— ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ ᠳᠤ ᠱᠢᠨᠵᠢᠯᠡᠨ ᠪᠠᠢᠴᠠᠭᠠᠬᠤ ᠦᠶ᠎ᠠ ᠵᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠬᠤ ᠲᠤᠬᠠᠶ ᠬᠣᠶᠠᠷᠲᠠ ᠥᠭᠦᠯᠡᠬᠦ᠌ ᠨᠢ
《ᠲᠠᠪᠤᠨ ᠶᠡᠬᠡ ᠡᠭᠦᠷᠭᠡ》 ᠪᠣᠯ ᠶᠡᠷᠦᠩᠬᠡᠢ ᠱᠦᠵᠢ ᠰᠢ ᠵᠢᠨ ᠫᠢᠩ᠎ᠦᠨ ᠤᠯᠤᠰ᠎ᠤᠨ ᠬᠥᠭ᠌ᠵᠢᠯᠲᠡ᠎ᠶ᠋ᠢᠨ ᠪᠦᠬᠦ᠌ ᠲᠠᠯ᠎ᠠ᠎ᠡᠴᠡ ᠡᠭᠦᠰᠴᠦ᠍ ᠥᠪᠥᠷ ᠮᠣᠩᠭᠣᠯ᠎ᠳᠤ ᠲᠤᠬᠳᠠᠭᠠᠵᠤ ᠦᠭᠬᠦᠭᠰᠡᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠮᠦᠨ᠃ ᠶᠡᠷᠦᠩᠬᠡᠶ ᠱᠦᠵᠢ ᠰᠢ ᠵᠢᠨ ᠫᠢᠩ ᠲᠣᠰ ᠤᠳᠠᠭ᠎ᠠ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ᠎ᠳᠠᠭᠠᠨ ᠣᠢᠷ᠎ᠠ᠎ᠶ᠋ᠢᠨ ᠵᠢᠯ᠎ᠦᠨ ᠲᠤᠷᠰᠢ ᠮᠠᠨ᠎ᠤ ᠣᠷᠣᠨ᠎ᠤ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠬᠥᠭ᠌ᠵᠢᠯᠲᠡ ᠢᠯᠠᠩᠭᠤᠶ᠎ᠠ 《ᠲᠠᠪᠤᠨ ᠶᠡᠬᠡ ᠡᠭᠦᠷᠭᠡ》 ᠶ᠋ᠢ ᠰᠠᠢᠲᠤᠷ ᠬᠢᠵᠦ᠍ ᠨᠠᠢᠳᠠᠪᠤᠷᠢᠵᠢᠭᠤᠯᠬᠤ ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠢ᠋ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠬᠣᠶᠠᠷ ᠶᠡᠬᠡ ᠶᠠᠪᠤᠳᠠᠯ᠎ᠢ ᠨᠤᠲᠠᠯᠠᠵᠤ᠂ ᠪᠢᠳᠡᠨ᠎ᠦ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠲᠠᠶ ᠨᠢᠭ᠍ᠲᠠ ᠤᠶᠠᠯᠳᠤᠭᠤᠯᠤᠨ ᠡᠯ᠎ᠡ ᠵᠦᠶ᠋ᠯ᠎ᠦᠨ ᠠᠵᠢᠯ᠎ᠢᠶᠠᠨ ᠰᠠᠢᠲᠤᠷ ᠬᠢᠬᠦ᠌᠎ᠳᠦ ᠴᠢᠭ᠌ᠯᠡᠯ ᠪᠠ ᠠᠷᠭ᠎ᠠ ᠵᠠᠮ᠎ᠢ ᠤᠯᠠᠮ ᠲᠣᠳᠣᠷᠬᠠᠶ ᠵᠢᠭᠠᠵᠤ ᠥᠭ᠌ᠴᠡᠶ᠃ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠠ ᠵᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠬᠤ᠎ᠳᠤ᠂ ᠡᠷᠬᠡᠪᠰᠢ ᠡᠨᠡ ᠬᠦ᠌ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠪᠠᠲᠤ ᠡᠵᠡᠮᠳᠡᠵᠦ᠍᠂ ᠳᠠᠷᠤᠯᠲᠠ᠎ᠪᠠᠨ ᠨᠡᠮᠡᠭ᠌ᠳᠡᠭᠦᠯᠤᠨ ᠡᠷᠴᠢᠮ᠎ᠢᠶᠡᠨ ᠴᠢᠩᠭᠠᠷᠠᠭᠤᠯᠵᠤ 《ᠲᠠᠪᠤᠨ ᠶᠡᠬᠡ ᠡᠭᠦᠷᠭᠡ》 ᠶ᠋ᠢ ᠠᠬᠢᠭᠤᠯᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢᠨ ᠪᠥᠲᠥᠭᠡᠨ ᠪᠠᠢᠭᠤᠯᠤᠯᠲᠠ ᠳ᠋ᠤ ᠠᠯᠢ ᠲᠦᠷᠭᠡᠨ ᠦᠷ᠎ᠡ ᠪᠦᠲᠦᠭᠡᠯ ᠤᠯᠬᠤ᠎ᠶ᠋ᠢ ᠪᠠᠲᠤᠯᠠᠬᠤ ᠬᠡᠷᠡᠭ᠌ᠲᠡᠶ᠃
ᠪᠣᠳᠠᠲᠤ ᠦᠷ᠎ᠡ ᠪᠦᠲᠦᠮᠵᠢ ᠵᠢ ᠪᠠᠳᠤᠯᠠᠵᠤ 《ᠲᠠᠪᠤᠨ ᠶᠡᠬᠡ ᠡᠭᠦᠷᠭᠡ》 ᠵᠢ ᠰᠠᠢᠲᠤᠷ ᠪᠡᠶᠡᠯᠡᠭᠦᠯᠬᠦ ᠨᠢ ᠥᠪᠥᠷ ᠮᠣᠩᠭᠣᠯ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠎ᠳᠤ ᠢᠳᠡᠪᠬᠢᠲᠡᠢ ᠠᠭᠤᠰᠤᠯᠴᠠᠬᠤ ᠪᠠ ᠦᠢᠯᠡᠴᠢᠯᠡᠵᠦ᠍ ᠴᠢᠳᠠᠬᠤ ᠪᠡᠷ ᠪᠠᠷᠠᠬᠤ ᠦᠬᠡᠢ᠂ ᠤᠯᠤᠰ᠎ᠤᠨ ᠶᠡᠬᠡ ᠲᠠᠯ᠎ᠠ᠎ᠳᠤ ᠦᠢᠯᠡᠴᠢᠯᠡᠬᠦ᠌ ᠪᠠ ᠪᠠᠲᠤᠯᠠᠬᠤ ᠲᠠᠯ᠎ᠠ᠎ᠪᠠᠷ ᠨᠡᠩ ᠶᠡᠬᠡ ᠬᠠᠷᠢᠭᠤᠴᠠᠯᠭ᠎ᠠ ᠡᠭᠦᠷᠭᠡᠯᠡᠵᠦ᠍᠂ ᠪᠠᠷᠠᠭᠤᠨ ᠣᠷᠣᠨ᠎ᠢ ᠶᠡᠬᠡᠪᠡᠷ ᠨᠡᠭᠡᠭᠡᠨ ᠬᠥᠭ᠌ᠵᠢᠭᠦᠯᠬᠦ᠌᠂ ᠵᠡᠭᠦᠨ ᠬᠣᠢᠲᠤ ᠣᠷᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢ ᠬᠠᠮᠠᠭᠠᠯᠠᠬᠤ ᠪᠠ ᠴᠢᠨᠠᠷ ᠰᠠᠢᠲᠠᠢ ᠬᠥᠭ᠌ᠵᠢᠯᠲᠡ᠎ᠶ᠋ᠢ ᠬᠡᠷᠡᠭ᠌ᠵᠢᠭᠦᠯᠬᠦ᠌᠂ ᠦᠨᠳᠦᠰᠦᠲᠡᠨ᠎ᠦ ᠭᠠᠵᠠᠷ ᠣᠷᠣᠨ᠎ᠤ ᠬᠥᠭ᠌ᠵᠢᠯᠲᠡ᠎ᠶ᠋ᠢ ᠲᠦᠷᠭᠡᠳᠭᠡᠬᠦ᠌᠂ ᠬᠢᠯᠢ ᠬᠢᠵᠠᠭᠠᠷ ᠣᠷᠣᠨ᠎ᠤ ᠪᠦᠳᠦᠭᠡᠨ ᠪᠠᠢᠭᠤᠯᠤᠯᠲᠠ᠎ᠶ᠋ᠢ ᠴᠢᠩᠭᠠᠳᠭᠠᠬᠤ ᠵᠡᠷᠭᠡ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠳᠤᠮᠳᠠ ᠨᠡᠩ ᠶᠡᠬᠡ ᠦᠢᠯᠡᠳᠦᠯ ᠵᠢᠨᠨ ᠪᠠᠳᠠᠷᠠᠭᠤᠯᠵᠤ᠂ ᠪᠦᠬᠦ᠌ ᠣᠷᠣᠨ᠎ᠤ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ ᠴᠤ᠌ ᠪᠠᠲᠤ ᠴᠢᠩᠭ᠎ᠠ ᠲᠤᠯᠭᠠᠭᠤᠷᠢᠯᠠᠯ᠎ᠲᠠᠶ ᠪᠣᠯᠵᠤ ᠴᠢᠳᠠᠨ᠎ᠠ᠃ ᠨᠢᠳᠤᠨᠤᠨ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ 《ᠲᠠᠪᠤᠨ ᠶᠡᠬᠡ ᠡᠭᠦᠷᠭᠡ》 ᠶ᠋ᠢᠨ ᠬᠡᠷᠡᠭ᠌ᠵᠢᠭᠦᠯᠬᠦ᠌ ᠲᠥᠰᠦᠯ᠎ᠢ ᠰᠤᠳᠤᠯᠤᠨ ᠲᠣᠭ᠍ᠲᠠᠭᠠᠵᠤ᠂ ᠬᠠᠷᠠᠯᠲᠠ᠎ᠪᠠᠨ ᠲᠣᠳᠣᠷᠬᠠᠢᠯᠠᠵᠤ᠂ ᠠᠷᠭ᠎ᠠ ᠵᠠᠮ᠎ᠢᠶᠠᠨ ᠲᠥᠯᠥᠪᠵᠢᠭᠦᠯᠵᠦ᠍᠂ ᠡᠭᠦᠷᠭᠡ᠎ᠪᠡᠨ ᠬᠡᠮᠵᠢᠶᠡᠵᠢᠭᠦᠯᠵᠤ᠂ ᠠᠩᠬᠠᠷᠤᠯ ᠵᠢᠨᠨ ᠲᠦᠪᠯᠡᠷᠡᠬᠦᠯᠵᠤ ᠬᠦᠴᠤᠨ ᠵᠢᠨᠨ ᠨᠢᠬᠳᠠᠷᠠᠭᠤᠯᠤᠨ 《ᠲᠠᠪᠤᠨ ᠶᠡᠬᠡ ᠡᠭᠦᠷᠭᠡ》 ᠵᠢ ᠠᠳᠭᠤᠬᠤ ᠠᠵᠢᠯ᠎ᠤᠨ ᠪᠠᠢᠷᠢᠱᠢᠯ᠎ᠢ ᠪᠣᠶ ᠪᠣᠯᠭᠠᠪᠠ᠃ ᠣᠳᠣᠬᠠᠨ᠎ᠳᠤ᠂ ᠡᠯ᠎ᠡ ᠲᠠᠯ᠎ᠠ᠎ᠶ᠋ᠢᠨ ᠠᠵᠢᠯ ᠢᠳᠡᠪᠬᠢᠲᠡᠢ ᠠᠬᠢᠴᠠ᠎ᠲᠠᠶ ᠪᠣᠯᠵᠤ᠂ ᠲᠠᠷᠠᠭᠠᠴᠢ ᠵᠢᠨ ᠠᠯᠬᠤᠮ ᠳᠤ ᠦᠷᠬᠦᠯᠵᠢᠯᠡᠨ ᠳᠠᠷᠤᠯᠲᠠ᠎ᠪᠠᠨ ᠨᠡᠮᠡᠭ᠌ᠳᠡᠭᠦᠯᠵᠦ᠍ ᠡᠷᠴᠢᠮ᠎ᠢᠶᠡᠨ ᠴᠢᠩᠭᠠᠷᠠᠭᠤᠯᠤᠨ ᠠᠬᠢᠭᠤᠯᠵᠤ᠂ ᠠᠬᠢᠴᠠ᠎ᠪᠠᠨ ᠲᠦᠷᠬᠡᠳᠬᠡᠵᠤ᠂ ᠦᠷ᠎ᠡ ᠳ᠋ᠦᠩᠭᠠᠷᠭᠠᠬᠤ ᠬᠡᠷᠡᠭ᠌ᠲᠡᠢ᠃ ᠣᠷᠣᠨ ᠳᠠᠶᠠᠭᠠᠷ ᠡᠭᠦᠷᠭᠡ ᠬᠠᠷᠢᠭᠤᠴᠠᠯᠭ᠎ᠠ᠎ᠪᠠᠨ ᠡᠷᠡᠰ ᠡᠭᠦᠷᠭᠡᠯᠡᠵᠦ᠍᠂ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ ᠱᠠᠭᠠᠷᠳᠠᠯᠭ᠎ᠠ᠎ᠲᠠᠶ ᠪᠠᠷᠢᠮᠵᠢᠶᠠᠯᠠᠨ ᠬᠠᠷᠭᠤᠭᠤᠯᠵᠤ᠂ ᠬᠣᠯᠪᠣᠭ᠍ᠳᠠᠯ ᠪᠥᠬᠥᠶ ᠡᠭᠦᠷᠭᠡ᠎ᠶ᠋ᠢ ᠪᠣᠳᠠᠲᠠᠶ ᠬᠡᠷᠡᠭ᠌ᠵᠢᠭᠦᠯᠬᠦ᠌ ᠲᠥᠰᠦᠯ᠎ᠢ ᠱᠠᠯᠠᠪᠳᠠᠨ ᠨᠠᠷᠢᠯᠢᠬ᠍ᠵᠢᠭᠤᠯᠤᠨ ᠲᠡᠭᠦᠯᠳᠡᠷᠵᠢᠭᠦᠯᠵᠦ᠍᠂ ᠶᠡᠷᠦᠩᠬᠡᠶ ᠡᠬᠡ ᠲᠠᠩᠰᠠ ᠪᠣᠯᠤᠨ ᠣᠨ᠎ᠤ ᠡᠭᠦᠷᠭᠡ᠎ᠶ᠋ᠢᠨ ᠨᠠᠷᠢᠨ ᠲᠠᠩᠰᠠᠠ᠎ᠳᠤ ᠣᠷᠣᠭᠤᠯᠵᠤ᠂ ᠨᠠᠢᠳᠠᠪᠤᠷᠢᠵᠢᠭᠤᠯᠤᠯᠲᠠ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠬᠡᠷᠡᠭ᠌ᠲᠡᠶ᠃
ᠴᠢᠬᠤᠯᠠ ᠶᠡᠬᠡ ᠡᠭᠦᠷᠭᠡ᠎ᠶ᠋ᠢᠨ ᠡᠮᠦᠨ᠎ᠡ᠂ ᠵᠤᠷᠢᠬᠳᠡᠢ ᠪᠡᠷ ᠡᠭᠦᠷᠭᠡᠯᠡᠪᠠᠯ ᠰᠠᠶᠢ ᠤᠷᠤᠭ᠍ᠰᠢᠯᠠᠵᠤ᠂ ᠦᠨᠡᠨ ᠪᠣᠳᠠᠲᠠᠢ ᠠᠵᠢᠯᠯᠠᠪᠠᠯ ᠰᠠᠶᠢ ᠢᠯᠠᠯᠲᠠ ᠣᠯᠵᠤ ᠴᠢᠳᠠᠨ᠎ᠠ᠃ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ 《ᠲᠠᠪᠤᠨ ᠶᠡᠬᠡ ᠡᠭᠦᠷᠭᠡ》 ᠵᠢ ᠴᠢᠷᠮᠠᠢᠨ ᠰᠠᠢᠲᠤᠷ ᠪᠡᠶᠡᠯᠡᠭᠦᠯᠬᠦ᠌᠎ᠳᠦ ᠪᠠᠰᠠ ᠮᠠᠰᠢ ᠤᠯᠠᠨ ᠬᠠᠲᠠᠭᠤ ᠳᠠᠢᠯᠠᠯᠳᠤᠭᠠᠨ᠎ᠢ ᠬᠢᠵᠤ᠂ ᠪᠠᠰᠠ ᠮᠠᠰᠢ ᠤᠯᠠᠨ ᠬᠦᠴᠢᠷ ᠠᠰᠠᠭᠤᠳᠠᠯ᠎ᠢ ᠱᠢᠢᠳᠪᠦᠷᠢᠯᠡᠬᠦ᠌ ᠬᠡᠷᠡᠭ᠌ᠲᠡᠢ ᠪᠠᠢᠨ᠎ᠠ᠂ ᠡᠷᠬᠡᠪᠰᠢ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠪᠦᠬᠦ᠌ ᠬᠦᠴᠦ᠍᠎ᠪᠡᠷ᠎ᠢᠶᠡᠨ ᠲᠦᠷᠭᠡᠳᠬᠡᠨ ᠠᠬᠢᠭᠤᠯᠬᠤ ᠬᠡᠷᠡᠭ᠌ᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ᠎ᠬᠢᠨ ᠡᠷᠭᠢ ᠱᠤᠷᠠᠭ᠎ᠢᠶᠠᠨ ᠴᠢᠩᠭᠠᠯᠠᠵᠤ᠂ ᠡᠷᠴᠢᠮ᠎ᠢᠶᠡᠨ ᠴᠢᠩᠭᠠᠷᠠᠭᠤᠯᠵᠤ᠂ ᠠᠵᠢᠯ᠎ᠤᠨ ᠠᠢᠵᠠᠮ᠎ᠢᠶᠠᠨ ᠲᠦᠷᠭᠡᠳᠭᠡᠵᠦ᠍᠂ ᠣᠨ᠎ᠤ ᠬᠠᠷᠠᠯᠲᠠ ᠡᠭᠦᠷᠭᠡ᠎ᠪᠡᠨ ᠪᠡᠶᠡᠯᠡᠭᠦᠯᠦᠭ᠌ᠰᠡᠨ ᠪᠠᠢᠳᠠᠯ ᠵᠢᠡᠨ ᠨᠠᠷᠢᠨ ᠬᠢᠨᠠᠮᠠᠭᠠᠶ ᠪᠦᠷᠢᠳᠭᠡᠨ ᠡᠮᠬᠢᠯᠡᠵᠦ᠍᠂ ᠶᠠᠮᠠᠷ ᠠᠵᠢᠯ᠎ᠢ ᠪᠡᠶᠡᠯᠡᠭᠦᠯᠦᠭ᠌ᠰᠡᠨ᠎ᠢᠶᠡᠷ ᠬᠦᠷᠦᠯᠴᠡᠬᠦ ᠦᠬᠡᠢ ᠪᠠᠢᠬᠤ᠂ ᠬᠠᠮᠢᠭ᠎ᠠ ᠨᠢ ᠠᠰᠠᠭᠤᠳᠠᠯ ᠭᠠᠷᠤᠭ᠍ᠰᠠᠨ ᠵᠡᠷᠬᠡ ᠳ᠋ᠤ ᠭᠤᠤᠯᠳᠠᠭᠤ ᠠᠩᠬᠠᠷᠤᠯ ᠲᠠᠯᠪᠢᠵᠤ᠂ ᠬᠠᠨᠳᠤᠯᠭᠠᠳᠤ ᠴᠢᠨᠠᠷᠲᠠᠶ᠎ᠪᠠᠷ ᠬᠦᠴᠢᠷ ᠠᠰᠠᠭᠤᠳᠠᠯ᠎ᠢ ᠱᠢᠶ᠋ᠳᠪᠦᠷᠢᠯᠡᠵᠤ᠂ ᠨᠢᠭᠡ ᠰᠠᠯᠠᠭ᠎ᠠ ᠮᠥᠴᠢᠷ᠎ᠦᠨ ᠱᠢᠶ᠋ᠳᠪᠦᠷᠢᠯᠡᠵᠦ᠍ ᠳᠡᠢᠯᠬᠦ᠌ ᠥᠬᠡᠶ ᠴᠢᠬᠤᠯᠠ ᠶᠡᠬᠡ ᠠᠰᠠᠭᠤᠳᠠᠯ᠎ᠢ ᠪᠥᠬᠥ᠌ ᠣᠷᠣᠨ᠎ᠤ ᠬᠦᠴᠦᠨ᠎ᠢ ᠲᠠᠢᠴᠢᠯᠠᠨ ᠱᠢᠶ᠋ᠳᠪᠦᠷᠢᠯᠡᠬᠦ᠌᠎ᠶ᠋ᠢ ᠠᠬᠢᠭᠤᠯᠵᠤ᠂ ᠵᠢᠯ᠎ᠦᠨ ᠳᠣᠲᠣᠷ᠎ᠠ ᠦᠨᠡᠨ ᠪᠣᠳᠠᠲᠠᠶ ᠠᠬᠢᠴᠠ᠎ᠲᠠᠶ ᠪᠣᠯᠭᠠᠬᠤ᠎ᠪᠠᠷ ᠴᠢᠷᠮᠠᠢᠬᠤ ᠬᠡᠷᠡᠭ᠌ᠲᠡᠶ᠃ ᠡᠯ᠎ᠡ ᠵᠦᠢᠯ᠎ᠦᠨ ᠭᠣᠣᠯᠳᠠᠯᠭ᠎ᠠ᠎ᠲᠠᠶ ᠠᠵᠢᠯ᠎ᠢ ᠴᠢᠩᠭ᠎ᠠ ᠪᠥᠭᠡᠳ ᠪᠣᠳᠠᠲᠠᠢ ᠠᠳᠭᠤᠵᠤ᠂ ᠬᠣᠯᠪᠣᠭ᠍ᠳᠠᠯ ᠪᠦᠬᠦᠢ ᠬᠠᠤᠯᠢ ᠲᠣᠭ᠍ᠲᠠᠭᠠᠬᠤ ᠠᠬᠢᠴᠠ᠎ᠶ᠋ᠢ ᠲᠦᠷᠭᠡᠳᠭᠡᠨ᠂ ᠠᠯᠢ ᠲᠦᠷᠭᠡᠨ ᠦᠷ᠎ᠡ ᠪᠦᠲᠦᠭᠡᠯ ᠤᠯᠬᠤ᠎ᠶ᠋ᠢ ᠦᠨᠡᠨ ᠬᠦ᠌ ᠪᠠᠲᠤᠯᠠᠬᠤ ᠭᠡᠷᠡᠭᠳᠠᠢ᠃
ᠬᠥᠭ᠌ᠵᠢᠯᠲᠡ᠎ᠶ᠋ᠢᠨ ᠶᠡᠬᠡ ᠪᠤᠳᠤᠯᠭ᠎ᠠ ᠮᠢᠩᠭ᠎ᠠ ᠲᠦᠮᠡᠨ ᠵᠤᠢᠯ ᠳ᠋ᠤ ᠬᠤᠯᠪᠤᠬᠳᠠᠨ᠎ᠠ᠂ ᠭᠤᠤᠯ ᠲᠡᠳ᠋ ᠢ ᠢᠯᠭᠠᠬᠤ ᠦᠬᠡᠢ ᠪᠦᠬᠦᠨ ᠢ ᠠᠳᠠᠯᠢ ᠪᠡᠷ ᠠᠳᠭᠤᠵᠤ ᠪᠣᠯᠬᠤ ᠦᠭᠡᠢ᠂ ᠭᠣᠣᠯᠳᠠᠯᠭ᠎ᠠ᠎ᠶ᠋ᠢ ᠲᠤᠪᠤᠢ᠌ᠯᠭᠠᠵᠤ᠂ ᠤᠨᠢᠨ ᠲᠡᠭᠡᠷ᠎ᠡ ᠨᠢ ᠠᠳᠭᠤᠬᠤ ᠬᠡᠷᠡᠭ᠌ᠲᠡᠢ᠃ ᠱᠢᠨ᠎ᠡ ᠡᠨᠧᠷᠭᠢ᠎ᠶ᠋ᠢᠨ ᠬᠦᠷᠢᠶ᠎ᠡ ᠴᠠᠷᠠᠭ᠎ᠠ᠎ᠶ᠋ᠢᠨ ᠲᠣᠮᠣ ᠰᠠᠭᠤᠷᠢᠨ᠎ᠤ ᠪᠥᠲᠥᠭᠡᠨ ᠪᠠᠢᠭᠤᠯᠤᠯᠲᠠ᠂ ᠬᠡᠷᠡᠭ᠌ᠯᠡᠭᠡᠨ᠎ᠦ ᠦᠵᠡᠭᠳᠡᠯ ᠲᠠᠯᠠᠪᠠᠶ᠎ᠶ᠋ᠢᠨ ᠪᠥᠲᠥᠭᠡᠨ ᠪᠠᠢᠭᠤᠯᠤᠯᠲᠠ ᠪᠠ ᠱᠢᠩᠭᠡᠭᠡᠬᠦ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠠᠬᠢᠭᠤᠯᠵᠤ᠂ ᠨᠡᠭᠦᠷᠡᠰᠦᠨ᠎ᠦ ᠭᠠᠷᠤᠯᠲᠠ᠎ᠶ᠋ᠢ ᠲᠣᠭ᠍ᠲᠠᠪᠤᠷᠢᠵᠢᠭᠤᠯᠤᠨ ᠬᠠᠩᠭᠠᠯᠭ᠎ᠠ᠎ᠶ᠋ᠢ ᠪᠠᠲᠤᠯᠠᠬᠤ᠎ᠶ᠋ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠨᠡᠭᠦᠷᠡᠰᠦ᠎ᠶ᠋ᠢ ᠴᠡᠪᠡᠷ ᠥᠨᠳᠥᠷ ᠦᠷ᠎ᠡ ᠪᠦᠲᠦᠮᠵᠢᠲᠡᠶ᠎ᠪᠡᠷ ᠠᠱᠢᠭ᠍ᠯᠠᠬᠤ᠎ᠶ᠋ᠢ ᠭᠦᠨᠵᠡᠭᠡᠶ ᠠᠬᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢ ᠪᠥᠬᠥ᠌ ᠲᠠᠯ᠎ᠠ᠎ᠪᠠᠷ ᠴᠢᠩᠭᠠᠳᠭᠠᠵᠤ᠂ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ᠎ᠶ᠋ᠢ ᠶᠡᠬᠡᠪᠡᠷ ᠠᠳᠭᠤᠵᠤ᠂ ᠪᠣᠭᠣᠮᠲᠠ᠎ᠶ᠋ᠢᠨ ᠲᠠᠰ ᠳᠡᠪᠱᠢᠭᠦ᠂ ᠬᠢᠯᠢ ᠬᠢᠵᠠᠭᠠᠷ ᠣᠷᠣᠨ ᠬᠠᠷᠢᠯᠴᠠᠨ ᠬᠥᠳᠡᠯᠦᠯᠴᠡᠬᠦ᠌᠂ ᠬᠢᠯᠢ ᠠᠯᠤᠰᠯᠠᠭ᠍ᠰᠠᠨ ᠬᠠᠮᠲᠤᠷᠠᠯᠴᠠᠭ᠎ᠠ ᠵᠡᠷᠭᠡ ᠲᠠᠯ᠎ᠠ᠎ᠶ᠋ᠢᠨ ᠴᠢᠬᠤᠯᠠ ᠶᠡᠬᠡ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢ ᠢᠳᠡᠪᠬᠢᠲᠡᠶ ᠠᠬᠢᠭᠤᠯᠵᠤ᠂ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠌᠂ ᠲᠣᠭ᠍ᠲᠠᠭᠤᠨ᠎ᠢ ᠬᠠᠮᠠᠭᠠᠯᠠᠬᠤ ᠡᠯ᠎ᠡ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠪᠣᠳᠠᠲᠠᠶ ᠨᠠᠷᠢᠯᠢᠭ ᠨᠠᠢᠳᠠᠪᠤᠷᠢᠵᠢᠭᠤᠯᠬᠤ ᠭᠡᠷᠡᠭᠳᠠᠢ᠂ ᠡᠲᠡᠭᠡᠷ᠎ᠨᠢ ᠴᠥᠮ 《ᠲᠠᠪᠤᠨ ᠶᠡᠬᠡ ᠡᠭᠦᠷᠭᠡ》 ᠶ᠋ᠢᠨ ᠵᠠᠩᠭᠢᠯᠠᠭ᠎ᠠ᠂ ᠪᠢᠳᠡᠨ᠎ᠦ ᠡᠷᠬᠡᠪᠰᠢ ᠢᠮᠠᠭ᠍ᠲᠠ ᠴᠢᠩᠭ᠎ᠠ ᠠᠳᠭᠤᠬᠤ ᠴᠢᠬᠤᠯᠠ᠎ᠡᠴᠡ ᠴᠢᠬᠤᠯᠠ ᠵᠦᠶ᠋ᠯ ᠪᠣᠯᠤᠨ᠎ᠠ᠃ ᠥᠷᠭᠡᠨ ᠤᠯᠠᠨ ᠺᠠᠳ᠋ᠷ ᠤᠯᠠᠨ ᠲᠦᠮᠡᠨ ᠭᠣᠣᠯᠳᠠᠯᠭ᠎ᠠ ᠲᠠᠢ ᠪᠠ ᠬᠦᠴᠢᠷ ᠪᠡᠷᠬᠡ ᠲᠡᠢ ᠡᠭᠦᠷᠭᠡ᠎ᠶ᠋ᠢ ᠪᠡᠶᠡᠯᠡᠭᠦᠯᠬᠦ᠌ ᠳᠡᠭᠡᠷ᠎ᠡ ᠤᠯᠠᠮ ᠠᠩᠬᠠᠷᠤᠯ᠎ᠢᠶᠠᠨ ᠲᠥᠪᠯᠡᠷᠡᠭᠦᠯᠵᠦ᠍᠂ ᠵᠠᠩᠭᠢᠯᠠᠭ᠎ᠠ᠎ᠶ᠋ᠢᠨ ᠪᠠ ᠬᠠᠮᠤᠭ᠎ᠤᠨ ᠴᠢᠬᠤᠯᠠ ᠶᠠᠪᠤᠳᠠᠯ᠎ᠢ ᠱᠢᠪᠲᠤᠯᠬᠤ ᠳᠡᠭᠡᠷ᠎ᠡ ᠬᠦᠴᠦ᠍᠎ᠪᠡᠨ ᠲᠥᠪᠯᠡᠷᠡᠭᠦᠯᠵᠤ᠂ ᠨᠢᠭᠡ ᠨᠢᠭᠡ ᠶᠠᠪᠤᠳᠠᠯ᠎ᠢᠶᠠᠷ ᠣᠨᠣᠪᠴᠢᠲᠠᠢ ᠲᠥᠯᠥᠪᠵᠢᠭᠦᠯᠵᠦ᠍ ᠪᠣᠳᠠᠲᠠᠢ ᠠᠳᠭᠤᠨ᠂ ᠨᠢᠭᠡ ᠨᠢᠭᠡ ᠵᠦᠢᠯ᠎ᠢᠶᠡᠷ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠭᠣᠣᠯᠳᠠᠯᠭ᠎ᠠ᠎ᠲᠠᠶ ᠱᠢᠪᠲᠤᠯᠤᠯᠲᠠ᠎ᠪᠠᠷ 《ᠲᠠᠪᠤᠨ ᠶᠡᠬᠡ ᠡᠭᠦᠷᠭᠡ》 ᠶ᠋ᠢ ᠪᠦᠬᠦᠯᠢ ᠴᠣᠭ᠍ᠴᠠ᠎ᠪᠠᠷ ᠨᠢ ᠪᠣᠳᠠᠲᠠᠢ ᠦᠷ᠎ᠡ ᠪᠦᠲᠦᠮᠵᠢ ᠭᠠᠷᠭᠠᠬᠤ᠎ᠶ᠋ᠢ ᠳᠠᠢᠴᠢᠯᠠᠬᠤ ᠬᠡᠷᠡᠭ᠌ᠲᠡᠢ᠃
ᠤᠬᠠᠭᠠᠯᠠᠵᠤ ᠰᠦᠪᠡᠭᠴᠢᠯᠡᠬᠦ ᠳ᠋ᠡᠬᠡᠨ ᠴᠢᠳᠡᠮᠠᠭᠠᠢ ᠬᠦᠮᠦᠨ ᠬᠤᠯᠠ ᠠᠶᠠᠯᠠᠵᠤ᠂ ᠰᠢᠷᠭᠠᠭᠤ ᠪᠤᠳᠠᠳᠠᠢ ᠠᠵᠢᠯᠯᠠᠬᠤ ᠬᠦᠮᠦᠨ ᠶᠡᠬᠡ ᠦᠢᠯᠡ ᠵᠢ ᠪᠦᠳᠦᠬᠡᠵᠤ ᠴᠢᠳᠠᠨ᠎ᠠ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠲᠠᠶ ᠦᠨᠡᠨ ᠬᠦ᠌ ᠨᠢᠭᠡᠳᠭᠡᠵᠤ᠂ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠱᠢᠶ᠋ᠳᠪᠦᠷᠢᠲᠦ ᠪᠣᠳᠣᠯᠭᠠᠪᠠᠢᠷᠢᠯᠠᠭᠤᠯᠤᠯᠲᠠᠶ᠋ᠢ ᠨᠠᠢᠳᠠᠪᠤᠷᠢᠵᠢᠭᠤᠯᠬᠤ ᠳᠡᠭᠡᠷ᠎ᠡ ᠨᠢᠭ᠍ᠲᠠᠷᠠᠭᠤᠯᠵᠤ᠂ ᠵᠣᠷᠢᠭ᠍ᠲᠠᠶ ᠡᠭᠦᠷᠭᠡᠯᠡᠵᠤ᠂ ᠰᠠᠯᠬᠢᠨᠲᠠᠪᠠᠯᠭᠠᠨᠢ ᠰᠦᠷᠦᠨ ᠤᠷᠤᠬᠰᠢᠯᠠᠪᠠᠯ ᠪᠢᠳᠡ ᠯᠠᠪᠲᠠᠶ ᠱᠢᠨ᠎ᠡ ᠠᠶᠠᠨ᠎ᠳᠤ ᠱᠢᠨ᠎ᠡ ᠵᠢᠳᠬᠦᠯ ᠴᠢᠷᠮᠠᠢᠯᠭ᠎ᠠ ᠭᠠᠷᠭᠠᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠪᠡᠬᠢ ᠴᠣᠭ᠍ᠴᠠᠯᠠᠵᠤ᠂ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠡᠪᠳᠡᠷᠡᠰᠢ ᠦᠭᠡᠢ ᠪᠠᠲᠤ ᠴᠣᠭ᠍ᠴᠠᠯᠠᠵᠤ᠂ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ ᠢ᠋ ᠬᠦᠴᠦᠷᠭᠡᠭ ᠪᠤᠯᠭᠠᠨ ᠪᠦᠳᠦᠭᠡᠨ ᠪᠠᠢᠭᠤᠯᠵᠤ᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠬᠠᠨᠭᠭᠠᠯᠭ᠎ᠠ ᠶᠡᠬᠡ ᠴᠢᠨᠠᠷ ᠰᠠᠢᠲᠠᠢ ᠪᠦᠳᠦᠭᠡᠨ ᠪᠠᠢᠭᠤᠯᠵᠤ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠴᠣᠭ᠍ᠴᠠᠯᠠᠵᠤ᠂ ᠳᠤᠮᠳᠠᠳᠤ ᠤᠯᠤᠰ᠎ᠤᠨ ᠮᠠᠶᠢᠬ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠵᠤ ᠴᠢᠳᠠᠨ᠎ᠠ᠃