6 ᠰᠠᠷ᠎ᠠ᠎ᠶ᠋ᠢᠨ 15 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠣᠷᠳᠣᠰ᠎ᠲᠤ ᠪᠡᠭᠡᠵᠢᠩ ᠶᠡᠬᠡ ᠰᠤᠷᠭᠠᠭᠤᠯᠢ᠎ᠶ᠋ᠢᠨ ᠨᠠᠮ᠎ᠤᠨ ᠬᠣᠷᠢᠶ᠎ᠠ ᠵᠢᠨ ᠱᠦᠵᠢ ᠬᠤᠤ ᠫᠢᠩ᠎ᠲᠡᠶ ᠠᠭᠤᠯᠵᠠᠭ᠍ᠰᠠᠨ ᠪᠥᠭᠡᠳ 16 ᠤ᠋ ᠡᠳᠦᠷ ᠬᠠᠮᠲᠤ᠎ᠪᠠᠷ ᠪᠡᠭᠡᠵᠢᠩ ᠶᠡᠬᠡ ᠰᠤᠷᠭᠠᠭᠤᠯᠢ᠎ᠶ᠋ᠢᠨ ᠣᠷᠳᠣᠰ᠎ᠤᠨ ᠡᠨᠧᠷᠭᠢ᠎ᠶ᠋ᠢᠨ ᠰᠤᠳᠤᠯᠭᠠᠨ᠎ᠤ ᠬᠦᠷᠢᠶᠡᠯᠡᠩ᠎ᠤᠨ ᠫᠠᠢᠰᠠ ᠵᠢ ᠰᠡᠬᠦᠪᠡ᠃

6 ᠰᠠᠷ᠎ᠠ ᠵᠢᠨ 16 ᠤ᠋ ᠡᠳᠤᠷ᠂ ᠦᠪᠡᠷᠳᠡᠭᠡᠨ ᠵᠠᠰᠠᠬᠤ ᠤᠷᠤᠨ ᠤ᠋ ᠨᠠᠮ ᠤ᠋ᠨ ᠬᠤᠷᠢᠶ᠎ᠠ ᠵᠢᠨ ᠱᠦᠵᠢ ᠰᠦᠨ ᠱᠤᠤ ᠴᠸᠩ᠂ ᠪᠡᠭᠡᠵᠢᠩ ᠶᠡᠭᠡ ᠰᠤᠷᠭᠠᠭᠤᠯᠢ ᠵᠢᠨ ᠨᠠᠮ ᠤ᠋ᠨ ᠬᠤᠷᠢᠶ᠎ᠠ ᠵᠢᠨ ᠱᠦᠵᠢ ᠬᠤᠤ ᠫᠢᠩ ᠬᠤᠢ ᠨᠸᠩ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠰᠢᠨ᠎ᠠ ᠵᠢ ᠡᠬᠦᠳᠬᠦ ᠲᠤᠮᠤ ᠠᠰᠠᠷ ᠤ᠋ᠨ ᠦᠵᠡᠬᠦᠯᠭᠡ ᠵᠢᠨ ᠲᠦᠪ ᠲᠤ᠌ ᠬᠦᠷᠴᠤ᠂ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠪᠦᠯᠬᠦᠮ ᠤ᠋ᠨ ᠪᠠᠢᠭᠤᠯᠤᠯᠳᠠ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠦᠷ᠎ᠠ ᠪᠦᠳᠦᠭᠡᠯ ᠤ᠋ᠨ ᠭᠡᠷᠡᠭᠯᠡᠯᠳᠠ ᠵᠡᠷᠭᠡ ᠪᠠᠢᠳᠠᠯ ᠢ᠋ ᠨᠠᠷᠢᠨ ᠤᠢᠯᠠᠭᠠᠪᠠ᠃
ᠰᠤᠷᠪᠤᠯᠵᠢᠯᠠᠬᠴᠢ ᠮᠠ ᠵᠢᠶᠠᠨ ᠴᠢᠤᠸᠠᠨ ᠰᠡᠬᠦᠳᠡᠷᠯᠡᠪᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠬᠦᠮᠦᠵᠢᠬᠦᠯᠬᠦ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠨᠢᠳᠤᠨᠤᠨ ᠰᠦᠨ ᠱᠤᠤ ᠴᠸᠩ ᠠᠩᠬ᠎ᠠ ᠤᠳᠠᠭ᠎ᠠ ᠤᠷᠳᠤᠰ ᠬᠤᠳᠠ᠎ᠳᠤ ᠪᠠᠢᠴᠠᠭᠠᠨ ᠰᠤᠳᠤᠯᠤᠯᠲᠠ ᠬᠢᠬᠦ᠌᠎ᠳᠡᠭᠡᠨ ᠲᠤᠬᠠᠢ᠎ᠶ᠋ᠢᠨ ᠭᠠᠵᠠᠷ᠎ᠤᠨ ᠺᠠᠳ᠋ᠷᠴᠤᠤᠨᠢ ᠵᠣᠷᠢᠭ᠍ᠲᠠᠢ ᠰᠡᠳᠭᠢᠵᠦ᠍ ᠵᠣᠷᠢᠭ᠍ᠲᠠᠢ ᠬᠢᠵᠦ᠍᠂ ᠲᠦᠷᠦᠭᠦᠯᠡᠨ ᠵᠠᠮ ᠨᠡᠭᠡᠭᠡᠬᠦ ᠬᠡᠷᠡᠭ᠌ᠲᠡᠢ ᠭᠡᠵᠦ᠍ ᠵᠠᠬᠢᠪᠠ᠃ ᠪᠡᠭᠡᠵᠢᠩ ᠶᠡᠬᠡ ᠰᠤᠷᠭᠠᠭᠤᠯᠢ᠎ᠶ᠋ᠢᠨ ᠤᠷᠳᠤᠰ᠎ᠤᠨ ᠡᠨᠧᠷᠭᠢ᠎ᠶ᠋ᠢᠨ ᠰᠤᠳᠤᠯᠭᠠᠨ᠎ᠤ ᠬᠦᠷᠢᠶᠡᠯᠡᠩ᠎ᠢ ᠪᠠᠢᠭᠤᠯᠤᠭ᠍ᠰᠠᠨ ᠨᠢ ᠤᠷᠳᠤᠰ ᠬᠤᠳᠠ᠎ᠶ᠋ᠢᠨ ᠬᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠶ᠋ᠢᠨ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ ᠳᠡᠭᠡᠳᠦ ᠲᠡᠰ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠵᠥ ᠬᠦᠮᠦᠵᠢᠬᠦᠯᠦᠭᠰᠡᠨ ᠴᠢᠬᠤᠯᠠ ᠦᠷ᠎ᠡ ᠪᠦᠲᠦᠭᠡᠯ ᠪᠣᠯᠤᠨ᠎ᠠ᠃ ᠦᠳᠡ᠎ᠶ᠋ᠢᠨ ᠡᠮᠦᠨᠡᠬᠢ 9 ᠴᠠᠭ᠎ᠤᠨ ᠦᠶ᠎ᠡ ᠪᠡᠷ᠂ ᠰᠦᠨ ᠱᠤᠤ ᠴᠧᠩ ᠪᠣᠯᠤᠨ ᠬᠤᠤ ᠫᠢᠩ ᠬᠠᠮᠲᠤ ᠪᠠᠷ ᠰᠤᠳᠤᠯᠭᠠᠨ᠎ᠤ ᠬᠦᠷᠢᠶᠡᠯᠡᠩ᠎ᠦᠨ ᠫᠠᠢᠰᠠ᠎ᠶ᠋ᠢ ᠰᠡᠬᠦᠵᠦ᠍᠂ ᠪᠡᠭᠡᠵᠢᠩ ᠶᠡᠬᠡ ᠰᠤᠷᠭᠠᠭᠤᠯᠢ᠎ᠶ᠋ᠢᠨ ᠳᠡᠳ᠋ ᠵᠠᠬᠢᠷᠤᠯ ᠵᠠᠩ ᠵᠢᠨ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭ᠌ᠴᠢ ᠪᠦᠦ ᠱᠢᠶᠠᠨ ᠬᠤᠸᠠ ᠤᠷᠢᠳ ᠬᠣᠵᠢᠳ ᠪᠠᠶᠠᠷ᠎ᠤᠨ ᠦᠭᠡ ᠬᠡᠯᠡᠪᠡ᠃ ᠳᠠᠷᠠᠭ᠎ᠠ ᠨᠢ᠂ ᠰᠦᠨ ᠱᠤᠤ ᠴᠧᠩ᠂ ᠬᠤᠤ ᠫᠢᠩ ᠰᠤᠳᠤᠯᠭᠠᠨ᠎ᠤ ᠬᠦᠷᠢᠶᠡᠯᠡᠩ᠎ᠦᠨ ᠦᠵᠡᠭᠦᠯᠭᠡ᠎ᠶ᠋ᠢᠨ ᠲᠥᠪ᠎ᠲᠦ ᠬᠦᠷᠴᠦ᠍ ᠲᠣᠭᠣᠷᠢᠨ ᠦᠵᠡᠵᠦ᠍᠂ ᠪᠦᠯᠬᠦᠮ᠎ᠦᠨ ᠪᠦᠷᠢᠯᠳᠦᠯ᠂ ᠰᠤᠳᠤᠯᠭᠠᠨ᠎ᠤ ᠴᠢᠭ᠌ᠯᠡᠯ᠂ ᠵᠠᠩᠭᠢᠯᠠᠭ᠎ᠠ᠎ᠶ᠋ᠢᠨ ᠮᠡᠷᠭᠡᠵᠢᠯ ᠵᠡᠷᠭᠡ ᠪᠠᠢᠳᠠᠯ᠎ᠢ ᠨᠠᠷᠢᠨ ᠣᠢᠯᠠᠭᠠᠪᠠ᠃ ᠣᠢᠯᠠᠭᠠᠭ᠍ᠰᠠᠨ᠎ᠢᠶᠠᠷ᠂ ᠪᠡᠭᠡᠵᠢᠩ ᠶᠡᠬᠡ ᠰᠤᠷᠭᠠᠭᠤᠯᠢ᠎ᠶ᠋ᠢᠨ ᠣᠷᠳᠣᠰ᠎ᠤᠨ ᠡᠨᠧᠷᠭᠢ᠎ᠶ᠋ᠢᠨ ᠰᠤᠳᠤᠯᠭᠠᠨ᠎ᠤ ᠬᠦᠷᠢᠶᠡᠯᠡᠩ ᠪᠣᠯ ᠣᠷᠳᠣᠰ ᠬᠣᠲᠠ᠎ᠶ᠋ᠢᠨ ᠵᠠᠰᠠᠭ᠎ᠤᠨ ᠣᠷᠳᠣᠨ᠎ᠠᠴᠠ ᠪᠠᠯᠠ ᠭᠠᠷᠭᠠᠵᠤ᠂ ᠪᠡᠭᠡᠵᠢᠩ ᠶᠡᠬᠡ ᠰᠤᠷᠭᠠᠭᠤᠯᠢ᠎ᠶ᠋ᠢᠨ ᠣᠯᠠᠨ ᠱᠢᠨᠵᠢᠯᠡᠭᠡᠨ᠎ᠦ ᠶᠡᠷᠦᠩᠬᠡᠢᠯᠡᠭ᠌ᠰᠡᠨ ᠳᠠᠪᠠᠭᠤᠯᠢᠭ ᠵᠢᠴᠢ ᠴᠢᠳᠠᠪᠤᠷᠢᠲᠠᠨ᠎ᠤ ᠳᠠᠪᠠᠭᠤᠯᠢᠭ᠎ᠲᠤ ᠲᠦᠱᠢᠭ᠌ᠯᠡᠨ᠂ ᠣᠷᠳᠣᠰ ᠬᠣᠲᠠ᠎ᠶ᠋ᠢᠨ ᠡᠨᠧᠷᠭᠢ᠎ᠶ᠋ᠢᠨ ᠲᠠᠪᠠᠭᠤᠯᠢᠬ ᠪᠠ ᠠᠵᠤ ᠦᠶ᠋ᠯᠡᠰ᠎ᠦᠨ ᠪᠠᠢᠷᠢᠱᠢᠭᠤᠯᠤᠯᠲᠠ᠎ᠲᠠᠶ ᠤᠶᠠᠯᠳᠤᠭᠤᠯᠵᠤ᠂ ᠥᠨᠳᠥᠷ ᠲᠦᠪᠱᠢᠨ᠎ᠢᠶᠡᠷ ᠪᠥᠲᠥᠭᠡᠨ ᠪᠠᠢᠭᠤᠯᠤᠭ᠍ᠰᠠᠨ ᠲᠤᠰᠭᠠᠶ ᠮᠡᠷᠭᠡᠵᠢᠯ᠎ᠦᠨ ᠳᠡᠭᠡᠳᠦ ᠲᠠᠰ᠎ᠤᠨ ᠣᠶᠤᠨ᠎ᠤ ᠬᠥᠮᠥᠷᠭᠡ᠂ ᠮᠡᠷᠭᠡᠵᠢᠯ᠎ᠦᠨ ᠰᠤᠳᠤᠯᠤᠨ ᠨᠡᠭᠡᠭᠡᠬᠦ᠌ ᠲᠥᠪ᠂ ᠦᠷ᠎ᠡ ᠪᠦᠲᠦᠭᠡᠯ᠎ᠢ ᠤᠨᠳᠤᠤᠰᠢᠭᠤᠯᠬᠤ ᠲᠠᠪᠴᠠᠩ᠂ ᠴᠢᠳᠠᠪᠤᠷᠢᠲᠠᠨ ᠬᠥᠮᠦᠵᠢᠭᠦᠯᠬᠦ᠌ ᠰᠠᠭᠤᠷᠢᠨ᠂ ᠱᠢᠨ᠎ᠡ᠎ᠶ᠋ᠢ ᠡᠭᠦᠳᠴᠦ᠍ ᠦᠶ᠋ᠯᠡᠰ ᠪᠤᠰᠬᠠᠬᠤ ᠣᠷᠣᠨ ᠵᠠᠶ ᠪᠠ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ᠎ᠤᠨ ᠨᠡᠪᠴᠢᠭᠦᠯᠦᠭᠦᠷ᠎ᠢ ᠨᠢᠭᠡ ᠴᠣᠭ᠍ᠴᠠᠵᠢᠭᠤᠯᠤᠭ᠍ᠰᠠᠨ 《ᠬᠤᠤᠰ ᠨᠡᠭᠦᠷᠡᠰᠦᠲᠥ᠋ᠷᠥᠭ᠌ᠴᠢ》 ᠵᠢᠨ ᠣᠨᠴᠠᠯᠢᠭ᠍ᠲᠤ ᠱᠢᠨ᠎ᠡ ᠬᠡᠯᠪᠡᠷᠢ᠎ᠶ᠋ᠢᠨ ᠰᠤᠳᠤᠯᠤᠨ ᠨᠡᠭᠡᠭᠡᠬᠦ᠌ ᠪᠠᠢᠭᠤᠯᠤᠮᠵᠢ ᠪᠣᠯᠤᠨ᠎ᠠ᠃ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠠᠺᠠᠳᠧᠮᠢᠴᠢ᠎ᠶ᠋ᠢᠨ ᡁᠢ ᠵᠢᠶᠦ᠋ᠨ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ ᠵᠢᠨ ᠲᠤᠰᠢᠶᠠᠯ᠎ᠢ ᠡᠬᠦᠷᠭᠡᠯᠡᠵᠤ᠂ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠠᠺᠠᠳᠧᠮᠢᠴᠢ ᠯᠢ ᠭᠸᠨ ᠱᠧᠩ ᠳᠡᠳ᠋ ᠵᠠᠬᠢᠷᠤᠯ᠎ᠤᠨ ᠲᠤᠰᠢᠶᠠᠯ᠎ᠢ ᠡᠬᠦᠷᠭᠡᠯᠡᠪᠡ᠃
ᠠᠭᠤᠯᠵᠠᠯᠲᠠ ᠳᠤ᠂ ᠰᠦᠨ ᠱᠤᠤ ᠴᠸᠩ ᠬᠤᠤ ᠫᠢᠩᠨᠡᠷᠢ ᠪᠠᠶᠠᠷᠯᠠᠨ ᠤᠭ᠍ᠲᠤᠵᠤ ᠪᠠᠢᠬᠤ᠎ᠪᠠᠨ ᠢᠯᠡᠳᠭᠡᠵᠦ᠍᠂ ᠪᠡᠭᠡᠵᠢᠩ ᠶᠡᠬᠡ ᠰᠤᠷᠭᠠᠭᠤᠯᠢ᠎ᠶ᠋ᠢᠨ ᠤᠷᠳᠤ ᠬᠤᠭᠤᠴᠠᠭᠠᠨ᠎ᠤ ᠲᠤᠷᠰᠢ ᠥᠪᠥᠷ ᠮᠣᠩᠭᠣᠯ᠎ᠳᠤ ᠬᠦᠴᠦᠲᠡᠢ ᠳᠡᠮᠵᠢᠯᠭᠡ ᠦᠵᠡᠭᠦᠯᠦᠭ᠌ᠰᠡᠨ᠎ᠳᠦ ᠲᠠᠯᠠᠷᠬᠠᠵᠤ ᠪᠠᠢᠬᠤ ᠪᠠᠨ ᠢᠯᠡᠳᠭᠡᠪᠡ᠃ ᠲᠡᠷᠡ᠂ ᠣᠳᠣᠬᠠᠨ᠎ᠳᠤ ᠪᠦᠬᠦ᠌ ᠣᠷᠣᠨ ᠳᠠᠶᠠᠭᠠᠷ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ 《ᠲᠠᠪᠤᠨ ᠶᠡᠬᠡ ᠡᠭᠦᠷᠭᠡ》 ᠵᠢ ᠪᠡᠶᠡᠯᠡᠭᠦᠯᠬᠦ᠌ ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠢ᠋ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠬᠣᠶᠠᠷ ᠶᠡᠬᠡ ᠶᠠᠪᠤᠳᠠᠯ᠎ᠢ ᠴᠢᠷᠮᠠᠢᠨ ᠰᠠᠢᠲᠤᠷ ᠬᠢᠵᠦ᠍ ᠪᠠᠢᠨ᠎ᠠ᠃ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠳᠠᠪᠠᠭᠤᠯᠢᠭ ᠮᠠᠰᠢ ᠤᠯᠠᠨ᠂ ᠡᠭᠦᠨ᠎ᠦ ᠬᠠᠮᠲᠤ ᠳᠤᠲᠠᠭᠤᠳᠠᠯ ᠴᠤ᠌ ᠪᠠᠭ᠎ᠠ ᠪᠤᠰᠤ ᠪᠠᠢᠨ᠎ᠠ᠂ ᠡᠭᠦᠨ᠎ᠳᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠪᠣᠯᠤᠨ ᠴᠢᠳᠠᠪᠤᠷᠢᠲᠠᠨ ᠪᠣᠯ ᠬᠠᠮᠤᠭ᠎ᠤᠨ ᠶᠡᠬᠡ ᠳᠤᠲᠠᠭᠤᠳᠠᠯ ᠪᠣᠯᠤᠨ᠎ᠠ᠃ ᠥᠪᠥᠷ ᠮᠣᠩᠭᠣᠯ ᠪᠣᠯᠤᠨ ᠪᠡᠭᠡᠵᠢᠩ ᠶᠡᠬᠡ ᠰᠤᠷᠭᠠᠭᠤᠯᠢ᠎ᠶ᠋ᠢᠨ ᠬᠠᠮᠲᠤᠷᠠᠯᠴᠠᠵᠤ ᠪᠣᠯᠬᠤ ᠬᠦᠷᠢᠶ᠎ᠡ ᠬᠡᠪᠴᠢᠶ᠎ᠡ ᠮᠠᠰᠢ ᠥᠷᠭᠡᠨ᠂ ᠪᠡᠭᠡᠵᠢᠩ ᠶᠡᠬᠡ ᠰᠤᠷᠭᠠᠭᠤᠯᠢ᠎ᠶ᠋ᠢᠨ ᠣᠷᠳᠣᠰ᠎ᠤᠨ ᠡᠨᠧᠷᠭᠢ᠎ᠶ᠋ᠢᠨ ᠰᠤᠳᠤᠯᠭᠠᠨ᠎ᠤ ᠬᠦᠷᠢᠶᠡᠯᠡᠩ᠎ᠢ ᠪᠠᠢᠭᠤᠯᠤᠬᠰᠠᠨ ᠨᠢ ᠨᠢᠬᠡᠨ ᠰᠠᠢᠨ ᠡᠬᠢᠯᠡᠯᠲᠡ ᠪᠣᠯᠪᠠ᠂ ᠬᠣᠶᠠᠷ ᠲᠠᠯ᠎ᠠ ᠪᠠᠷ᠎ᠢᠶᠠᠨ ᠬᠠᠮᠲᠤᠷᠠᠯᠴᠠᠭᠠᠨ᠎ᠤ ᠣᠷᠣᠨ ᠵᠠᠶ ᠪᠠᠨ ᠤᠯᠠᠮ ᠴᠢᠨᠠᠭ᠍ᠰᠢᠳᠠ ᠥᠷᠭᠡᠳᠭᠡᠵᠦ᠍᠂ ᠬᠠᠷᠢᠯᠴᠠᠨ ᠠᠱᠢᠭ᠍ᠲᠠᠶ ᠬᠠᠮᠲᠤ ᠪᠠᠷ ᠠᠱᠢᠭ ᠭᠥᠷᠳᠡᠬᠦ᠌᠎ᠶ᠋ᠢ ᠪᠡᠶᠡᠯᠡᠭᠦᠯᠬᠦ᠌᠎ᠶ᠋ᠢ ᠬᠦᠰᠡᠵᠦ᠍ ᠪᠠᠢᠨ᠎ᠠ ᠬᠡᠪᠡ᠃ ᠲᠡᠷᠡ᠂ ᠥᠪᠥᠷ ᠮᠣᠩᠭᠣᠯ᠎ᠤᠨ ᠣᠷᠣᠨ ᠪᠠᠢᠷᠢ᠎ᠶ᠋ᠢᠨ ᠳᠠᠪᠠᠭᠤᠯᠢᠭ ᠥᠪᠡᠷᠮᠢᠴᠡ᠂ ᠲᠡᠦᠬᠡᠨ ᠡᠴᠡ ᠪᠡᠨ 《ᠲᠠᠯ᠎ᠠ ᠨᠤᠲᠤᠭ᠎ᠤᠨ ᠲᠣᠷᠭᠠᠨ ᠵᠠᠮ》 ᠪᠣᠯᠤᠨ 《ᠲᠦᠮᠡᠨ ᠭᠠᠵᠠᠷ᠎ᠤᠨ ᠴᠠᠢ᠎ᠶ᠋ᠢᠨ ᠵᠠᠮ》 ᠤ᠋ᠨ ᠴᠢᠬᠤᠯᠠ ᠬᠦᠢᠰᠦ ᠪᠠ ᠵᠠᠮ ᠪᠤᠯᠵᠤ ᠪᠠᠢᠵᠠᠢ᠂ ᠶᠡᠷᠦᠩᠬᠡᠢ ᠱᠦᠵᠢ ᠰᠢ ᠵᠢᠨ ᠫᠢᠩ ᠡᠨᠡ ᠤᠳᠠᠭ᠎ᠠ ᠱᠢᠨᠵᠢᠯᠡᠨ ᠪᠠᠢᠴᠠᠭᠠᠬᠤ᠎ᠳᠠᠭᠠᠨ ᠪᠢᠳᠡᠨ᠎ᠳᠦ 《ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠣᠰ ᠣᠷᠴᠢᠯ᠎ᠳᠤ ᠨᠡᠩ ᠰᠠᠢᠲᠤᠷ ᠠᠭᠤᠰᠤᠯᠴᠠᠬᠤ ᠬᠡᠷᠡᠭ᠌ᠲᠡᠢ》᠂ 《ᠤᠯᠤᠰ᠎ᠤᠨ ᠳᠣᠲᠣᠭᠠᠳᠤ ᠭᠠᠳᠠᠭᠠᠳᠤ ᠶ᠋ᠢᠨ ᠬᠣᠣᠰ ᠣᠷᠴᠢᠯ᠎ᠢ ᠬᠣᠯᠪᠣᠨ ᠨᠡᠪᠳᠡᠷᠡᠬᠦᠯᠬᠦ ᠳᠤᠮᠳᠠ ᠨᠡᠩ ᠶᠡᠬᠡ ᠦᠢᠯᠡᠳᠦᠯ ᠵᠢᠡᠨ ᠪᠠᠳᠠᠷᠠᠭᠤᠯᠬᠤ ᠬᠡᠷᠡᠭ᠌ᠲᠡᠢ》 ᠭᠡᠵᠦ᠍ ᠵᠠᠬᠢᠪᠠ᠂ ᠪᠡᠭᠡᠵᠢᠩ ᠶᠡᠬᠡ ᠰᠤᠷᠭᠠᠭᠤᠯᠢ ᠵᠢᠨ ᠬᠢᠨ ᠪᠢᠳᠡᠨ᠎ᠢ ᠬᠠᠪᠰᠤᠷᠤᠨ ᠡᠨᠡ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠰᠤᠳᠤᠯᠭᠠᠨ᠎ᠢ ᠴᠢᠩᠭᠠᠳᠭᠠᠵᠤ᠂ ᠤᠯᠠᠨ ᠮᠡᠷᠬᠡᠨ ᠠᠷᠭ᠎ᠠ ᠭᠠᠷᠭᠠᠵᠤ᠂ ᠮᠠᠨ᠎ᠤ ᠣᠷᠣᠨ᠎ᠤ ᠨᠡᠭᠡᠭᠡᠯᠲᠡᠲᠦ ᠬᠥᠭ᠌ᠵᠢᠯᠲᠡ᠎ᠶ᠋ᠢ ᠰᠠᠢᠲᠤᠷ ᠬᠢᠬᠦ᠌᠎ᠳᠦ ᠬᠦᠴᠦᠨ ᠨᠡᠮᠡᠷᠢᠯᠡᠬᠦ᠌᠎ᠶ᠋ᠢ ᠬᠦᠰᠡᠵᠦ᠍ ᠪᠠᠢᠨ᠎ᠠ ᠭᠡᠵᠦ᠍ ᠬᠡᠯᠡᠪᠡ᠃ ᠬᠤᠤ ᠫᠢᠩ᠂ ᠲᠦᠷᠦᠭᠦᠬᠡᠨ ᠶᠡᠷᠦᠩᠬᠡᠢ ᠱᠦᠵᠢ ᠰᠢ ᠵᠢᠨ ᠫᠢᠩ ᠪᠡᠶ᠎ᠡ ᠪᠡᠷ᠎ᠢᠶᠡᠨ ᠥᠪᠥᠷ ᠮᠣᠩᠭᠣᠯ᠎ᠳᠤ ᠢᠷᠡᠵᠥ ᠱᠢᠨᠵᠢᠯᠡᠨ ᠪᠠᠢᠴᠠᠭᠠᠬᠰᠠᠨ ᠨᠢ ᠥᠪᠥᠷ ᠮᠣᠩᠭᠣᠯ᠎ᠢ ᠬᠠᠢᠷᠠᠯᠠᠨ ᠬᠠᠯᠠᠮᠵᠢᠯᠠᠵᠤ ᠪᠠᠢᠬᠤ᠎ᠶ᠋ᠢ ᠭᠦᠢᠴᠡᠳ ᠢᠯᠡᠷᠡᠭᠦᠯᠵᠦ᠍᠂ ᠪᠢᠳᠡ ᠶᠡᠬᠡᠳᠡ ᠵᠣᠷᠢᠭ᠍ᠵᠢᠵᠠᠢ ᠬᠡᠪᠡ᠃ ᠪᠡᠭᠡᠵᠢᠩ ᠶᠡᠬᠡ ᠰᠤᠷᠭᠠᠭᠤᠯᠢ ᠪᠣᠯᠤᠨ ᠥᠪᠥᠷ ᠮᠣᠩᠭᠣᠯ᠎ᠤᠨ ᠬᠠᠮᠲᠤᠷᠠᠯᠴᠠᠭᠠᠨ᠎ᠤ ᠪᠠᠢᠳᠠᠯ᠎ᠢ ᠲᠣᠪᠴᠢ ᠲᠠᠨᠢᠯᠴᠠᠭᠤᠯᠤᠭ᠍ᠰᠠᠨᠤ ᠳᠠᠷᠠᠭ᠎ᠠ᠂ ᠪᠡᠭᠡᠵᠢᠩ ᠶᠡᠬᠡ ᠰᠤᠷᠭᠠᠭᠤᠯᠢ ᠲᠣᠰ ᠪᠡᠶ᠎ᠡ ᠶ᠋ᠢᠨ ᠳᠠᠪᠠᠭᠤᠯᠢᠭ᠎ᠢᠶᠠᠨ ᠭᠦᠶ᠋ᠴᠡᠳ ᠪᠠᠳᠠᠷᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠠᠶ ᠨᠢᠭ᠍ᠲᠠ ᠤᠶᠠᠯᠳᠤᠭᠤᠯᠤᠨ᠂ ᠥᠪᠥᠷ ᠮᠣᠩᠭᠣᠯ ᠯᠤᠭ᠎ᠠ ᠶ᠋ᠢᠨ ᠪᠣᠳᠠᠲᠠᠶ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ ᠪᠠᠨ ᠤᠯᠠᠮ ᠴᠢᠨᠠᠭ᠍ᠰᠢᠳᠠ ᠭᠦᠨᠵᠡᠭᠡᠢᠷᠡᠭᠦᠯᠵᠦ᠍᠂ ᠬᠠᠮᠲᠤᠷᠠᠯᠴᠠᠭᠠᠨ᠎ᠤ ᠬᠦᠷᠢᠶ᠎ᠡ᠎ᠪᠡᠨ ᠲᠠᠰᠤᠷᠠᠯᠲᠠ ᠥᠬᠡᠶ ᠥᠷᠭᠡᠳᠭᠡᠨ᠂ ᠥᠪᠥᠷ ᠮᠣᠩᠭᠣᠯ᠎ᠤᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠠᠬᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠪᠡ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠯᠢ ᠱᠢᠨ᠂ ᠰᠦᠨ ᠵᠢᠶᠦ᠋ᠨ ᠴᠢᠩ ᠠᠵᠢᠯᠯᠠᠭ᠎ᠠ᠎ᠳᠤ ᠣᠷᠣᠯᠴᠠᠵᠠᠢ᠃