ᠡᠨᠡ ᠪᠣᠯ ᠤᠳᠤ ᠦᠶ᠎ᠡ᠎ᠳᠦ ᠭᠠᠪᠢᠶ᠎ᠠ ᠪᠠᠢᠭᠤᠯᠵᠤ ᠮᠢᠩᠭᠠᠨ ᠭᠠᠯᠪᠠ᠎ᠳᠤ ᠠᠱᠢᠭ ᠬᠦᠷᠲᠡᠭᠡᠬᠦ᠌ ᠡᠷᠬᠢᠮ ᠳᠡᠭᠡᠳᠦ ᠦᠢᠯᠡᠰ ᠪᠤᠯᠤᠨ᠎ᠠ
2023-06-19 11:27:12
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠨᠠᠢᠷᠠᠭᠤᠯᠤᠭᠴᠢ ᠵᠢᠨ ᠦᠭᠡ

6 ᠰᠠᠷ᠎ᠠ ᠵᠢᠨ 5᠎ᠡᠴᠡ 8 ᠤ᠋ ᠡᠳᠦᠷ ᠪᠣᠯᠲᠠᠯ᠎ᠠ ᠂ ᠶᠡᠷᠦᠩᠬᠡᠢ ᠱᠦᠵᠢ ᠱ᠋ᠢ ᠵᠢᠨ ᠫᠢᠩ ᠪᠡᠶ᠎ᠠ ᠪᠠᠷ᠎ᠵᠢᠡᠨ ᠥᠪᠥᠷ ᠮᠣᠩᠭᠣᠯ ᠳ᠋ᠤ᠌ ᠱᠢᠨᠵᠢᠯᠡᠨ ᠪᠠᠢᠴᠠᠭᠠᠵᠤ᠂ ᠺᠠᠳ᠋ᠷ ᠣᠯᠠᠨ ᠲᠦᠮᠡᠨ ᠢ᠋ ᠪᠣᠯᠭᠣᠭᠠᠨ ᠦᠵᠡᠵᠦ ᠂ ᠶᠠᠷᠢᠯᠴᠠᠬᠤ ᠬᠤᠷᠠᠯ ᠡᠷᠬᠢᠯᠡᠨ᠂ ᠴᠢᠬᠤᠯᠠ ᠶᠠᠷᠢᠶ᠎ᠠ ᠲᠠᠯᠪᠢᠵᠤ᠂ ᠠᠵᠢᠯ ᠤ᠋ᠨ ᠬᠠᠷᠢᠭᠤ ᠮᠡᠳᠡᠭᠦᠯᠦᠯᠲᠡ ᠵᠢ ᠰᠣᠨᠣᠰᠴᠤ ᠂ ᠴᠢᠬᠤᠯᠠ ᠵᠢᠭᠠᠪᠤᠷᠢ ᠥᠭᠪᠡ᠃

ᠲᠤᠰ ᠰᠣᠨᠢᠨ ᠥᠨᠥᠳᠥᠷ᠎ᠡᠴᠡ ᠡᠬᠢᠯᠡᠨ ᠣᠨᠴᠠ ᠬᠡᠪᠯᠡᠯ ᠨᠡᠢᠲᠡᠯᠡᠵᠦ᠂ ᠣᠨᠴᠠ ᠤᠷᠢᠭᠰᠠᠨ ᠲᠤᠰᠭᠠᠢ ᠮᠡᠷᠭᠡᠵᠢᠯᠲᠡᠨ ᠡᠷᠳᠡᠮᠲᠡᠨ ᠪᠠ ᠺᠠᠳ᠋ᠷ ᠣᠯᠠᠨ ᠲᠦᠮᠡᠨ ᠲᠡᠢ ᠬᠠᠮᠲᠤ ᠪᠠᠷ᠂ ᠶᠡᠷᠦᠩᠬᠡᠢ ᠱᠦᠵᠢ ᠱ᠋ᠢ ᠵᠢᠨ ᠫᠢᠩ ᠤ᠋ᠨ ᠥᠪᠥᠷ ᠮᠣᠩᠭᠣᠯ ᠳ᠋ᠤ᠌ ᠱᠢᠨᠵᠢᠯᠡᠨ ᠪᠠᠢᠴᠠᠭᠠᠬᠤ ᠦᠶ᠎ᠡ ᠵᠢᠨ ᠴᠢᠬᠤᠯᠠ ᠵᠢᠭᠠᠪᠤᠷᠢ ᠪᠣᠯᠤᠨ ᠴᠦᠯᠯᠡᠷᠬᠡᠭᠵᠢᠯ ᠢ᠋ ᠶᠡᠷᠦᠩᠬᠡᠢᠯᠡᠨ ᠰᠡᠷᠭᠡᠢᠯᠡᠨ ᠵᠠᠰᠠᠬᠤ ᠵᠢ ᠴᠢᠩᠭᠠᠳᠭᠠᠬᠤ ᠪᠠ 《ᠤᠮᠠᠷᠠᠲᠤ ᠵᠢᠨ ᠭᠤᠷᠪᠠᠨ ᠣᠷᠣᠨ》 ᠵᠡᠷᠭᠡ ᠭᠣᠣᠯᠳᠠᠯᠭ᠎ᠠ ᠲᠠᠢ ᠠᠮᠢ ᠠᠬᠤᠢ ᠵᠢᠨ ᠢᠨᠵᠧᠨᠧᠷᠢᠩ ᠤ᠋ᠨ ᠪᠦᠲᠦᠭᠡᠨ ᠪᠠᠢᠭᠤᠯᠤᠯᠲᠠ ᠵᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠤ ᠂ ᠪᠦᠬᠦ ᠣᠷᠣᠨ ᠤ᠋ ᠡᠯ᠎ᠡ ᠵᠦᠢᠯ ᠤ᠋ᠨ ᠠᠵᠢᠯ ᠦᠢᠯᠡᠰ ᠤ᠋ᠨ ᠴᠢᠨᠠᠷ ᠰᠠᠢᠲᠠᠢ ᠬᠥᠭᠵᠢᠯᠲᠡ ᠵᠢ ᠠᠬᠢᠭᠤᠯᠬᠤ ᠲᠡᠮᠡᠴᠡᠯ ᠤ᠋ᠨ ᠬᠦᠴᠦᠨ ᠢ᠋ ᠨᠢᠭᠲᠠᠷᠠᠭᠤᠯᠤᠨ᠎ᠠ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号