ᠪᠦᠬᠦ ᠣᠷᠣᠨ᠎ᠤ ᠨᠢᠭᠡᠳᠦᠮᠡᠯ ᠹᠷᠣᠨᠲ᠎ᠤᠨ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠵᠢᠭᠠᠪᠤᠷᠢ ᠴᠢᠬᠤᠯᠠ ᠶᠠᠷᠢᠶ᠎ᠠ ᠵᠢᠨ ᠵᠣᠷᠢᠭ᠋ ᠰᠠᠨᠠᠭ᠎ᠠ᠎ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠠᠷᠢᠯᠴᠠᠬᠤ ᠬᠤᠷᠠᠯ ᠬᠤᠷᠠᠯᠳᠤᠪᠠ
2023-06-16 10:18:13
ᠵᠣᠬᠢᠶᠠᠭ᠍ᠴᠢ᠄
ᠰᠦᠩ ᠱᠤᠸᠠᠩ
ᠣᠩᠱᠢᠭ᠍ᠰᠠᠨ ᠣᠳᠠᠭ᠎ᠠ᠄
★★★☆☆

ᠬᠦᠦᠳᠠᠭᠤᠯᠠ ᠶᠠᠷᠢᠶ᠎ᠠ ᠲᠠᠯᠪᠢᠵᠤ   ᠪᠠᠢ ᠴᠢᠩ ᠶᠤᠸᠠᠨ   ᠰᠦᠨ ᠵᠢᠶᠦ᠋ᠨ ᠴᠢᠩ ᠦᠭᠡ ᠬᠡᠯᠡᠵᠡᠢ

6 ᠰᠠᠷ᠎ᠠ᠎ᠶᠢᠨ 14᠎ᠤ᠋ ᠡᠳᠦᠷ᠂ ᠪᠦᠬᠦ ᠣᠷᠣᠨ᠎ᠤ ᠨᠢᠭᠡᠳᠦᠮᠡᠯ ᠹᠷᠣᠨᠲ᠎ᠤᠨ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠵᠢᠭᠠᠪᠤᠷᠢ ᠴᠢᠬᠤᠯᠠ ᠶᠠᠷᠢᠶ᠎ᠠ ᠵᠢᠨ ᠵᠣᠷᠢᠭ᠋ ᠰᠠᠨᠠᠭ᠎ᠠ᠎ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠠᠷᠢᠯᠴᠠᠬᠤ ᠬᠤᠷᠠᠯ ᠬᠥᠬᠡᠬᠣᠲᠠ᠎ᠳᠤ ᠬᠤᠷᠠᠯᠳᠤᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ ᠬᠦᠦᠳᠡᠭᠤᠯᠡ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃

ᠬᠤᠷᠠᠯ ᠡᠴᠡ᠂ ᠪᠦᠬᠦ ᠣᠷᠣᠨ᠎ᠤ ᠨᠢᠭᠡᠳᠦᠮᠡᠯ ᠹᠷᠣᠨᠲ᠎ᠤᠨ ᠬᠢᠨ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠵᠢᠭᠠᠪᠤᠷᠢ ᠴᠢᠬᠤᠯᠠ ᠶᠠᠷᠢᠶ᠎ᠠ ᠵᠢᠨ ᠵᠣᠷᠢᠭ᠋ ᠰᠠᠨᠠᠭ᠎ᠠ᠎ᠶᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ ᠪᠠᠷ ᠣᠢᠯᠠᠭᠠᠨ ᠲᠤᠭᠤᠰᠢᠯᠠᠭᠤᠯᠬᠤ ᠢ᠋ᠢᠨ ᠬᠠᠮᠲᠦ᠂ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠤᠨ ᠲᠤᠬᠠᠢ ᠠᠯᠢ ᠤᠯᠠᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠦ᠂ ᠪᠣᠳᠠᠲᠤ ᠠᠵᠢᠯᠯᠠᠭ᠎ᠠ ᠪᠠᠷ᠎ᠢᠶᠠᠨ 《ᠬᠣᠶᠠᠷ᠎ᠢ ᠲᠣᠭᠲᠠᠭᠠᠬᠰᠠᠨ》 ᠢ᠋ ᠬᠦᠷᠢᠶᠡᠯᠡᠵᠦ᠂《ᠬᠣᠶᠠᠷ᠎ᠢ ᠬᠠᠮᠠᠭᠠᠯᠠᠬᠤ》 ᠶ᠋ᠢ ᠦᠢᠯᠡᠳᠦᠯᠭᠡᠵᠢᠭᠦᠯᠬᠦ ᠬᠡᠷᠡᠭᠲᠡᠢ᠃ ᠨᠢᠭᠡᠳᠦᠮᠡᠯ ᠹᠷᠣᠨᠲ᠎ᠤᠨ ᠬᠦᠴᠦᠷᠬᠡᠭ ᠶᠡᠬᠡ ᠦᠢᠯᠡᠳᠦᠯ᠎ᠢ ᠭᠦᠢᠴᠡᠳ ᠪᠠᠳᠠᠷᠠᠭᠤᠯᠵᠤ᠂ ᠰᠠᠨᠠᠭᠠᠴᠢᠯᠠᠭ᠎ᠠ ᠡᠴᠡ ᠪᠠᠨ ᠪᠠᠢᠷᠢ ᠲᠣᠭᠲᠠᠭᠠᠯᠲᠠ ᠪᠠᠨ ᠡᠷᠢᠵᠦ ᠡᠭᠦᠷᠭᠡ᠎ᠬᠠᠷᠢᠭᠤᠴᠠᠯᠭ᠎ᠠ ᠪᠠᠨ ᠡᠷᠢᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ ᠡᠨᠡ᠎ᠬᠦ ᠭᠣᠣᠯ ᠰᠢᠵᠢᠮ ᠲᠠᠢ ᠨᠢᠭ᠍ᠲᠠ ᠤᠶᠠᠯᠳᠤᠭᠤᠯᠵᠤ᠂ ᠲᠤᠬᠠᠢᠯᠠᠬᠰᠠᠨ ᠠᠵᠢᠯ᠎ᠳᠠᠭᠠᠨ ᠰᠠᠭᠤᠷᠢᠯᠠᠨ ᠭᠠᠪᠢᠶ᠎ᠠ ᠪᠠᠢᠭᠤᠯᠵᠤ ᠦᠢᠯᠡᠰ ᠪᠦᠲᠦᠭᠡᠨ᠂ ᠨᠢᠭᠡᠳᠦᠮᠡᠯ ᠹᠷᠣᠨᠲ᠎ᠤᠨ ᠬᠦᠷᠢᠶᠡᠨ᠎ᠦ ᠭᠣᠣᠯ ᠰᠡᠳᠦᠪᠲᠦ ᠬᠥᠮᠦᠵᠢᠯ᠎ᠢ ᠭᠦᠨᠵᠡᠭᠡᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠎ᠳᠦ ᠬᠦᠴᠦᠨ ᠨᠡᠮᠡᠷᠢᠯᠡᠬᠦ ᠲᠠᠯ᠎ᠠ ᠪᠠᠷ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠢᠯᠭ᠎ᠠ᠎ᠶᠢ ᠢᠯᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃

ᠬᠤᠷᠠᠯ ᠳᠡᠭᠡᠷ᠎ᠡ᠂ ᠪᠠᠢ ᠴᠢᠩ ᠶᠤᠸᠠᠨ᠂ ᠵᠤᠤ ᠵᠢᠢ᠂ ᠵᠢᠨ ᠵᠣᠸᠠᠩ᠂ ᠰᠦᠨ ᠵᠢᠶᠦ᠋ᠨ ᠴᠢᠩ᠂ ᠶᠦᠨ ᡁᠢ ᠾᠧᠦ᠂ ᠢᠦᠢ ᠷᠧᠨ ᠵᠢᠶᠸ ᠨᠠᠷ ᠲᠤᠰ ᠲᠤᠰ ᠦᠭᠡ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号