᠊᠊᠊᠊᠊᠊ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠺᠠᠳ᠋ᠷ ᠤᠯᠠᠨ ᠲᠦᠮᠡᠨ᠎ᠦ ᠳᠤᠮᠳᠠ ᠴᠢᠩᠭ᠎ᠠ ᠲᠤᠰᠭᠠᠯ ᠭᠠᠷᠪᠠ ⑦
《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠭᠣᠣᠯ ᠱᠢᠵᠢᠮ ᠮᠥᠨ᠂ ᠪᠠᠰᠠ ᠴᠤ᠌ ᠦᠨᠳᠦᠰᠦᠲᠡᠨ᠎ᠦ ᠭᠠᠵᠠᠷ ᠣᠷᠣᠨ᠎ᠤ ᠡᠯ᠎ᠡ ᠵᠦᠢᠯ᠎ᠦᠨ ᠠᠵᠢᠯ᠎ᠤᠨ ᠭᠣᠣᠯ ᠱᠢᠵᠢᠮ ᠮᠥᠨ》᠃ ᠣᠢᠷ᠎ᠠ᠎ᠳᠤ᠂ ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ᠎ᠳᠤ ᠳᠠᠬᠢᠨᠲᠠ ᠱᠢᠨᠵᠢᠯᠡᠨ ᠪᠠᠢᠴᠠᠭᠠᠵᠤ᠂ ᠥᠪᠥᠷ ᠮᠣᠩᠭᠣᠯ᠎ᠤᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠢ᠋ ᠪᠥᠬᠥ᠌ ᠲᠠᠯ᠎ᠠ ᠪᠠᠷ ᠪᠥᠲᠥᠭᠡᠨ ᠪᠠᠢᠭᠤᠯᠬᠤ᠎ᠳᠤ ᠤᠷᠤᠭ᠍ᠰᠢᠯᠠᠬᠤ ᠴᠢᠭ᠌ᠯᠡᠯ᠎ᠢ ᠲᠣᠳᠣᠷᠬᠠᠶ ᠵᠢᠭᠠᠨ ᠥᠭ᠌ᠴᠦ᠂ ᠪᠥᠬᠥ᠌ ᠣᠷᠣᠨ᠎ᠤ ᠺᠠᠳ᠋ᠷ ᠣᠯᠠᠨ ᠲᠦᠮᠡᠨ᠎ᠦ ᠳᠤᠮᠳᠠ ᠴᠢᠩᠭ᠎ᠠ ᠲᠤᠰᠭᠠᠯ ᠭᠠᠷᠭᠠᠪᠠ᠃
ᠤᠯᠠᠨ᠎ᠢᠶᠠᠷ᠎ᠢᠶᠠᠨ᠂ ᠶᠡᠷᠦᠩᠬᠡᠢ ᠱᠦᠵᠢ ᠰᠢ ᠵᠢᠨ ᠫᠢᠩ᠎ᠦᠨ ᠴᠢᠩ ᠰᠡᠳᠭᠢᠯ᠎ᠦᠨ ᠬᠦᠨᠳᠦ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠢ ᠴᠢᠩᠭ᠎ᠠ ᠡᠵᠡᠮᠳᠡᠵᠦ᠍᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠍᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ᠋ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠵᠦ᠍᠂ ᠳᠤᠮᠳᠠᠳᠤ ᠤᠯᠤᠰ᠎ᠤᠨ ᠮᠠᠶᠢᠬ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠡ ᠭᠡᠵᠦ᠍ ᠢᠯᠡᠳᠭᠡᠵᠡᠭᠡᠪᠡ᠃
ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠠᠷ ᠭᠣᠣᠯ ᠱᠢᠵᠢᠮ ᠪᠣᠯᠭᠠᠵᠤ ᠡᠯ᠎ᠡ ᠲᠦᠷᠦᠯ᠎ᠦᠨ ᠠᠵᠢᠯ᠎ᠢᠶᠡᠨ ᠰᠠᠢᠲᠤᠷ ᠬᠢᠨ᠎ᠠ
《ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠨᠢ ᠪᠢᠳᠡᠨ᠎ᠢ ᠲᠤᠢᠯ᠎ᠢᠶᠠᠷ ᠤᠷᠮᠠᠱᠢᠭᠤᠯᠤᠨ ᠵᠣᠷᠢᠭ᠍ᠵᠢᠭᠤᠯᠪᠠ᠃ ᠪᠢᠳᠡ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠲᠡᠶ ᠨᠢᠭ᠍ᠲᠠ ᠤᠶᠠᠯᠳᠤᠭᠤᠯᠤᠨ᠂ ᠨᠢᠬᠡ ᠰᠡᠳᠬᠢᠯ᠎ᠢᠶᠡᠷ ᠦᠨᠳᠦᠰᠦᠲᠡᠨ᠎ᠨᠦᠭᠦᠳ᠎ᠦᠨ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠪᠠᠢᠭᠤᠯᠤᠨ᠎ᠠ; ᠨᠢᠬᠡ ᠰᠡᠳᠬᠢᠯ ᠨᠡᠢᠳᠠ᠎ᠶᠢᠨ ᠬᠥᠴᠥᠨ᠎ᠢᠶᠡᠷ ᠦᠨᠳᠦᠰᠦᠲᠡᠨ᠎ᠨᠦᠭᠦᠳ᠎ᠦᠨ ᠨᠡᠢᠭᠡᠮ ᠵᠢᠷᠤᠮ᠎ᠤᠨ ᠣᠳᠣᠬᠢᠴᠢᠯᠠᠯᠲᠠ ᠲᠡᠢᠰᠢ ᠬᠠᠮᠲᠤ᠎ᠪᠠᠷ ᠤᠷᠤᠭ᠍ᠰᠢᠯᠠᠬᠤ ᠶ᠋ᠢ ᠲᠦᠯᠬᠢᠨ ᠠᠬᠢᠭᠤᠯᠤᠨ᠎ᠠ; ᠣᠯᠠᠨ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠵᠦ᠍᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠤᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠎ᠦᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠬᠢᠯᠡᠬᠦ ᠵᠥᠪᠯᠡᠯ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠡᠷᠬᠢᠯᠡᠭ᠌ᠴᠢ ᠭᠤᠤ ᠵᠠᠨ ᠱᠧᠩ ᠬᠡᠯᠡᠪᠡ᠃
ᠡᠨᠡ ᠵᠢᠯ᠎ᠦᠨ 1 ᠰᠠᠷ᠎ᠠ᠎ᠳᠤ᠂ ᠬᠥᠬᠡᠬᠣᠲᠠ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠬᠣᠲᠠ ᠪᠠᠷ ᠦᠨᠡᠯᠡᠭ᠌ᠳᠡᠪᠡ᠃ ᠬᠥᠬᠡᠬᠣᠲᠠ᠎ᠶ᠋ᠢᠨ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠎ᠦᠨ ᠳᠡᠳ᠋ ᠳᠠᠷᠤᠭ᠎ᠠ᠂ ᠬᠤᠳᠠ᠎ᠶ᠋ᠢᠨ ᠦᠨᠳᠦᠰᠦᠳᠡᠨ᠎ᠤ ᠬᠡᠷᠡᠭ ᠡᠷᠬᠢᠯᠡᠬᠦ ᠵᠥᠪᠯᠡᠯ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠡᠷᠬᠢᠯᠡᠭ᠌ᠴᠢ ᠯᠢ ᠴᠢᠶᠠᠩ᠄ 《ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ ᠴᠢᠬᠤᠯᠠ ᠶᠠᠷᠢᠶ᠎ᠠ ᠨᠢ ᠪᠢᠳᠡᠨ᠎ᠦ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢ ᠪᠦᠬᠦ᠌ ᠲᠠᠯ᠎ᠠ᠎ᠪᠠᠷ ᠭᠦᠨᠵᠡᠭᠡᠢ ᠤᠳᠠᠭᠠᠨ ᠳᠠᠭᠠᠭᠠᠮᠠᠭᠠᠢ ᠥᠷᠨᠢᠭᠦᠯᠬᠦ᠌ ᠢᠲᠡᠭᠡᠯ ᠵᠣᠷᠢᠭ᠎ᠢ ᠤᠯᠠᠮ ᠪᠠᠲᠤᠳᠭᠠᠪᠠ᠃ ᠪᠢᠳᠡ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠤᠤᠯ ᠱᠢᠵᠢᠮ᠎ᠲᠡᠶ ᠨᠢᠭ᠍ᠲᠠ ᠤᠶᠠᠯᠳᠤᠭᠤᠯᠤᠨ᠂ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠬᠣᠲᠠ᠎ᠶ᠋ᠢ ᠡᠭᠦᠳᠦᠨ ᠪᠠᠢᠭᠤᠯᠤᠭ᠍ᠰᠠᠨ ᠦᠷ᠎ᠡ ᠪᠦᠲᠦᠭᠡᠯ᠎ᠢ ᠪᠡᠬᠢᠵᠢᠭᠦᠯᠦᠨ ᠳᠡᠭᠡᠭ᠌ᠰᠢᠯᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠵᠢᠱ᠌ᠢᠶ᠎ᠡ ᠦᠵᠡᠭᠦᠯᠬᠦ᠌ ᠬᠣᠲᠠ᠎ᠶ᠋ᠢ ᠢᠳᠡᠪᠬᠢᠲᠡᠶ ᠴᠢᠷᠮᠠᠢᠨ ᠪᠠᠢᠭᠤᠯᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ》 ᠭᠡᠪᠡ᠃
ᠶᠡᠷᠦᠩᠬᠡᠢ ᠱᠦᠵᠢ ᠰᠢ ᠵᠢᠨ ᠫᠢᠩ᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠡᠷᠡᠰ ᠭᠤᠢᠪᠢᠰᠢ ᠦᠭᠡᠢ ᠪᠦᠬᠦ᠌ ᠲᠠᠯ᠎ᠠ᠎ᠪᠠᠷ ᠳᠡᠯᠭᠡᠷᠡᠭᠦᠯᠦᠨ ᠬᠡᠷᠡᠭ᠌ᠯᠡᠵᠦ᠍᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠡᠵᠡᠮᠱᠢᠨ ᠬᠡᠷᠡᠭ᠌ᠯᠡᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃
ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ᠎ᠦᠨ ᠦᠨᠳᠦᠰᠦᠲᠡᠨ᠎ᠦ ᠬᠡᠯᠡ ᠪᠢᠴᠢᠭ᠎ᠦᠨ ᠭᠠᠵᠠᠷ᠎ᠤᠨ ᠳᠠᠷᠤᠭ᠎ᠠ ᠢᠯᠠᠨ᠎ᠠ᠄ 《ᠪᠢᠳᠡ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌᠎ᠶ᠋ᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠵᠠᠩᠭᠢᠯᠠᠭ᠎ᠠ᠎ᠶ᠋ᠢᠨ ᠠᠵᠢᠯ ᠪᠠ ᠰᠠᠭᠤᠷᠢ ᠢᠨᠵᠧᠨᠧᠷᠢᠩ ᠪᠣᠯᠭᠠᠵᠤ᠂ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠲᠡᠶ ᠢᠳᠡᠪᠬᠢᠲᠡᠢ ᠬᠠᠮᠵᠢᠯᠴᠠᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠶᠡᠬᠡᠪᠡᠷ ᠳᠡᠯᠭᠡᠷᠡᠭᠦᠯᠦᠨ ᠲᠦᠭᠡᠮᠡᠯᠵᠢᠭᠦᠯᠵᠦ᠍᠂ ᠨᠠᠮ᠎ᠤᠨ ᠲᠥᠪ ᠬᠣᠷᠢᠶ᠎ᠠ ᠵᠢᠨ ᠦᠨᠳᠦᠰᠦᠲᠡᠨ᠎ᠦ ᠠᠵᠢᠯ ᠪᠠ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠲᠤᠬᠠᠢ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠡᠷᠡ ᠬᠡᠪ᠎ᠢᠶᠡᠷ ᠨᠢ ᠲᠤᠭᠤᠱᠢᠯᠠᠭᠤᠯᠤᠨ ᠨᠠᠢᠳᠠᠪᠤᠷᠢᠵᠢᠭᠤᠯᠤᠨ᠎ᠠ》 ᠭᠡᠵᠦ᠍ ᠢᠯᠡᠳᠭᠡᠪᠡ᠃
ᠡᠨᠡ ᠬᠡᠳᠦᠨ ᠡᠳᠦᠷ᠂ ᠱᠢᠯᠢ᠎ᠶ᠋ᠢᠨ ᠭᠣᠣᠯ ᠠᠢᠮᠠᠭ᠎ᠤᠨ ᠵᠡᠭᠦᠨ ᠦᠵᠦᠮᠦᠴᠢᠨ ᠬᠣᠱᠢᠭᠤᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠨᠠᠮ᠎ᠤᠨ ᠭᠡᠱᠢᠭᠦᠨ ᠺᠠᠳ᠋ᠷᠴᠤᠳ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠴᠢᠬᠤᠯᠠ ᠤᠯᠤᠰ ᠲᠦᠷᠦ᠍᠎ᠶ᠋ᠢᠨ ᠡᠭᠦᠷᠭᠡ ᠪᠣᠯᠭᠠᠵᠤ᠂ ᠤᠯᠠᠨ ᠵᠦᠢᠯ᠎ᠦᠨ ᠬᠡᠯᠪᠡᠷᠢ᠎ᠪᠡᠷ ᠰᠤᠷᠤᠯᠴᠠᠯᠭ᠎ᠠ ᠥᠷᠨᠢᠭᠦᠯᠪᠡ᠃ ᠲᠡᠳᠡ᠂ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠰᠤᠷᠤᠯᠴᠠᠯᠭ᠎ᠠ ᠪᠠᠷ ᠰᠤᠷᠲᠠᠯ᠎ᠢ ᠲᠥᠪ ᠪᠣᠯᠭᠠᠵᠤ᠂ ᠠᠵᠢᠯ᠎ᠢᠶᠠᠨ ᠪᠣᠳᠠᠲᠠᠢ ᠠᠳᠭᠤᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠨ᠎ᠠ ᠭᠡᠵᠦ᠍ ᠰᠠᠨᠠᠯ ᠨᠢᠭᠡᠲᠡᠢ ᠢᠯᠡᠳᠭᠡᠵᠡᠭᠡᠪᠡ᠃
ᠨᠢᠭᠡ ᠰᠡᠳᠭᠢᠯ ᠨᠡᠢᠳᠠ᠎ᠶᠢᠨ ᠬᠥᠴᠤᠨ᠎ᠢᠶᠠᠷ ᠵᠢᠱ᠌ᠢᠶᠡᠴᠢ᠎ᠵᠢ ᠡᠯ᠎ᠡ ᠬᠦᠷᠢᠢ᠎ᠡ ᠡᠯ᠎ᠡ ᠲᠠᠯ᠎ᠠ᠎ᠳᠦ ᠢᠯᠡᠷᠡᠭᠦᠯᠦᠨ᠎ᠡ
《ᠪᠢᠳᠡ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠠᠷ ᠭᠤᠤᠯ ᠱᠢᠵᠢᠮ ᠪᠣᠯᠭᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ 〈ᠲᠠᠪᠤᠨ ᠶᠡᠬᠡ ᠡᠭᠦᠷᠭᠡ〉 ᠪᠣᠯᠤᠨ 〈ᠵᠢᠱ᠌ᠢᠶᠡᠴᠢ ᠥᠪᠡᠷᠲᠡᠭᠡᠨ ᠵᠠᠰᠠᠬᠤ ᠣᠷᠣᠨ〉 ᠢ᠋ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠬᠣᠶᠠᠷ ᠶᠡᠬᠡ ᠶᠠᠪᠤᠳᠠᠯ᠎ᠢ ᠴᠢᠷᠮᠠᠢᠨ ᠰᠠᠢᠲᠤᠷ ᠪᠡᠶᠡᠯᠡᠭᠦᠯᠬᠦ᠌ ᠪᠡᠷ ᠭᠠᠷᠳᠠᠴᠠ ᠪᠣᠯᠭᠠᠵᠤ᠂ ᠬᠢᠯᠢ ᠬᠢᠵᠠᠭᠠᠷ᠎ᠢ ᠪᠡᠬᠢᠵᠢᠭᠦᠯᠦᠨ ᠬᠢᠯᠢ ᠬᠢᠵᠠᠭᠠᠷ᠎ᠢ ᠬᠥᠭ᠌ᠵᠢᠭᠦᠯᠵᠦ᠍ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶ᠋ᠢ ᠭᠦᠨᠵᠡᠭᠡᠶ ᠠᠬᠢᠭᠤᠯᠵᠤ᠂ ᠦᠨᠳᠦᠰᠦᠲᠡᠨ᠎ᠦ ᠭᠠᠵᠠᠷ ᠣᠷᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠳᠤᠯᠤᠭᠰᠡᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌᠎ᠶ᠋ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠮᠠᠨ᠎ᠤ ᠣᠷᠣᠨ᠎ᠤ ᠦᠨᠳᠦᠰᠦᠲᠡᠨ᠎ᠨᠦᠭᠦᠳ᠎ᠦᠨ ᠨᠡᠢᠭᠡᠮ ᠵᠢᠷᠤᠮᠳᠦ ᠣᠳᠣᠬᠢᠴᠢᠯᠠᠯᠲᠠ ᠲᠡᠢᠰᠢ ᠬᠠᠮᠲᠤ ᠪᠠᠷ ᠤᠷᠤᠭ᠍ᠰᠢᠯᠠᠬᠤ᠎ᠶ᠋ᠢ ᠠᠬᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ》 ᠭᠡᠵᠦ᠍ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠭᠠᠵᠠᠷ᠎ᠤᠨ ᠳᠡᠳ᠋ ᠳᠠᠷᠤᠭ᠎ᠠ ᠵᠠᠩ ᠯᠸᠢ ᠬᠡᠯᠡᠨ᠎ᠡ᠃
ᠶᠡᠷᠦᠩᠬᠡᠢ ᠱᠦᠵᠢ ᠰᠢ ᠵᠢᠨ ᠫᠢᠩ᠂ ᠬᠤᠳᠠ ᠬᠥᠳᠡᠭᠡ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠪᠠᠢᠷᠢᠱᠢᠭᠤᠯᠤᠯᠲᠠ ᠲᠥᠯᠥᠪᠵᠢᠭᠦᠯᠭᠡ ᠪᠣᠯᠤᠨ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠡᠬᠢ ᠪᠠᠶᠠᠯᠢᠭ᠎ᠤᠨ ᠲᠤᠬᠢᠷᠠᠭᠤᠯᠤᠯᠳᠠ ᠶ᠋ᠢ ᠨᠢᠭᠡᠳᠦᠯᠲᠡᠢ ᠲᠥᠯᠥᠪᠵᠢᠭᠦᠯᠵᠦ᠍᠂ ᠨᠡᠩ ᠲᠡᠭᠦᠯᠳᠡᠷᠵᠢᠭ᠌ᠰᠡᠨ ᠦᠨᠳᠦᠰᠦᠲᠡᠨ ᠨᠤᠭᠦᠳ᠎ᠦᠨ ᠤᠯᠠᠨ ᠲᠦᠮᠡᠨ ᠬᠠᠮᠲᠤ ᠪᠠᠷ ᠰᠠᠭᠤᠷᠢᠱᠢᠵᠤ ᠬᠠᠮᠲᠤ ᠪᠠᠷ ᠰᠤᠷᠤᠯᠴᠠᠬᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌᠂ ᠬᠠᠮᠲᠤ ᠪᠠᠷ ᠠᠵᠢᠯᠯᠠᠵᠤ ᠬᠠᠮᠲᠤ᠎ᠪᠠᠷ ᠵᠢᠷᠭᠠᠬᠤ ᠨᠡᠢᠭᠡᠮ᠎ᠦᠨ ᠨᠥᠬᠥᠴᠡᠯ᠎ᠢ ᠡᠭᠦᠳᠬᠦ᠌ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃
ᠨᠡᠢᠭᠡᠮ ᠲᠣᠭᠣᠷᠢᠭ ᠪᠣᠯ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠮᠲᠤ᠎ᠶ᠋ᠢᠨ ᠭᠡᠷ ᠪᠦᠯᠢ ᠮᠥᠨ᠃ ᠠᠯᠠᠱᠠ ᠠᠢᠮᠠᠭ᠎ᠤᠨ ᠳᠡᠭᠡᠳᠦ ᠱᠢᠨ᠎ᠡ ᠮᠡᠷᠭᠡᠵᠢᠯ᠎ᠦᠨ ᠠᠵᠤ ᠦᠶ᠋ᠯᠡᠰ᠎ᠦᠨ ᠨᠡᠭᠡᠭᠡᠯᠲᠡ᠎ᠶ᠋ᠢᠨ ᠲᠣᠭᠣᠷᠢᠭ᠎ᠤᠨ ᠮᠠᠯᠴᠢᠨ ᠨᠡᠢᠭᠡᠮ ᠲᠣᠭᠣᠷᠢᠭ᠎ᠤᠨ ᠨᠠᠮ᠎ᠤᠨ ᠡᠭᠦᠷ᠎ᠦᠨ ᠱᠦᠵᠢ᠂ ᠰᠠᠭᠤᠭᠠᠯᠢ ᠠᠷᠠᠳ᠎ᠤᠨ ᠵᠥᠪᠯᠡᠯ᠎ᠦᠨ ᠡᠷᠬᠢᠯᠡᠭ᠌ᠴᠢ ᠵᠧᠸ᠋ ᠳ᠋ᠦᠩ ᠷᠦᠢ ᠢᠯᠡᠷᠬᠡᠢᠯᠡᠬᠦ᠌᠎ᠳᠡᠭᠡᠨ᠂ ᠪᠢᠳᠡ ᠣᠯᠠᠨ ᠵᠦᠶ᠋ᠯ᠎ᠦᠨ ᠬᠡᠯᠪᠡᠷᠢ ᠪᠡᠷ ᠨᠠᠮ᠎ᠤᠨ ᠦᠨᠳᠦᠰᠦᠲᠡᠨ᠎ᠦ ᠣᠨᠣᠯ ᠲᠥᠷᠥ᠎ᠶ᠋ᠢᠨ ᠪᠣᠳᠣᠯᠭ᠎ᠠ ᠪᠠ ᠬᠠᠮᠢᠶ᠎ᠠ ᠪᠥᠬᠥᠶ ᠬᠠᠤᠯᠢ ᠴᠠᠭᠠᠵᠠ ᠲᠦᠷᠢᠮ ᠲᠣᠭ᠍ᠲᠠᠭᠠᠯ᠎ᠢ ᠭᠦᠨᠵᠡᠭᠡᠶ ᠤᠬᠠᠭᠤᠯᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠡᠷᠡᠰ ᠭᠤᠢᠪᠢᠰᠢ ᠥᠬᠡᠶ ᠳᠡᠯᠭᠡᠷᠡᠭᠦᠯᠦᠨ ᠲᠦᠭᠡᠮᠡᠯᠵᠢᠭᠦᠯᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ 《ᠲᠠᠪᠤᠨ ᠬᠠᠮᠲᠤ᠎ᠶ᠋ᠢᠨ ᠲᠠᠨᠢᠯᠲᠠ》 ᠶ᠋ᠢ ᠲᠠᠰᠤᠷᠠᠯᠲᠠ ᠥᠬᠡᠶ ᠲᠡᠭᠡᠭᠰᠢᠯᠡᠬᠥᠯᠥᠨᠠ ᠭᠡᠵᠡᠶ᠃
ᠮᠠᠨᠵᠤᠤᠷ ᠬᠣᠲᠠ᠎ᠶ᠋ᠢᠨ ᠠᠷᠠᠳ᠎ᠤᠨ ᠪᠠᠢᠴᠠᠭᠠᠬᠤ ᠬᠣᠷᠢᠶ᠎ᠠ ᠵᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠪᠠᠢᠴᠠᠭᠠᠬᠤ ᠳᠠᠷᠤᠭ᠎ᠠ ᠢᠦᠶ ᠴᠢᠩ ᠴᠢᠤᠸᠠᠨ᠂ ᠪᠢᠳᠡ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠡᠭᠦᠷᠭᠡ ᠴᠢᠳᠠᠪᠬᠢ ᠪᠠᠨ ᠢᠳᠡᠪᠬᠢᠲᠡᠶ ᠪᠠᠳᠠᠷᠠᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠰᠠᠢᠨ ᠰᠠᠢᠬᠠᠨ ᠵᠣᠯ ᠵᠢᠷᠭᠠᠯᠲᠤ ᠠᠮᠢᠳᠤᠷᠠᠯ᠎ᠤᠨ ᠣᠷᠴᠢᠨ ᠨᠥᠬᠥᠴᠡᠯ᠎ᠢ ᠬᠠᠤᠯᠢ ᠶᠣᠰᠣᠭᠠᠷ ᠰᠠᠬᠢᠨ ᠬᠠᠮᠠᠭᠠᠯᠠᠨ᠎ᠠ᠃ ᠦᠨᠳᠦᠰᠦᠲᠡᠨ ᠨᠤᠭᠦᠳ᠎ᠦᠨ ᠤᠯᠠᠨ ᠲᠦᠮᠡᠨ᠎ᠳᠦ ᠬᠠᠤᠯᠢ ᠴᠠᠭᠠᠵᠠ᠎ᠶ᠋ᠢᠨ ᠲᠤᠰᠠᠯᠠᠮᠵᠢ ᠦᠵᠡᠭᠦᠯᠬᠦ᠌ ᠡᠷᠴᠢᠮ᠎ᠢᠶᠡᠨ ᠴᠢᠩᠭᠠᠷᠠᠭᠤᠯᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠳᠦ ᠬᠠᠤᠯᠢ ᠲᠠᠢᠯᠪᠤᠷᠢᠯᠠᠨ ᠶᠣᠰᠣ ᠶᠠᠷᠢᠬᠤ ᠴᠢᠨᠠᠷ ᠴᠢᠨᠰᠠᠭ᠎ᠠ ᠪᠠ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ᠃ ᠦᠨᠳᠦᠰᠦᠲᠡᠨ᠎ᠦ ᠪᠦᠯᠬᠦᠮᠳᠡᠯ ᠳᠠᠪᠱᠢᠯᠲᠠ ᠶ᠋ᠢᠨ ᠠᠵᠢᠯ᠎ᠤᠨ ᠲᠤᠷᠱᠢᠯᠭ᠎ᠠ ᠶ᠋ᠢᠨ ᠰᠤᠷᠤᠯᠴᠠᠯᠭ᠎ᠠ ᠰᠣᠯᠢᠯᠴᠠᠭ᠎ᠠ ᠶ᠋ᠢ ᠴᠢᠩᠭᠠᠳᠭᠠᠵᠤ᠂ ᠬᠠᠤᠯᠢ ᠪᠠᠷ ᠵᠠᠰᠠᠬᠤ ᠪᠠ ᠦᠨᠳᠦᠰᠦᠲᠡᠨ᠎ᠦ ᠪᠦᠯᠬᠦᠮᠳᠡᠯ᠎ᠦᠨ ᠤᠬᠠᠭᠤᠯᠭ᠎ᠠ ᠬᠥᠮᠦᠵᠢᠯ᠎ᠢ ᠴᠢᠩᠭᠠᠳᠭᠠᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠦ ᠬᠦᠴᠦᠨ ᠴᠢᠳᠠᠯ᠎ᠢᠶᠠᠨ ᠡᠷᠭᠦᠨ᠎ᠡ ᠭᠡᠵᠤ ᠢᠯᠡᠷᠭᠡᠢᠯᠡᠵᠡᠢ᠃
ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠶ ᠡᠪᠯᠡᠯ᠎ᠦᠨ ᠤᠬᠠᠭᠤᠯᠬᠤ ᠬᠡᠯᠲᠡᠰ᠎ᠦᠨ ᠳᠠᠷᠤᠭ᠎ᠠ ᠴᠧᠨ ᠭᠦᠸᠧ ᠹᠠᠩ ᠢᠯᠡᠷᠬᠡᠢᠯᠡᠬᠦ᠌᠎ᠳᠡᠭᠡᠨ᠂ ᠬᠣᠢᠱᠢᠳᠠ᠎ᠶ᠋ᠢᠨ ᠠᠵᠢᠯ᠎ᠤᠨ ᠳᠤᠮᠳᠠ᠂ ᠪᠢᠳᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠨ᠎ᠠ᠂ ᠠᠵᠢᠯᠲᠠᠨ ᠠᠵᠢᠯᠴᠢᠨ᠎ᠤ ᠦᠵᠡᠯ ᠰᠠᠨᠠᠭ᠎ᠠ ᠤᠯᠤᠰ ᠲᠥᠷᠥ᠎ᠶ᠋ᠢᠨ ᠵᠢᠯᠣᠭᠣᠳᠤᠮᠵᠢ᠎ᠶ᠋ᠢ ᠦᠨᠡᠨ ᠬᠦ᠌ ᠴᠢᠩᠭᠠᠳᠭᠠᠵᠦ᠂ ᠪᠠᠶᠠᠯᠢᠭ ᠠᠭᠤᠯᠭ᠎ᠠ ᠲᠠᠶ ᠤᠬᠠᠭᠤᠯᠭ᠎ᠠ ᠬᠥᠮᠦᠵᠢᠯ᠎ᠦᠨ ᠠᠵᠢᠯᠯᠠᠭ᠎ᠠ ᠵᠢ ᠵᠣᠬᠢᠶᠠᠨ ᠪᠠᠢᠭᠤᠯᠤᠨ ᠥᠷᠨᠢᠭᠦᠯᠬᠦ᠌ ᠪᠡᠷ ᠳᠠᠮᠵᠢᠨ᠂ ᠦᠨᠳᠦᠰᠦᠲᠡᠨ᠎ᠦ ᠪᠦᠯᠬᠦᠮᠳᠡᠯ᠎ᠦᠨ ᠤᠬᠠᠮᠰᠠᠷ᠎ᠢ ᠰᠡᠳᠭᠢᠯ᠎ᠳᠡᠭᠡᠨ ᠬᠠᠳᠠᠩᠱᠢᠭᠤᠯᠤᠨ᠂ ᠥᠷᠭᠡᠨ ᠣᠯᠠᠨ ᠠᠵᠢᠯᠲᠠᠨ ᠠᠵᠢᠯᠴᠢᠨ᠎ᠢ ᠪᠦᠯᠬᠦᠮᠳᠡᠭᠦᠯᠦᠨ ᠬᠥᠲᠥᠯᠥᠨ ᠵᠢᠯᠣᠭᠣᠳᠴᠤ᠌ ᠡᠷᠡᠰ ᠭᠤᠢᠪᠢᠰᠢ ᠦᠭᠡᠢ᠎ᠪᠡᠷ ᠨᠠᠮ᠎ᠤᠨ ᠦᠭᠡ᠎ᠶ᠋ᠢ ᠰᠤᠨᠤᠰᠤᠨ ᠨᠠᠮ ᠵᠢᠡᠨ ᠳᠠᠭᠠᠨ ᠤᠷᠤᠬᠰᠢᠯᠠᠨ᠎ᠠ ᠭᠡᠪᠡ᠃
ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ ᠶᠡᠷᠦᠩᠬᠡᠶ ᠱᠦᠵᠢ ᠰᠢ ᠵᠢᠨ ᠫᠢᠩ᠎ᠦᠨ ᠵᠢᠭᠠᠭ᠍ᠰᠠᠨ ᠴᠢᠭ᠌ᠯᠡᠯ᠎ᠢᠶᠡᠷ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠵᠤ᠂ ᠭᠠᠷ ᠬᠣᠯᠪᠣᠨ ᠡᠷᠡᠯᠬᠡᠭ᠌ᠯᠡᠨ ᠤᠷᠤᠭ᠍ᠰᠢᠯᠠᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠢ᠋ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠵᠦ᠍᠂ ᠨᠢᠬᠡ ᠰᠡᠳᠬᠢᠯ ᠨᠡᠢᠳᠠ᠎ᠶᠢᠨ ᠬᠥᠴᠥᠨ᠎ᠢᠶᠡᠷ ᠳᠤᠮᠳᠠᠳᠤ ᠤᠯᠤᠰ᠎ᠤᠨ ᠮᠠᠶᠢᠬ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠡ᠃
(ᠲᠤᠰ ᠰᠣᠨᠢᠨ᠎ᠤ ᠰᠤᠷᠪᠤᠯᠵᠢᠯᠠᠭ᠍ᠴᠢ ᠯᠢ ᠼᠦᠨ ᠱᠢᠶᠠ ᠮᠠ ᠹᠠᠩ ᠵᠧᠩ ᠱᠢᠤᠸᠠᠢ ᠯᠢᠶᠠᠩ ᠪᠠᠶᠠᠰᠭᠤᠯᠠᠩ ᠭᠤᠤ ᠮᠢᠨ ᠨᠠ ᠴᠢᠮᠡᠭᠡᠯᠡᠭ᠌ᠴᠢ ᠵᠠᠩ ᠵᠢᠶᠠ ᠪᠢᠨ ᠶᠡᠷᠦᠩᠬᠡᠢᠯᠡᠨ ᠮᠡᠳᠡᠭᠡᠯᠡᠪᠡ)