ᠤᠢ᠍ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠤᠬᠠᠭᠤᠯᠬᠤ ᠬᠡᠯᠲᠡᠰ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ᠎ᠶ᠋ᠢᠨ ᠫᠢᠩ᠎ᠤ᠋ᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠵᠢᠭᠠᠪᠤᠷᠢ ᠴᠢᠬᠤᠯᠠ ᠶᠠᠷᠢᠶ᠎ᠠ ᠵᠢᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠵᠠᠢ᠃
ᠬᠤᠷᠠᠯ᠎ᠠᠴᠠ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠵᠢᠭᠠᠪᠤᠷᠢ ᠴᠢᠬᠤᠯᠠ ᠶᠠᠷᠢᠶ᠎ᠠ ᠵᠢᠨ ᠵᠣᠷᠢᠭ ᠰᠠᠨᠠᠭᠠᠨ᠎ᠤ ᠪᠠᠶᠠᠯᠢᠭ ᠠᠭᠤᠯᠤᠭ᠍ᠳᠠᠬᠤᠨ᠎ᠢ ᠪᠦᠬᠦ᠌ ᠲᠠᠯ᠎ᠠ᠎ᠪᠠᠷ ᠣᠨᠣᠪᠴᠢᠲᠠᠢ ᠰᠤᠷᠤᠯᠴᠠᠨ ᠣᠢᠯᠠᠭᠠᠵᠤ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠤᠯᠤᠰ ᠲᠦᠷᠦ᠍᠎ᠶ᠋ᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ᠂ ᠠᠵᠢᠯᠯᠠᠭ᠎ᠠ ᠵᠢᠨ ᠤᠬᠠᠮᠰᠠᠷ᠎ᠢᠶᠠᠨ ᠦᠨᠡᠨ ᠬᠦ᠌ ᠴᠢᠩᠭᠠᠳᠭᠠᠵᠤ᠂ ᠤᠬᠠᠮᠰᠠᠷ᠎ᠠᠴᠠ᠎ᠪᠠᠨ ᠴᠢᠬᠤᠯᠠ ᠵᠢᠭᠠᠪᠤᠷᠢ ᠴᠢᠬᠤᠯᠠ ᠶᠠᠷᠢᠶ᠎ᠠ ᠵᠢᠨ ᠵᠣᠷᠢᠭ ᠰᠠᠨᠠᠭ᠎ᠠ ᠪᠠᠷ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠢᠭᠡᠳᠭᠡᠬᠦ᠌ᠬᠡᠷᠡᠭ᠌ᠲᠡᠢ᠃ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭᠠᠪᠤᠷᠢ ᠴᠢᠬᠤᠯᠠ ᠶᠠᠷᠢᠶ᠎ᠠ ᠵᠢᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ᠎ᠶ᠋ᠢ ᠦᠳᠲᠡᠷ ᠲᠦᠷᠭᠡᠨ ᠪᠤᠢ ᠪᠣᠯᠭᠠᠵᠤ᠂ ᠡᠯ᠎ᠡ ᠵᠦᠢᠯ᠎ᠦᠨ ᠭᠣᠣᠯᠳᠠᠯᠭ᠎ᠠ᠎ᠲᠠᠶ ᠠᠵᠢᠯ᠎ᠢ ᠪᠠᠷᠢᠮᠵᠢᠶᠠᠯᠠᠨ ᠬᠠᠷᠭᠤᠭᠤᠯᠵᠤ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠵᠦ᠍᠂ ᠤᠬᠠᠭᠤᠯᠤᠨ ᠲᠠᠢᠯᠪᠤᠷᠢᠯᠠᠬᠤ᠂ ᠤᠨᠤᠯ᠎ᠤᠨ ᠰᠤᠷᠤᠯᠴᠠᠯᠭ᠎ᠠ ᠪᠣᠯᠤᠨ ᠰᠤᠳᠤᠯᠤᠨ ᠲᠠᠢᠯᠪᠤᠷᠢᠯᠠᠬᠤ᠎ᠶ᠋ᠢ ᠰᠠᠢᠲᠤᠷ ᠠᠳᠭᠤᠵᠤ᠂ ᠰᠣᠨᠢᠨ ᠮᠡᠳᠡᠭᠡᠨ᠎ᠦ ᠤᠬᠠᠭᠤᠯᠭ᠎ᠠ᠂ ᠨᠡᠢᠭᠡᠮ᠎ᠦᠨ ᠤᠬᠠᠭᠤᠯᠭ᠎ᠠ ᠪᠣᠯᠤᠨ ᠰᠣᠶᠣᠯ ᠤᠳᠭ᠎ᠠ ᠤᠷᠠᠯᠢᠭ᠎ᠤᠨ ᠤᠬᠠᠭᠤᠯᠭ᠎ᠠ᠎ᠶ᠋ᠢ ᠴᠢᠩᠭᠠᠳᠭᠠᠬᠤ ᠬᠡᠷᠡᠭ᠌ᠲᠡᠢ᠃ ᠶᠡᠷᠦᠩᠬᠡᠶ ᠱᠦᠵᠢ ᠰᠢ ᠵᠢᠨ ᠫᠢᠩ᠎ᠤᠨ ᠭᠣᠣᠯ ᠰᠡᠳᠦᠪᠲᠦ ᠬᠥᠮᠦᠵᠢᠯ᠎ᠢ ᠰᠠᠢᠲᠤᠷ ᠥᠷᠨᠢᠭᠦᠯᠬᠦ᠌ ᠲᠤᠬᠠᠶ ᠴᠢᠬᠤᠯᠠ ᠵᠢᠭᠠᠪᠤᠷᠢ᠎ᠶ᠋ᠢᠨ ᠱᠠᠭᠠᠷᠳᠠᠯᠭ᠎ᠠ᠎ᠶ᠋ᠢ ᠬᠢᠨᠠᠮᠠᠭᠠᠶ ᠨᠠᠢᠳᠠᠪᠤᠷᠢᠵᠢᠭᠤᠯᠵᠤ᠂ ᠰᠤᠷᠤᠯᠴᠠᠯᠭ᠎ᠠ ᠪᠠᠷ ᠰᠤᠷᠲᠠᠯ᠎ᠢ ᠲᠥᠪ ᠪᠣᠯᠭᠠᠬᠤ᠎ᠶ᠋ᠢ ᠪᠣᠳᠠᠲᠠᠶ ᠠᠳᠭᠤᠵᠤ᠂ ᠦᠨᠡᠨ ᠪᠣᠳᠠᠲᠠᠶ᠎ᠶ᠋ᠢ ᠡᠷᠬᠢᠮᠯᠡᠬᠦ᠌ ᠰᠤᠷᠲᠠᠯ᠎ᠢ ᠶᠡᠬᠡ ᠪᠡᠷ ᠳᠡᠯᠭᠡᠷᠡᠭᠦᠯᠵᠦ᠍᠂ ᠠᠷᠢᠭᠤᠨ ᠴᠢᠬᠡᠴᠢ ᠰᠤᠷᠲᠠᠯ᠎ᠢ ᠪᠠᠳᠠᠷᠠᠭᠤᠯᠤᠨ᠂ ᠠᠷᠪᠢᠴᠢ ᠪᠣᠷᠣᠭ᠍ᠵᠢᠭᠤᠨ ᠰᠤᠷᠲᠠᠯ᠎ᠢ ᠪᠤᠢ ᠪᠣᠯᠭᠠᠵᠤ᠂ ᠭᠣᠣᠯ ᠰᠡᠳᠦᠪᠲᠦ ᠬᠥᠮᠦᠵᠢᠯ᠎ᠦᠨ ᠪᠣᠳᠠᠲᠤ ᠦᠷ᠎ᠡ ᠪᠦᠲᠦᠮᠵᠢ ᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ ᠭᠡᠵᠦ ᠴᠢᠬᠤᠯᠠᠴᠢᠯᠠᠪᠠ᠃
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635372
ᠢᠮᠧᠯ᠄tn@mgyxw.net 蒙ICP备10000005号