ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠳᠤ᠂ ᠪᠢᠳᠡ ᠡᠷᠬᠡᠪᠰᠢ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ᠍᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠪᠥᠬᠥ᠌ ᠲᠠᠯ᠎ᠠ ᠪᠥᠬᠥ᠌ ᠣᠷᠣᠨ ᠪᠦᠰᠡ ᠪᠥᠬᠥ᠌ ᠶᠠᠪᠤᠴᠠ᠎ᠳᠤ ᠴᠢᠩᠭᠠᠳᠭᠠᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠡᠷᠡᠰ ᠪᠠᠲᠤ ᠴᠣᠭ᠍ᠴᠠᠯᠠᠬᠤ ᠬᠡᠷᠡᠭᠳᠡᠢ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠬ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠠᠮᠢ ᠠᠬᠤᠢ᠎ᠶ᠋ᠢ ᠬᠠᠮᠠᠭᠠᠯᠠᠬᠤ ᠤᠯᠠᠭᠠᠨ ᠱᠤᠭᠤᠮ᠎ᠤᠨ ᠬᠠᠮᠢᠶᠠᠷᠤᠯᠲᠠ᠎ᠶ᠋ᠢ ᠴᠢᠩᠭᠠᠳᠭᠠᠵᠤ᠂ ᠬᠥᠯᠥᠨ ᠨᠠᠭᠤᠷ᠂ ᠤᠯᠠᠭᠠᠨᠰᠤᠬᠠᠢ᠂ ᠳᠠᠭ᠎ᠠ᠎ᠶ᠋ᠢᠨ ᠨᠠᠭᠤᠷ ᠵᠡᠷᠭᠡ ᠤᠰᠤᠨ᠎ᠤ ᠠᠮᠢ ᠠᠬᠤᠢ ᠣᠷᠴᠢᠨ ᠲᠣᠭᠣᠷᠢᠨ᠎ᠢ ᠶᠡᠷᠦᠩᠬᠡᠢᠯᠡᠨ ᠵᠠᠰᠠᠬᠤ᠎ᠶ᠋ᠢ ᠲᠦᠷᠭᠡᠳᠭᠡᠵᠦ᠍᠂ ᠴᠦᠯᠯᠡᠷᠭᠡᠭ᠌ᠵᠢᠯ᠎ᠢ ᠵᠠᠰᠠᠬᠤ ᠪᠠ ᠨᠤᠭᠤ ᠭᠠᠵᠠᠷ᠎ᠢ ᠬᠠᠮᠠᠭᠠᠯᠠᠬᠤ᠎ᠶ᠋ᠢ ᠴᠢᠩᠭᠠᠳᠭᠠᠵᠤ᠂ ᠠᠭᠠᠷ ᠮᠠᠨᠳᠠᠯ᠂ ᠤᠰᠤ ᠂ ᠬᠥᠷᠥᠰᠥ᠍ ᠱᠢᠷᠣᠢ᠎ᠶ᠋ᠢᠨ ᠪᠣᠬᠢᠷᠲᠤᠯ᠎ᠢ ᠰᠡᠷᠭᠡᠢᠯᠡᠨ ᠵᠠᠰᠠᠬᠤ᠎ᠶ᠋ᠢ ᠴᠢᠩᠭᠠᠳᠭᠠᠵᠤ᠂ ᠲᠥᠪ᠎ᠦᠨ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠱᠠᠯᠠᠪᠳᠠᠭᠤᠯᠤᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤᠱᠠᠭᠠᠷᠳᠠᠯᠭᠠ ᠶ᠋ᠢ ᠬᠦᠢᠴᠡᠳᠭᠡᠬᠦ ᠵᠢ ᠴᠢᠩᠭ᠎ᠠ ᠠᠬᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠦ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠵᠦ᠍ ᠬᠢᠨᠠᠨ ᠬᠠᠮᠢᠶᠠᠷᠬᠤ ᠲᠠᠯ᠎ᠠ ᠵᠢᠨ ᠬᠠᠤᠯᠢ ᠬᠡᠷᠡᠭ᠌ᠵᠢᠭᠦᠯᠬᠦ᠌᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠠᠮᠢ ᠠᠬᠤᠢ ᠣᠷᠴᠢᠨ ᠲᠣᠭᠣᠷᠢᠨ᠎ᠤ ᠲᠤᠪᠤᠢ᠌ᠮ᠎ᠠ ᠠᠰᠠᠭᠤᠳᠠᠯ᠎ᠢ ᠦᠨᠡᠨ ᠬᠦ᠌ ᠱᠢᠢᠳᠪᠦᠷᠢᠯᠡᠵᠦ᠍᠂ ᠡᠭᠡ ᠤᠯᠤᠰ᠎ᠤᠨ ᠤᠮᠠᠷᠠᠲᠤ ᠬᠢᠯᠢ᠎ᠳᠦ ᠲᠦᠮᠡᠨ ᠭᠠᠵᠠᠷ᠎ᠤᠨ ᠨᠣᠮᠢᠨ ᠨᠣᠭᠣᠭᠠᠨ ᠤᠷᠳᠤ ᠴᠠᠭᠠᠨ ᠬᠡᠷᠡᠮ᠎ᠢ ᠴᠤᠭᠴᠠᠯᠠᠬᠤ ᠬᠡᠷᠡᠭᠳᠡᠢ᠃
《ᠭᠤᠷᠪᠠᠨ ᠨᠠᠭᠤᠷ》 ᠤ᠋ᠨ ᠤᠰᠤᠨ᠎ᠤ ᠠᠮᠢ ᠠᠬᠤᠶ ᠣᠷᠴᠢᠨ ᠲᠣᠭᠣᠷᠢᠨ᠎ᠢ ᠶᠡᠷᠦᠩᠬᠡᠢᠯᠡᠨ ᠵᠠᠰᠠᠬᠤ ᠶ᠋ᠢ ᠦᠷᠭᠦᠯᠵᠢᠯᠡᠨ ᠠᠬᠢᠭᠤᠯᠵᠤ᠂ ᠭᠤᠤᠯᠳᠠᠯᠭ᠎ᠠ᠎ᠲᠠᠶ ᠨᠠᠭᠤᠷ ᠴᠥᠭᠥᠷᠥᠮ᠎ᠦᠨ ᠤᠰᠤᠨ᠎ᠤ ᠴᠢᠨᠠᠷ᠎ᠢ ᠬᠢᠨᠠᠨ ᠬᠡᠮᠵᠢᠵᠦ᠍ ᠵᠠᠳᠠᠯᠤᠯᠲᠠ ᠬᠢᠬᠦ᠌᠎ᠶ᠋ᠢ ᠴᠢᠩᠭᠠᠳᠭᠠᠵᠤ᠂《ᠭᠤᠷᠪᠠᠨ ᠨᠠᠭᠤᠷ》 ᠤ᠋ᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠥᠷᠥᠯ ᠵᠦᠶ᠋ᠯ᠎ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠵᠤ᠂ ᠤᠰᠤᠨ᠎ᠤ ᠴᠢᠨᠠᠷ᠎ᠢ ᠲᠣᠭ᠍ᠲᠠᠪᠤᠷᠢᠵᠢᠭᠤᠯᠵᠤ ᠰᠠᠢᠵᠢᠷᠠᠭᠤᠯᠬᠤ᠎ᠶ᠋ᠢ ᠴᠢᠷᠮᠠᠢᠨ ᠪᠡᠶᠡᠯᠡᠭᠦᠯᠬᠦ ᠬᠡᠷᠡᠭᠳᠡᠢ᠃
ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠠᠵᠢᠯ᠎ᠢ ᠦᠨᠡᠨ ᠬᠦ᠌ ᠴᠢᠩᠭᠠᠳᠭᠠᠬᠤ ᠬᠡᠷᠡᠭᠳᠡᠢ᠃ ᠬᠥᠬᠡᠬᠣᠲᠠ ᠵᠡᠷᠭᠡ 4 ᠬᠣᠲᠠ᠎ᠶ᠋ᠢᠨ ᠪᠤᠬᠢᠷᠳᠤᠯ ᠦᠭᠡᠢ ᠢᠯᠴᠢ ᠬᠠᠩᠭᠠᠬᠤ ᠥᠭᠡᠷᠡᠴᠢᠯᠡᠯᠲᠡ᠎ᠶ᠋ᠢᠨ ᠡᠭᠦᠷᠭᠡ᠎ᠶ᠋ᠢ ᠬᠤᠭᠤᠴᠠᠭ᠎ᠠ ᠶᠣᠰᠣᠭᠠᠷ ᠪᠡᠶᠡᠯᠡᠭᠦᠯᠵᠦ᠍᠂ ᠮᠠᠨ᠎ᠤ ᠣᠷᠣᠨ᠎ᠤ ᠪᠤᠬᠢᠷᠳᠤᠯ ᠦᠭᠡᠢ ᠢᠯᠴᠢ ᠬᠠᠩᠭᠠᠬᠤ ᠬᠣᠲᠠ᠎ᠶ᠋ᠢᠨ ᠬᠡᠪᠴᠢᠶ᠎ᠡ᠎ᠶ᠋ᠢ ᠥᠷᠭᠡᠳᠭᠡᠬᠦ᠌᠎ᠪᠡᠷ ᠢᠳᠡᠪᠬᠢᠯᠡᠨ ᠴᠢᠷᠮᠠᠢᠵᠤ᠂ ᠬᠦᠨᠳᠦ ᠪᠣᠬᠢᠷᠲᠤᠯ᠎ᠲᠠᠶ ᠴᠠᠭ ᠠᠭᠤᠷ᠎ᠢ ᠦᠨᠳᠦᠰᠦᠨ᠎ᠳᠡᠭᠡᠨ ᠠᠷᠢᠯᠭᠠᠵᠤ᠂ ᠦᠬᠠᠶ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠠᠭᠠᠷ ᠮᠠᠨᠳᠠᠯ᠎ᠤᠨ ᠪᠣᠬᠢᠷᠲᠤᠯ᠎ᠢ ᠬᠠᠮᠲᠤᠷᠠᠨ ᠰᠡᠷᠭᠡᠢᠯᠡᠵᠦ᠍ ᠬᠠᠮᠲᠤᠷᠠᠨ ᠡᠵᠡᠮᠳᠡᠬᠦ᠌᠎ᠶ᠋ᠢ ᠲᠣᠪᠣᠢᠮ᠎ᠠ ᠰᠠᠢᠲᠤᠷ ᠠᠳᠭᠤᠵᠤ᠂ ᠠᠭᠤᠷᠬᠠᠶ᠎ᠶ᠋ᠢᠨ ᠣᠷᠣᠨ᠎ᠤ ᠲᠣᠭᠣᠰᠣ ᠱᠢᠷᠣᠶ᠎ᠶ᠋ᠢᠨ ᠪᠣᠬᠢᠷᠲᠤᠯ᠎ᠢ ᠴᠢᠩᠭ᠎ᠠ ᠬᠢᠵᠠᠭᠠᠷᠯᠠᠬᠤ ᠬᠡᠷᠡᠭᠳᠡᠢ᠃
ᠤᠰᠤᠨ᠎ᠤ ᠪᠣᠬᠢᠷᠲᠤᠯ᠎ᠢ ᠰᠡᠷᠭᠡᠢᠯᠡᠨ ᠵᠠᠰᠠᠬᠤ᠎ᠶ᠋ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠳᠡᠢ᠃ ᠬᠠᠲᠤᠨ ᠭᠣᠣᠯ᠂ ᠪᠠᠷᠠᠭᠤᠨ ᠯᠢᠶᠣᠤᠾᠧ ᠭᠣᠣᠯ᠂ ᠰᠤᠩᠭᠠᠷᠢ ᠮᠥᠷᠡᠨ ᠵᠡᠷᠭᠡ ᠭᠣᠣᠯᠳᠠᠯᠭ᠎ᠠ᠎ᠲᠠᠶ ᠰᠠᠪᠠ ᠭᠠᠵᠠᠷ᠎ᠢ ᠶᠡᠷᠦᠩᠬᠡᠢᠯᠡᠨ ᠵᠠᠰᠠᠬᠤ ᠶᠠᠪᠤᠳᠠᠯ᠎ᠢ ᠭᠦᠨᠵᠡᠭᠡᠶ ᠲᠦᠯᠬᠢᠨ ᠠᠬᠢᠭᠤᠯᠵᠤ᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠴᠢᠩᠭᠠᠳᠭᠠᠵᠤ᠂ ᠲᠥᠷᠥ᠎ᠶ᠋ᠢᠨ ᠪᠣᠳᠣᠯᠭ᠎ᠠ᠎ᠶ᠋ᠢ ᠬᠡᠰᠡᠭ ᠬᠤᠪᠢᠶᠠᠨ ᠬᠡᠷᠡᠭ᠌ᠵᠢᠭᠦᠯᠬᠦ᠌᠂ ᠠᠢᠮᠠᠭ ᠬᠣᠲᠠ ᠬᠤᠪᠢᠶᠠᠨ ᠵᠠᠰᠠᠬᠤ᠎ᠶ᠋ᠢ ᠬᠡᠷᠡᠭ᠌ᠵᠢᠭᠦᠯᠵᠦ᠍᠂ ᠬᠠᠲᠤᠨ ᠭᠤᠤᠯ᠎ᠤᠨ ᠭᠤᠤᠯ ᠤᠷᠤᠰᠭᠠᠯ᠎ᠤᠨ ᠥᠪᠥᠷ ᠮᠣᠩᠭᠣᠯ᠎ᠤᠨ ᠬᠡᠰᠡᠭ᠎ᠦᠨ ᠤᠯᠤᠰ᠎ᠤᠨ ᠱᠢᠯᠭᠠᠨ ᠪᠠᠢᠴᠠᠭᠠᠯᠲᠠ᠎ᠶ᠋ᠢᠨ ᠣᠭ᠍ᠲᠣᠯᠤᠭᠠᠰᠤᠶ᠋ᠢ ᠲᠣᠭ᠍ᠲᠠᠭᠤᠨ᠎ᠢᠶᠠᠷ ᠬᠤᠶᠠᠳᠤᠭᠠᠷ ᠲᠥᠷᠥᠯ᠎ᠦᠨ ᠤᠰᠤᠨ᠎ᠤ ᠴᠢᠨᠠᠷ᠎ᠲᠤ ᠬᠦᠷᠭᠡᠬᠦ ᠶ᠋ᠢ ᠦᠨᠡᠨ ᠬᠦ᠌ ᠪᠠᠲᠤᠯᠠᠬᠤ ᠬᠡᠷᠡᠭᠳᠡᠢ᠃

ᠵᠤᠤ ᠱ᠌ᠢ ᠳ᠋ᠸ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠂ ᠲᠢᠩᠬᠢᠮ᠎ᠦᠨ ᠳᠡᠳ᠋ ᠳᠠᠷᠤᠭ᠎ᠠ
ᠬᠥᠷᠥᠰᠥ᠍ ᠱᠢᠷᠣᠢ᠎ᠶ᠋ᠢᠨ ᠪᠣᠬᠢᠷᠲᠤᠯ᠎ᠢ ᠰᠡᠷᠭᠡᠢᠯᠡᠨ ᠵᠠᠰᠠᠬᠤ᠎ᠶ᠋ᠢ ᠭᠦᠨᠵᠡᠭᠡᠢ ᠬᠡᠷᠡᠭ᠌ᠵᠢᠭᠦᠯᠬᠦ ᠬᠡᠷᠡᠭᠳᠡᠢ᠃ ᠪᠣᠬᠢᠷᠲᠤᠭ᠍ᠰᠠᠨ ᠲᠠᠷᠢᠶᠠᠨ ᠭᠠᠵᠠᠷ᠎ᠢ ᠠᠮᠤᠷ ᠲᠦᠪᠰᠢᠨ ᠠᠱᠢᠭ᠍ᠯᠠᠬᠤ ᠪᠠ ᠴᠢᠩᠭ᠎ᠠ ᠬᠠᠮᠢᠶᠠᠷᠤᠨ ᠡᠵᠡᠮᠳᠡᠬᠦ᠌ ᠡᠭᠦᠷᠭᠡ᠎ᠶ᠋ᠢ ᠪᠡᠶᠡᠯᠡᠭᠦᠯᠵᠤ᠂ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠂ ᠠᠶᠤᠯᠲᠠᠶ ᠬᠠᠶᠠᠭ᠍ᠳᠠᠮᠠᠯ ᠪᠣᠳᠠᠰ᠎ᠢ ᠪᠤᠯᠠᠬᠤ ᠲᠠᠯᠠᠪᠤᠷ᠂ ᠠᠮᠢᠳᠤᠷᠠᠯ᠎ᠤᠨ ᠬᠣᠭ ᠨᠣᠪᠰᠢ᠎ᠶ᠋ᠢ ᠪᠤᠯᠠᠬᠤ ᠲᠠᠯᠠᠪᠤᠷ᠎ᠤᠨ ᠭᠠᠵᠠᠷ ᠳᠤᠤᠷᠠᠬᠢ ᠤᠰᠤᠨ᠎ᠤ ᠣᠷᠴᠢᠨ ᠲᠣᠭᠣᠷᠢᠨ᠎ᠤ ᠪᠠᠢᠳᠠᠯ᠎ᠢ ᠪᠠᠢᠴᠠᠭᠠᠵᠤ ᠦᠨᠡᠯᠡᠨ ᠵᠢᠱ᠌ᠢᠬᠦ᠌᠎ᠶ᠋ᠢ ᠥᠷᠨᠢᠭᠦᠯᠵᠤ᠂ ᠮᠠᠯ ᠵᠢᠭᠦᠷᠲᠡᠨ᠎ᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠦᠭᠰᠡᠨ ᠪᠣᠬᠢᠷᠲᠤᠯ᠎ᠢ ᠰᠡᠷᠭᠡᠢᠯᠡᠨ ᠵᠠᠰᠠᠬᠤ ᠬᠠᠤᠯᠢ ᠬᠡᠷᠡᠭ᠌ᠵᠢᠭᠦᠯᠬᠦ᠌ ᠡᠷᠴᠢᠮ᠎ᠢ ᠴᠢᠩᠭᠠᠳᠬᠠᠵᠤ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠌ ᠠᠵᠤ ᠠᠬᠤᠢᠯᠠᠯ᠎ᠤᠨ ᠠᠮᠢᠳᠠᠨ ᠵᠢᠭᠦᠷᠳᠡᠨ᠎ᠤ ᠢᠯᠭᠠᠳᠠᠰᠤ᠎ᠶ᠋ᠢ ᠱᠢᠶ᠋ᠳᠪᠦᠷᠢᠯᠡᠬᠦ᠌᠂ ᠴᠤᠭ᠍ᠯᠠᠭᠤᠯᠬᠤ᠂ ᠠᠱᠢᠭ᠍ᠯᠠᠬᠤ ᠪᠥᠬᠥ᠌ ᠬᠡᠯᠬᠢᠶᠡᠨ᠎ᠤ ᠬᠠᠮᠢᠶᠠᠷᠤᠯᠲᠠ᠎ᠶ᠋ᠢᠨ ᠲᠦᠷᠢᠮ᠎ᠢ ᠪᠠᠢᠭᠤᠯᠬᠤ ᠬᠡᠷᠡᠭᠳᠡᠢ᠃
ᠠᠮᠢ ᠠᠬᠤᠢ᠎ᠶ᠋ᠢᠨ ᠱᠢᠰᠲ᠋ᠧᠮ᠎ᠢ ᠬᠠᠮᠠᠭᠠᠯᠠᠬᠤ ᠡᠷᠴᠢᠮ᠎ᠢᠶᠡᠨ ᠴᠢᠩᠭᠠᠳᠬᠠᠬᠤ ᠬᠡᠷᠡᠭᠳᠡᠢ᠃ ᠠᠮᠢ ᠠᠬᠤᠶ ᠣᠷᠴᠢᠨ ᠲᠣᠭᠣᠷᠢᠨ᠎ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ᠌᠎ᠶ᠋ᠢ ᠴᠢᠩᠭᠠᠳᠭᠠᠵᠤ᠂ ᠡᠯᠡᠰᠦᠷᠬᠡᠭ ᠣᠷᠣᠨ᠎ᠢ ᠨᠡᠭᠡᠭᠡᠨ ᠪᠥᠲᠥᠭᠡᠨ ᠪᠠᠢᠭᠤᠯᠬᠤ ᠲᠥᠷᠥᠯ ᠵᠦᠶ᠋ᠯ᠎ᠦᠨ ᠣᠷᠴᠢᠨ ᠲᠣᠭᠣᠷᠢᠨ᠎ᠤ ᠦᠨᠡᠯᠡᠯᠲᠡ᠎ᠶ᠋ᠢᠨ ᠬᠢᠨᠠᠨ ᠵᠥᠪᠱᠢᠶᠡᠷᠡᠬᠦ᠌ ᠪᠣᠭᠣᠮᠲᠠ᠎ᠶ᠋ᠢ ᠴᠢᠩᠭ᠎ᠠ ᠰᠠᠬᠢᠵᠤ᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠭ᠍ᠰᠠᠨ ᠦᠷ᠎ᠡ ᠪᠦᠲᠦᠭᠡᠯ᠎ᠢ ᠪᠦᠲᠦᠮᠵᠢᠲᠡᠶ ᠬᠠᠮᠠᠭᠠᠯᠠᠬᠤ ᠬᠡᠷᠡᠭᠳᠡᠢ᠃ᠠᠮᠢ ᠠᠬᠤᠶ᠎ᠶ᠋ᠢ ᠬᠠᠮᠠᠭᠠᠯᠠᠬᠤ ᠤᠯᠠᠭᠠᠨ ᠱᠤᠭᠤᠮ᠎ᠢ ᠴᠢᠩᠭ᠎ᠠ ᠰᠠᠬᠢᠵᠤ᠂ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠤᠷᠤᠨ᠎ᠳᠦ ᠬᠠᠤᠯᠢ ᠲᠣᠭ᠍ᠲᠠᠭᠠᠯ᠎ᠠᠴᠠ ᠵᠥᠷᠢᠴᠡᠨ ᠨᠡᠭᠡᠭᠡᠨ ᠠᠰᠢᠬᠯᠠᠵᠤ ᠪᠥᠲᠥᠭᠡᠨ ᠪᠠᠢᠭᠤᠯᠬᠤ ᠠᠵᠢᠯᠯᠠᠭ᠎ᠠ᠎ᠶ᠋ᠢ ᠴᠢᠩᠭ᠎ᠠ ᠪᠠᠢᠴᠠᠭᠠᠨ ᠱᠢᠶ᠋ᠳᠪᠦᠷᠢᠯᠡᠵᠦ᠍᠂ ᠠᠮᠢ ᠠᠬᠤᠶ᠎ᠶ᠋ᠢᠨ ᠱᠢᠰᠲ᠋ᠧᠮ᠎ᠦᠨ ᠣᠯᠠᠨ ᠶᠠᠩᠵᠤᠲᠤ ᠴᠢᠨᠠᠷ᠂ ᠲᠣᠭ᠍ᠲᠠᠪᠤᠷᠢᠲᠤ ᠴᠢᠨᠠᠷ᠂ ᠦᠷᠭᠦᠯᠵᠢᠯᠡᠬᠦ᠌ ᠴᠢᠨᠠᠷ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠬᠦ ᠬᠡᠷᠡᠭᠳᠡᠢ᠃