ᠬᠥᠬᠡᠬᠣᠲᠠ ᠤᠳᠤᠷᠢᠳᠭᠤ ᠺᠠᠳ᠋ᠷᠴᠤᠳ᠎ᠤᠨ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ᠎ᠶ᠋ᠢᠨ ᠫᠢᠩ ᠤ᠋ᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠶᠠᠷᠢᠶ᠎ᠠ᠎ᠶ᠋ᠢ ᠤᠯᠠᠮᠵᠢᠯᠠᠨ ᠰᠤᠷᠤᠯᠴᠠᠪᠠ
2023-06-16 09:56:22
ᠵᠣᠬᠢᠶᠠᠭ᠍ᠴᠢ᠄
ᠸᠠᠩ ᠶᠠ ᠵᠢᠩ
ᠣᠩᠱᠢᠭ᠍ᠰᠠᠨ ᠣᠳᠠᠭ᠎ᠠ᠄
★★★☆☆

ᠪᠤᠤ ᠭᠠᠡᠭ ᠬᠤᠷᠠᠯ ᠢ᠋ ᠡᠷᠬᠢᠯᠡᠵᠡᠢ

6 ᠰᠠᠷ᠎ᠠ᠎ᠶ᠋ᠢᠨ 10 ᠤ᠋ ᠡᠳᠦᠷ᠂ ᠬᠥᠬᠡᠬᠣᠲᠠ᠎ᠶ᠋ᠢᠨ ᠨᠠᠮ᠎ᠤᠨ ᠬᠣᠷᠢᠢ᠎ᠠ ᠪᠦᠬᠦ᠌ ᠬᠤᠳᠠ᠎ᠶ᠋ᠢᠨ ᠤᠳᠤᠷᠢᠳᠭᠤ ᠺᠠᠳ᠋ᠷᠴᠤᠳ᠎ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ᠎ᠶ᠋ᠢᠨ ᠫᠢᠩ ᠤ᠋ᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠶᠠᠷᠢᠶ᠎ᠠ᠎ᠶ᠋ᠢ ᠤᠯᠠᠮᠵᠢᠯᠠᠨ ᠰᠤᠷᠤᠯᠴᠠᠵᠤ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ᠎ᠢ ᠪᠠᠢᠷᠢᠯᠠᠭᠤᠯᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠩᠭᠤ᠎ᠶ᠋ᠢᠨ ᠭᠡᠱᠢᠭᠦᠨ᠂ ᠬᠥᠬᠡᠬᠣᠲᠠ᠎ᠶ᠋ᠢᠨ ᠨᠠᠮ᠎ᠤᠨ ᠬᠣᠷᠢᠶ᠎ᠠ᠎ᠶ᠋ᠢᠨ ᠱᠦᠵᠢ ᠪᠤᠤ ᠭᠠᠡᠭ ᠬᠤᠷᠠᠯ ᠢ᠋ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠵᠠᠶ᠃

ᠬᠤᠷᠠᠯ᠎ᠠᠴᠠ᠂ ᠶᠡᠷᠦᠩᠬᠡᠢ ᠱᠦᠵᠢ ᠰᠢ᠎ᠶ᠋ᠢᠨ ᠫᠢᠩ ᠤ᠋ᠨ ᠴᠢᠬᠤᠯᠠ ᠶᠠᠷᠢᠶ᠎ᠠ ᠪᠤᠯ ᠣᠷᠣᠨ᠎ᠤ ᠲᠥᠪ᠎ᠦᠨ ᠡᠯ᠎ᠡ ᠵᠦᠢᠯ᠎ᠦᠨ ᠠᠵᠢᠯ᠎ᠢ ᠰᠠᠢᠲᠤᠷ ᠬᠢᠬᠦ᠌ ᠱᠢᠨᠵᠢᠯᠡᠬᠦ᠌ ᠤᠬᠠᠭᠠᠨᠴᠢ ᠤᠨᠤᠯ᠎ᠤᠨ ᠵᠢᠯᠤᠭᠤᠳᠤᠯᠭ᠎ᠠ ᠪᠠ ᠦᠨᠳᠦᠰᠦᠨ ᠠᠵᠢᠯᠯᠠᠭᠠᠨ ᠤ᠋ ᠵᠢᠷᠤᠮᠯᠠᠯ ᠪᠣᠯᠤᠨ᠎ᠠ᠃ ᠪᠦᠬᠦ᠌ ᠬᠤᠳᠠ᠎ᠶ᠋ᠢᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠤᠯᠠᠨ ᠨᠠᠮ᠎ᠤᠨ ᠭᠡᠱᠢᠭᠦᠨ ᠺᠠᠳ᠋ᠷᠴᠤᠳ 《ᠠᠵᠤ ᠦᠢᠯᠡᠰ᠎ᠦᠨ ᠪᠦᠲᠦᠴᠡ᠎ᠶ᠋ᠢ ᠱᠢᠯᠢᠳᠡᠭ᠌ᠵᠢᠭᠦᠯᠬᠦ᠌ ᠵᠢ ᠲᠦᠷᠭᠡᠳᠭᠡᠬᠦ》᠂ 《ᠠᠮᠢ ᠠᠬᠤᠢ ᠤᠷᠴᠢᠨ ᠲᠤᠭᠤᠷᠢᠨ᠎ᠤ ᠬᠠᠮᠠᠭᠠᠯᠠᠯᠲᠠ᠎ᠶ᠋ᠢ ᠲᠡᠷᠢᠭᠦᠨ᠎ᠳᠦ ᠲᠠᠯᠪᠢᠬᠤ》᠂ 《ᠬᠠᠮᠲᠤ ᠪᠠᠷ ᠪᠠᠶᠠᠵᠢᠬᠤ ᠶ᠋ᠢ ᠯᠠᠪᠳᠠᠭᠤᠨ ᠪᠠᠲᠤᠲᠠᠢ ᠠᠬᠢᠭᠤᠯᠬᠤ》᠂ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠳᠤ ᠴᠤᠬᠴᠠᠯᠠᠬᠤ》 ᠴᠢᠬᠤᠯᠠ ᠱᠠᠭᠠᠷᠳᠠᠯᠭ᠎ᠠ᠎ᠶ᠋ᠢ ᠣᠨᠣᠪᠴᠢᠲᠠᠢ ᠡᠵᠡᠮᠳᠡᠵᠦ᠍᠂ ᠭᠣᠣᠯ ᠰᠡᠳᠦᠪᠲᠦ ᠬᠥᠮᠦᠵᠢᠯ᠎ᠢ ᠰᠠᠢᠲᠤᠷ ᠥᠷᠨᠢᠭᠦᠯᠬᠦ᠌ ᠲᠤᠬᠠᠢ ᠴᠢᠬᠤᠯᠠ ᠱᠠᠭᠠᠷᠳᠠᠯᠭ᠎ᠠ ᠶ᠋ᠢ ᠬᠢᠨᠠᠮᠠᠭᠠᠢ ᠨᠠᠢᠳᠠᠪᠤᠷᠢᠵᠢᠭᠤᠯᠵᠤ᠂ ᠣᠷᠣᠨ᠎ᠤ ᠲᠥᠪ᠎ᠦᠨ ᠡᠯ᠎ᠡ ᠵᠦᠢᠯ᠎ᠦᠨ ᠠᠵᠢᠯ ᠦᠢᠯᠡᠰ᠎ᠤᠨ ᠢᠮᠠᠭ᠍ᠲᠠ ᠶᠡᠷᠦᠩᠬᠡᠢ ᠱᠦᠵᠢ ᠰᠢ᠎ᠶ᠋ᠢᠨ ᠫᠢᠩ ᠤ᠋ᠨ ᠵᠢᠭᠠᠭ᠍ᠰᠠᠨ ᠴᠢᠭ᠌ᠯᠡᠯ᠎ᠢᠶᠡᠷ ᠲᠤᠮᠤ ᠠᠯᠬᠤᠮ ᠵᠢᠡᠷ ᠤᠷᠤᠭ᠍ᠰᠢᠯᠠᠬᠤ ᠵᠢ ᠪᠠᠳᠤᠯᠠᠬᠤ᠎ᠬᠡᠷᠡᠭ᠌ᠲᠡᠢ ᠭᠡᠵᠦ᠍ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号