ᠱᠢᠨ᠎ᠡ ᠴᠠᠭ ᠦᠶ᠎ᠡ᠎ᠶ᠋ᠢᠨ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠶ᠎ᠠ
2023-06-21 17:22:42
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠵᠢᠭᠠᠪᠤᠷᠢ ᠪᠣᠯᠤᠨ ᠴᠦᠯᠯᠡᠷᠭᠡᠭ᠌ᠵᠢᠯ᠎ᠢ ᠶᠡᠷᠦᠩᠬᠡᠢᠯᠡᠨ ᠰᠡᠷᠭᠡᠢᠯᠡᠨ ᠵᠠᠰᠠᠬᠤ᠎ᠶ᠋ᠢ ᠴᠢᠩᠭᠠᠳᠭᠠᠬᠤ ᠪᠠ 《ᠤᠮᠠᠷᠠᠲᠤ᠎ᠶ᠋ᠢᠨ ᠭᠤᠷᠪᠠᠨ ᠣᠷᠣᠨ》 ᠵᠡᠷᠭᠡ ᠭᠤᠤᠯᠳᠠᠯᠭ᠎ᠠ᠎ᠲᠠᠶ ᠠᠮᠢ ᠠᠬᠤᠶ᠎ᠶ᠋ᠢᠨ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ᠎ᠨᠢ ᠤᠯᠤᠰ ᠪᠠ ᠦᠨᠳᠦᠰᠦᠲᠡᠨ᠎ᠦ ᠠᠯᠤᠰ ᠬᠡᠲᠦ᠍᠎ᠶ᠋ᠢᠨ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠦᠨᠳᠦᠷᠴᠡ᠎ᠡᠴᠠ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ ᠪᠠ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ ᠠᠵᠢᠯ᠎ᠳᠤ ᠱᠢᠨ᠎ᠡ ᠱᠠᠭᠠᠷᠳᠠᠯᠭ᠎ᠠ ᠳᠤᠷᠠᠳᠤᠨ᠂ ᠱᠢᠨ᠎ᠡ ᠪᠠᠢᠷᠢᠯᠠᠭᠤᠯᠤᠯᠲᠠ ᠬᠢᠵᠦ᠍᠂ ᠮᠠᠨ᠎ᠦ ᠡᠨᠡ ᠬᠦ᠌ ᠣᠲᠣ ᠦᠶ᠎ᠡ᠎ᠳᠦ ᠭᠠᠪᠢᠶ᠎ᠠ ᠪᠠᠢᠭᠤᠯᠵᠤ᠂ ᠮᠢᠩᠭᠠᠨ ᠭᠠᠯᠪᠠ᠎ᠳᠤ ᠠᠱᠢᠭ ᠭᠥᠷᠳᠡᠬᠦ᠌ ᠡᠷᠬᠢᠮ ᠳᠡᠭᠡᠳᠦ ᠦᠶ᠋ᠯᠡᠰ᠎ᠢ ᠯᠠᠪᠳᠠᠭᠤᠨ ᠪᠠᠲᠤᠲᠠᠶ ᠠᠬᠢᠭᠤᠯᠬᠤ᠎ᠳᠤ ᠴᠢᠷᠮᠠᠢᠬᠤ ᠴᠢᠭ᠌ᠯᠡᠯ᠎ᠢ ᠲᠣᠳᠣᠷᠬᠠᠶ ᠵᠢᠭᠠᠵᠤ᠂ ᠠᠵᠢᠯᠯᠠᠭᠠᠨ᠎ᠤ ᠵᠦᠭ᠌ᠯᠡᠭᠦᠷ ᠬᠠᠩᠭᠠᠭ᠍ᠰᠠᠨ ᠪᠠᠢᠨ᠎ᠠ᠃

ᠱᠢᠰᠲ᠋ᠧᠮᠳᠦ ᠦᠵᠡᠯᠲᠡ᠎ᠶ᠋ᠢ ᠪᠠᠷᠢᠮᠲᠠᠯᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠬ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠳᠡᠢ᠃ ᠤᠯᠠᠭᠠᠨᠬᠠᠳᠠ ᠬᠤᠳᠠ᠎ᠳᠤ ᠠᠪᠴᠤ᠌ ᠬᠡᠯᠡᠪᠡᠯ᠂ ᠪᠦᠬᠦ᠌ ᠬᠤᠳᠠ᠎ᠶ᠋ᠢᠨ《ᠬᠣᠶᠠᠷ ᠬᠠᠯᠬᠠᠪᠴᠢ ᠬᠣᠶᠠᠷ ᠲᠣᠭᠣᠷᠢᠭ ᠬᠣᠶᠠᠷ ᠬᠤᠩᠬᠢᠯ》 ᠎ᠤ᠋ᠨ ᠶᠡᠷᠦᠩᠬᠡᠢ ᠪᠠᠢᠷᠢᠱᠢᠭᠤᠯᠤᠯᠲᠠ ᠶᠣᠰᠣᠭᠠᠷ᠂ ᠤᠢ ᠱᠢᠭᠤᠢ᠂ ᠨᠤᠲᠤᠭ ᠪᠡᠯᠴᠢᠭᠡᠷ᠂ ᠨᠤᠭᠤ ᠭᠠᠵᠠᠷ᠂ ᠴᠦᠯᠯᠡᠷᠬᠡᠭ᠌ ᠭᠠᠵᠠᠷ᠎ᠤᠨ ᠠᠮᠢ ᠠᠬᠤᠢ᠎ᠶ᠋ᠢ ᠬᠠᠮᠠᠭᠠᠯᠠᠨ ᠰᠡᠷᠭᠦᠭᠡᠬᠦ᠌᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠡᠯᠡᠰᠦ᠎ᠶ᠋ᠢ ᠵᠠᠰᠠᠬᠤ᠂ ᠤᠰᠤ᠎ᠶ᠋ᠢ ᠵᠠᠰᠠᠬᠤ᠂ ᠠᠭᠤᠯᠠ᠎ᠶ᠋ᠢ ᠵᠠᠰᠠᠬᠤ ᠪᠦᠬᠦ᠌ ᠡᠯᠧᠮᠧᠨ᠋ᠲ᠎ᠦᠨ ᠵᠣᠬᠢᠴᠠᠭᠤᠯᠭ᠎ᠠ ᠪᠠ ᠬᠠᠮᠢᠶᠠᠷᠤᠯᠲᠠ᠎ᠶ᠋ᠢ ᠴᠢᠩᠭᠠᠳᠭᠠᠵᠤ᠂ ᠴᠡᠭ ᠱᠤᠭᠤᠮ ᠨᠡᠢᠳᠡᠮ᠎ᠢ ᠤᠶᠠᠯᠳᠤᠭᠤᠯᠤᠭ᠍ᠰᠠᠨ ᠠᠮᠢ ᠠᠬᠤᠢ᠎ᠶ᠋ᠢ ᠬᠠᠮᠠᠭᠠᠯᠠᠬᠤ ᠲᠣᠣᠷ᠎ᠢ ᠪᠠᠢᠭᠤᠯᠵᠤ᠂ ᠪᠠᠢᠳᠠᠯ᠎ᠳᠤᠨᠢ ᠲᠤᠬᠢᠷᠠᠭᠤᠯᠵᠤ᠂ ᠬᠣᠣᠷ ᠬᠥᠨᠥᠭᠡᠯ᠎ᠢ ᠦᠨᠳᠦᠰᠦᠯᠡᠨ ᠰᠡᠷᠭᠡᠢᠯᠡᠯᠲᠡ ᠬᠢᠵᠦ᠍᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭ᠌ᠵᠢᠭᠦᠯᠵᠦ᠍᠂ ᠭᠣᠣᠯᠳᠠᠯᠭ᠎ᠠ᠎ᠲᠠᠶ ᠵᠠᠰᠠᠯᠲᠠ᠎ᠶ᠋ᠢ ᠲᠤᠪᠤᠢ᠌ᠯᠭᠠᠵᠤ᠂ ᠡᠷᠡᠭᠦᠯ ᠲᠣᠭ᠍ᠲᠠᠭᠤᠨ᠂ ᠴᠢᠳᠠᠮᠵᠢ ᠪᠦᠷᠢᠨ ᠲᠡᠭᠦᠯᠳᠡᠷ ᠤᠢ ᠱᠢᠭᠤᠢ᠂ ᠨᠤᠲᠤᠭ ᠪᠡᠯᠴᠢᠭᠡᠷ᠂ ᠨᠤᠭᠤ ᠭᠠᠵᠠᠷ᠂ ᠴᠦᠯᠯᠡᠷᠬᠡᠭ ᠭᠠᠵᠠᠷ᠎ᠤᠨ ᠠᠮᠢ ᠠᠬᠤᠢ᠎ᠶ᠋ᠢᠨ ᠱᠢᠰᠲ᠋ᠧᠮ᠎ᠢ ᠬᠦᠴᠦᠯᠡᠨ ᠪᠣᠢᠵᠢᠭᠤᠯᠬᠤ ᠬᠡᠷᠡᠭᠳᠡᠢ᠃

ᠭᠤᠤᠯᠳᠠᠯᠭ᠎ᠠ᠎ᠶ᠋ᠢ ᠳᠣᠪᠣᠢᠯᠭᠠᠬᠤ᠎ᠶ᠋ᠢ ᠪᠠᠷᠢᠮᠲᠠᠯᠠᠵᠤ᠂ ᠬᠣᠷᠴᠢᠨ᠂ ᠬᠤᠯᠠᠨ ᠱᠢᠷᠭ᠎ᠠ ᠲᠠᠭ᠎ᠠ᠎ᠶ᠋ᠢᠨ ᠬᠣᠶᠠᠷ ᠶᠡᠬᠡ ᠡᠯᠡᠰᠦᠷᠬᠡᠭ ᠭᠠᠵᠠᠷ᠎ᠢ ᠲᠤᠢᠯᠪᠤᠷᠢᠲᠠᠢ ᠵᠠᠰᠠᠬᠤ ᠳᠠᠢᠯᠠᠯᠳᠤᠭᠠᠨ᠎ᠢ ᠪᠥᠬᠥ᠌ ᠬᠦᠴᠦᠨ᠎ᠢᠶᠡᠷ ᠰᠠᠢᠲᠤᠷ ᠬᠢᠬᠦ ᠴᠢᠬᠤᠯᠠᠳᠠᠢ᠃ ᠤᠯᠠᠭᠠᠨᠬᠠᠳᠠ ᠬᠣᠲᠠ ᠬᠣᠷᠴᠢᠨ᠎ᠤ ᠡᠯᠡᠰᠦᠷᠬᠡᠭ ᠭᠠᠵᠠᠷ ᠪᠣᠯᠤᠨ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ᠎ᠤᠨ ᠠᠭᠤᠯᠵᠠᠷ᠎ᠲᠤ ᠤᠷᠤᠰᠢᠵᠤ᠂ ᠬᠣᠷᠴᠢᠨ ᠪᠣᠯᠤᠨ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ᠎ᠢ ᠲᠤᠢᠯᠪᠤᠷᠢᠲᠠᠢ ᠵᠠᠰᠠᠬᠤ ᠲᠡᠢᠯᠠᠯᠳᠤᠭᠠᠨ᠎ᠦ ᠭᠤᠤᠯ ᠲᠠᠯᠠᠪᠤᠷ ᠪᠣᠯᠤᠨ᠎ᠠ᠃ ᠴᠢᠬᠤᠯᠠ ᠶᠡᠬᠡ ᠠᠮᠢ ᠠᠬᠤᠢ᠎ᠶ᠋ᠢ ᠬᠠᠮᠠᠭᠠᠯᠠᠨ ᠰᠡᠷᠭᠦᠭᠡᠬᠦ᠌ ᠢᠨᠵᠧᠨᠧᠷᠢᠩ᠎ᠦᠨ ᠲᠦᠷᠦᠯ ᠵᠦᠢᠯ᠎ᠢ ᠱᠢᠨᠵᠢᠯᠡᠬᠦ᠌ ᠤᠬᠠᠭᠠᠨᠴᠢ᠎ᠪᠠᠷ ᠪᠠᠢᠷᠢᠯᠠᠭᠤᠯᠵᠤ᠂ ᠪᠤᠳᠠᠲᠠᠢ ᠪᠠᠢᠳᠠᠯ᠎ᠢ ᠲᠣᠳᠣᠷᠬᠠᠢ ᠣᠢᠯᠠᠭᠠᠵᠤ᠂ ᠱᠢᠰᠲ᠋ᠧᠮ᠎ᠲᠡᠶ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠴᠢᠬᠤᠯᠠ ᠶᠡᠬᠡ ᠠᠮᠢ ᠠᠬᠤᠢ᠎ᠶ᠋ᠢ ᠬᠠᠮᠠᠭᠠᠯᠠᠨ ᠰᠡᠷᠭᠦᠭᠡᠬᠦ᠌ ᠢᠨᠵᠧᠨᠧᠷᠢᠩ᠎ᠦᠨ ᠲᠦᠷᠦᠯ ᠵᠦᠢᠯ᠎ᠢ ᠬᠣᠶᠠᠷ ᠶᠡᠬᠡ ᠡᠯᠡᠰᠦᠷᠬᠡᠭ ᠭᠠᠵᠠᠷ ᠲᠡᠢᠰᠢ ᠲᠥᠪᠯᠡᠷᠡᠭᠦᠯᠵᠦ᠍᠂ ᠪᠦᠬᠦ᠌ ᠬᠤᠳᠠ᠎ᠶ᠋ᠢᠨ ᠬᠦᠴᠦᠨ᠎ᠢ ᠳᠠᠢᠴᠢᠯᠠᠨ᠂ ᠬᠣᠷᠴᠢᠨ᠂ ᠬᠤᠯᠠᠨ ᠱᠢᠷᠭ᠎ᠠ ᠲᠠᠭ᠎ᠠ᠎ᠶ᠋ᠢᠨ ᠬᠣᠶᠠᠷ ᠶᠡᠬᠡ ᠡᠯᠡᠰᠦᠷᠬᠡᠭ ᠭᠠᠵᠠᠷ᠎ᠢ ᠲᠤᠢᠯᠪᠤᠷᠢᠲᠠᠢ ᠵᠠᠰᠠᠬᠤ ᠳᠠᠢᠯᠠᠯᠳᠤᠭᠠᠨ᠎ᠤ ᠢᠯᠠᠯᠲᠠ᠎ᠶ᠋ᠢ ᠤᠯᠬᠤ ᠬᠡᠷᠡᠭᠳᠡᠢ᠃


4698200_agm_1687164681194_m.jpg


  ᠶᠠᠩ ᠯᠸᠢ 

ᠤᠯᠠᠭᠠᠨᠬᠠᠳᠠ ᠬᠣᠲᠠ᠎ᠶ᠋ᠢᠨ ᠣᠶ ᠱᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ

ᠱᠢᠨᠵᠢᠯᠡᠬᠦ᠌ ᠤᠬᠠᠭᠠᠨᠴᠢ᠎ᠪᠠᠷ ᠵᠠᠰᠠᠬᠤ᠎ᠶ᠋ᠢ ᠪᠠᠷᠢᠮᠲᠠᠯᠠᠵᠤ᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ ᠠᠵᠢᠯ᠎ᠤᠨ ᠴᠢᠨᠠᠷ ᠰᠠᠢᠲᠠᠶ ᠶᠠᠪᠤᠭᠳᠠᠬᠤ᠎ᠶ᠋ᠢ ᠠᠬᠢᠭᠤᠯᠵᠤ᠂ ᠠᠮᠢ ᠠᠬᠤᠶ᠎ᠶ᠋ᠢᠨ ᠦᠢᠯᠡᠳᠬᠦᠨ᠎ᠦ ᠥᠷᠲᠡᠭ᠎ᠢ ᠪᠡᠶᠡᠯᠡᠭᠦᠯᠬᠦ᠌ ᠪᠦᠲᠦᠮᠵᠢᠲᠡᠢ ᠠᠷᠭ᠎ᠠ ᠵᠠᠮ᠎ᠢ ᠢᠳᠡᠪᠬᠢᠲᠡᠶ᠎ᠬᠠᠢᠨ ᠰᠦᠪᠡᠭ᠌ᠴᠢᠯᠡᠵᠦ᠍᠂ ᠨᠡᠢᠭᠡᠮ᠎ᠦᠨ ᠬᠥᠷᠥᠩᠭᠡ ᠪᠣᠯᠤᠨ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶ᠋ᠢᠨ ᠣᠷᠣᠯᠴᠠᠬᠤ᠎ᠳᠤ ᠨᠥᠬᠥᠴᠡᠯ ᠪᠦᠷᠢᠯᠳᠦᠭᠦᠯᠦᠨ ᠥᠭ᠌ᠴᠦ᠂ ᠡᠯ᠎ᠡ ᠲᠠᠯ᠎ᠠ᠎ᠶ᠋ᠢᠨ ᠢᠳᠡᠪᠬᠢ ᠴᠢᠨᠠᠷ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ᠎ᠢ ᠭᠦᠢᠴᠡᠳ ᠳᠠᠢᠴᠢᠯᠠᠨ᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ ᠣᠯᠠᠨ ᠲᠠᠯ᠎ᠠ᠎ᠶ᠋ᠢᠨ ᠬᠠᠮᠲᠤ ᠵᠢᠨ ᠬᠦᠴᠦᠨ᠎ᠢ ᠪᠦᠷᠢᠯᠳᠦᠭᠦᠯᠬᠦ ᠬᠡᠷᠡᠭᠳᠡᠢ᠃ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠤᠷᠭᠤᠮᠠᠯ᠎ᠤᠨ ᠪᠦᠷᠬᠦᠴᠡ᠎ᠶ᠋ᠢ ᠰᠡᠷᠭᠦᠭᠡᠬᠦ᠌ ᠵᠠᠭ᠍ᠪᠤᠷ᠎ᠢ ᠲᠣᠭ᠍ᠲᠠᠭᠠᠵᠤ᠂ ᠤᠰᠤ ᠠᠷᠪᠢᠯᠠᠬᠤ ᠤᠢ ᠮᠤᠳᠤ ᠡᠪᠡᠰᠦ᠎ᠪᠡᠯᠴᠢᠭᠡᠷ᠎ᠢ ᠬᠥᠭ᠌ᠵᠢᠭᠦᠯᠵᠦ᠍᠂ ᠲᠤᠷᠤᠭ ᠮᠣᠳᠣ ᠲᠠᠷᠢᠬᠤ᠎ᠳᠤ ᠲᠣᠬᠢᠷᠠᠮᠵᠢᠲᠠᠢ ᠪᠣᠯ ᠲᠤᠷᠤᠭ ᠮᠣᠳᠣ ᠲᠠᠷᠢᠬᠤ᠂ ᠪᠤᠳᠠ ᠮᠤᠳᠤ ᠲᠠᠷᠢᠬᠤ᠎ᠳᠤ ᠲᠣᠬᠢᠷᠠᠮᠵᠢᠲᠠᠢ ᠪᠣᠯ ᠪᠤᠲᠠ ᠮᠤᠳᠤ ᠲᠠᠷᠢᠬᠤ᠂ ᠡᠪᠡᠰᠦ ᠲᠠᠷᠢᠬᠤ᠎ᠳᠤ ᠲᠣᠬᠢᠷᠠᠮᠵᠢᠲᠠᠢ ᠪᠣᠯ ᠡᠪᠡᠰᠦ ᠲᠠᠷᠢᠬᠤ᠂ ᠡᠯᠡᠰᠦ ᠮᠠᠩᠬ᠎ᠠ ᠪᠡᠷ ᠵᠢᠡᠨ ᠪᠠᠢᠪᠠᠯ ᠲᠣᠬᠢᠷᠠᠮᠵᠢᠲᠠᠢ ᠪᠣᠯ ᠡᠯᠡᠰᠦ ᠮᠠᠩᠬ᠎ᠠ ᠪᠡᠷ ᠨᠢ ᠪᠠᠢᠯᠭᠠᠬᠤ ᠵᠢ ᠪᠡᠶᠡᠯᠡᠭᠦᠯᠵᠦ᠂ ᠴᠦᠯᠯᠡᠷᠭᠡᠭ ᠭᠠᠵᠠᠷ᠎ᠤᠨ ᠠᠮᠢ ᠠᠬᠤᠢ᠎ᠶ᠋ᠢᠨ ᠱᠢᠰᠲ᠋ᠧᠮ᠎ᠦᠨ ᠶᠠᠰᠤ ᠴᠢᠨᠠᠷ ᠪᠣᠯᠤᠨ ᠲᠣᠭ᠍ᠲᠠᠪᠤᠷᠢᠲᠤ ᠴᠢᠨᠠᠷ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠤ᠂ ᠠᠮᠢ ᠠᠬᠤᠢ᠂ ᠦᠢᠯᠡᠳᠪᠦᠷᠢᠯᠡᠯ᠂ ᠠᠮᠢᠳᠤᠷᠠᠯ ᠭᠤᠷᠪᠠᠨ ᠶᠡᠬᠡ ᠣᠷᠣᠨ ᠵᠠᠢ᠎ᠬᠠᠷᠢᠯᠴᠠᠨ ᠠᠭᠤᠰᠤᠯᠴᠠᠨ ᠬᠠᠮᠲᠤᠪᠠᠷ ᠣᠷᠣᠱᠢᠬᠰᠠᠨ ᠣᠨᠴᠠᠯᠢᠭᠲᠦ ᠬᠥᠭ᠌ᠵᠢᠯᠲᠡ᠎ᠶ᠋ᠢᠨ ᠱᠢᠨ᠎ᠡ ᠵᠠᠮ᠎ᠢ ᠴᠢᠷᠮᠠᠢᠨ ᠰᠦᠪᠡᠭ᠌ᠴᠢᠯᠡᠨ ᠨᠡᠭᠡᠭᠡᠵᠤ᠂ ᠠᠵᠤ ᠠᠬᠤᠢ᠎ᠶ᠋ᠢᠨ ᠦᠷ᠎ᠡ ᠠᠱᠢᠭ᠂ ᠠᠮᠢ ᠠᠬᠤᠢ᠎ᠶ᠋ᠢᠨ ᠦᠷ᠎ᠡ ᠠᠱᠢᠭ᠂ ᠨᠡᠢᠭᠡᠮ᠎ᠦᠨ ᠦᠷ᠎ᠡ ᠠᠱᠢᠭ᠎ᠢ ᠵᠡᠷᠭᠡᠪᠡᠷ ᠳᠡᠭᠡᠭ᠌ᠰᠢᠯᠡᠭᠦᠯᠬᠦ᠌᠎ᠶ᠋ᠢ ᠪᠡᠶᠡᠯᠡᠭᠦᠯᠬᠦ ᠬᠡᠷᠡᠭᠳᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号