ᠱᠢᠰᠲ᠋ᠧᠮᠳᠦ ᠦᠵᠡᠯᠲᠡ᠎ᠶ᠋ᠢ ᠪᠠᠷᠢᠮᠲᠠᠯᠠᠵᠤ ᠮᠠᠨ ᠎ᠤ ᠤᠯᠤᠰ ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠶ᠎ᠠ
2023-06-21 17:16:39
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠨᠢ ᠥᠪᠥᠷ ᠮᠣᠩᠭᠣᠯ᠎ᠤᠨ ᠠᠯᠤᠰ ᠬᠡᠳᠦ᠍᠎ᠶ᠋ᠢᠨ ᠬᠥᠭ᠌ᠵᠢᠯᠲᠡ᠎ᠳᠦ ᠵᠢᠷᠤᠭ ᠲᠥᠰᠦᠪ᠎ᠢ ᠵᠢᠷᠤᠭ᠍ᠯᠠᠵᠤ᠂ ᠠᠷᠭ᠎ᠠ ᠵᠠᠮ᠎ᠢ ᠲᠣᠳᠣᠷᠬᠠᠢᠯᠠᠵᠠᠢ᠃ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ ᠡᠷᠴᠢ ᠵᠣᠷᠢᠭ᠎ᠢᠶᠠᠨ ᠬᠥᠪᠴᠢᠯᠡᠵᠦ᠍᠂ ᠮᠣᠩᠭᠣᠯ ᠮᠣᠷᠢᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠵᠢᠷᠤᠭ ᠲᠥᠰᠦᠪ᠎ᠢ ᠲᠤᠭᠤᠰᠢᠲᠠᠶ ᠵᠢᠷᠤᠭ᠍ᠯᠠᠵᠤ᠂ ᠦᠶ᠎ᠡ ᠦᠶ᠎ᠡ ᠪᠡᠷ ᠵᠠᠯᠭᠠᠨ ᠬᠢᠵᠦ᠂ ᠡᠬᠡ ᠤᠯᠤᠰ᠎ᠤᠨ ᠤᠮᠠᠷᠠᠲᠤ᠎ᠶ᠋ᠢᠨ ᠡᠨᠡ ᠬᠦ᠌ ᠲᠦᠮᠡᠨ ᠭᠠᠵᠠᠷ᠎ᠤᠨ ᠨᠣᠮᠢᠨ ᠨᠣᠭᠣᠭᠠᠨ ᠬᠠᠯᠬᠠᠪᠴᠢ᠎ᠶ᠋ᠢ ᠨᠠᠩ ᠪᠠᠲᠤ ᠪᠠᠬᠢ ᠴᠣᠭ᠍ᠴᠠᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠠᠮᠢ ᠠᠬᠤᠶ᠎ᠶ᠋ᠢᠨ ᠵᠢᠷᠤᠭ᠎ᠢ ᠵᠢᠷᠤᠭ᠍ᠯᠠᠬᠤ ᠬᠡᠷᠡᠭᠳᠡᠢ᠃

ᠥᠪᠥᠷ ᠮᠣᠩᠭᠣᠯ ᠡᠬᠡ ᠤᠯᠤᠰ᠎ᠤᠨ ᠤᠮᠠᠷᠠᠲᠤ ᠬᠢᠯᠢ᠎ᠳᠦ ᠪᠠᠢᠷᠢᠯᠠᠵᠤ᠂《ᠤᠮᠠᠷᠠᠲᠤ᠎ᠶ᠋ᠢᠨ ᠭᠤᠷᠪᠠᠨ ᠣᠷᠣᠨ》 ᠎ᠢ᠋ ᠰᠤᠨᠳᠠᠯᠠᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠠᠮᠢ ᠠᠬᠤᠶ᠎ᠶ᠋ᠢᠨ ᠠᠮᠤᠷ ᠲᠦᠪᠱᠢᠨ᠎ᠢ ᠬᠠᠮᠠᠭᠠᠯᠠᠬᠤ᠎ᠳᠤ ᠴᠢᠬᠤᠯᠠ ᠪᠠᠢᠷᠢ ᠰᠠᠭᠤᠷᠢ᠎ᠲᠠᠶ ᠶᠤᠮ᠃ ᠱᠢᠰᠲ᠋ᠧᠮᠳᠦ ᠦᠵᠡᠯᠲᠡ᠎ᠶ᠋ᠢ ᠪᠠᠷᠢᠮᠲᠠᠯᠠᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ ᠪᠣᠯ ᠥᠪᠥᠷ ᠮᠣᠩᠭᠣᠯ᠎ᠤᠨ ᠡᠷᠬᠡᠪᠰᠢ ᠡᠭᠦᠷᠭᠡᠯᠡᠬᠦ᠌ ᠴᠢᠬᠤᠯᠠᠲᠠᠢ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ ᠮᠥᠨ᠂ ᠡᠷᠬᠡᠪᠰᠢ ᠪᠠᠲᠤ ᠴᠡᠭᠡᠵᠢᠯᠡᠬᠦ᠌ ᠴᠢᠬᠤᠯᠠᠲᠠᠢ《ᠤᠯᠤᠰ᠎ᠤᠨ ᠶᠡᠬᠡ ᠶᠠᠪᠤᠳᠠᠯ》 ᠮᠥᠨ᠃

ᠪᠠᠢᠭᠠᠯᠢ᠎ᠶ᠋ᠢᠨ ᠡᠯ᠎ᠡ ᠠᠮᠢ ᠠᠬᠤᠢ᠎ᠶ᠋ᠢᠨ ᠡᠯᠧᠮᠧᠨ᠋ᠲ᠎ᠢ ᠪᠦᠬᠦᠯᠢ ᠴᠣᠭ᠍ᠴᠠ᠎ᠪᠠᠷ ᠨᠢ ᠬᠠᠮᠠᠭᠠᠯᠠᠬᠤ᠂ ᠱᠢᠰᠲ᠋ᠧᠮ᠎ᠲᠡᠶ ᠰᠡᠷᠭᠦᠭᠡᠬᠦ᠌ ᠪᠠ ᠶᠡᠷᠦᠩᠬᠡᠢᠯᠡᠨ ᠵᠠᠰᠠᠬᠤ᠎ᠶ᠋ᠢ ᠰᠠᠢᠲᠤᠷ ᠨᠢᠭᠡᠳᠦᠯᠲᠡᠢ ᠲᠥᠯᠥᠪᠵᠢᠭᠦᠯᠵᠦ᠍᠂ ᠡᠷᠡᠭᠦᠯ ᠰᠠᠢᠬᠠᠨ ᠠᠮᠢ ᠠᠬᠤᠢ᠎ᠶ᠋ᠢᠨ ᠱᠢᠰᠲ᠋ᠧᠮ᠎ᠢ ᠪᠣᠢᠵᠢᠭᠤᠯᠬᠤ ᠬᠡᠷᠡᠭᠳᠡᠢ᠃ ᠣᠶ ᠱᠢᠭᠤᠶ᠂ ᠨᠤᠲᠤᠭ ᠪᠡᠯᠴᠢᠭᠡᠷ᠂ ᠨᠤᠭᠤ ᠭᠠᠵᠠᠷ᠂ ᠴᠥᠯᠯᠡᠷᠬᠡᠭ ᠭᠠᠵᠠᠷ᠎ᠢ ᠬᠠᠮᠠᠭᠠᠯᠠᠬᠤ ᠪᠠ ᠰᠡᠷᠭᠦᠭᠡᠬᠦ᠌ ᠠᠵᠢᠯ᠎ᠢ ᠰᠠᠢᠲᠤᠷ ᠬᠢᠵᠦ᠍᠂ ᠪᠠᠢᠭᠠᠯᠢ᠎ᠶ᠋ᠢᠨ ᠠᠮᠢ ᠠᠬᠤᠶ᠎ᠶ᠋ᠢᠨ ᠱᠢᠰᠲ᠋ᠧᠮ᠎ᠦᠨ ᠶᠠᠰᠤ ᠴᠢᠨᠠᠷ ᠪᠠ ᠲᠣᠭ᠍ᠲᠠᠪᠤᠷᠢᠲᠤ ᠴᠢᠨᠠᠷ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠦᠨ᠂ ᠨᠡᠭᠡᠭᠡᠨ ᠬᠥᠭ᠌ᠵᠢᠭᠦᠯᠬᠦ᠌᠂ ᠠᠱᠢᠭ᠍ᠯᠠᠬᠤ᠂ ᠬᠠᠮᠠᠭᠠᠯᠠᠬᠤ᠂ ᠰᠡᠷᠭᠦᠭᠡᠬᠦ᠌᠎ᠶ᠋ᠢᠨ ᠬᠣᠭᠣᠷᠣᠨᠳᠣᠬᠢ ᠬᠠᠮᠵᠢᠯᠴᠠᠭ᠎ᠠ᠎ᠶ᠋ᠢ ᠴᠢᠩᠭᠠᠳᠭᠠᠵᠤ᠂ ᠡᠯᠡᠰᠦ᠎ᠶ᠋ᠢ ᠵᠠᠰᠠᠬᠤ᠂ ᠤᠰᠤ᠎ᠶ᠋ᠢ ᠵᠠᠰᠠᠬᠤ᠂ ᠠᠭᠤᠯᠠ᠎ᠶ᠋ᠢ ᠵᠠᠰᠠᠬᠤ ᠪᠥᠬᠥ᠌ ᠬᠦᠴᠦᠨ ᠵᠦᠶ᠋ᠯ᠎ᠦᠨ ᠵᠣᠬᠢᠴᠠᠭᠤᠯᠭ᠎ᠠ ᠪᠠ ᠬᠠᠮᠢᠶᠠᠷᠤᠯᠲᠠ᠎ᠶ᠋ᠢ ᠴᠢᠩᠭᠠᠳᠭᠠᠨ᠂ ᠪᠥᠬᠥ᠌ ᠲᠠᠯ᠎ᠠ᠎ᠶ᠋ᠢᠨ ᠵᠣᠬᠢᠴᠠᠭᠤᠯᠬᠤ ᠲᠣᠭ᠍ᠲᠠᠴᠠ᠎ᠶ᠋ᠢ ᠪᠠᠢᠭᠤᠯᠵᠤ᠂ ᠡᠷᠡᠭᠦᠯ ᠪᠥᠭᠡᠳ ᠲᠣᠭ᠍ᠲᠠᠭᠤᠨ᠂ ᠴᠢᠳᠠᠮᠵᠢ᠎ᠨᠢ ᠪᠦᠷᠢᠨ ᠲᠡᠭᠦᠯᠳᠡᠷ ᠣᠶ ᠱᠢᠭᠤᠶ᠂ ᠨᠤᠲᠤᠭ ᠪᠡᠯᠴᠢᠭᠡᠷ᠂ ᠨᠤᠭᠤ ᠭᠠᠵᠠᠷ᠂ ᠡᠯᠡᠰᠦᠨ ᠴᠦᠯ᠎ᠤᠨ ᠠᠮᠢ ᠠᠬᠤᠶ᠎ᠶ᠋ᠢᠨ ᠱᠢᠰᠲ᠋ᠧᠮ᠎ᠢ ᠬᠦᠴᠦᠯᠡᠨ ᠪᠣᠢᠵᠢᠭᠤᠯᠬᠤ ᠬᠡᠷᠡᠭᠳᠡᠢ᠃


4698196_agm_1687164647027_m.jpg


     ᠯᠢᠦ ᠴᠢᠶᠠᠨ

   ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ(ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠵᠢᠨ ᠭᠦᠨ ᠤᠬᠠᠭᠠᠨ᠎ᠤ ᠵᠢᠭᠠᠨ ᠰᠤᠳᠤᠯᠬᠤ ᠬᠡᠯᠲᠡᠰ᠎ᠦᠨ ᠳᠡᠳ᠋ ᠫᠷᠤᠹᠸᠰᠰᠤᠷ




ᠠᠳᠠᠯᠢ ᠪᠤᠰᠤ ᠣᠷᠣᠨ ᠪᠦᠰᠡ᠎ᠶ᠋ᠢᠨ ᠬᠣᠭᠣᠷᠣᠨᠳᠣᠬᠢ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠵᠠᠰᠠᠬᠤ᠎ᠶ᠋ᠢ ᠴᠢᠩᠭᠠᠳᠭᠠᠵᠤ᠂ ᠴᠡᠭ ᠱᠤᠭᠤᠮ ᠨᠡᠢᠳᠡᠮ᠎ᠢ ᠤᠶᠠᠯᠳᠤᠭᠤᠯᠤᠨ᠂ ᠠᠮᠢ ᠠᠬᠤᠢ᠎ᠶ᠋ᠢ ᠬᠠᠮᠠᠭᠠᠯᠠᠬᠤ ᠲᠣᠣᠷ᠎ᠢ ᠪᠠᠢᠭᠤᠯᠬᠤ ᠬᠡᠷᠡᠭᠳᠡᠢ᠃ᠴᠦᠯᠯᠡᠷᠭᠡᠭ᠌ ᠭᠠᠵᠠᠷ᠎ᠤᠨ ᠲᠠᠷᠬᠠᠯᠲᠠ ᠪᠠ ᠡᠯᠡᠰᠦᠷᠬᠡᠭ᠌ ᠭᠠᠵᠠᠷ᠎ᠤᠨ ᠪᠣᠳᠠᠲᠤ ᠪᠠᠢᠳᠠᠯ ᠨᠢ ᠴᠦᠯᠯᠡᠷᠭᠡᠭ᠌ᠵᠢᠯ᠎ᠢ ᠵᠠᠰᠠᠬᠤ ᠪᠠ ᠡᠯᠡᠰᠦᠷᠬᠡᠭ᠌ᠵᠢᠯ᠎ᠢ ᠰᠡᠷᠭᠡᠢᠯᠡᠵᠦ᠍ ᠡᠯᠡᠰᠦ ᠵᠢ ᠵᠠᠰᠠᠬᠤ᠎ᠳᠤ ᠡᠷᠬᠡᠪᠰᠢ ᠵᠠᠰᠠᠭ ᠵᠠᠬᠢᠷᠭᠠᠨ᠎ᠤ ᠣᠷᠣᠨ᠎ᠪᠦᠰᠡ ᠵᠢᠨ ᠵᠠᠭᠠᠭ ᠬᠢᠵᠠᠭᠠᠷ᠎ᠢ ᠡᠪᠳᠡᠬᠦ ᠴᠢᠬᠤᠯᠠᠳᠠᠢ ᠪᠠᠢᠬᠤ᠎ᠵᠢ ᠲᠤᠭᠲᠠᠭᠠᠵᠤ᠂  ᠡᠯᠡᠰᠦᠨ᠎ᠦ ᠬᠥᠪᠡᠭᠡ ᠬᠢᠵᠠᠭᠠᠷ ᠪᠠ ᠥᠷᠥᠴᠡ ᠭᠠᠵᠠᠷ᠂ ᠰᠠᠯᠬᠢᠨ᠎ᠤ ᠠᠮᠠ᠂ ᠡᠯᠡᠰᠦᠨ᠎ᠦ ᠡᠭᠦᠰᠦᠯ᠎ᠤᠨ ᠣᠷᠣᠨ ᠪᠠ ᠦᠩᠭᠡᠷᠡᠬᠦ ᠣᠷᠣᠨ᠎ᠢ ᠥᠨᠳᠥᠷ ᠲᠦ᠍ ᠵᠤᠭᠰᠤᠨ ᠨᠢᠭᠡᠳᠦᠯᠲᠡᠢ ᠲᠥᠯᠥᠪᠵᠢᠭᠦᠯᠵᠦ᠍᠂ ᠴᠡᠭ ᠱᠤᠭᠤᠮ ᠨᠡᠢᠳᠡᠮ᠎ᠢ ᠤᠶᠠᠯᠳᠤᠭᠤᠯᠤᠭᠰᠠᠨ ᠪᠣᠰᠣᠭ᠎ᠠ ᠴᠣᠭ᠍ᠴᠠᠲᠤ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠲᠣᠣᠷ᠎ᠢ ᠪᠠᠢᠭᠤᠯᠬᠤ ᠬᠡᠷᠡᠭᠳᠡᠢ᠃ ᠨᠢᠭᠡᠳᠦᠯᠲᠡᠶ ᠲᠥᠯᠥᠪᠵᠢᠭᠦᠯᠦᠨ ᠨᠡᠢᠲᠡ᠎ᠳᠦᠨᠢ ᠬᠠᠷᠠᠭᠠᠯᠵᠠᠭ᠍ᠰᠠᠨ ᠰᠠᠭᠤᠷᠢᠨ ᠳᠡᠭᠡᠷ᠎ᠡ ᠪᠠᠰᠠ ᠵᠠᠰᠠᠯᠲᠠ᠎ᠶ᠋ᠢᠨ ᠭᠤᠤᠯᠳᠠᠯᠭ᠎ᠠ᠎ᠶ᠋ᠢ ᠳᠣᠪᠣᠢᠯᠭᠠᠵᠤ᠂ ᠪᠡᠯᠭᠡ ᠲᠡᠮᠳᠡᠭ᠎ᠦᠨ ᠴᠢᠨᠠᠷᠲᠠᠶ ᠳᠠᠢᠯᠠᠯᠳᠤᠭᠠᠨ᠎ᠤ ᠢᠯᠠᠯᠲᠠ᠎ᠶ᠋ᠢ ᠡᠷᠡᠰ ᠣᠯᠵᠤ᠂ ᠬᠠᠲᠤᠨ ᠭᠤᠤᠯ᠎ᠤᠨ《ᠶᠡᠬᠡ ᠳᠤᠬᠤᠢ》ᠵᠢᠨ ᠪᠣᠭᠣᠮᠲᠠ ᠱᠢᠪᠲᠤᠯᠬᠤ ᠳᠠᠢᠯᠠᠯᠳᠤᠭᠠᠨ᠂ ᠬᠣᠷᠴᠢᠨ ᠪᠣᠯᠤᠨ ᠬᠤᠯᠠᠨ ᠱᠢᠷᠭ᠎ᠠ ᠲᠠᠭ᠎ᠠ᠎ᠶ᠋ᠢᠨ ᠬᠣᠶᠠᠷ ᠶᠡᠬᠡ ᠡᠯᠡᠰᠦᠷᠬᠡᠭ ᠭᠠᠵᠠᠷ᠎ᠢ ᠲᠤᠢᠯᠪᠤᠷᠢᠲᠠᠢ ᠵᠠᠰᠠᠬᠤ ᠳᠠᠢᠯᠠᠯᠳᠤᠭᠠᠨ᠎ᠤ ᠡᠭᠦᠷᠭᠡ᠎ᠶ᠋ᠢ ᠲᠣᠭ᠍ᠲᠠᠭ᠍ᠰᠠᠨ ᠬᠤᠭᠤᠴᠠᠭᠠᠨ᠎ᠳᠤ ᠪᠡᠶᠡᠯᠡᠭᠦᠯᠬᠦ᠌᠎ᠶ᠋ᠢ ᠪᠠᠲᠤᠯᠠᠵᠤ᠂ ᠾᠸᠰᠢ ᠵᠢᠨ ᠬᠣᠩᠭᠢᠯ — ᠲᠠᠺᠠᠯᠢᠮᠠᠺᠠᠨ ᠡᠯᠡᠰᠦᠨ ᠴᠥᠯ᠎ᠦᠨ ᠬᠥᠪᠡᠭᠡ ᠳᠠᠭᠠᠤ ᠬᠣᠷᠢᠭ᠍ᠯᠠᠯᠲᠠ ᠵᠢᠨ ᠳᠠᠢᠯᠠᠯᠳᠤᠭᠠᠨ᠎ᠢ ᠰᠠᠢᠲᠤᠷ ᠬᠢᠬᠦ᠌᠎ᠳᠦ ᠬᠠᠮᠵᠢᠯᠴᠠᠬᠤ ᠬᠡᠷᠡᠭᠳᠡᠢ᠃

ᠤᠯᠤᠰ᠎ᠤᠨ ᠨᠤᠲᠤᠭ ᠳᠡᠪᠢᠰᠭᠡᠷ᠎ᠦᠨ ᠣᠷᠣᠨ ᠵᠠᠢ᠎ᠶ᠋ᠢ ᠨᠡᠭᠡᠭᠡᠨ ᠬᠥᠭ᠌ᠵᠢᠭᠦᠯᠵᠦ᠍ ᠬᠠᠮᠠᠭᠠᠯᠠᠬᠤ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠪᠦᠬᠦ᠌ ᠣᠷᠣᠨ ᠪᠦᠰᠡ᠎ᠶ᠋ᠢᠨ ᠠᠮᠢ ᠠᠬᠤᠢ᠎ᠶ᠋ᠢᠨ ᠠᠮᠤᠷ ᠲᠦᠪᠱᠢᠨ᠎ᠦ ᠪᠠᠢᠷᠢᠱᠢᠯ᠎ᠢ ᠪᠦᠷᠢᠯᠳᠦᠭᠦᠯᠬᠦ᠌᠎ᠶ᠋ᠢ ᠠᠬᠢᠭᠤᠯᠬᠤ ᠬᠡᠷᠡᠭᠳᠡᠢ᠃ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠪᠠᠢᠷᠢᠱᠢᠭᠤᠯᠤᠯᠲᠠ᠎ᠶ᠋ᠢ ᠤᠯᠠᠮ ᠴᠢᠨᠠᠭ᠍ᠰᠢᠳᠠ ᠱᠢᠯᠢᠳᠡᠭ᠌ᠵᠢᠭᠦᠯᠵᠦ᠍᠂ ᠦᠶ᠋ᠯᠡᠳᠪᠦᠷᠢᠯᠡᠯ᠂ ᠠᠮᠢᠳᠤᠷᠠᠯ᠂ ᠠᠮᠢ ᠠᠬᠤᠶ᠎ᠶ᠋ᠢᠨ ᠣᠷᠣᠨ ᠵᠠᠶ᠎ᠶ᠋ᠢ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠵᠤ᠂ ᠲᠠᠷᠢᠶᠠᠯᠠᠩ ᠣᠶ ᠱᠢᠭᠤᠶ ᠮᠠᠯ ᠠᠵᠤ ᠠᠬᠤᠶ᠎ᠶ᠋ᠢᠨ ᠭᠠᠵᠠᠷ ᠱᠢᠷᠣᠶ᠎ᠶ᠋ᠢᠨ ᠠᠱᠢᠭ᠍ᠯᠠᠯᠲᠠ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠵᠦ᠍᠂ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠬᠡᠷᠡᠭ᠌ᠴᠡᠭᠡ᠎ᠶ᠋ᠢ ᠬᠠᠮᠢᠶᠠᠷᠤᠨ ᠡᠵᠡᠮᠳᠡᠬᠦ᠌᠎ᠶ᠋ᠢ ᠴᠢᠩᠭ᠎ᠠ ᠬᠡᠷᠡᠭ᠌ᠵᠢᠭᠦᠯᠵᠦ᠍᠂ ᠠᠮᠢ ᠠᠬᠤᠶ᠎ᠶ᠋ᠢ ᠬᠠᠮᠠᠭᠠᠯᠠᠬᠤ ᠤᠯᠠᠭᠠᠨ ᠱᠤᠭᠤᠮ᠎ᠢ ᠴᠢᠩᠭ᠎ᠠ ᠰᠠᠬᠢᠵᠤ᠂ ᠪᠠᠢᠭᠠᠯᠢ᠎ᠶ᠋ᠢᠨ ᠠᠮᠢ ᠠᠬᠤᠶ᠎ᠳᠤ ᠠᠮᠠᠷᠠᠵᠤ ᠰᠡᠷᠭᠦᠬᠦ ᠴᠠᠭ ᠪᠠ ᠣᠷᠣᠨ ᠵᠠᠶ ᠦᠭᠴᠦ᠂ ᠬᠢᠯᠪᠠᠷ ᠪᠤᠰᠤ᠎ᠪᠠᠷ ᠢᠷᠡᠭ᠌ᠰᠡᠨ ᠨᠤᠲᠤᠭ ᠪᠡᠯᠴᠢᠭᠡᠷ᠂ ᠣᠶ ᠱᠢᠭᠤᠶ᠎ᠶ᠋ᠢ ᠰᠠᠢᠲᠤᠷ ᠬᠠᠮᠠᠭᠠᠯᠠᠬᠤ ᠬᠡᠷᠡᠭᠳᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号