ᠯᠢᠦ ᠱᠤᠸᠠᠩ ᠶᠠᠷᠢᠶ᠎ᠠ ᠲᠠᠯᠪᠢᠵᠡᠢ
ᠤᠢ᠍ᠢᠷ᠎ᠠ᠎ᠶ᠋ᠢᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠢ᠎ᠠ ᠬᠢᠨᠠᠨ ᠪᠠᠢᠴᠠᠭᠠᠬᠤ ᠵᠥᠪᠯᠡᠯ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠵᠢᠭᠠᠪᠤᠷᠢ ᠴᠢᠬᠤᠯᠠ ᠶᠠᠷᠢᠶ᠎ᠠ ᠵᠢᠨ ᠵᠣᠷᠢᠭ ᠰᠠᠨᠠᠭ᠎ᠠ ᠵᠢᠴᠢ ᠪᠦᠬᠦ᠌ ᠣᠷᠣᠨ᠎ᠤ ᠤᠳᠤᠷᠢᠳᠭᠤ ᠺᠠᠳ᠋ᠷᠴᠤᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠩᠭᠤ᠎ᠶ᠋ᠢᠨ ᠭᠡᠱᠢᠭᠦᠨ᠂ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠶ᠋ᠢᠨ ᠱᠦᠵᠢ᠂ ᠬᠢᠨᠠᠨ ᠪᠠᠢᠴᠠᠭᠠᠬᠤ ᠵᠥᠪᠯᠡᠯ᠎ᠦᠨ ᠡᠷᠬᠢᠯᠡᠭ᠌ᠴᠢ ᠯᠢᠦ ᠱᠤᠸᠠᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃
ᠬᠤᠷᠠᠯ᠎ᠠᠴᠠ᠂ ᠶᠡᠷᠦᠩᠬᠡᠢ ᠱᠦᠵᠢ᠎ᠶ᠋ᠢᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠵᠢᠭᠠᠪᠤᠷᠢ ᠴᠢᠬᠤᠯᠠ ᠶᠠᠷᠢᠶ᠎ᠠ ᠵᠢᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ᠎ᠶ᠋ᠢ ᠲᠡᠷᠢᠭᠦᠨ ᠴᠢᠬᠤᠯᠠ ᠤᠯᠤᠰ ᠲᠦᠷᠦ᠍᠎ᠶ᠋ᠢᠨ ᠡᠭᠦᠷᠭᠡ ᠪᠣᠯᠭᠠᠵᠤ᠂ ᠭᠣᠣᠯ ᠰᠡᠳᠦᠪᠲᠦ ᠬᠥᠮᠦᠵᠢᠯ ᠪᠠ ᠬᠥᠮᠦᠵᠢᠯ ᠴᠡᠭ᠌ᠴᠡᠯᠡᠯᠲᠡ᠎ᠶ᠋ᠢᠨ ᠤᠷᠢᠳ ᠵᠢᠡᠷ ᠰᠤᠷᠤᠯᠴᠠᠬᠤ ᠠᠭᠤᠯᠭ᠎ᠠ ᠪᠣᠯᠭᠠᠵᠤ᠂ ᠤᠬᠠᠮᠰᠠᠷ᠎ᠠᠴᠠ᠎ᠪᠠᠨ ᠰᠠᠨᠠᠭᠠᠴᠢᠯᠠᠭ᠎ᠠ᠎ᠠᠴᠠ᠎ᠪᠠᠨ ᠰᠤᠷᠤᠯᠴᠠᠯᠭ᠎ᠠ᠎ᠶ᠋ᠢ ᠰᠠᠢᠲᠤᠷ ᠠᠳᠭᠤᠬᠤ ᠬᠡᠷᠡᠭ᠌ᠲᠡᠢ᠃ ᠰᠠᠨᠠᠭᠠᠴᠢᠯᠠᠭ᠎ᠠ᠎ᠠᠴᠠ᠎ᠪᠠᠨ ᠶᠡᠷᠦᠩᠬᠡᠢ ᠱᠦᠵᠢ᠎ᠶ᠋ᠢᠨ ᠴᠢᠬᠤᠯᠠ ᠵᠢᠭᠠᠪᠤᠷᠢ ᠴᠢᠬᠤᠯᠠ ᠶᠠᠷᠢᠶ᠎ᠠ᠎ᠠᠴᠠ ᠪᠠᠢᠷᠢ ᠲᠣᠭ᠍ᠲᠠᠭᠠᠯᠲᠠ ᠵᠢ ᠡᠷᠢᠵᠦ᠍᠂ ᠡᠭᠦᠷᠭᠡ᠎ᠶ᠋ᠢ ᠡᠵᠡᠮᠳᠡᠵᠦ᠍᠂ ᠠᠷᠭ᠎ᠠ᠎ᠶ᠋ᠢ ᠰᠤᠷᠴᠤ᠌᠂ ᠬᠠᠷᠢᠭᠤᠯᠲᠠ᠎ᠶ᠋ᠢ ᠡᠷᠢᠵᠦ᠍᠂ ᠬᠣᠶᠠᠷ ᠶᠡᠬᠡ ᠶᠠᠪᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠤᠯᠤᠰ ᠲᠦᠷᠦ᠍᠎ᠶ᠋ᠢᠨ ᠬᠢᠨᠠᠯᠲᠠ ᠲᠠᠯᠪᠢᠵᠤ᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠡᠷᠡᠯ᠎ᠦᠨ ᠠᠰᠠᠭᠤᠳᠠᠯ᠎ᠢ ᠴᠢᠩᠭ᠎ᠠ ᠪᠠᠢᠴᠠᠭᠠᠨ ᠱᠢᠢᠳᠪᠦᠷᠢᠯᠡᠵᠦ᠍᠂ 《ᠲᠦᠷᠪᠡᠨ ᠰᠤᠷᠲᠠᠯ》᠎ᠤ᠋ᠨ ᠠᠰᠠᠭᠤᠳᠠᠯ᠎ᠢ ᠦᠷᠭᠦᠯᠵᠢᠯᠡᠨ ᠵᠠᠯᠠᠷᠠᠭᠤᠯᠵᠤ᠂ 《ᠢᠯᠵᠠᠷᠠᠬᠤ ᠡᠴᠡ ᠵᠢᠷᠦᠭᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠵᠢ ᠪᠤᠳᠤᠬᠤ ᠦᠭᠡᠢ》 ᠪᠠᠢᠬᠤ ᠵᠢ ᠨᠢᠭᠡ ᠴᠤᠭ᠍ᠴᠠᠵᠢᠭᠤᠯᠤᠨ ᠠᠬᠢᠭᠤᠯᠬᠤ ᠬᠡᠷᠡᠭ᠌ᠲᠡᠢ᠃ ᠰᠤᠷᠤᠯᠴᠠᠯᠭ᠎ᠠ᠎ᠪᠠᠷ ᠰᠤᠷᠲᠠᠯ᠎ᠢ ᠲᠥᠪ ᠪᠣᠯᠭᠠᠬᠤ ᠲᠠᠯ᠎ᠠ᠎ᠪᠠᠷ ᠦᠯᠢᠭᠡᠷ ᠳᠠᠭᠤᠷᠢᠶᠠᠯ ᠪᠤᠯᠵᠤ᠂ ᠦᠨᠡᠨ ᠪᠣᠳᠠᠲᠠᠢ᠎ᠶ᠋ᠢ ᠡᠷᠬᠢᠮᠯᠡᠬᠦ᠌ ᠰᠤᠷᠲᠠᠯ᠎ᠢ ᠶᠡᠬᠡ ᠪᠡᠷ ᠲᠡᠯᠭᠡᠷᠡᠬᠦᠯᠵᠤ᠂ ᠠᠷᠢᠭᠤᠨ ᠴᠢᠬᠡᠴᠢ ᠰᠤᠷᠲᠠᠯ᠎ᠢ ᠪᠠᠳᠠᠷᠠᠭᠤᠯᠵᠤ᠂ ᠠᠷᠪᠢᠴᠢ ᠪᠣᠷᠣᠭ᠍ᠵᠢᠭᠤᠨ ᠰᠤᠷᠲᠠᠯ᠎ᠢ ᠪᠤᠢ ᠪᠣᠯᠭᠠᠵᠤ᠂ ᠭᠣᠣᠯ ᠰᠡᠳᠦᠪᠲᠦ ᠬᠥᠮᠦᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠵᠤ᠂ ᠪᠣᠳᠠᠲᠤ ᠠᠵᠢᠯᠯᠠᠭ᠎ᠠ ᠪᠠᠷ᠎ᠢᠶᠠᠨ 《ᠬᠣᠶᠠᠷ᠎ᠢ ᠲᠣᠭ᠍ᠲᠠᠭᠠᠬᠰᠠᠨ》 ᠢ᠋ ᠬᠦᠷᠢᠶᠡᠯᠡᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠬᠦ᠌ ᠬᠡᠷᠡᠭ᠌ᠲᠡᠢ ᠬᠡᠵᠤ ᠵᠢᠭᠠᠵᠤ ᠭᠠᠷᠭᠠᠪᠠ᠃