ᠳ᠋ᠢᠩ ᠱᠢᠸ᠋ ᠹᠸᠩ ᠶᠠᠷᠢᠶ᠎ᠠ ᠲᠠᠯᠪᠢᠵᠠᠢ
ᠤᠢ᠍ᠢᠷ᠎ᠠ ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠎ᠶ᠋ᠢᠨ ᠪᠠᠢᠩᠭᠤ᠎ᠶ᠋ᠢᠨ ᠭᠡᠱᠢᠭᠦᠨ᠂ ᠪᠤᠭᠤᠲᠤ ᠬᠤᠳᠠ᠎ᠶ᠋ᠢᠨ ᠨᠠᠮ᠎ᠤᠨ ᠬᠣᠷᠢᠢ᠎ᠠ᠎ᠶ᠋ᠢᠨ ᠱᠦᠵᠢ ᠳ᠋ᠢᠩ ᠱᠢᠸ᠋ ᠹᠸᠩ ᠬᠤᠳᠠ᠎ᠶ᠋ᠢᠨ ᠨᠠᠮ᠎ᠤᠨ ᠬᠣᠷᠢᠢ᠎ᠠ᠎ᠶ᠋ᠢᠨ ᠪᠠᠢᠩᠭᠤ᠎ᠶ᠋ᠢᠨ ᠬᠣᠷᠢᠢ᠎ᠠ (ᠥᠷᠭᠡᠳᠭᠡᠭ᠌ᠰᠡᠨ) ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩᠤᠨᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠥᠶ᠎ᠠ ᠵᠢᠨ ᠴᠢᠬᠤᠯᠠ ᠵᠢᠭᠠᠪᠤᠷᠢ ᠴᠢᠬᠤᠯᠠ ᠶᠠᠷᠢᠶ᠎ᠠ ᠵᠢᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠲᠤᠬᠢᠷᠠᠭᠤᠯᠤᠨ ᠪᠠᠢᠷᠢᠯᠠᠭᠤᠯᠵᠠᠢ᠃
ᠳ᠋ᠢᠩ ᠱᠢᠸ᠋ ᠹᠸᠩ᠂ ᠪᠤᠭᠤᠲᠤ ᠬᠤᠳᠠ ᠶᠡᠷᠦᠩᠬᠡᠢ ᠱᠦᠵᠢ᠎ᠶ᠋ᠢᠨ ᠴᠢᠬᠤᠯᠠ ᠵᠢᠭᠠᠪᠤᠷᠢ ᠴᠢᠬᠤᠯᠠ ᠶᠠᠷᠢᠶ᠎ᠠ ᠵᠢᠨ ᠵᠣᠷᠢᠭ ᠰᠠᠨᠠᠭ᠎ᠠ᠎ᠶ᠋ᠢ ᠨᠠᠢᠳᠠᠪᠤᠷᠢᠵᠢᠭᠤᠯᠬᠤ ᠳᠤᠮᠳᠠᠬᠢ ᠡᠭᠦᠷᠭᠡ ᠬᠠᠷᠢᠭᠤᠴᠠᠯᠭ᠎ᠠ᠎ᠪᠡᠨ ᠣᠨᠣᠪᠴᠢᠲᠠᠢ ᠡᠷᠢᠨ ᠣᠯᠵᠤ᠂ ᠶᠡᠷᠦᠩᠬᠡᠢ ᠱᠦᠵᠢ᠎ᠶ᠋ᠢᠨ ᠵᠢᠭᠠᠭ᠍ᠰᠠᠨ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠠᠵᠢᠯ᠎ᠤᠨ ᠰᠡᠳᠭᠢᠴᠡ ᠪᠣᠯᠤᠨ ᠬᠥᠭ᠌ᠵᠢᠯᠲᠡ᠎ᠶ᠋ᠢᠨ ᠦᠢᠯᠡᠳᠦᠯᠭᠡ ᠪᠣᠯᠭᠠᠨ ᠬᠤᠪᠢᠷᠠᠭᠤᠯᠬᠤ᠎ᠪᠠᠷ ᠴᠢᠷᠮᠠᠢᠬᠤ ᠬᠡᠷᠡᠭ᠌ᠲᠡᠢ; ᠦᠪᠡᠷᠮᠢᠴᠡ ᠣᠨᠴᠠᠯᠢᠭ᠎ᠲᠠᠭᠠᠨ ᠰᠠᠭᠤᠷᠢᠯᠠᠨ ᠳᠠᠪᠠᠭᠤᠯᠢᠭ ᠤᠨᠴᠠᠯᠢᠬ᠍ᠳᠤ ᠠᠵᠤ ᠦᠢᠯᠡᠰ᠎ᠢ ᠶᠡᠬᠡ ᠪᠡᠷ ᠬᠥᠭ᠌ᠵᠢᠭᠦᠯᠵᠦ᠍᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲᠸᠮ᠎ᠢ ᠬᠦᠴᠦᠯᠡᠨ ᠪᠠᠢᠭᠤᠯᠬᠤ ᠬᠡᠷᠡᠭ᠌ᠲᠡᠢ; 《ᠳᠡᠯᠡᠬᠡᠢ᠎ᠶ᠋ᠢᠨ ᠬᠣᠪᠣᠷ ᠱᠢᠷᠣᠢ᠎ᠶ᠋ᠢᠨ ᠬᠤᠳᠠ》 ᠵᠢ ᠪᠦᠳᠦᠭᠡᠨ ᠪᠠᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠣᠪᠣᠷ ᠱᠢᠷᠣᠢ᠎ᠶ᠋ᠢᠨ ᠠᠵᠤ ᠦᠢᠯᠡᠰ᠎ᠤᠨ 《ᠳᠡᠯᠡᠬᠡᠢ᠎ᠶ᠋ᠢᠨ ᠲᠡᠰ᠎ᠤᠨ ᠬᠠᠳᠠᠭᠠᠯᠠᠭ᠍ᠳᠠᠴᠠ》 ᠡᠴᠡ 《ᠳᠡᠯᠡᠬᠡᠢ᠎ᠶ᠋ᠢᠨ ᠲᠡᠰ᠎ᠤᠨ ᠠᠵᠤ ᠦᠢᠯᠡᠰ》ᠲᠡᠢᠰᠢ ᠤᠷᠤᠭ᠍ᠰᠢᠯᠠᠬᠤ᠎ᠶ᠋ᠢ ᠲᠦᠷᠭᠡᠳᠭᠡᠨ ᠠᠬᠢᠭᠤᠯᠬᠤ ᠬᠡᠷᠡᠭ᠌ᠲᠡᠢ; 《ᠳᠡᠯᠡᠬᠡᠢ᠎ᠶ᠋ᠢᠨ ᠪᠣᠬᠢᠷᠲᠤᠯ ᠦᠭᠡᠢ ᠴᠠᠬᠢᠭᠤᠷ᠎ᠤᠨ ᠬᠤᠳᠠ》 ᠬᠡᠬᠦ ᠱᠢᠨ᠎ᠡ ᠨᠡᠷ᠎ᠡ᠎ᠶ᠋ᠢᠨ ᠬᠠᠭᠤᠳᠠᠰᠤ ᠪᠠᠨ ᠰᠠᠢᠲᠤᠷ ᠨᠠᠨᠳᠢᠩᠨᠠᠨ ᠬᠡᠷᠡᠭ᠌ᠯᠡᠵᠦ᠍᠂ ᠪᠦᠬᠦ᠌ ᠤᠯᠤᠰ᠂ ᠪᠦᠬᠦ᠌ ᠪᠥᠮᠪᠥᠷᠴᠡᠭ ᠲᠦ᠍ ᠬᠠᠮᠤᠭ᠎ᠤᠨ ᠨᠠᠷ᠎ᠡ ᠠᠯᠳᠠᠷ ᠲᠠᠢ ᠴᠠᠬᠢᠭᠤᠷ᠎ᠤᠨ ᠠᠵᠤ ᠦᠢᠯᠡᠰ᠎ᠦᠨ ᠭᠤᠤᠯ ᠬᠤᠳᠠ᠎ᠶ᠋ᠢ ᠪᠠᠢᠭᠤᠯᠬᠤ ᠬᠡᠷᠡᠭ᠌ᠲᠡᠢ; ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠦ ᠨᠤᠳᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠱᠢᠰᠲᠸᠮ ᠲᠠᠢ ᠵᠠᠰᠠᠬᠤ᠎ᠶ᠋ᠢ ᠪᠠᠷᠢᠮᠲᠠᠯᠠᠵᠤ᠂ ᠦᠵᠡᠰᠭᠦᠯᠡᠩᠲᠦ ᠰᠠᠢᠬᠠᠨ ᠪᠤᠭᠤᠲᠤ᠎ᠶ᠋ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠬᠡᠷᠡᠭ᠌ᠲᠡᠢ; ᠬᠦᠭᠵᠢᠬᠦᠯᠬᠦ ᠨᠢ ᠠᠷᠠᠳ ᠲᠦᠮᠡᠨ᠎ᠤ ᠲᠦᠯᠦᠭᠡ ᠪᠠᠢᠵᠤ᠂ ᠬᠦᠭᠵᠢᠯᠳᠡ ᠨᠢ ᠠᠷᠠᠳ᠎ᠲᠤ ᠠᠱᠢᠭ ᠬᠦᠷᠲᠡᠭᠡᠬᠦ᠌᠎ᠶ᠋ᠢ ᠪᠠᠷᠢᠮᠲᠠᠯᠠᠨ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠠᠢᠲᠤᠷ ᠬᠢᠵᠦ᠍᠂ ᠦᠨᠳᠦᠰᠦᠲᠡᠨ᠎ᠦ ᠠᠵᠢᠯ᠎ᠢ ᠨᠠᠩ ᠪᠣᠳᠠᠲᠠᠶ ᠪᠥᠭᠡᠳ ᠪᠦᠲᠦᠮᠵᠢᠲᠡᠶ ᠰᠠᠢᠲᠤᠷ ᠬᠢᠬᠦ᠌ ᠬᠡᠷᠡᠭ᠌ᠲᠡᠶ; ᠶᠡᠷᠦᠩᠬᠡᠢ ᠱᠦᠵᠢ᠎ᠶ᠋ᠢᠨ ᠭᠣᠣᠯ ᠰᠡᠳᠦᠪᠲᠦ ᠬᠥᠮᠦᠵᠢᠯ᠎ᠢ ᠰᠠᠢᠲᠤᠷ ᠥᠷᠨᠢᠭᠦᠯᠬᠦ᠌ ᠲᠤᠬᠠᠢ ᠵᠢᠭᠠᠪᠤᠷᠢ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠠᠵᠢᠯ᠎ᠤᠨ ᠰᠤᠷᠲᠠᠯ᠎ᠢᠶᠠᠨ ᠦᠷᠭᠦᠯᠵᠢᠯᠡᠨ ᠰᠠᠢᠵᠢᠷᠠᠭᠤᠯᠬᠤ ᠬᠡᠷᠡᠭ᠌ᠲᠡᠢ ᠬᠡᠵᠦ ᠴᠢᠬᠤᠯᠠᠴᠢᠯᠠᠵᠠᠢ᠃
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635372
ᠢᠮᠧᠯ᠄tn@mgyxw.net 蒙ICP备10000005号