ᠡᠬᠡ ᠤᠯᠤᠰ ᠤ᠋ᠨ ᠤᠮᠠᠷᠠᠲᠤ ᠳ᠋ᠦ᠍ ᠲᠦᠮᠡᠨ ᠭᠠᠵᠠᠷ ᠤ᠋ᠨ ᠨᠤᠮᠢᠨ ᠨᠤᠭᠤᠭᠠᠨ ᠤᠷᠳᠤ ᠴᠠᠭᠠᠨ ᠭᠡᠷᠡᠮ᠎ᠢ ᠴᠤᠭᠴᠠᠯᠠᠨ᠎ᠠ
2023-06-19 11:32:56
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠱᠢᠨ ᠤ᠋ ᠬᠠᠯᠬᠠᠪᠴᠢ ᠵᠢ ᠪᠠᠲᠤ ᠴᠣᠭᠴᠠᠯᠠᠬᠤ ᠪᠣᠯ ᠥᠪᠥᠷ ᠮᠣᠩᠭᠣᠯ ᠤ᠋ᠨ ᠡᠷᠬᠡᠪᠱᠢ ᠪᠠᠲᠤ ᠴᠡᠭᠡᠵᠢᠯᠡᠬᠦ《ᠤᠯᠤᠰ ᠤ᠋ᠨ ᠶᠡᠭᠡ ᠶᠠᠪᠤᠳᠠᠯ》 ᠪᠣᠯᠤᠨ᠎ᠠ ᠃ ᠴᠦᠯᠯᠡᠷᠬᠡᠭᠵᠢᠯ ᠢ᠋ ᠶᠡᠷᠦᠩᠬᠡᠢᠯᠡᠨ ᠰᠡᠷᠭᠡᠢᠯᠡᠨ ᠵᠠᠰᠠᠬᠤ ᠵᠢ ᠴᠢᠩᠭᠠᠳᠭᠠᠵᠤ ᠂ 《ᠤᠮᠠᠷᠠᠲᠤ ᠵᠢᠨ ᠭᠤᠷᠪᠠᠨ ᠣᠷᠣᠨ》 ᠵᠡᠷᠭᠡ ᠭᠣᠣᠯᠳᠠᠯᠭ᠎ᠠ ᠲᠠᠢ ᠠᠮᠢ ᠠᠬᠤᠢ ᠵᠢᠨ ᠢᠨᠵᠧᠨᠧᠷᠢᠩ ᠤ᠋ᠨ ᠪᠦᠲᠦᠭᠡᠨ ᠪᠠᠢᠭᠤᠯᠤᠯᠲᠠ ᠵᠢ ᠭᠦᠨᠵᠡᠭᠡᠢ ᠠᠬᠢᠭᠤᠯᠬᠤ ᠨᠢ ᠮᠠᠨ᠎ᠤ ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ᠎ᠲᠡᠶ ᠬᠣᠯᠪᠣᠭ᠍ᠳᠠᠵᠤ ᠂ ᠤᠯᠤᠰ᠎ᠢᠶᠠᠨ ᠬᠦᠴᠦᠷᠬᠡᠭ᠌ᠵᠢᠭᠦᠯᠬᠦ᠌ ᠪᠦᠳᠦᠭᠡᠨ ᠪᠠᠢᠭᠤᠯᠤᠯᠲᠠ᠎ᠲᠠᠶ ᠬᠣᠯᠪᠣᠭ᠍ᠳᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠥᠨᠢᠳᠡ᠎ᠶ᠋ᠢᠨ ᠬᠥᠭ᠌ᠵᠢᠯᠲᠡ᠎ᠲᠡᠶ ᠬᠣᠯᠪᠣᠭ᠍ᠳᠠᠵᠤ᠂ ᠤᠳᠤ ᠦᠶ᠎ᠡ᠎ᠳᠦ ᠭᠠᠪᠢᠶ᠎ᠠ ᠪᠠᠢᠭᠤᠯᠵᠤ ᠂ ᠮᠢᠩᠭᠠᠨ ᠭᠠᠯᠪᠠ᠎ᠳᠤ ᠠᠱᠢᠭ ᠬᠦᠷᠲᠡᠭᠡᠬᠦ᠌ ᠪᠤᠯᠤᠨ᠎ᠠ ᠃

ᠮᠠᠨ ᠤ᠋ ᠤᠯᠤᠰ ᠤ᠋ᠨ ᠠᠮᠢ ᠠᠬᠤᠢ ᠵᠢᠨ ᠠᠮᠤᠷ ᠲᠦᠪᠰᠢᠨ ᠲᠠᠢ ᠬᠤᠯᠪᠤᠭᠳᠠᠵᠤ ᠪᠠᠢᠳᠠᠭ᠃ ᠴᠦᠯᠯᠡᠷᠬᠡᠭᠵᠢᠯ ᠪᠣᠯ ᠬᠥᠮᠦᠨ ᠲᠥᠷᠥᠯᠬᠢᠲᠡᠨ ᠤ᠋ ᠣᠷᠣᠱᠢᠨ ᠲᠣᠭᠲᠠᠨᠢᠬᠤ ᠪᠠ ᠬᠥᠭᠵᠢᠬᠦ ᠵᠢ ᠨᠥᠯᠥᠭᠡᠯᠡᠬᠦ ᠪᠦᠬᠦ ᠪᠥᠮᠪᠥᠷᠴᠡᠭ ᠤ᠋ᠨ ᠴᠢᠨᠠᠷᠲᠠᠢ ᠴᠢᠬᠤᠯᠠ ᠶᠡᠬᠡ ᠠᠮᠢ ᠠᠬᠤᠢ ᠵᠢᠨ ᠠᠰᠠᠭᠤᠳᠠᠯ ᠪᠣᠯᠤᠨ᠎ᠠ ᠃ ᠮᠠᠨ ᠤ᠋ ᠤᠯᠤᠰ ᠪᠣᠯ ᠳᠡᠯᠡᠬᠡᠢ ᠳᠡᠭᠡᠷᠡᠬᠢ ᠴᠦᠯᠯᠡᠷᠬᠡᠭᠵᠢᠯ ᠵᠢᠡᠷ ᠬᠠᠮᠤᠭ ᠤ᠋ᠨ ᠬᠦᠨᠳᠦ ᠨᠣᠴᠢᠲᠠᠢ ᠤᠯᠤᠰ ᠤ᠋ᠨ ᠨᠢᠭᠡ ᠮᠥᠨ᠂ ᠢᠯᠠᠩᠭᠤᠶ᠎ᠠ ᠤᠮᠠᠷᠠᠲᠤ ᠣᠷᠣᠨ᠂ ᠵᠡᠭᠦᠨ ᠬᠣᠢᠲᠤ ᠣᠷᠣᠨ᠂ ᠪᠠᠷᠠᠭᠤᠨ ᠬᠣᠢᠲᠤ ᠣᠷᠣᠨ ᠪᠣᠯ ᠬᠠᠮᠤᠭ ᠤ᠋ᠨ ᠬᠦᠨᠳᠦ ᠨᠣᠴᠢᠲᠠᠢ ᠪᠠᠢᠳᠠᠭ ᠃ ᠥᠪᠥᠷ ᠮᠣᠩᠭᠣᠯ ᠡᠬᠡ ᠤᠯᠤᠰ ᠤ᠋ᠨ ᠤᠮᠠᠷᠠᠲᠤ ᠳ᠋ᠦ᠍ ᠪᠠᠢᠷᠢᠯᠠᠵᠤ ᠂ 《ᠤᠮᠠᠷᠠᠲᠤ ᠵᠢᠨ ᠭᠤᠷᠪᠠᠨ ᠣᠷᠣᠨ》 ᠢ᠋ ᠰᠤᠨᠳᠠᠯᠠᠵᠤ ᠂ ᠴᠦᠯᠯᠡᠷᠬᠡᠭᠵᠢᠯ ᠢ᠋ ᠰᠡᠷᠭᠡᠢᠯᠡᠨ ᠵᠠᠰᠠᠬᠤ ᠶᠠᠪᠤᠴᠠ ᠳ᠋ᠠᠬᠢ ᠴᠢᠬᠤᠯᠠ ᠴᠢᠨᠠᠷ ᠨᠢ ᠮᠡᠳᠡᠭᠡᠵᠢ ᠵᠢᠨ ᠬᠡᠷᠡᠭ ᠶᠦ᠍ᠮ ᠃ ᠡᠷᠬᠡᠪᠱᠢ ᠠᠮᠢ ᠠᠬᠤᠢ ᠵᠢᠨ ᠵᠠᠰᠠᠯᠲᠠ ᠵᠢ ᠤᠯᠤᠰ ᠤ᠋ᠨ ᠪᠠᠢᠯᠳᠤᠬᠤ ᠪᠣᠳᠣᠯᠭ᠎ᠠ ᠵᠢᠨ ᠶᠡᠬᠡ ᠲᠠᠯ᠎ᠠ ᠲᠠᠢ ᠬᠤᠯᠪᠤᠭᠳᠠᠭᠤᠯᠤᠨ ᠪᠣᠳᠣᠯᠬᠢᠯᠠᠵᠤ ᠂ ᠠᠭᠤᠯᠠ ᠤᠰᠤ ᠣᠢ ᠱᠢᠭᠤᠢ ᠲᠠᠷᠢᠶᠠᠨ ᠭᠠᠵᠠᠷ ᠨᠠᠭᠤᠷ ᠪᠦᠷᠢᠳᠦ ᠨᠤᠳᠤᠭ ᠪᠡᠯᠴᠢᠭᠡᠷ ᠡᠯᠡᠰᠦ ᠮᠠᠩᠬ᠎ᠠ ᠵᠢ ᠶᠡᠷᠦᠩᠬᠡᠢᠯᠡᠨ ᠵᠠᠰᠠᠬᠤ ᠵᠢ ᠨᠢᠭᠡᠳᠦᠯᠲᠡᠢ ᠲᠥᠯᠥᠪᠵᠢᠭᠦᠯᠵᠦ ᠂ ᠴᠢᠩᠭ᠎ᠠ ᠡᠭᠦᠷᠭᠡ ᠬᠠᠷᠢᠭᠤᠴᠠᠯᠭᠠᠲᠤ ᠰᠡᠳᠭᠢᠯᠭᠡ ᠪᠡᠷ ᠡᠯᠡᠰᠦ ᠵᠢ ᠰᠡᠷᠭᠡᠢᠯᠡᠨ ᠡᠯᠡᠰᠦ ᠵᠢ ᠵᠠᠰᠠᠬᠤ ᠠᠵᠢᠯ ᠢ᠋ ᠰᠠᠢᠲᠤᠷ ᠬᠢᠵᠦ᠂ ᠡᠬᠡ ᠤᠯᠤᠰ ᠤ᠋ᠨ ᠤᠮᠠᠷᠠᠲᠤ ᠳ᠋ᠦ᠍ ᠲᠦᠮᠡᠨ ᠭᠠᠵᠠᠷ ᠤ᠋ᠨ ᠨᠤᠮᠢᠨ ᠨᠤᠭᠤᠭᠠᠨ ᠤᠷᠳᠤ ᠴᠠᠭᠠᠨ ᠭᠡᠷᠡᠮ ᠎ᠢ ᠴᠣᠭᠴᠠᠯᠠᠬᠤ ᠭᠡᠷᠡᠭᠳᠡᠢ᠃


4694327_agm_1686814932744_m.jpg


    ᠮᠠ ᠬᠦᠢ ᠶᠢᠩ

 ᠥᠪᠥᠷ ᠮᠣᠩᠭᠣᠯ ᠤ᠋ᠨ ᠨᠠᠮ ᠤ᠋ᠨ ᠰᠤᠷᠭᠠᠭᠤᠯᠢ ( ᠵᠠᠰᠠᠭ ᠵᠠᠬᠢᠷᠭᠠᠨ ᠤ᠋ ᠳᠡᠭᠡᠳᠦ ᠰᠤᠷᠭᠠᠭᠤᠯᠢ) ᠵᠢᠨ ᠳᠡᠳ᠋ ᠵᠠᠬᠢᠷᠤᠯ ᠂ ᠫᠷᠣᠹᠧᠰᠰᠣᠷ


ᠤᠯᠤᠰ᠎ᠢᠶᠠᠨ ᠬᠦᠴᠦᠷᠬᠡᠭ᠌ᠵᠢᠭᠦᠯᠬᠦ᠌ ᠪᠦᠳᠦᠭᠡᠨ ᠪᠠᠢᠭᠤᠯᠤᠯᠲᠠ᠎ᠲᠠᠶ ᠬᠣᠯᠪᠣᠭᠳᠠᠵᠤ ᠪᠠᠢᠳᠠᠭ᠃ ᠬᠥᠮᠦᠨ ᠬᠢᠭᠡᠳ ᠪᠠᠢᠭᠠᠯᠢ ᠵᠢᠨ ᠡᠶ᠎ᠡ ᠵᠣᠬᠢᠴᠠᠡᠭᠭᠤᠢ ᠬᠠᠮᠲᠤ ᠣᠷᠣᠱᠢᠬᠤ ᠪᠣᠯ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠲᠠ ᠵᠢᠨ ᠴᠢᠬᠤᠯᠠ ᠣᠨᠴᠠᠯᠢᠭ ᠮᠥᠨ᠂ ᠤᠯᠤᠰ ᠵᠢᠠᠨ ᠬᠦᠴᠦᠷᠬᠡᠭᠵᠢᠭᠦᠯᠬᠦ ᠪᠦᠲᠦᠭᠡᠨ ᠪᠠᠢᠭᠤᠯᠤᠯᠲᠠ᠂ ᠦᠨᠳᠦᠰᠦᠲᠡᠨ ᠤ᠋ ᠰᠡᠷᠭᠦᠨ ᠮᠠᠨᠳᠤᠯᠲᠠ ᠵᠢᠨ ᠪᠠᠢᠪᠠᠰᠤ ᠵᠣᠬᠢᠬᠤ ᠠᠭᠤᠯᠭ᠎ᠠ ᠮᠥᠨ᠃ ᠮᠠᠨ ᠤ᠋ ᠤᠯᠤᠰ ᠤ᠋ᠨ ᠴᠦᠯᠯᠡᠷᠭᠡᠭᠵᠢᠭᠰᠡᠨ ᠭᠠᠵᠠᠷ ᠣᠷᠣᠨ ᠨᠢ ᠠᠵᠤ ᠠᠬᠤᠢ ᠵᠢᠨ ᠬᠥᠭᠵᠢᠯᠲᠡ ᠪᠡᠷ ᠠᠨᠠᠢ ᠪᠠᠢᠭ᠎ᠠ ᠣᠷᠣᠨ ᠂ ᠴᠥᠭᠡᠨ ᠲᠣᠭᠠᠲᠤ ᠦᠨᠳᠦᠰᠦᠲᠡᠨ ᠤ᠋ ᠲᠥᠪᠯᠡᠷᠡᠨ ᠰᠠᠭᠤᠷᠢᠰᠢᠭᠰᠠᠨ ᠣᠷᠣᠨ ᠵᠡᠷᠭᠡ ᠲᠡᠢ ᠳᠡᠭᠡᠳᠦ ᠬᠡᠮᠵᠢᠶ᠎ᠡ ᠪᠡᠷ ᠠᠪᠴᠠᠯᠳᠤᠵᠤ ᠂ ᠴᠦᠯᠯᠡᠷᠬᠡᠭᠵᠢᠯ ᠂ ᠰᠠᠯᠬᠢ ᠡᠯᠡᠰᠦᠨ ᠤ᠋ ᠬᠥᠨᠥᠭᠡᠯ ᠪᠠ ᠬᠥᠷᠥᠰᠥ ᠱᠢᠷᠣᠢ ᠵᠢᠨ ᠢᠳᠡᠭᠳᠡᠯ᠎ᠡᠴᠡ ᠪᠣᠯᠤᠭᠰᠠᠨ ᠠᠮᠢ ᠠᠬᠤᠢ ᠵᠢᠨ ᠭᠠᠮᠱᠢᠭ ᠨᠢ ᠤᠮᠠᠷᠠᠲᠤ ᠵᠢᠨ ᠭᠤᠷᠪᠠᠨ ᠣᠷᠣᠨ ᠤ᠋ ᠠᠵᠤ ᠠᠬᠤᠢ ᠨᠡᠢᠭᠡᠮ ᠤ᠋ᠨ ᠬᠥᠭᠵᠢᠯᠲᠡ ᠵᠢ ᠬᠦᠯᠢᠶᠡᠰᠦᠯᠡᠵᠤ ᠪᠠᠢᠨ᠎ᠠ ᠃ 《ᠬᠠᠮᠠᠷ ᠬᠠᠳᠭᠤᠬᠤ ᠡᠪᠡᠰᠦ ᠦᠭᠡᠢ ᠬᠠᠯᠴᠠᠭᠠᠢ ᠭᠠᠵᠠᠷ》 ᠢ᠋ 《ᠦᠩ ᠱᠢᠮᠡᠯᠢᠭ ᠬᠥᠷᠥᠰᠥ ᠪᠤᠯᠭᠠᠨ》 ᠬᠤᠪᠢᠷᠠᠭᠤᠯᠬᠤ ᠵᠢᠨ ᠲᠥᠯᠥᠭᠡ ᠂ ᠮᠠᠨ ᠤ᠋ ᠤᠯᠤᠰ ᠪᠠᠢᠭᠠᠯᠢ ᠵᠢᠨ ᠵᠢᠮ᠎ᠡ ᠶᠣᠰᠣᠨ ᠳ᠋ᠤ᠌ ᠨᠡᠢᠴᠡᠭᠰᠡᠨ ᠂ ᠤᠯᠤᠰ ᠤ᠋ᠨ ᠪᠠᠢᠳᠠᠯ ᠪᠠ ᠭᠠᠵᠠᠷ ᠣᠷᠣᠨ ᠤ᠋ ᠪᠠᠢᠳᠠᠯ ᠳ᠋ᠤ᠌ ᠨᠡᠢᠴᠡᠭᠰᠡᠨ ᠳᠤᠮᠳᠠᠳᠤ ᠤᠯᠤᠰ ᠤ᠋ᠨ ᠣᠨᠴᠠᠯᠢᠭ ᠳᠠᠢ ᠡᠯᠡᠰᠦ ᠵᠢ ᠰᠡᠷᠭᠡᠢᠯᠡᠵᠦ ᠡᠯᠡᠰᠦ ᠵᠢ ᠵᠠᠰᠠᠬᠤ ᠵᠠᠮ ᠢ᠋ ᠨᠡᠭᠡᠭᠡᠭᠰᠡᠨ ᠪᠠᠢᠨ᠎ᠠ ᠃ ᠱᠢᠨ᠎ᠡ ᠴᠠᠭ ᠦᠶ᠎ᠡ ᠵᠢᠨ ᠳᠤᠮᠳᠠᠳᠤ ᠤᠯᠤᠰ ᠤ᠋ᠨ ᠡᠯᠡᠰᠦ ᠵᠢ ᠰᠡᠷᠭᠡᠢᠯᠡᠨ ᠡᠯᠡᠰᠦ ᠵᠢ ᠵᠠᠰᠠᠬᠰᠠᠨ ᠱᠢᠨ᠎ᠡ ᠭᠠᠢᠬᠠᠮᠱᠢᠭ ᠢ᠋ ᠴᠢᠷᠮᠠᠢᠨ ᠡᠭᠦᠳᠴᠦ ᠂ ᠬᠢᠯᠢ ᠬᠢᠵᠠᠭᠠᠷ ᠤ᠋ᠨ ᠦᠨᠳᠦᠰᠦᠲᠡᠨ ᠤ᠋ ᠣᠷᠣᠨ ᠤ᠋ ᠣᠳᠣᠬᠢᠴᠢᠯᠠᠯᠲᠠ ᠵᠢᠨ ᠵᠠᠮ ᠢ᠋ ᠨᠡᠭᠡᠭᠡᠬᠦ ᠬᠡᠷᠡᠭᠲᠡᠢ ᠃

ᠳᠤᠮᠳᠠᠳᠤ᠎ᠶ᠋ᠢᠨ ᠦᠨᠳᠦᠰᠦᠲᠡᠨ᠎ᠦ ᠥᠨᠢᠳᠡ᠎ᠶ᠋ᠢᠨ ᠬᠥᠭ᠌ᠵᠢᠯᠲᠡ᠎ᠲᠡᠶ ᠬᠤᠯᠪᠤᠭᠳᠠᠵᠤ ᠪᠠᠢᠳᠠᠭ᠃᠎ᠠᠮᠢ ᠠᠬᠤᠢ ᠣᠷᠴᠢᠨ ᠳᠤᠭᠤᠷᠢᠨ ᠪᠣᠯ ᠬᠥᠮᠦᠨ ᠲᠥᠷᠥᠯᠬᠢᠲᠡᠨ ᠤ᠋ ᠣᠷᠣᠱᠢᠨ ᠲᠣᠭᠲᠠᠨᠢᠬᠤ ᠪᠠ ᠬᠥᠭᠵᠢᠬᠦ ᠵᠢᠨ ᠦᠨᠳᠦᠰᠦ ᠰᠠᠭᠤᠷᠢ ᠮᠥᠨ᠂ ᠠᠮᠢ ᠠᠬᠤᠢ ᠣᠷᠴᠢᠨ ᠳᠤᠭᠤᠷᠢᠨ ᠤ᠋ ᠬᠤᠪᠢᠷᠠᠯᠲᠠ ᠨᠢ ᠪᠣᠯᠪᠠᠰᠤᠨ ᠤ᠋ ᠮᠠᠨᠳᠤᠯ ᠪᠠᠭᠤᠷᠠᠯ ᠤ᠋ᠨ ᠰᠤᠯᠢᠭᠳᠠᠯ ᠢ᠋ ᠱᠢᠭᠤᠳ ᠨᠥᠯᠥᠭᠡᠯᠡᠳᠡᠭ ᠃ ᠡᠷᠭᠡᠪᠰᠢ 《ᠤᠮᠠᠷᠠᠲᠤ ᠵᠢᠨ ᠭᠤᠷᠪᠠᠨ ᠣᠷᠣᠨ》 ᠤ᠋ ᠬᠠᠯᠬᠠᠪᠴᠢ ᠣᠢ ᠵᠢᠨ ᠱᠢᠰᠲ᠋ᠧᠮ ᠤ᠋ᠨ ᠪᠠᠢᠭᠤᠯᠤᠯᠲᠠ ᠵᠢ ᠦᠷᠭᠦᠯᠵᠢᠯᠡᠨ ᠰᠠᠢᠲᠤᠷ ᠠᠳᠭᠤᠵᠤ ᠂ ᠡᠪᠦᠭᠡ ᠳᠡᠭᠡᠳᠦᠰ ᠪᠠ ᠬᠣᠢᠴᠢ ᠦᠶ᠎ᠡ ᠳ᠋ᠡᠭᠡᠨ ᠣᠰᠣᠯᠳᠠᠬᠤ ᠦᠭᠡᠢ ᠂ ᠲᠡᠦᠬᠡ ᠳ᠋ᠦ᠍ ᠬᠠᠷᠢᠭᠤᠴᠠᠵᠤ ᠂ ᠠᠷᠠᠳ ᠲᠦᠮᠡᠨ ᠳ᠋ᠦ᠍ ᠬᠠᠷᠢᠭᠤᠴᠠᠵᠤ ᠂ ᠮᠣᠩᠭᠣᠯ ᠮᠣᠷᠢᠨ ᠤ᠋ ᠵᠣᠷᠢᠭ ᠰᠠᠨᠠᠭ᠎ᠠ ᠵᠢ ᠪᠠᠳᠠᠷᠠᠭᠤᠯᠵᠤ᠂ ᠨᠢᠭᠡ ᠵᠢᠷᠤᠭ ᠲᠥᠰᠥᠪ ᠢ᠋ ᠡᠴᠦᠰ ᠲᠤᠨᠢ ᠲᠤᠯᠲᠠᠯ᠎ᠠ ᠵᠢᠷᠤᠭᠯᠠᠵᠤ᠂ ᠡᠬᠡ ᠤᠯᠤᠰ ᠤ᠋ᠨ ᠤᠮᠠᠷᠠᠲᠤ ᠵᠢᠨ ᠡᠨᠡ ᠬᠦ᠌ ᠲᠦᠮᠡᠨ ᠭᠠᠵᠠᠷ ᠤ᠋ᠨ ᠨᠤᠮᠢᠨ ᠨᠤᠭᠤᠭᠠᠨ ᠤᠷᠳᠤ ᠴᠠᠭᠠᠨ ᠭᠡᠷᠡᠮ᠎ᠢ  ᠨᠡᠩ ᠪᠠᠲᠤ ᠴᠣᠭᠴᠠᠯᠠᠬᠤ ᠬᠡᠷᠡᠭᠲᠡᠢ ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号