ᠤᠮᠠᠷᠠᠱᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢ ᠴᠢᠨᠠᠷ ᠰᠠᠢᠲᠠᠢ ᠪᠦᠲᠦᠭᠡᠨ ᠪᠠᠢᠭᠤᠯᠤᠨ᠎ᠠ
2023-06-16 10:04:41
ᠵᠣᠬᠢᠶᠠᠭ᠍ᠴᠢ᠄
ᠭᠣᠣ ᠬᠤᠢ᠂ ᠪᠠᠶᠠᠰᠭᠤᠯᠠᠩ ᠂ ᠯᠢ ᠢᠦᠢ ᠵᠦᠸᠧ ᠂ ᠬᠠᠢ ᠵᠢᠶᠦ᠋ᠨ ᠂ ᠴᠢᠮᠡᠭᠡᠯᠡᠭᠴᠢ ᠯᠢᠶᠠᠩ ᠱᠢᠶᠣᠤ ᠬᠣᠩ
ᠣᠩᠱᠢᠭ᠍ᠰᠠᠨ ᠣᠳᠠᠭ᠎ᠠ᠄
★★★☆☆

— ᠶᠡᠷᠦᠩᠬᠡᠢ ᠱᠦᠵᠢ ᠱ᠋ᠢ ᠵᠢᠨ ᠫᠢᠩ ᠤ᠋ᠨ ᠥᠪᠥᠷ ᠮᠣᠩᠭᠣᠯ ᠳ᠋ᠤ᠌ ᠱᠢᠨᠵᠢᠯᠡᠨ ᠪᠠᠢᠴᠠᠭᠠᠬᠤ ᠦᠶ᠎ᠡ ᠵᠢᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠺᠠᠳ᠋ᠷ ᠣᠯᠠᠨ ᠲᠦᠮᠡᠨ ᠤ᠋ ᠳᠤᠮᠳᠠ ᠴᠢᠩᠭ᠎ᠠ ᠲᠤᠰᠭᠠᠯ ᠭᠠᠷᠪᠠ ⑥


ᠥᠪᠥᠷ ᠮᠣᠩᠭᠣᠯ ᠢ᠋ ᠮᠠᠨ ᠤ᠋ ᠤᠯᠤᠰ ᠤ᠋ᠨ ᠤᠮᠠᠷᠠᠱᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠪᠣᠯᠭᠠᠨ ᠪᠦᠲᠦᠭᠡᠨ ᠪᠠᠢᠭᠤᠯᠬᠤ ᠪᠣᠯ ᠶᠡᠷᠦᠩᠬᠡᠢ ᠱᠦᠵᠢ ᠱ᠋ᠢ ᠵᠢᠨ ᠫᠢᠩ ᠤ᠋ᠨ ᠥᠪᠥᠷ ᠮᠣᠩᠭᠣᠯ ᠳ᠋ᠤ᠌ ᠲᠤᠱᠢᠶᠠᠭᠰᠠᠨ ᠲᠠᠪᠤᠨ ᠶᠡᠬᠡ ᠡᠭᠦᠷᠭᠡ ᠵᠢᠨ ᠨᠢᠭᠡ ᠪᠣᠯᠤᠨ᠎ᠠ ᠃ ᠲᠤᠰ ᠤᠳᠠᠭ᠎ᠠ ᠵᠢᠨ ᠱᠢᠨᠵᠢᠯᠡᠨ ᠪᠠᠢᠴᠠᠭᠠᠯᠲᠠ ᠳ᠋ᠤ᠌ ᠶᠡᠷᠦᠩᠬᠡᠢ ᠱᠦᠵᠢ ᠱ᠋ᠢ ᠵᠢᠨ ᠫᠢᠩ 《ᠨᠢᠭᠡ ᠪᠦᠰᠡ ᠨᠢᠭᠡ ᠵᠠᠮ》 ᠢ᠋ ᠬᠠᠮᠲᠤ ᠪᠠᠷ ᠪᠥᠲᠥᠭᠡᠨ ᠪᠠᠢᠭᠤᠯᠬᠤ ᠪᠠ ᠳᠤᠮᠳᠠᠳᠤ ᠮᠣᠩᠭᠣᠯ ᠣᠷᠣᠰ ᠤ᠋ᠨ ᠠᠵᠤ ᠠᠬᠤᠶ ᠶ᠋ᠢᠨ ᠬᠣᠩᠭᠢᠯ ᠤ᠋ᠨ ᠪᠥᠲᠥᠭᠡᠨ ᠪᠠᠢᠭᠤᠯᠤᠯᠲᠠ ᠳ᠋ᠤ ᠢᠳᠡᠪᠬᠢᠲᠡᠶ ᠣᠷᠣᠯᠴᠠᠵᠤ᠂ ᠭᠠᠳᠠᠭᠠᠳᠤ ᠨᠡᠭᠡᠭᠡᠯᠲᠡ ᠶ᠋ᠢᠨ ᠲᠦᠪᠱᠢᠨ ᠵᠢᠡᠨ ᠳᠡᠭᠡᠭ᠌ᠰᠢᠯᠡᠭᠦᠯᠵᠦ᠍᠂ ᠮᠠᠨ ᠤ᠋ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠶ᠋ᠢ ᠪᠠᠢᠭᠤᠯᠵᠤ᠂ ᠤᠯᠤᠰ ᠤ᠋ᠨ ᠳᠣᠲᠣᠭᠠᠳᠤ ᠭᠠᠳᠠᠭᠠᠳᠤ᠎ᠶ᠋ᠢᠨ ᠬᠤᠤᠰ ᠤᠷᠴᠢᠯ ᠢ᠋ ᠬᠣᠯᠪᠣᠨ ᠨᠡᠪᠳᠡᠷᠡᠬᠦᠯᠬᠦ ᠳᠤᠮᠳᠠ ᠨᠠᠩ ᠶᠡᠬᠡ ᠦᠢᠯᠡᠳᠦᠯ ᠵᠢᠡᠨ ᠪᠠᠳᠠᠷᠠᠭᠤᠯᠬᠤ ᠬᠡᠷᠡᠭ᠌ᠲᠡᠶ᠃ ᠪᠡᠭᠡᠵᠢᠩ ᠲᠢᠶᠠᠨᠵᠢᠨ ᠾᠸᠪᠸᠢ᠂ ᠬᠥᠬᠡᠮᠥ᠋ᠷᠡᠨ ᠤ᠋ ᠭᠤᠷᠪᠠᠯᠵᠢᠨ ᠬᠣᠢᠭ᠂ ᠭᠤᠸᠠᠩᠳᠦ᠋ᠩ ᠱᠢᠶᠠᠩᠭᠠᠩ ᠣᠣᠮᠧᠨ ᠤ᠋ ᠲᠤᠮᠤ ᠪᠤᠯᠤᠩ ᠤ᠋ᠨ ᠣᠷᠣᠨ ᠪᠣᠯᠤᠨ ᠵᠡᠭᠦᠨ ᠬᠤᠢᠲᠤ ᠵᠢᠨ ᠭᠤᠷᠪᠠᠨ ᠮᠤᠵᠢ᠎ᠯᠤᠭ᠎ᠠ᠎ᠶ᠋ᠢᠨ ᠬᠤᠯᠪᠤᠯᠳᠤᠨ ᠨᠡᠪᠲᠡᠷᠡᠯᠴᠡᠬᠦ ᠪᠡᠨ ᠴᠢᠩᠭᠠᠳᠭᠠᠵᠤ᠂ ᠤᠯᠤᠰ ᠤ᠋ᠨ ᠳᠣᠲᠣᠭᠠᠳᠤ ᠭᠠᠳᠠᠭᠠᠳᠤ᠎ᠶ᠋ᠢᠨ ᠬᠣᠣᠰ ᠣᠷᠴᠢᠯ ᠳ᠋ᠤ ᠨᠡᠩ ᠰᠠᠢ᠌ᠳᠤᠷ ᠠᠭᠤᠰᠤᠯᠴᠠᠬᠤ ᠬᠡᠷᠡᠭ᠌ᠲᠡᠢ ᠭᠡᠵᠦ ᠳᠤᠷᠠᠳᠴᠠᠢ ᠃

ᠶᠡᠷᠦᠩᠬᠡᠢ ᠱᠦᠵᠢ ᠵᠢᠨ ᠬᠦᠰᠡᠯ ᠨᠠᠢᠳᠠᠯᠭ᠎ᠠ ᠨᠢ ᠥᠪᠥᠷ ᠮᠣᠩᠭᠣᠯ ᠤ᠋ᠨ ᠭᠠᠳᠠᠭᠠᠳᠤ ᠨᠡᠭᠡᠭᠡᠯᠲᠡ ᠵᠢᠨ ᠠᠵᠢᠯ ᠳ᠋ᠤ᠌ ᠤᠷᠤᠭᠱᠢᠯᠠᠯᠲᠠ ᠵᠢᠨ ᠴᠢᠭᠯᠡᠯ ᠢ᠋ ᠲᠣᠳᠣᠷᠬᠠᠢ ᠵᠢᠭᠠᠨ ᠦᠭᠴᠦ᠂ ᠪᠦᠬᠦ ᠣᠷᠣᠨ ᠤ᠋ ᠺᠠᠳ᠋ᠷ ᠣᠯᠠᠨ ᠲᠦᠮᠡᠨ ᠤ᠋ ᠳᠤᠮᠳᠠ ᠴᠢᠩᠭ᠎ᠠ ᠲᠤᠰᠭᠠᠯ ᠭᠠᠷᠪᠠ᠃ ᠣᠯᠠᠨ ᠵᠢᠠᠷ ᠵᠢᠠᠨ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠵᠦ᠂ ᠬᠦᠨᠳᠤ ᠨᠠᠢᠳᠠᠯᠭ᠎ᠠ ᠵᠢ ᠨᠢ ᠬᠥᠰᠡᠷᠳᠡᠭᠦᠯᠬᠦ ᠦᠭᠡᠢ ᠪᠡᠷ ᠮᠠᠨ ᠤ᠋ ᠤᠯᠤᠰ ᠤ᠋ᠨ ᠤᠮᠠᠷᠠᠱᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢ ᠪᠦᠲᠦᠭᠡᠨ ᠪᠠᠢᠭᠤᠯᠬᠤ ᠳ᠋ᠤ᠌ ᠱᠢᠨ᠎ᠡ ᠵᠢᠳᠭᠦᠯ ᠴᠢᠷᠮᠠᠢᠯᠭ᠎ᠠ ᠭᠠᠷᠭᠠᠨ᠎ᠠ ᠭᠡᠵᠦ ᠢᠯᠡᠳᠭᠡᠵᠡᠭᠡᠪᠡ᠃

ᠨᠡᠩ ᠴᠢᠩᠭ᠎ᠠ ᠨᠡᠭᠡᠭᠡᠯᠲᠡ ᠵᠢᠨ ᠠᠮᠢᠵᠢᠷᠠᠯ ᠤ᠋ᠨ ᠬᠦᠴᠦᠨ ᠢ᠋ ᠬᠥᠭᠵᠢᠭᠡᠵᠦ  ᠭᠠᠳᠠᠭᠠᠳᠤ ᠠᠷᠠᠯᠵᠢᠶᠠᠨ ᠤ᠋ ᠲᠣᠭᠲᠠᠭᠤᠨ ᠢ᠋ ᠪᠠᠲᠤᠯᠠᠨ ᠴᠢᠨᠠᠷ ᠢ᠋ ᠳᠡᠭᠡᠭᠱᠢᠯᠡᠭᠦᠯᠬᠦ ᠵᠢ ᠠᠬᠢᠭᠤᠯᠤᠨ᠎ᠠ

ᠡᠨᠡ ᠵᠢᠯ ᠤ᠋ᠨ ᠲᠦᠷᠦᠭᠦᠦ 5 ᠰᠠᠷ᠎ᠠ ᠳ᠋ᠤ᠌ ᠪᠦᠬᠦ ᠣᠷᠣᠨ ᠤ᠋ ᠭᠠᠳᠠᠭᠠᠳᠤ ᠠᠷᠠᠯᠵᠢᠶᠠᠨ ᠤ᠋ ᠭᠠᠳᠠᠭᠠᠳᠤ ᠤᠷᠤᠭᠤᠯᠤᠯᠳᠠ ᠭᠠᠷᠭᠠᠯᠳᠠ ᠵᠢᠨ ᠶᠡᠷᠦᠩᠬᠡᠢ ᠥᠷᠲᠡᠭ 757.8 ᠳ᠋ᠦᠩᠱᠢᠭᠤᠷ ᠲᠥᠭᠥᠷᠢᠭ ᠲᠦ᠍ ᠬᠦᠷᠴᠦ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 38.4% ᠪᠡᠷ ᠨᠡᠮᠡᠭᠳᠡᠨ᠂ ᠬᠢᠯᠢ ᠵᠢᠨ ᠪᠣᠭᠣᠮᠲᠠ ᠵᠢᠨ ᠪᠠᠷᠠᠭ᠎ᠠ ᠲᠡᠭᠡᠭᠡᠪᠦᠷᠢ ᠵᠢᠨ ᠬᠡᠮᠵᠢᠶ᠎ᠡ ᠲᠣᠭᠲᠠᠭᠤᠨ ᠵᠢᠠᠷ ᠳᠡᠭᠡᠭᠱᠢᠯᠡᠵᠦ᠂ ᠡᠯ᠎ᠡ ᠲᠥᠷᠥᠯ ᠤ᠋ᠨ ᠭᠠᠳᠠᠭᠠᠳᠤ ᠨᠡᠭᠡᠭᠡᠯᠲᠡ ᠵᠢᠨ ᠲᠠᠪᠴᠠᠩ ᠴᠢᠨᠠᠷ ᠰᠠᠢᠲᠠᠢ ᠬᠥᠭᠵᠢᠵᠦ᠂ ᠥᠪᠥᠷ ᠮᠣᠩᠭᠣᠯ ᠶᠠᠭ ᠶᠡᠷᠦᠩᠬᠡᠢ ᠱᠦᠵᠢ ᠱ᠋ᠢ ᠵᠢᠨ ᠫᠢᠩ ᠤ᠋ᠨ ᠥᠪᠥᠷ ᠮᠣᠩᠭᠣᠯ ᠳ᠋ᠤ᠌ ᠲᠣᠭᠲᠠᠭᠠᠵᠤ ᠦᠭᠭᠦᠭᠰᠡᠨ 《ᠮᠠᠨ ᠤ᠋ ᠤᠯᠤᠰ ᠤ᠋ᠨ ᠤᠮᠠᠷᠠᠱᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢ ᠴᠣᠭᠴᠠᠯᠠᠬᠤ》 ᠪᠠᠢᠯᠳᠤᠬᠤ ᠪᠣᠳᠣᠯᠭ᠎ᠠ ᠵᠢᠨ ᠪᠠᠢᠷᠢ ᠲᠣᠭᠲᠠᠭᠠᠯᠲᠠ ᠶᠤᠰᠤᠭᠠᠷ ᠲᠣᠮᠣ ᠠᠯᠬᠤᠮ ᠵᠢᠠᠷ ᠤᠷᠤᠭᠱᠢᠯᠠᠵᠤ ᠪᠠᠢᠨ᠎ᠠ ᠃

ᠬᠥᠬᠡᠬᠣᠲᠠ ᠪᠣᠭᠣᠮᠲᠠ ᠵᠢᠨ ᠨᠠᠮ ᠤ᠋ᠨ ᠬᠣᠷᠢᠢ᠎ᠠ ᠵᠢᠨ ᠱᠦᠵᠢ᠂ ᠪᠣᠭᠣᠮᠲᠠ ᠵᠢᠨ ᠳᠠᠷᠤᠭ᠎ᠠ ᠯᠢ ᠵᠢᠶᠠᠨ ᠸᠧᠢ ᠄ 《ᠬᠥᠬᠡᠬᠣᠲᠠ ᠪᠣᠭᠣᠮᠲᠠ ᠶᠡᠷᠦᠩᠬᠡᠢ ᠱᠦᠵᠢ ᠱ᠋ᠢ ᠵᠢᠨ ᠫᠢᠩ ᠤ᠋ᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠵᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠱᠢᠨ᠎ᠡ ᠬᠥᠭᠵᠢᠯᠲᠡ ᠵᠢᠨ ᠪᠠᠢᠷᠢᠱᠢᠯ ᠢ᠋ ᠲᠦᠷᠭᠡᠳᠬᠡᠨ ᠪᠠᠢᠭᠤᠯᠬᠤ   ᠬᠦᠴᠦᠯᠡᠬᠦ ᠴᠡᠭ ᠪᠣᠯᠤᠨ ᠱᠢᠪᠲᠤᠯᠤᠯᠲᠠ ᠵᠢᠨ ᠴᠡᠭ ᠢ᠋ ᠣᠨᠣᠴᠠᠲᠠᠢ ᠡᠷᠢᠨ ᠣᠯᠵᠤ᠂ ᠬᠢᠯᠢ ᠵᠢᠨ ᠪᠣᠭᠣᠮᠲᠠ ᠵᠢᠨ ᠨᠡᠭᠡᠭᠡᠯᠲᠡ ᠪᠡᠨ ᠥᠷᠭᠡᠳᠭᠡᠬᠦ ᠵᠢ ᠪᠦᠬᠦ ᠬᠦᠴᠦᠨ ᠵᠢᠡᠷ ᠳᠡᠮᠵᠢᠵᠦ᠂〈ᠨᠢᠭᠡ ᠪᠦᠰᠡ ᠨᠢᠭᠡ ᠵᠠᠮ〉 ᠤ᠋ᠨ ᠴᠢᠨᠠᠷ ᠰᠠᠢᠲᠠᠢ ᠬᠥᠭᠵᠢᠯᠲᠡ ᠳ᠋ᠦ᠍ ᠦᠢᠯᠡᠴᠢᠯᠡᠨ᠎ᠡ》 ᠭᠡᠪᠡ ᠃

ᠮᠠᠨᠵᠤᠤᠷ ᠪᠣᠭᠣᠮᠲᠠ ᠵᠢᠨ ᠨᠠᠮ ᠤ᠋ᠨ ᠬᠣᠷᠢᠶᠠᠨ ᠤ᠋ ᠱᠦᠵᠢ᠂ ᠪᠣᠭᠣᠮᠲᠠ ᠵᠢᠨ ᠳᠠᠷᠤᠭ᠎ᠠ ᠬᠤᠸᠠᠩ ᠭᠦᠸᠧ ᠬᠤᠸᠠ᠄ 《ᠮᠠᠨᠵᠤᠤᠷ ᠪᠣᠭᠣᠮᠲᠠ ᠡᠨᠧᠷᠭᠢ᠂ ᠡᠬᠢ ᠪᠠᠶᠠᠯᠢᠭ᠂ ᠠᠮᠤ ᠪᠤᠳᠠᠭ᠎ᠠ᠂ ᠬᠢᠮᠢ ᠵᠢᠨ ᠪᠣᠷᠳᠣᠭᠤᠷ ᠵᠡᠷᠭᠡ ᠴᠢᠬᠤᠯᠠ ᠲᠠᠸᠠᠷ ᠤ᠋ᠨ ᠥᠨᠳᠥᠷ ᠪᠦᠲᠦᠮᠵᠢᠲᠡᠢ ᠪᠡᠷ ᠪᠣᠭᠣᠮᠲᠠ ᠥᠩᠭᠡᠷᠡᠬᠦ ᠵᠢ ᠪᠦᠬᠦ ᠬᠦᠴᠦᠨ ᠵᠢᠡᠷ ᠪᠠᠲᠤᠯᠠᠨ᠂ ᠠᠵᠤ ᠦᠢᠯᠡᠰ ᠤ᠋ᠨ ᠬᠡᠯᠬᠢᠢ᠎ᠡ ᠬᠠᠩᠭᠠᠯᠭ᠎ᠠ ᠵᠢᠨ ᠬᠡᠯᠬᠢᠢ᠎ᠡ ᠵᠢᠨ ᠠᠮᠤᠷ ᠲᠦᠪᠱᠢᠨ ᠲᠣᠭᠲᠠᠭᠤᠨ ᠢ᠋ ᠬᠠᠮᠠᠭᠠᠯᠠᠵᠤ᠂ ᠬᠢᠯᠢ ᠠᠯᠤᠰᠯᠠᠨ ᠪᠣᠭᠣᠮᠲᠠ ᠪᠠᠷ ᠥᠩᠭᠡᠷᠡᠬᠦ ᠵᠢ ᠳᠥᠭᠥᠮᠴᠢᠯᠡᠬᠦ ᠲᠦᠪᠱᠢᠨ ᠢ᠋ ᠳᠡᠭᠡᠭᠱᠢᠯᠡᠭᠦᠯᠵᠦ᠂ ᠳᠤᠮᠳᠠᠳᠤ ᠧᠦ᠋ᠷᠣᠫᠠ ᠵᠢᠨ ᠵᠢᠰᠢᠶᠠᠨ ᠤ᠋ ᠭᠠᠯᠲᠤ ᠲᠡᠷᠭᠡ ᠵᠢᠨ ᠬᠤᠷᠳᠤᠴᠠ ᠵᠢ ᠳᠡᠭᠡᠭᠱᠢᠯᠡᠭᠦᠯᠦᠨ ᠬᠡᠮᠵᠢᠢ᠎ᠡ ᠵᠢ ᠨᠡᠮᠡᠭᠳᠡᠬᠦᠯᠵᠤ ᠦᠷ᠎ᠡ ᠠᠱᠢᠭ ᠢ᠋ ᠲᠡᠬᠡᠭᠰᠢᠯᠡᠬᠦᠯᠬᠦ ᠳ᠋ᠦ᠍ ᠬᠦᠴᠦᠨ ᠨᠡᠮᠡᠷᠢᠯᠡᠵᠦ᠂ ᠤᠯᠤᠰ ᠤ᠋ᠨ ᠤᠮᠠᠷᠠᠱᠢ ᠨᠡᠭᠡᠭᠡᠯᠲᠡ ᠬᠢᠬᠦ ᠪᠠᠢᠯᠳᠤᠬᠤ ᠪᠣᠳᠣᠯᠭ᠎ᠠ ᠵᠢᠨ ᠬᠡᠷᠡᠭᠵᠢᠭᠦᠯᠦᠯᠲᠡ ᠳ᠋ᠦ᠍ ᠦᠢᠯᠡᠴᠢᠯᠡᠨ᠂ ᠭᠠᠳᠠᠭᠠᠳᠤ ᠠᠷᠠᠯᠵᠢᠶᠠᠨ ᠤ᠋ ᠲᠣᠭᠲᠠᠭᠤᠨ ᠢ᠋ ᠪᠠᠲᠤᠯᠠᠵᠤ ᠴᠢᠨᠠᠷ ᠢ᠋ ᠳᠡᠭᠡᠭᠱᠢᠯᠡᠭᠦᠯᠬᠦ ᠵᠢ ᠦᠷᠭᠦᠯᠵᠢᠯᠡᠨ ᠠᠬᠢᠭᠤᠯᠤᠨ᠎ᠠ》 ᠭᠡᠪᠡ ᠃

ᠡᠷᠢᠶᠡᠨ ᠪᠣᠭᠣᠮᠲᠠ ᠵᠢᠨ ᠳᠡᠳ᠋ ᠳᠠᠷᠤᠭ᠎ᠠ ᠵᠢᠨ ᠵᠢᠶᠦ᠋ᠨ ᠸᠸᠨ᠄ 《ᠪᠢᠳᠡ ᠡᠷᠢᠶᠡᠨ ᠪᠣᠭᠣᠮᠲᠠ ᠵᠢᠨ 〈ᠨᠢᠭᠡ ᠪᠦᠰᠡ ᠨᠢᠭᠡ ᠵᠠᠮ〉 ᠤ᠋ᠨ ᠴᠢᠬᠤᠯᠠ ᠵᠠᠩᠭᠢᠯᠠᠭ᠎ᠠ ᠵᠢᠨ ᠴᠡᠭ ᠤ᠋ᠨ ᠣᠷᠣᠨ ᠪᠠᠢᠷᠢ ᠵᠢᠨ ᠳᠠᠪᠠᠭᠤᠯᠢᠭ ᠢ᠋ ᠭᠦᠢᠴᠡᠳ ᠪᠠᠳᠠᠷᠠᠭᠤᠯᠤᠨ᠂ ᠣᠯᠠᠨ ᠤᠯᠤᠰ ᠤ᠋ᠨ ᠡᠳ᠋ ᠪᠠᠷᠠᠭᠠᠨ ᠤ᠋ ᠭᠦᠢᠯᠭᠡᠭᠡ ᠵᠢᠨ ᠶᠡᠬᠡ ᠵᠠᠮ ᠢ᠋ ᠰᠠᠭᠠᠳ ᠦᠭᠡᠢ ᠨᠡᠪᠲᠡᠷᠡᠭᠦᠯᠵᠦ᠂ 〈ᠨᠢᠭᠡ ᠪᠦᠰᠡ ᠨᠢᠭᠡ ᠵᠠᠮ〉 ᠪᠣᠯᠤᠨ ᠳᠤᠮᠳᠠᠳᠤ ᠮᠣᠩᠭᠣᠯ ᠣᠷᠣᠰ ᠤ᠋ᠨ ᠠᠵᠤ ᠠᠬᠤᠢ ᠵᠢᠨ ᠬᠣᠩᠭᠢᠯ ᠤ᠋ᠨ ᠪᠦᠲᠦᠭᠡᠨ ᠪᠠᠢᠭᠤᠯᠤᠯᠲᠠ ᠳ᠋ᠤ᠌ ᠦᠢᠯᠡᠴᠢᠯᠡᠵᠦ᠂ ᠤᠯᠤᠰ ᠤ᠋ᠨ ᠳᠣᠲᠣᠭᠠᠳᠤ ᠭᠠᠳᠠᠭᠠᠳᠤ᠎ᠶ᠋ᠢᠨ ᠬᠤᠤᠰ ᠤᠷᠴᠢᠯ ᠢ᠋ ᠬᠣᠯᠪᠣᠨ ᠨᠡᠪᠳᠡᠷᠡᠬᠦᠯᠬᠦ ᠳᠤᠮᠳᠠ ᠨᠠᠩ ᠶᠡᠬᠡ ᠦᠢᠯᠡᠳᠦᠯ ᠵᠢᠡᠨ ᠪᠠᠳᠠᠷᠠᠭᠤᠯᠬᠤ ᠵᠢᠨ ᠲᠥᠯᠥᠭᠡ ᠴᠢᠷᠮᠠᠢᠨ ᠲᠡᠮᠡᠴᠡᠨ᠎ᠡ》 ᠬᠡᠪᠠ ᠃

ᠡᠭᠦᠳᠡ ᠪᠡᠨ ᠨᠡᠭᠡᠭᠡᠨ ᠬᠥᠭᠵᠢᠭᠦᠯᠵᠤ ᠥᠪᠥᠷ ᠮᠣᠩᠭᠣᠯ ᠪᠣᠯᠤᠨ ᠳᠡᠯᠡᠬᠡᠢ ᠵᠢᠨ ᠡᠯ᠎ᠡ ᠤᠯᠤᠰ ᠤ᠋ᠨ ᠬᠣᠭᠣᠷᠣᠨᠳᠣᠬᠢ ᠠᠵᠤ ᠠᠬᠤᠢ ᠠᠷᠠᠯᠵᠢᠶᠠᠨ ᠤ᠋ ᠬᠠᠮᠲᠤᠷᠠᠯᠴᠠᠭ᠎ᠠ ᠪᠣᠯᠤᠨ ᠰᠣᠶᠣᠯ ᠢᠷᠭᠡᠨᠱᠢᠯ ᠤ᠋ᠨ ᠰᠣᠯᠢᠯᠴᠠᠭ᠎ᠠ ᠵᠢ ᠥᠷᠭᠡᠳᠭᠡᠨ᠎ᠡ

ᠶᠡᠷᠦᠩᠬᠡᠢ ᠱᠦᠵᠢ ᠱ᠋ᠢ ᠵᠢᠨ ᠫᠢᠩ ᠤ᠋ᠨ ᠥᠪᠥᠷ ᠮᠣᠩᠭᠣᠯ ᠳ᠋ᠤ᠌ ᠱᠢᠨᠵᠢᠯᠡᠨ ᠪᠠᠢᠴᠠᠭᠠᠬᠤ ᠦᠶ᠎ᠡ ᠵᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠨᠢ ᠪᠦᠬᠦ ᠣᠷᠣᠨ ᠤ᠋ ᠬᠤᠳᠠᠯᠳᠤᠭᠠᠨ ᠤ᠋ ᠶᠠᠪᠤᠳᠠᠯ ᠤ᠋ᠨ ᠱᠢᠰᠲ᠋ᠧᠮ ᠤ᠋ᠨ ᠨᠠᠮ ᠤ᠋ᠨ ᠭᠡᠱᠢᠭᠦᠨ ᠺᠠᠳ᠋ᠷᠴᠤᠳ ᠤ᠋ᠨ ᠳᠤᠮᠳᠠ ᠴᠢᠩᠭ᠎ᠠ ᠲᠤᠰᠭᠠᠯ ᠭᠠᠷᠪᠠ ᠃

ᠥᠪᠡᠷᠲᠡᠭᠡᠨ ᠵᠠᠰᠠᠬᠤ ᠣᠷᠣᠨ ᠤ᠋ ᠬᠤᠳᠠᠯᠳᠤᠭᠠᠨ ᠤ᠋ ᠶᠠᠪᠤᠳᠠᠯ ᠤ᠋ᠨ ᠲᠢᠩᠬᠢᠮ ᠤ᠋ᠨ ᠪᠠᠢᠭᠤᠯᠭ᠎ᠠ ᠵᠢᠨ ᠨᠠᠮ ᠤ᠋ᠨ ᠬᠣᠷᠢᠶ᠎ᠠ ᠵᠢᠨ ᠲᠤᠰᠭᠠᠢ ᠲᠤᠱᠢᠶᠠᠯᠲᠤ ᠳᠡᠳ᠋ ᠱᠦᠵᠢ ᠼᠦᠢ ᠵᠢᠶᠠᠨ᠄《ᠡᠨᠡ ᠵᠢᠯ ᠤ᠋ᠨ 9 ᠰᠠᠷ᠎ᠠ ᠳ᠋ᠤ᠌ ᠮᠠᠨ ᠤ᠋ ᠣᠷᠣᠨ 〈ᠳᠥᠷᠪᠡᠳᠦᠭᠡᠷ ᠬᠤᠭᠤᠴᠠᠭᠠᠨ ᠤ᠋ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭᠯᠠᠭᠠᠨ〉 ᠢ᠋ ᠡᠷᠬᠢᠯᠡᠬᠦ ᠪᠡᠷ ᠪᠣᠢ᠃ ᠪᠢᠳᠡ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠲᠠᠪᠴᠠᠩ ᠤ᠋ᠨ ᠦᠢᠯᠡᠳᠦᠯ ᠢ᠋ ᠭᠦᠢᠴᠡᠳ ᠪᠠᠳᠠᠷᠠᠭᠤᠯᠵᠤ᠂〈ᠨᠢᠭᠡ ᠪᠦᠰᠡ ᠨᠢᠭᠡ ᠵᠠᠮ〉 ᠢ᠋ ᠬᠠᠮᠲᠤ ᠪᠠᠷ ᠪᠠᠢᠭᠤᠯᠬᠤ ᠳ᠋ᠤ᠌ ᠢᠳᠡᠪᠬᠢᠲᠡᠢ ᠠᠭᠤᠰᠤᠯᠴᠠᠨ᠂ ᠥᠨᠳᠥᠷ ᠲᠦᠪᠱᠢᠨ ᠪᠦᠬᠦᠢ ᠨᠡᠭᠡᠭᠡᠯᠲᠡ ᠪᠡᠷ ᠴᠢᠨᠠᠷ ᠰᠠᠢᠲᠠᠢ ᠬᠥᠭᠵᠢᠯᠲᠡ ᠵᠢ ᠠᠬᠢᠭᠤᠯᠵᠤ᠂ ᠤᠯᠤᠰ ᠤ᠋ᠨ ᠭᠠᠳᠠᠭᠠᠳᠤ ᠨᠡᠭᠡᠭᠡᠯᠲᠡ ᠵᠢᠨ ᠶᠡᠬᠡ ᠲᠠᠯ᠎ᠠ ᠳ᠋ᠠᠬᠢ ᠮᠠᠨ ᠤ᠋ ᠣᠷᠣᠨ ᠤ᠋ ᠪᠠᠢᠯᠳᠤᠬᠤ ᠪᠣᠳᠣᠯᠭ᠎ᠠ ᠵᠢᠨ ᠪᠠᠢᠷᠢ ᠰᠠᠭᠤᠷᠢ ᠪᠠ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ ᠢ᠋ ᠤᠯᠠᠮ ᠳᠡᠭᠡᠭᠱᠢᠯᠡᠭᠦᠯᠦᠨ᠎ᠡ》 ᠭᠡᠪᠠ ᠃

ᠥᠪᠡᠷᠲᠡᠭᠡᠨ ᠵᠠᠰᠠᠬᠤ ᠣᠷᠣᠨ ᠤ᠋ ᠬᠤᠳᠠᠯᠳᠤᠭᠠᠨ ᠤ᠋ ᠶᠠᠪᠤᠳᠠᠯ ᠤ᠋ᠨ ᠲᠢᠩᠬᠢᠮ ᠤ᠋ᠨ ᠭᠠᠳᠠᠭᠠᠳᠤ ᠵᠢᠨ ᠪᠡᠯᠡ ᠣᠷᠣᠭᠤᠯᠤᠯᠲᠠ ᠵᠢᠨ ᠬᠠᠮᠢᠶᠠᠷᠤᠯᠲᠠ ᠵᠢᠨ ᠭᠠᠵᠠᠷ ᠤ᠋ᠨ ᠳᠠᠷᠤᠭ᠎ᠠ ᠳ᠋ᠦ᠋ ᠸᠧᠢ ᠸᠧᠢ ᠢᠯᠡᠷᠬᠡᠢᠯᠡᠬᠦ ᠳ᠋ᠡᠭᠡᠨ ᠬᠤᠳᠠᠯᠳᠤᠭᠠᠨ ᠤ᠋ ᠶᠠᠪᠤᠳᠠᠯ ᠤ᠋ᠨ ᠱᠢᠰᠲ᠋ᠧᠮ ᠤ᠋ᠨ ᠨᠠᠮ ᠤ᠋ᠨ ᠭᠡᠱᠢᠭᠦᠨ ᠺᠠᠳ᠋ᠷ ᠪᠣᠯᠤᠭᠰᠠᠨ ᠤ᠋ ᠬᠤᠪᠢ ᠳ᠋ᠤ᠌᠂ ᠥᠪᠥᠷ ᠮᠣᠩᠭᠣᠯ ᠵᠢᠠᠨ ᠮᠠᠨ ᠤ᠋ ᠤᠯᠤᠰ ᠤ᠋ᠨ ᠤᠮᠠᠷᠠᠱᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠪᠣᠯᠭᠠᠨ ᠪᠦᠲᠦᠭᠡᠨ ᠪᠠᠢᠭᠤᠯᠬᠤ ᠪᠠᠢᠯᠳᠤᠬᠤ ᠪᠣᠳᠣᠯᠭ᠎ᠠ ᠵᠢᠨ ᠪᠠᠢᠷᠢ ᠲᠣᠭᠲᠠᠭᠠᠯᠲᠠ ᠳ᠋ᠤ᠌ ᠠᠩᠬᠠᠷᠤᠯ ᠵᠢᠠᠨ ᠬᠠᠨᠳᠤᠭᠤᠯᠵᠤ᠂ ᠵᠣᠷᠢᠭᠲᠠᠢ ᠪᠠᠷ ᠱᠢᠨ᠎ᠡ ᠵᠢ ᠡᠭᠦᠳᠤᠨ᠂ ᠬᠠᠷᠢᠭᠤᠴᠠᠯᠭ᠎ᠠ ᠡᠭᠦᠷᠭᠡᠯᠡᠨ ᠴᠢᠷᠮᠠᠢᠨ ᠠᠵᠢᠯᠯᠠᠵᠤ᠂ ᠵᠢᠯ ᠤ᠋ᠨ ᠡᠬᠢᠨ ᠳ᠋ᠦ᠍ ᠲᠣᠭᠲᠠᠭᠰᠠᠨ ᠡᠭᠦᠷᠭᠡ ᠪᠡᠨ ᠪᠦᠬᠦ ᠬᠦᠴᠦᠨ ᠵᠢᠡᠷ ᠵᠢᠡᠨ ᠪᠡᠶᠡᠯᠡᠭᠦᠯᠤᠨ᠎ᠡ ᠭᠡᠪᠡ᠃

ᠬᠣᠣᠰ ᠤᠷᠴᠢᠯ ᠳ᠋ᠦ᠍ ᠦᠢᠯᠡᠴᠢᠯᠡᠬᠦ ᠪᠠ ᠠᠭᠤᠰᠤᠯᠴᠠᠵᠤ ᠥᠨᠳᠥᠷ ᠲᠦᠪᠱᠢᠨ ᠪᠦᠬᠦᠢ ᠨᠡᠭᠡᠭᠡᠯᠲᠡ ᠪᠡᠷ ᠴᠢᠨᠠᠷ ᠰᠠᠢᠲᠠᠢ ᠬᠥᠭᠵᠢᠯᠲᠡ ᠵᠢ ᠠᠬᠢᠭᠤᠯᠤᠨ᠎ᠠ

ᠮᠠᠨᠵᠤᠤᠷ ᠤ᠋ᠨ ᠢ ᠯᠢ ᠲᠦᠸᠸ ᠡᠳ᠋ ᠪᠠᠷᠠᠭᠠᠨ ᠤ᠋ ᠭᠦᠢᠯᠭᠡᠭᠡ ᠵᠢᠨ ᠬᠢᠵᠠᠭᠠᠷᠲᠤ ᠺᠣᠮᠫᠠᠨᠢ ᠵᠢᠨ ᠶᠡᠷᠦᠩᠬᠡᠢᠯᠡᠭᠰᠡᠨ ᠬᠠᠮᠢᠶᠠᠷᠤᠯᠲᠠ ᠵᠢᠨ ᠭᠠᠵᠠᠷ ᠤ᠋ᠨ ᠳᠠᠭᠠᠭᠠᠮᠠᠯ ᠶᠠᠨ ᠱᠢ ᠮᠢᠩ᠄ 《ᠪᠢᠳᠡ ᠶᠡᠷᠦᠩᠬᠡᠢ ᠱᠦᠵᠢ ᠱ᠋ᠢ ᠵᠢᠨ ᠫᠢᠩ ᠤ᠋ᠨ ᠴᠢᠩ ᠰᠡᠳᠭᠢᠯ ᠤ᠋ᠨ ᠬᠦᠰᠡᠯ ᠨᠠᠢᠳᠠᠯᠭ᠎ᠠ ᠵᠢ ᠪᠠᠲᠤ ᠴᠡᠭᠡᠵᠢᠯᠡᠵᠦ᠂ ᠤᠯᠤᠰ ᠤ᠋ᠨ ᠬᠥᠭᠵᠢᠯᠲᠡ ᠵᠢᠨ ᠪᠠᠢᠯᠳᠤᠬᠤ ᠪᠣᠳᠣᠯᠭ᠎ᠠ ᠳ᠋ᠤ᠌ ᠦᠢᠯᠡᠴᠢᠯᠡᠬᠦ ᠵᠢ ᠪᠠᠷᠢᠮᠲᠠᠯᠠᠨ᠂ ᠣᠷᠣᠰ ᠮᠠᠲ᠋ᠧᠷᠢᠶᠠᠯ ᠤ᠋ᠨ ᠡᠵᠡᠩᠨᠡᠯᠲᠡ ᠵᠢᠨ ᠪᠦᠬᠦ ᠠᠵᠤ ᠦᠢᠯᠡᠰ ᠤ᠋ᠨ ᠬᠡᠯᠬᠢᠢ᠎ᠡ ᠵᠢ ᠴᠢᠷᠮᠠᠢᠨ ᠴᠣᠭᠴᠠᠯᠠᠨ᠎ᠠ ᠃ ᠣᠯᠠᠨ ᠤᠯᠤᠰ ᠤ᠋ᠨ ᠠᠷᠠᠯᠵᠢᠶ᠎ᠠ᠂ ᠡᠳ᠋ ᠪᠠᠷᠠᠭᠠᠨ ᠤ᠋ ᠭᠦᠢᠯᠭᠡᠭᠡ ᠵᠢᠨ ᠬᠥᠭᠵᠢᠯᠲᠡ ᠵᠢᠨ ᠶᠡᠬᠡ ᠬᠠᠨᠳᠤᠱᠢ ᠳ᠋ᠤ᠌ ᠵᠣᠬᠢᠴᠠᠨ᠂ ᠤᠯᠤᠰ ᠤ᠋ᠨ ᠳᠣᠲᠣᠭᠠᠳᠤ ᠭᠠᠳᠠᠭᠠᠳᠤ ᠵᠢᠨ ᠬᠣᠶᠠᠷ ᠵᠠᠬ᠎ᠠ ᠳᠡᠯᠭᠡᠭᠦᠷ ᠢ᠋ ᠭᠦᠢᠴᠡᠳ ᠠᠱᠢᠭᠯᠠᠵᠤ᠂ ᠭᠣᠣᠯ ᠴᠣᠭᠴᠠ ᠵᠢᠨ ᠠᠵᠤ ᠦᠢᠯᠡᠰ ᠵᠢᠡᠨ ᠱᠢᠯᠢᠳᠡᠭᠵᠢᠭᠦᠯᠤᠨ᠂ ᠱᠢᠨ᠎ᠡ ᠪᠡᠷ ᠮᠠᠨᠳᠤᠵᠤ ᠪᠠᠢᠭ᠎ᠠ ᠠᠵᠤ ᠦᠢᠯᠡᠰ ᠵᠢᠡᠨ ᠰᠠᠢᠲᠤᠷ ᠬᠢᠵᠦ᠂ ᠮᠠᠨ ᠤ᠋ ᠤᠯᠤᠰ ᠤ᠋ᠨ ᠤᠮᠠᠷᠠᠱᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢ ᠪᠦᠲᠦᠭᠡᠨ ᠪᠠᠢᠭᠤᠯᠬᠤ ᠳ᠋ᠤ᠌ ᠬᠦᠴᠦᠨ ᠴᠢᠳᠠᠯ ᠵᠢᠠᠨ ᠡᠷᠭᠦᠨ᠎ᠡ》 ᠬᠡᠪᠡ ᠃

ᠤᠯᠠᠭᠠᠨᠴᠠᠪ ᠤ᠋ᠨ ᠭᠠᠳᠠᠭᠠᠳᠤ ᠠᠵᠤ ᠠᠬᠤᠢ ᠠᠷᠠᠯᠵᠢᠶᠠᠨ ᠤ᠋ ᠬᠠᠮᠲᠤᠷᠠᠯᠴᠠᠭ᠎ᠠ ᠪᠡᠯᠡ ᠣᠷᠣᠭᠤᠯᠤᠯᠲᠠ ᠵᠢᠨ ᠬᠥᠭᠵᠢᠯᠲᠡ ᠵᠢᠨ ᠬᠢᠵᠠᠭᠠᠷᠲᠤ ᠺᠣᠮᠫᠠᠨᠢ ᠵᠢᠨ ᠶᠡᠷᠦᠩᠬᠡᠢᠯᠡᠭᠰᠡᠨ ᠬᠠᠮᠢᠶᠠᠷᠤᠯᠲᠠ ᠵᠢᠨ ᠭᠠᠵᠠᠷ ᠤ᠋ᠨ ᠳᠠᠷᠤᠭ᠎ᠠ ᠰᠦᠨ ᠸᠸᠨ ᠵᠢᠶᠧ᠄ 《ᠶᠡᠷᠦᠩᠬᠡᠢ ᠱᠦᠵᠢ ᠱ᠋ᠢ ᠵᠢᠨ ᠫᠢᠩ ᠤ᠋ᠨ ᠴᠢᠬᠤᠯᠠ ᠵᠢᠭᠠᠪᠤᠷᠢ ᠴᠢᠬᠤᠯᠠ ᠶᠠᠷᠢᠶ᠎ᠠ ᠨᠢ ᠤᠮᠠᠷᠠᠱᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢᠨ ᠪᠦᠲᠦᠭᠡᠨ ᠪᠠᠢᠭᠤᠯᠤᠯᠲᠠ ᠳ᠋ᠤ᠌ ᠴᠢᠭᠯᠡᠯ ᠢ᠋ ᠲᠣᠳᠣᠷᠬᠠᠢ ᠵᠢᠭᠠᠵᠤ ᠥᠭᠴᠡᠢ᠃ ᠳᠠᠷᠠᠭᠠᠴᠢ ᠪᠡᠷ ᠮᠠᠨ ᠤ᠋ ᠺᠣᠮᠫᠠᠨᠢ ᠦᠷᠭᠦᠯᠵᠢᠯᠡᠨ ᠳᠤᠮᠳᠠᠳᠤ ᠧᠦ᠋ᠷᠣᠫᠠ ᠵᠢᠨ ᠵᠢᠰᠢᠶᠠᠨ ᠤ᠋ ᠭᠠᠯᠲᠤ ᠲᠡᠷᠭᠡ ᠵᠢᠨ ᠪᠠᠭᠲᠠᠭᠠᠮᠵᠢ ᠵᠢ ᠪᠤᠵᠠᠭᠠᠢᠷᠠᠭᠤᠯᠤᠨ ᠬᠦᠴᠦᠷᠬᠡᠭᠵᠢᠭᠦᠯᠵᠦ᠂ ᠡᠳ᠋ ᠪᠠᠷᠠᠭᠠᠨ ᠤ᠋ ᠭᠦᠢᠯᠭᠡᠭᠡ ᠵᠢᠨ ᠬᠦᠢᠰᠦ ᠪᠠ ᠠᠵᠤ ᠦᠢᠯᠡᠰ ᠤ᠋ᠨ ᠬᠠᠩᠭᠠᠯᠭ᠎ᠠ ᠵᠢᠨ ᠬᠡᠯᠬᠢᠢ᠎ᠡ ᠵᠡᠷᠭᠡ ᠬᠦᠷᠢᠶ᠎ᠡ ᠴᠠᠷᠠᠭᠠᠨ ᠳ᠋ᠦ᠍ ᠤᠷᠢᠳ ᠵᠢᠡᠷ ᠪᠠᠢᠷᠢᠱᠢᠭᠤᠯᠤᠯᠳᠠ ᠬᠢᠵᠤ᠂ ᠤᠯᠤᠰ ᠤ᠋ᠨ ᠳᠣᠲᠣᠭᠠᠳᠤ ᠭᠠᠳᠠᠭᠠᠳᠤ ᠵᠢᠨ ᠬᠣᠣᠰ ᠣᠷᠴᠢᠯ ᠳ᠋ᠤ᠌ ᠦᠢᠯᠡᠴᠢᠯᠡᠬᠦ ᠪᠠ ᠠᠭᠤᠰᠤᠯᠴᠠᠬᠤ ᠳᠤᠮᠳᠠ ᠲᠤᠰ ᠪᠡᠶ᠎ᠡ ᠵᠢᠨ ᠴᠢᠨᠠᠷ ᠰᠠᠢᠲᠠᠢ ᠬᠥᠭᠵᠢᠯᠲᠡ ᠪᠡᠨ ᠪᠡᠶᠡᠯᠡᠭᠦᠯᠦᠨ᠎ᠡ》 ᠭᠡᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号