠭ᠍ᠯᠠᠬᠰᠠᠨ᠂ ᠱᠢᠨᠵᠢᠯᠡᠬᠦ᠌ ᠤᠬᠠᠭᠠᠨᠴᠢ ᠪᠠᠷ ᠤᠰᠤᠯᠠᠬᠤ᠎ᠶ᠋ᠢ ᠠᠬᠢᠭᠤᠯᠤᠭᠰᠠᠨ᠂ ᠤᠳᠤ ᠦᠶ᠎ᠡ᠎ᠶ᠋ᠢᠨ ᠲᠠᠷᠢᠶᠠᠯᠠᠩ᠎ᠢ ᠳᠡᠯᠭᠡᠷᠡᠭᠦᠯᠦᠭᠰᠡᠨ ᠠᠵᠢᠯ᠎ᠢ ᠨᠤᠲᠠᠯᠠᠪᠠ᠃ ᠡᠭᠦᠨ᠎ᠳᠤ ᠪᠢᠳᠡ ᠶᠡᠬᠡᠳᠡ ᠵᠣᠷᠢᠭ᠍ᠵᠢᠵᠤ᠂ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ ᠳᠠᠬᠢᠨ᠎ᠢᠶᠠᠷ ᠨᠡᠮᠡᠭ᠌ᠳᠡᠪᠡ》 ᠭᠡᠵᠦ᠍ ᠤᠷᠠᠳ᠎ᠤᠨ ᠡᠮᠦᠨᠡᠲᠦ ᠬᠣᠱᠢᠭᠤᠨ᠎ᠤ ᠮᠠᠯ ᠠᠵᠤ ᠠᠬᠤᠶ ᠲᠠᠷᠢᠶᠠᠯᠠᠩ ᠪᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠣᠪᠴᠢᠶ᠎ᠠ ᠵᠢᠨ ᠲᠤᠪᠴᠢᠶᠠᠨ ᠳᠠᠷᠤᠭ᠎ᠠ ᠶᠠᠩ ᠶᠦᠩ ᠵᠢᠶᠦ᠋ᠨ ᠬᠡᠯᠡᠪᠡ᠃

ᠣᠢᠷ᠎ᠠ᠎ᠶ᠋ᠢᠨ ᠵᠢᠯ᠎ᠳᠦ᠂ ᠤᠷᠠᠳ᠎ᠤᠨ ᠡᠮᠦᠨᠡᠲᠦ ᠬᠣᠱᠢᠭᠤ ᠠᠵᠤ ᠦᠶ᠋ᠯᠡᠰ᠎ᠦᠨ ᠪᠦᠲᠦᠴᠡ᠎ᠳᠡᠭᠡᠨ ᠢᠳᠡᠪᠬᠢᠲᠡᠶ ᠲᠣᠬᠢᠷᠠᠭᠤᠯᠤᠯᠲᠠ ᠬᠢᠵᠦ᠍᠂ ᠪᠣᠭᠣᠳᠠᠶ᠂ ᠡᠷᠳᠡᠨᠢ ᠱᠢᠰᠢ ᠵᠡᠷᠭᠡ ᠠᠮᠤ ᠪᠤᠳᠠᠭᠠᠨ᠎ᠤ ᠲᠠᠷᠢᠮᠠᠯ᠎ᠤᠨ ᠬᠡᠪᠴᠢᠶ᠎ᠡ ᠪᠠᠨ ᠥᠷᠭᠡᠳᠭᠡᠨ᠂ ᠣᠷᠭᠠᠨᠢᠭ ᠰᠦ᠎ᠶᠢᠨ ᠠᠵᠤ ᠦᠶ᠋ᠯᠡᠰ᠎ᠢ ᠬᠥᠭ᠌ᠵᠢᠭᠦᠯᠵᠦ᠍᠂ ᠴᠢᠨᠠᠷ ᠰᠠᠢᠲᠠᠶ ᠦᠬᠡᠷ ᠬᠣᠨᠢᠨ ᠮᠢᠬᠠᠨ᠎ᠤ ᠬᠠᠩᠭᠠᠯᠭ᠎ᠠ᠎ᠶ᠋ᠢ ᠨᠡᠮᠡᠭ᠌ᠳᠡᠭᠦᠯᠦᠨ᠂ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠭ᠍ᠰᠠᠨ ᠪᠦᠭᠡᠳ ᠠᠵᠤ ᠠᠬᠤᠶ᠎ᠶ᠋ᠢᠨ ᠦᠷ᠎ᠡ ᠠᠱᠢᠭ᠎ᠢ ᠴᠤ᠌ ᠪᠠᠲᠤᠯᠠᠪᠠ᠃ ᠪᠠᠰᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠵᠢᠡᠨ ᠨᠠᠷᠢᠯᠢᠭ ᠡᠳ᠋ᠱᠢᠭᠦᠯᠵᠤ ᠬᠢᠵᠦ᠍᠂ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠬᠤ᠂ ᠪᠦᠲᠦᠭᠡᠭ᠌ᠳᠡᠬᠦᠨ᠎ᠦ ᠨᠡᠮᠡᠯᠲᠡ ᠥᠷᠲᠡᠭ᠎ᠢ ᠳᠡᠭᠡᠭ᠌ᠰᠢᠯᠡᠭᠦᠯᠬᠦ᠌ ᠬᠠᠷᠠᠯᠲᠠ᠎ᠶ᠋ᠢ ᠪᠡᠶᠡᠯᠡᠭᠦᠯᠵᠦ᠍᠂ ᠪᠣᠷᠣᠲᠣᠬᠣᠶ᠎ᠶ᠋ᠢᠨ ᠰᠢᠯᠢᠳᠡᠭ  ᠪᠦᠲᠦᠭᠡᠭ᠌ᠳᠡᠬᠦᠨ᠎ᠢ ᠦᠨᠳᠦᠷ ᠦᠨ᠎ᠡ᠎ᠪᠡᠷ ᠪᠤᠷᠤᠯᠠᠭᠤᠯᠬᠤ ᠪᠤᠯᠪᠠ᠃

《ᠶᠡᠷᠦᠨᠭᠬᠡᠢ ᠱᠦᠵᠢ᠎ᠶᠢᠨ ᠥᠪᠥᠷ ᠮᠤᠨᠭᠭᠤᠯ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ᠎ᠤ ᠵᠤᠷᠢᠭ ᠰᠠᠨᠠᠭ᠎ᠠ ᠮᠠᠯ ᠠᠵᠤ ᠠᠬᠤᠶ ᠲᠠᠷᠢᠶᠠᠯᠠᠩ᠎ᠤᠨ ᠴᠢᠨᠠᠷ ᠰᠠᠢᠲᠠᠶ ᠬᠥᠭ᠌ᠵᠢᠯᠲᠡ᠎ᠳᠦ ᠴᠢᠭ᠌ᠯᠡᠯ᠎ᠢ ᠲᠣᠳᠣᠷᠬᠠᠶ ᠵᠢᠭᠠᠵᠤ ᠥᠭ᠌ᠴᠤ ᠪᠢᠳᠡᠨ᠎ᠳᠦ ᠮᠠᠰᠢ ᠶᠡᠬᠡ ᠵᠣᠷᠢᠭ᠍ᠵᠢᠭᠤᠯᠤᠯ ᠪᠣᠯᠵᠠᠶ》᠃ ᠤᠯᠠᠭᠠᠨᠬᠠᠳᠠ ᠬᠣᠲᠠ᠎ᠶ᠋ᠢᠨ ᠮᠠᠯ ᠠᠵᠤ ᠠᠬᠤᠶ ᠲᠠᠷᠢᠶᠠᠯᠠᠩ᠎ᠤᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠠᠩ ᠱᠧᠩ ᠾᠧ ᠢᠷᠡᠭᠡᠳᠦᠶ᠎ᠶ᠋ᠢᠨ ᠬᠥᠭ᠌ᠵᠢᠯᠲᠡ᠎ᠳᠦ ᠢᠲᠡᠭᠡᠯ ᠳᠦᠭᠦᠷᠡᠩ ᠪᠠᠢᠨ᠎ᠠ᠃

ᠣᠢᠷ᠎ᠠ᠎ᠶ᠋ᠢᠨ ᠵᠢᠯ᠎ᠳᠦ᠂ ᠤᠯᠠᠭᠠᠨᠬᠠᠳᠠ ᠬᠣᠲᠠ ᠠᠮᠢ ᠠᠬᠤᠶ᠎ᠶ᠋ᠢ ᠤᠷᠢᠳ᠎ᠢᠶᠡᠷ ᠪᠤᠳᠤᠯᠬᠢᠯᠠᠬᠤ ᠪᠣᠬᠢᠷᠲᠤᠯ ᠥᠬᠡᠶ ᠬᠥᠭ᠌ᠵᠢᠬᠦᠯᠬᠦ ᠪᠡᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠠᠮᠤ ᠪᠤᠳᠠᠭᠠᠨ᠎ᠤ ᠦᠶ᠋ᠯᠡᠳᠪᠦᠷᠢᠯᠡᠯ᠎ᠢ ᠪᠥᠬᠥ᠌ ᠬᠦᠴᠦᠨ᠎ᠢᠶᠡᠷ᠎ᠢᠶᠡᠨ ᠪᠠᠲᠤᠯᠠᠵᠤ᠂ ᠠᠮᠤ ᠪᠤᠳᠠᠭᠠᠨ᠎ᠤ ᠤᠨᠠᠯᠲᠠ ᠨᠢ 10 ᠵᠢᠯ ᠳᠠᠷᠠᠭᠠᠯᠠᠨ 100 ᠳ᠋ᠦᠩᠱᠢᠭᠤᠷ ᠵᠢᠩ᠎ᠡᠴᠡ ᠳᠡᠭᠡᠭ᠌ᠰᠢ ᠪᠠᠢᠬᠤ᠎ᠶ᠋ᠢ ᠪᠠᠲᠤᠯᠠᠵᠤ᠂ ᠮᠠᠯ᠎ᠤᠨ ᠲᠣᠭ᠎ᠠ 2088.9 ᠲᠦᠮᠡ᠎ᠳᠦ ᠬᠦᠷᠴᠦ᠍᠂ ᠲᠦᠬᠦᠭᠡᠷᠦᠮᠵᠢᠲᠦ ᠲᠠᠷᠢᠶᠠᠯᠠᠩ᠎ᠤᠨ ᠶᠡᠷᠦᠩᠬᠡᠢᠯᠡᠭ᠌ᠰᠡᠨ ᠡᠵᠡᠯᠡᠬᠦ᠌ ᠲᠠᠯᠠᠪᠠᠶ 187 ᠲᠦᠮᠡᠨ ᠮᠤ᠌᠎ᠳᠦ ᠬᠦᠷᠴᠦ᠍᠂ 2019 — 2022 ᠣᠨ᠎ᠳᠤ ᠨᠡᠢᠲᠡ 275.2 ᠲᠦᠮᠡᠨ ᠮᠥ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠥᠲᠥᠭᠡᠨ ᠪᠠᠢᠭᠤᠯᠵᠤ᠂ ᠪᠥᠬᠥ᠌ ᠣᠷᠣᠨ᠎ᠳ᠋ᠤ ᠲᠦᠷᠦᠬᠦᠯᠡᠪᠡ᠃

ᠠᠴᠢ ᠡᠨᠡᠷᠢᠯ᠎ᠳᠤᠨᠢ ᠲᠠᠯᠠᠷᠬᠠᠨ ᠡᠷᠡᠮᠡᠭᠡᠢᠯᠡᠨ ᠤᠷᠤᠭ᠍ᠰᠢᠯᠠᠵᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠴᠢᠨᠠᠷ ᠰᠠᠢᠲᠠᠶ ᠬᠥᠭ᠌ᠵᠢᠯᠲᠡ᠎ᠶ᠋ᠢᠨ ᠬᠥᠳᠡᠯᠭᠡᠬᠦ᠌ ᠬᠥᠴᠤᠨ ᠪᠣᠯᠭᠠᠨ ᠬᠤᠪᠢᠷᠠᠭᠤᠯᠦᠨ᠎ᠠ

ᠮᠥᠬᠥᠯᠢᠭ ᠦᠷ᠎ᠡ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠲᠡᠶ ᠬᠣᠯᠪᠣᠭ᠍ᠳᠠᠵᠤ᠂ ᠠᠷᠠᠳ ᠲᠦᠮᠡᠨ᠎ᠦ ᠪᠤᠳᠠᠭᠠᠨ ᠠᠶᠠᠭ᠎ᠠ᠎ᠲᠠᠶ ᠬᠣᠯᠪᠣᠭ᠍ᠳᠠᠨ᠎ᠠ᠃

ᠤᠯᠠᠭᠠᠨᠰᠤᠬᠠᠢ᠎ᠶᠢᠨ ᠡᠮᠦᠨ᠎ᠠ ᠬᠦᠪᠡᠭᠡᠨ᠎ᠳ᠋ᠡᠬᠢ ᠣᠲᠣ ᠦᠶ᠎ᠡ᠎ᠶ᠋ᠢᠨ ᠲᠠᠷᠢᠶᠠᠯᠠᠩ᠎ᠤᠨ ᠵᠢᠱ᠌ᠢᠶ᠎ᠡ ᠦᠵᠡᠭᠦᠯᠬᠦ᠌ ᠬᠦᠷᠢᠶᠡᠯᠡᠩ ᠲᠣᠭᠣᠷᠢᠭ᠎ᠲᠤ᠂ ᠥᠪᠡᠷᠲᠡᠭᠡᠨ ᠵᠠᠰᠠᠬᠤ ᠣᠷᠣᠨ᠎ᠤ ᠮᠠᠯ ᠠᠵᠤ ᠠᠬᠤᠶ᠎ᠲᠠᠷᠢᠶᠠᠯᠠᠩ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠪᠡᠶ᠎ᠡ᠎ᠪᠡᠨ ᠳᠠᠭᠠᠭᠠᠭ᠍ᠰᠠᠨ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠲᠡᠶ ᠯᠠᠵᠤᠤ᠎ᠶ᠋ᠢᠨ ᠲᠤᠰᠭᠠᠶ ᠬᠡᠷᠡᠭ᠌ᠯᠡᠭᠡᠨ᠎ᠦ ᠱᠢᠨ᠎ᠡ ᠡᠭᠦᠯᠳᠡᠷ ᠪᠣᠯᠬᠤ 《ᠪᠸᠢ ᠰᠢᠩ ᠨᠢᠭᠡᠳᠦᠭᠡᠷ》᠎ᠢ᠋ ᠵᠢᠱ᠌ᠢᠶ᠎ᠡ ᠦᠵᠡᠭᠦᠯᠤᠨ ᠳᠡᠯᠭᠡᠷᠡᠭᠦᠯᠦᠨ ᠲᠠᠷᠢᠵᠦ ᠪᠠᠢᠨ᠎ᠠ᠃ ᠵᠢᠱ᠌ᠢᠶ᠎ᠡ ᠦᠵᠡᠭᠦᠯᠬᠦ᠌ ᠲᠠᠷᠢᠶᠠᠨ᠎ᠳᠠᠬᠢ ᠯᠠᠵᠤᠤ᠎ᠶ᠋ᠢᠨ ᠴᠢᠬᠢ᠎ᠶᠢᠨ ᠰᠠᠢᠨ ᠤᠷᠭᠤᠴᠠ ᠵᠢ ᠬᠥᠮᠦᠰ ᠡᠷᠭᠡ ᠦᠭᠡᠢ ᠱᠠᠭᠰᠢᠨ ᠮᠠᠭᠳᠠᠨ᠎ᠠ᠃

ᠬᠢᠩᠭᠠᠨ ᠠᠢᠮᠠᠭ᠎ᠤᠨ ᠨᠠᠮ᠎ᠤᠨ ᠬᠣᠷᠢᠶ᠎ᠠ ᠵᠢᠨ ᠮᠠᠯ ᠠᠵᠤ ᠠᠬᠤᠶ ᠲᠠᠷᠢᠶᠠᠯᠠᠩ᠎ᠤᠨ ᠠᠯᠪᠠᠨ ᠭᠡᠷ᠎ᠦᠨ ᠡᠷᠬᠢᠯᠡᠭ᠌ᠴᠢ᠂ ᠬᠢᠩᠭᠠᠨ ᠠᠢᠮᠠᠭ᠎ᠤᠨ ᠮᠠᠯ ᠠᠵᠤ ᠠᠬᠤᠶ ᠲᠠᠷᠢᠶᠠᠯᠠᠩ᠎ᠤᠨ ᠲᠣᠪᠴᠢᠶ᠎ᠠ ᠵᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠯᠢ ᠵᠧᠨ ᠯᠢᠨ᠄ ᠬᠣᠢᠱᠢᠳᠠ᠎ᠶ᠋ᠢᠨ ᠠᠵᠢᠯ ᠳᠤᠮᠳᠠ᠂ ᠬᠢᠩᠭᠠᠨ ᠠᠢᠮᠠᠭ᠎ᠤᠨ ᠮᠠᠯ ᠠᠵᠤ ᠠᠬᠤᠶ ᠲᠠᠷᠢᠶᠠᠯᠠᠩ᠎ᠤᠨ ᠱᠢᠰᠲ᠋ᠧᠮ ᠦᠷᠭᠦᠯᠵᠢᠯᠡᠨ ᠤᠯᠤᠰ᠎ᠤᠨ ᠲᠠᠰ᠎ᠤᠨ ᠣᠲᠣ ᠦᠶ᠎ᠡ᠎ᠶ᠋ᠢᠨ ᠮᠠᠯ ᠠᠵᠤ ᠠᠬᠤᠶ᠎ᠶ᠋ᠢᠨ ᠲᠤᠷᠱᠢᠯᠲᠠ᠎ᠶ᠋ᠢᠨ ᠣᠷᠣᠨ᠎ᠢ ᠡᠭᠦᠳᠦᠨ ᠪᠠᠢᠭᠤᠯᠬᠤ ᠪᠠᠷ ᠤᠳᠤᠷᠢᠳᠤᠮᠵᠢ ᠪᠣᠯᠭᠠᠨ᠂ ᠠᠮᠤ ᠪᠤᠳᠠᠭ᠎ᠠ᠂ ᠮᠢᠬ᠎ᠠ᠂ ᠰᠦ᠂ ᠢᠳᠡᠰᠢᠨ ᠨᠤᠭᠤᠭ᠎ᠠ᠂ ᠤᠢ ᠰᠢᠭᠤᠢ᠂ ᠡᠪᠡᠰᠦ ᠵᠡᠷᠭᠡ 《ᠵᠢᠷᠭᠤᠭᠠᠨ ᠶᠡᠬᠡ ᠠᠵᠤ ᠦᠶ᠋ᠯᠡᠰ》᠎ᠢ᠋ ᠶᠡᠬᠡ ᠪᠡᠷ ᠬᠥᠭ᠌ᠵᠢᠭᠦᠯᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠠᠬᠢᠭᠤᠯᠤᠨ᠂ ᠠᠵᠢᠯᠯᠠᠵᠤ ᠠᠮᠢᠳᠤᠷᠠᠬᠤ᠎ᠳᠤ ᠲᠤᠬᠢᠷᠠᠮᠵᠢᠲᠠᠢ ᠡᠶ᠎ᠡ ᠵᠤᠬᠢᠴᠠᠨᠭᠭᠤᠢ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠢ ᠲᠦᠷᠭᠡᠨ ᠵᠢᠡᠷ  ᠪᠦᠲᠦᠭᠡᠨ ᠪᠠᠢᠭᠤᠯᠵᠤ᠂ ᠬᠢᠩᠭᠠᠨ ᠠᠢᠮᠠᠭ᠎ᠤᠨ ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ᠎ᠤ ᠣᠳᠣᠬᠢᠴᠢᠯᠠᠯᠲᠠ᠎ᠶ᠋ᠢᠨ ᠠᠬᠢᠴᠠ᠎ᠶ᠋ᠢ ᠲᠦᠷᠭᠡᠳᠭᠡᠨ ᠠᠬᠢᠭᠤᠯᠤᠨ᠎ᠠ ᠭᠡᠵᠤ ᠭᠡᠯᠡᠪᠡ᠃

ᠣᠢᠷ᠎ᠠ᠎ᠶ᠋ᠢᠨ ᠵᠢᠯ᠎ᠦᠳ᠎ᠲᠦ᠂ ᠥᠪᠥᠷ ᠮᠣᠩᠭᠣᠯ ᠠᠮᠤ ᠪᠤᠳᠠᠭᠠᠨ᠎ᠤ ᠦᠶ᠋ᠯᠡᠳᠪᠦᠷᠢᠯᠡᠯ᠎ᠦᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠪᠡᠷ ᠬᠠᠷᠠᠯᠲᠠ ᠪᠣᠯᠭᠠᠵᠤ᠂ ᠥᠨᠳᠥᠷ ᠪᠦᠲᠦᠮᠵᠢᠲᠡᠶ ᠤᠰᠤ ᠠᠷᠪᠢᠯᠠᠬᠤ ᠪᠠᠷ ᠭᠤᠤᠯᠳᠠᠯᠭ᠎ᠠ ᠪᠣᠯᠭᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢ ᠥᠷᠨᠢᠭᠦᠯᠵᠦ᠍᠂ ᠠᠮᠤ ᠪᠤᠳᠠᠭᠠᠨ᠎ᠤ ᠡᠯᠪᠡᠭ ᠬᠤᠷᠢᠶᠠᠯᠲᠠ ᠪᠠ ᠪᠣᠬᠢᠷᠲᠤᠯ ᠥᠬᠡᠶ ᠠᠮᠢ ᠠᠬᠤᠶ᠎ᠶ᠋ᠢᠨ ᠲᠠᠷᠢᠶᠠᠯᠠᠩ᠎ᠤᠨ ᠬᠥᠭ᠌ᠵᠢᠯᠲᠡ᠎ᠶ᠋ᠢᠨ ᠬᠤᠤᠰ ᠠᠮᠵᠢᠯᠲᠠ ᠤᠯᠬᠤ᠎ᠶ᠋ᠢ ᠠᠬᠢᠭᠤᠯᠪᠠ᠃

ᠥᠪᠡᠷᠲᠡᠭᠡᠨ ᠵᠠᠰᠠᠬᠤ ᠣᠷᠣᠨ᠎ᠤ ᠮᠠᠯ ᠠᠵᠤ ᠠᠬᠤᠶ ᠲᠠᠷᠢᠶᠠᠯᠠᠩ ᠪᠠ ᠬᠥᠳᠡᠭᠡ ᠲᠣᠰᠭᠣᠨ ᠮᠠᠯᠵᠢᠬᠤ ᠣᠷᠣᠨ᠎ᠤ ᠲᠢᠩᠬᠢᠮ᠎ᠦᠨ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢᠨ ᠬᠠᠮᠢᠶᠠᠷᠤᠯᠲᠠ᠎ᠶ᠋ᠢᠨ ᠭᠠᠵᠠᠷ᠎ᠤᠨ ᠳᠠᠷᠤᠭ᠎ᠠ ᠯᠢᠨ ᠯᠢ ᠯᠦᠩ᠄《ᠶᠡᠷᠦᠨᠭᠬᠡᠢ ᠱᠦᠵᠢ᠎ᠵᠢᠨ ᠦᠪᠦᠷ ᠮᠤᠨᠭᠭᠤᠯ᠎ᠳᠤ ᠰᠢᠨᠵᠢᠯᠡᠨ ᠪᠠᠢᠴᠠᠭᠠᠬᠤ ᠦᠶ᠎ᠡ᠎ᠵᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ᠎ᠤ ᠵᠤᠷᠢᠭ ᠰᠠᠨᠠᠭ᠎ᠠ ᠨᠢ ᠮᠠᠯ ᠠᠵᠤ ᠠᠬᠤᠶ ᠲᠠᠷᠢᠶᠠᠯᠠᠩ᠎ᠤᠨ ᠴᠢᠨᠠᠷ ᠰᠠᠢᠲᠠᠶ ᠬᠥᠭ᠌ᠵᠢᠯᠲᠡ᠎ᠳᠦ ᠬᠥᠭ᠌ᠵᠢᠯᠲᠡ᠎ᠶ᠋ᠢᠨ ᠴᠢᠭ᠌ᠯᠡᠯ᠎ᠢ ᠲᠣᠳᠣᠷᠬᠠᠶ ᠵᠢᠭᠠᠵᠤ ᠦᠭᠴᠤ᠂ ᠬᠥᠭ᠌ᠵᠢᠯᠲᠡ᠎ᠶ᠋ᠢᠨ ᠭᠤᠤᠯᠳᠠᠯᠭ᠎ᠠ᠎ᠶ᠋ᠢ ᠲᠣᠳᠣᠷᠬᠠᠢᠯᠠᠪᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢᠨ ᠲᠠᠯ᠎ᠠ᠎ᠪᠠᠷ᠂ ᠪᠢᠳᠡ 〈ᠭᠤᠷᠪᠠ᠎ᠶ᠋ᠢ ᠡᠪᠳᠡᠬᠦ᠌᠂ ᠲᠠᠪᠤ᠎ᠶ᠋ᠢ ᠨᠢᠭᠡᠳᠭᠡᠬᠦ᠌᠂ ᠨᠢᠭᠡ᠎ᠶ᠋ᠢ ᠳᠠᠬᠢᠨ ᠬᠥᠭ᠌ᠵᠢᠭᠦᠯᠬᠦ᠌〉 ᠪᠥᠲᠥᠭᠡᠨ ᠪᠠᠢᠭᠤᠯᠤᠯᠲᠠ᠎ᠶ᠋ᠢᠨ ᠵᠠᠭ᠍ᠪᠤᠷ᠎ᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍᠂ 〈ᠨᠢᠭᠡ ᠡᠷᠦᠬᠡ ᠨᠢᠭᠡ ᠲᠠᠷᠢᠶᠠᠨ ᠭᠠᠵᠠᠷ〉᠂ 〈ᠨᠢᠭᠡ ᠲᠣᠰᠭᠣᠨ ᠨᠢᠭᠡ ᠲᠠᠷᠢᠶᠠᠨ ᠭᠠᠵᠠᠷ〉᠎ᠢ᠋ ᠪᠡᠶᠡᠯᠡᠭᠦᠯᠬᠦ᠌᠎ᠶ᠋ᠢ ᠠᠬᠢᠭᠤᠯᠵᠤ᠂ ᠲᠠᠷᠢᠶᠠᠨ ᠭᠠᠵᠠᠷ᠎ᠤᠨ ᠲᠠᠷᠠᠬᠠᠢ ᠪᠤᠳᠠᠷᠬᠠᠢ ᠪᠠᠢᠬᠤ ᠠᠰᠠᠭᠤᠳᠠᠯ᠎ᠢ ᠱᠢᠶ᠋ᠳᠪᠦᠷᠢᠯᠡᠪᠡ》 ᠭᠡᠵᠤ ᠭᠡᠯᠡᠪᠡ᠃

ᠳᠠᠪᠠᠭᠤᠯᠢᠭ᠎ᠵᠢᠡᠨ ᠪᠠᠳᠠᠷᠠᠭᠤᠯᠵᠤ ᠮᠠᠯ ᠠᠵᠤ ᠠᠬᠤᠢ᠎ᠲᠠᠷᠢᠶᠠᠯᠠᠩ᠎ᠤᠨ ᠲᠣᠮᠣ ᠣᠷᠣᠨ᠎ᠡᠴᠡ ᠮᠠᠯ ᠠᠵᠤ ᠠᠬᠤᠢ᠎ᠲᠠᠷᠢᠶᠠᠯᠠᠩ᠎ᠤᠨ ᠬᠦᠴᠦᠷᠬᠡᠭ ᠣᠷᠣᠨ ᠲᠡᠢᠰᠢ ᠬᠤᠪᠢᠷᠠᠭᠤᠯᠬᠤ᠎ᠶ᠋ᠢ ᠪᠡᠶᠡᠯᠡᠭᠦᠯᠦᠨ᠎ᠡ

ᠥᠪᠥᠷ ᠮᠣᠩᠭᠣᠯ ᠪᠣᠯ ᠳᠡᠯᠡᠬᠡᠶ ᠨᠡᠢᠲᠡ᠎ᠳᠦ ᠮᠡᠳᠡᠷᠡᠭ᠌ᠳᠡᠭ᠌ᠰᠡᠨ ᠴᠢᠨᠠᠷ ᠰᠠᠢᠲᠠᠶ ᠮᠠᠯᠵᠢᠬᠤ ᠣᠷᠣᠨ᠂ ᠰᠦ᠎ᠶ᠋ᠢᠨ ᠢᠷᠡᠯᠲᠡ᠎ᠶ᠋ᠢᠨ ᠱᠢᠵᠢᠷ ᠠᠯᠲᠠᠨ ᠤᠷᠤᠨ ᠪᠦᠰᠡ ᠮᠥᠨ᠂ ᠰᠦ᠎ᠶ᠋ᠢᠨ ᠦᠶ᠋ᠯᠡᠰ ᠪᠣᠯ ᠮᠠᠨ᠎ᠤ ᠣᠷᠣᠨ᠎ᠤ ᠬᠠᠮᠤᠭ᠎ᠤᠨ ᠳᠠᠪᠠᠭᠤᠯᠢᠭ ᠲᠥᠯᠥᠭᠡᠯᠡᠬᠦ᠌ ᠴᠢᠨᠠᠷᠲᠠᠶ ᠠᠵᠤ ᠦᠶ᠋ᠯᠡᠰ ᠪᠠᠢᠵᠤ᠂ ᠰᠠᠭᠠᠯᠢ᠎ᠶ᠋ᠢᠨ ᠦᠨᠢᠶ᠎ᠡ ᠵᠢᠨ ᠲᠤᠭ᠎ᠠ᠂ ᠦᠨᠢᠶᠡᠨ ᠰᠦ᠎ᠶ᠋ᠢᠨ ᠭᠠᠷᠤᠯᠲᠠ ᠣᠯᠠᠨ ᠵᠢᠯ ᠳᠠᠷᠠᠭᠠᠯᠠᠨ ᠪᠥᠬᠥ᠌ ᠤᠯᠤᠰ᠎ᠲᠤ ᠲᠦᠷᠦᠭᠦᠯᠡᠵᠦ᠍᠂ ᠥᠪᠥᠷ ᠮᠣᠩᠭᠣᠯ ᠨᠢᠭᠡᠨᠲᠡ ᠨᠡᠷ᠎ᠡ ᠨᠢᠳᠡᠷ᠎ᠲᠡᠬᠡᠨ ᠨᠡᠢᠴᠡᠭ᠌ᠰᠡᠨ ᠤᠯᠤᠰ᠎ᠤᠨ 《ᠰᠦ᠎ᠶ᠋ᠢᠨ ᠬᠦᠨᠦᠭ》 ᠪᠣᠯᠤᠭ᠍ᠰᠠᠨ ᠪᠠᠢᠨ᠎ᠠ᠃ ᠰᠦ᠎ᠶ᠋ᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ ᠪᠣᠯ ᠥᠪᠥᠷ ᠮᠣᠩᠭᠣᠯ᠎ᠤᠨ ᠳᠠᠪᠠᠭᠤᠯᠢᠭ᠂ ᠮᠦᠨ ᠴᠤ᠌ ᠡᠭᠦᠷᠭᠡᠯᠡᠵᠦ᠍ ᠪᠠᠢᠭ᠎ᠠ ᠴᠢᠬᠤᠯᠠ ᠶᠡᠬᠡ ᠬᠠᠷᠢᠭᠤᠴᠠᠯᠭ᠎ᠠ ᠮᠥᠨ᠃

ᠢᠯᠢ ᠪᠦᠯᠦᠭ᠌ᠯᠡᠯ᠎ᠦᠨ ᠳᠡᠭᠡᠳᠦ ᠲᠡᠰ᠎ᠤᠨ ᠭᠦᠢᠴᠡᠳᠭᠡᠭ᠌ᠴᠢ ᠶᠡᠷᠦᠩᠬᠡᠢ ᠵᠠᠬᠢᠷᠤᠯ ᠵᠠᠩ ᠵᠢᠶᠠᠨ ᠴᠢᠦ᠄ ᠰᠦ᠎ᠶ᠋ᠢᠨ ᠦᠢᠯᠡᠰ᠎ᠢ ᠬᠥᠭ᠌ᠵᠢᠭᠦᠯᠦᠨ ᠮᠠᠨᠳᠤᠭᠤᠯᠬᠤ ᠪᠠ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠪᠦᠳᠦᠭᠡᠨ ᠪᠠᠢᠭᠤᠯᠬᠤ᠎ᠳᠤ ᠬᠦᠴᠦᠨ ᠨᠡᠮᠡᠷᠢᠯᠡᠬᠦ᠌᠎ᠶ᠋ᠢᠨ ᠲᠥᠯᠥᠭᠡ᠂ ᠢᠯᠢ ᠪᠦᠯᠦᠭ᠌ᠯᠡᠯ ᠡᠬᠢᠨ᠎ᠤ ᠪᠠ ᠡᠴᠦᠰ᠎ᠤᠨ ᠠᠵᠤ ᠦᠢᠯᠡᠰ᠎ᠦᠨ ᠬᠡᠯᠬᠢᠶ᠎ᠡ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠢᠯᠢ ᠡᠷᠡᠭᠦᠯ ᠮᠡᠨᠳᠦ᠍᠎ᠶ᠋ᠢᠨ ᠬᠥᠨᠳᠡᠢ᠎ᠶ᠋ᠢ ᠭᠣᠣᠯᠳᠠᠯᠭ᠎ᠠ ᠲᠠᠶ ᠪᠥᠳᠤᠭᠡᠨ ᠪᠠᠢᠭᠤᠯᠵᠤ ᠮᠠᠨ᠎ᠤ ᠣᠷᠣᠨ᠎ᠤ ᠰᠦ᠎ᠶ᠋ᠢᠨ ᠦᠢᠯᠡᠰ᠎ᠦᠨ ᠦᠷᠢᠰᠦᠯᠳᠦᠬᠦ᠌ ᠬᠦᠴᠦᠨ᠎ᠢ ᠳᠡᠭᠡᠭ᠌ᠰᠢᠯᠡᠭᠦᠯᠪᠡ᠃ ᠮᠠᠨ᠎ᠤ ᠣᠷᠣᠨ᠎ᠤ ᠰᠦ᠎ᠶ᠋ᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠡᠩ ᠲᠡᠷᠢᠭᠦᠨ᠎ᠳᠦ ᠪᠡᠶᠡᠯᠡᠭᠦᠯᠬᠦ᠌᠎ᠳᠦ ᠥᠪᠡᠷ᠎ᠦᠨ ᠬᠦᠴᠦᠨ ᠴᠢᠳᠠᠯ᠎ᠢᠶᠠᠨ ᠡᠷᠭᠦᠨ᠎ᠡ ᠭᠡᠵᠦ ᠢᠯᠡᠳᠭᠡᠪᠡ᠃

ᠲᠦᠩᠯᠢᠶᠣᠤ ᠬᠣᠲᠠ ᠬᠣᠷᠴᠢᠨ᠎ᠤ ᠲᠠᠯ᠎ᠠ ᠨᠤᠲᠤᠭ᠎ᠤᠨ ᠥᠷᠥᠴᠡᠨ᠎ᠳᠦ ᠪᠠᠢᠷᠢᠯᠠᠵᠤ᠂ 《ᠥᠪᠥᠷ ᠮᠣᠩᠭᠣᠯ᠎ᠤᠨ ᠠᠮᠤ᠎ᠵᠢᠨ ᠰᠠᠩ》᠂《ᠳᠤᠮᠳᠠᠳᠤ ᠤᠯᠤᠰ᠎ᠤᠨ ᠲᠠᠯ᠎ᠠ ᠨᠤᠲᠤᠭ᠎ᠤᠨ ᠮᠢᠬᠠᠨ᠎ᠤ᠋ ᠦᠬᠡᠷ᠎ᠦᠨ ᠬᠣᠲᠠ》 ᠭᠡᠬᠦ᠌ ᠰᠠᠢᠬᠠᠨ ᠠᠯᠳᠠᠷ᠎ᠲᠠᠶ ᠶᠤᠮ᠃ ᠣᠢᠷ᠎ᠠ᠎ᠶ᠋ᠢᠨ ᠵᠢᠯ᠎ᠦᠳ᠎ᠲᠦ᠂ ᠲᠦᠩᠯᠢᠶᠣᠤ ᠬᠣᠲᠠ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ᠎ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠢ ᠪᠥᠲᠥᠭᠡᠨ ᠪᠠᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠮᠢᠬᠠᠨ᠎ᠤ᠋ ᠦᠬᠡᠷ᠎ᠢ ᠪᠥᠬᠥ᠌ ᠬᠣᠲᠠ᠎ᠶ᠋ᠢᠨ ᠮᠠᠯ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠭᠤᠤᠯᠯᠠᠬᠤ ᠠᠵᠤ ᠦᠶ᠋ᠯᠡᠰ ᠪᠣᠯᠭᠠᠨ ᠠᠳᠭᠤᠬᠤ᠎ᠶ᠋ᠢ ᠪᠠᠷᠢᠮᠲᠠᠯᠠᠵᠤ᠂ ᠮᠢᠬᠠᠨ᠎ᠤ᠋ ᠦᠬᠡᠷ᠎ᠦᠨ ᠡᠭᠦᠯᠳᠡᠷ᠎ᠦᠨ ᠲᠦᠷᠦᠯ ᠵᠦᠢᠯ᠎ᠢ ᠲᠠᠰᠤᠷᠠᠯᠲᠠ ᠥᠬᠡᠶ ᠥᠷᠭᠡᠳᠭᠡᠨ᠂ ᠡᠭᠦᠯᠳᠡᠷ᠎ᠦᠨ ᠶᠠᠰᠤ ᠴᠢᠨᠠᠷ᠎ᠢ ᠲᠣᠭ᠍ᠲᠠᠭᠤᠨ᠎ᠢᠶᠠᠷ ᠳᠡᠭᠡᠭ᠌ᠰᠢᠯᠡᠭᠦᠯᠵᠦ᠍᠂ ᠶᠡᠷᠦᠩᠬᠡᠢᠯᠡᠭ᠌ᠰᠡᠨ ᠦᠷ᠎ᠡ ᠠᠱᠢᠭ᠎ᠢ ᠦᠷᠭᠦᠯᠵᠢᠯᠡᠨ ᠰᠠᠢᠵᠢᠷᠠᠭᠤᠯᠪᠠ᠃

ᠲᠦᠩᠯᠢᠶᠣᠤ ᠬᠣᠲᠠ᠎ᠶ᠋ᠢᠨ ᠮᠠᠯ ᠠᠵᠤ ᠠᠬᠤᠶ ᠲᠠᠷᠢᠶᠠᠯᠠᠩ ᠪᠠ ᠬᠦᠳᠡᠬᠡ ᠲᠤᠰᠬᠤᠨ ᠮᠠᠯᠵᠢᠬᠤ ᠤᠷᠤᠨ᠎ᠤ ᠲᠣᠪᠴᠢᠶ᠎ᠠ᠎ᠶ᠋ᠢᠨ ᠮᠠᠯ ᠠᠵᠤ ᠠᠬᠤᠶ᠎ᠶ᠋ᠢᠨ ᠰᠠᠯᠠᠭᠠᠨ᠎ᠤ ᠳᠠᠷᠤᠭ᠎ᠠ ᠮᠠ ᠬᠠᠶ ᠹᠸᠩ᠄ 《ᠲᠦᠩᠯᠢᠶᠣᠤ ᠬᠣᠲᠠ ᠶᠡᠷᠦᠨᠭᠬᠡᠢ ᠱᠦᠵᠢ᠎ᠵᠢᠨ ᠴᠢᠩ ᠰᠡᠳᠭᠢᠯ᠎ᠦᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠪᠥᠬᠥ᠌ ᠣᠷᠣᠨ ᠪᠦᠰᠡ ᠪᠥᠬᠥ᠌ ᠬᠡᠯᠬᠢᠶ᠎ᠡ᠎ᠪᠡᠷ ᠠᠵᠤ ᠦᠶ᠋ᠯᠡᠰ᠎ᠦᠨ ᠪᠠᠢᠷᠢᠱᠢᠭᠤᠯᠤᠯᠲᠠ᠎ᠶ᠋ᠢ ᠲᠥᠯᠥᠪᠵᠢᠭᠦᠯᠬᠦ᠌᠎ᠶ᠋ᠢ ᠪᠠᠷᠢᠮᠲᠠᠯᠠᠵᠤ᠂ ᠳᠠᠪᠠᠭᠤᠯᠢᠭ᠎ᠲᠠᠭᠠᠨ ᠰᠠᠭᠤᠷᠢᠯᠠᠨ ᠰᠡᠳᠭᠢᠴᠠ ᠬᠠᠷᠠᠯᠲᠠ᠎ᠪᠠᠨ ᠰᠥᠪᠡᠭᠴᠢᠯᠡᠨ ᠲᠤᠬᠳᠠᠭᠠᠵᠤ᠂ ᠠᠵᠤ ᠦᠶ᠋ᠯᠡᠰ᠎ᠦᠨ ᠲᠠᠰ ᠳᠠᠪᠬᠤᠷᠭ᠎ᠠ ᠪᠠᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠠᠵᠤ ᠦᠶ᠋ᠯᠡᠰ᠎ᠦᠨ ᠬᠡᠯᠬᠢᠶ᠎ᠡ᠎ᠪᠡᠨ ᠭᠦᠶ᠋ᠴᠡᠳ ᠤᠷᠲᠤᠳᠭᠠᠵᠤ᠂ ᠪᠥᠬᠥ᠌ ᠤᠯᠤᠰ᠎ᠤᠨ ᠮᠢᠬᠠᠨ᠎ᠤ᠋ ᠦᠬᠡᠷ᠎ᠦᠨ ᠠᠵᠤ ᠦᠶ᠋ᠯᠡᠰ᠎ᠦᠨ ᠨᠢᠭᠡᠳᠦᠭᠡᠷ ᠴᠢᠬᠤᠯᠠ ᠪᠠᠯᠭᠠᠰᠤ ᠵᠢ ᠪᠦᠳᠦᠬᠡᠨ ᠪᠠᠢᠭᠤᠯᠬᠤ ᠳᠠᠢᠰᠢ ᠲᠦᠷᠭᠡᠨ ᠤᠷᠤᠭ᠍ᠰᠢᠯᠠᠨ᠎ᠠ》 ᠭᠡᠵᠤ ᠭᠡᠯᠡᠪᠡ᠃

(ᠲᠤᠰ ᠰᠣᠨᠢᠨ᠎ᠤ ᠰᠤᠷᠪᠤᠯᠵᠢᠯᠠᠭ᠍ᠴᠢ ᠬᠠᠨ ᠱᠢᠤᠸᠠᠢ ᠷᠦ     ᠱᠢᠤᠸᠠᠢ ᠯᠠᠶ    ᠭᠣᠣ ᠮᠢᠨ ᠨᠠ    ᠲᠡᠭᠦᠰᠪᠢᠯᠢᠭ   ᠸᠠᠩ ᠲᠠᠨ᠎ᠠ   ᠱᠢᠤᠸᠠᠢ ᠢ ᠴᠢᠶᠥ᠋ᠨ  ᠶᠠᠷᠦᠨᠭᠭᠡᠢᠯᠡᠨ ᠮᠡᠳᠡᠭᠡᠯᠡᠪᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号