ᠪᠣᠬᠢᠷᠲᠤᠯ ᠥᠬᠡᠶ ᠬᠥᠭ᠌ᠵᠢᠯᠲᠡ᠎ᠶ᠋ᠢ ᠪᠡᠶᠡᠯᠡᠭᠦᠯᠬᠦ᠌᠎ᠳᠦ ᠵᠠᠩᠭᠢᠯᠠᠭ᠎ᠠ᠎ᠨᠢ ᠲᠠᠪᠴᠠᠩ᠂ ᠮᠡᠷᠭᠡᠵᠢᠯ᠂ ᠠᠷᠭ᠎ᠠ ᠪᠠᠷᠢᠯ ᠪᠤᠯᠤᠨ᠎ᠠ᠂ ᠨᠣᠭᠣᠭᠠᠷᠠᠭᠤᠯᠤᠯᠲᠠ᠎ᠳᠤ ᠵᠥᠪᠬᠡᠨ《ᠬᠠᠴᠢᠨ ᠡᠪᠡᠰᠦ ᠰᠣᠨᠢᠨ ᠴᠡᠴᠡᠭ》 ᠳᠠᠷᠢᠬᠤ᠎ᠨᠢ ᠦᠷᠭᠦᠯᠵᠢᠯᠡᠵᠦ᠍ ᠳᠡᠢᠯᠬᠦ᠌ ᠥᠬᠡᠶ ᠶᠤᠮ᠂ ᠰᠣᠬᠣᠷ ᠪᠠᠯᠠᠶ᠎ᠪᠠᠷ ᠣᠷᠣᠭᠤᠯᠤᠨ ᠠᠪᠴᠢᠷᠠᠬᠤ᠎ᠨᠢ ᠴᠦ᠍ ᠳᠤᠬᠢᠷᠠᠬᠤ ᠦᠭᠡᠢ ᠪᠠᠢᠵᠤ ᠮᠡᠳᠡᠨ᠎ᠡ᠂ ᠪᠠᠢᠭᠠᠯᠢ᠎ᠶ᠋ᠢᠨ ᠵᠢᠮ᠎ᠡ ᠶᠣᠰᠣ ᠲᠠᠢ ᠨᠡᠢᠴᠡᠭ᠌ᠰᠡᠨ᠂ ᠤᠯᠤᠰ᠎ᠤᠨ ᠪᠠᠢᠳᠠᠯ ᠭᠠᠵᠠᠷ ᠣᠷᠣᠨ᠎ᠤ ᠪᠠᠢᠳᠠᠯ᠎ᠲᠠᠢ ᠨᠡᠢᠴᠡᠭ᠌ᠰᠡᠨ ᠨᠣᠭᠣᠭᠠᠷᠠᠭᠤᠯᠤᠯᠲᠠ᠎ᠶ᠋ᠢᠨ ᠵᠠᠮ᠎ᠢ ᠰᠦᠪᠡᠭ᠌ᠴᠢᠯᠡᠬᠦ᠌ ᠬᠡᠷᠡᠭ᠌ᠲᠡᠶ ᠭᠡᠵᠦ᠍ ᠶᠡᠷᠦᠩᠬᠡᠶ ᠱᠦᠵᠢ ᠰᠢ ᠵᠢᠨ ᠫᠢᠩ ᠵᠢᠭᠠᠵᠤ ᠭᠠᠷᠭᠠᠪᠠ᠃ ᠤᠢ᠍ᠢᠷ᠎ᠠ᠎ᠶ᠋ᠢᠨ ᠵᠢᠯ᠎ᠡᠴᠡ ᠪᠢᠳᠠ ᠢᠮᠠᠭ᠍ᠲᠠ ᠬᠦᠰᠡᠯ ᠨᠠᠢᠳᠠᠯᠭ᠎ᠠ᠎ᠶ᠋ᠢ ᠨᠢ ᠪᠠᠲᠤ ᠴᠡᠭᠡᠵᠢᠯᠡᠵᠦ᠍᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠬ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠪᠠᠷᠢᠮᠲᠠᠯᠠᠵᠤ᠂《ᠨᠤᠲᠤᠭ᠎ᠤᠨ ᠦᠷ᠎ᠡ᠎ᠶ᠋ᠢᠨ ᠰᠤᠷᠪᠤᠯᠵᠢ》 ᠵᠢᠴᠢ 《ᠲᠣᠭᠠᠴᠢᠯᠠᠭ᠍ᠰᠠᠨ ᠵᠠᠮᠴᠢ》 ᠳ᠋ᠤ ᠲᠦᠱᠢᠭ᠌ᠯᠡᠨ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ᠂ ᠠᠮᠢ ᠠᠬᠤᠢ᠎ᠶ᠋ᠢ ᠦᠷᠭᠦᠯᠵᠢᠯᠡᠬᠦ ᠴᠢᠨᠠᠷ ᠲᠠᠢ ᠪᠡᠷ ᠨᠠᠷᠢᠨ ᠣᠨᠣᠴᠠᠲᠠᠢᠰᠡᠷᠭᠦᠭᠡᠨ ᠵᠠᠰᠠᠪᠠ᠃
ᠠᠮᠢ ᠠᠬᠤᠶ᠎ᠶ᠋ᠢ ᠨᠠᠩ ᠨᠠᠷᠢᠨ ᠣᠨᠣᠴᠠᠲᠠᠶᠵᠠᠰᠠᠨ ᠰᠡᠷᠭᠦᠭᠡᠬᠦ᠌᠎ᠶ᠋ᠢᠨ ᠲᠥᠯᠥᠭᠡ᠂ ᠪᠢᠳᠡ ᠠᠮᠢ ᠠᠬᠤᠶ᠎ᠶ᠋ᠢᠨ ᠲᠣᠮᠣ ᠳ᠋ᠠᠢᠲ᠋ᠠ᠎ᠶ᠋ᠢᠨ ᠲᠠᠪᠴᠠᠩ ᠪᠠᠢᠭᠤᠯᠵᠤ᠂ ᠠᠮᠢ ᠠᠬᠤᠶ᠎ᠶ᠋ᠢᠨ ᠲᠣᠭ᠎ᠠ ᠪᠠᠷᠢᠮᠲᠠ᠎ᠶ᠋ᠢ ᠵᠠᠳᠠᠯᠵᠤ᠂《ᠪᠡᠶ᠎ᠡ᠎ᠶ᠋ᠢᠨ ᠪᠠᠢᠴᠠᠭᠠᠯᠲᠠ ᠬᠢᠬᠦ᠌᠂ ᠡᠮ᠎ᠦᠨ ᠵᠣᠷ ᠭᠠᠷᠭᠠᠬᠤ》᠎ᠲᠠᠢ ᠠᠳᠠᠯᠢ ᠠᠮᠢ ᠠᠬᠤᠶ᠎ᠶ᠋ᠢ ᠵᠠᠰᠠᠨ ᠰᠡᠷᠭᠦᠭᠡᠵᠦ᠂ ᠣᠷᠴᠢᠨ ᠲᠣᠭᠣᠷᠢᠨ᠎ᠢ ᠬᠢᠨᠠᠨ ᠬᠠᠮᠢᠶᠠᠷᠬᠤ᠎ᠳᠤ ᠳ᠋ᠠᠢᠲ᠋ᠠ ᠪᠡᠷ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ ᠵᠢᠴᠢ ᠬᠢᠨᠠᠨ ᠬᠠᠮᠢᠶᠠᠷᠬᠤ ᠦᠶ᠋ᠯᠡᠴᠢᠯᠡᠭᠡ ᠵᠡᠷᠭᠡ ᠵᠢ ᠬᠠᠩᠭᠠᠵᠠᠢ᠃ ᠴᠡᠯᠡᠭᠡᠷ ᠲᠠᠯ᠎ᠠ᠎ᠶ᠋ᠢᠨ ᠨᠤᠲᠤᠭ ᠪᠡᠯᠴᠢᠭᠡᠷ᠎ᠦᠨ ᠵᠠᠰᠠᠯᠲᠠ᠎ᠪᠠᠷ ᠵᠢᠱ᠌ᠢᠶᠡᠯᠡᠪᠡᠯ᠂ ᠲᠣᠰ ᠲᠥᠷᠥᠯ ᠵᠦᠶ᠋ᠯ᠎ᠦᠨ ᠠᠮᠢ ᠠᠬᠤᠶ᠎ᠶ᠋ᠢ ᠵᠠᠰᠠᠨ ᠰᠡᠷᠭᠦᠭᠡᠬᠦ᠌ ᠡᠬᠢᠯᠡᠯᠲᠡ᠎ᠶ᠋ᠢᠨ ᠴᠡᠭ ᠪᠣᠯ ᠳᠠᠷᠤᠶ ᠡᠷᠳᠡᠮ ᠱᠢᠨᠵᠢᠯᠡᠭᠡᠨ᠎ᠤ ᠠᠵᠢᠯᠲᠠᠳ᠎ᠤᠨ ᠲᠤᠬᠠᠶ᠎ᠶ᠋ᠢᠨ ᠭᠠᠵᠠᠷ᠎ᠲᠤᠨᠢ ᠪᠠᠢᠴᠠᠭᠠᠨ ᠰᠤᠳᠤᠯᠤᠯᠲᠠ ᠬᠢᠬᠦ᠌᠂ ᠥᠯᠢᠭᠡᠷ ᠠᠪᠬᠤ᠂ ᠵᠠᠳᠠᠯᠤᠯᠲᠠ ᠬᠢᠬᠦ᠌᠎ᠲᠡᠶ ᠤᠶᠠᠯᠳᠤᠭᠤᠯᠤᠨ᠂ ᠨᠤᠲᠤᠭ ᠪᠡᠯᠴᠢᠭᠡᠷ᠎ᠦᠨ ᠠᠮᠢ ᠠᠬᠤᠶ᠎ᠶ᠋ᠢᠨ ᠲᠣᠮᠣ ᠳ᠋ᠠᠢᠲ᠋ᠠ᠎ᠶ᠋ᠢᠨ ᠲᠠᠪᠴᠠᠩ᠎ᠢ ᠠᠰᠢᠬᠯᠠᠨ ᠠᠮᠢ ᠠᠬᠤᠶ᠎ᠶ᠋ᠢᠨ ᠲᠣᠭ᠎ᠠ ᠪᠠᠷᠢᠮᠲᠠ᠎ᠶ᠋ᠢ ᠠᠪᠴᠤ᠌᠂《ᠬᠥᠮᠦᠨ᠎ᠦ ᠬᠦᠴᠦ᠍᠎ᠪᠡᠷ ᠭᠠᠷ ᠳᠦᠷᠦᠵᠤ ᠪᠠᠢᠭᠠᠯᠢ᠎ᠶ᠋ᠢᠨ ᠨᠤᠲᠤᠭ ᠪᠡᠯᠴᠢᠭᠡᠷ᠎ᠢ ᠳᠠᠭᠤᠷᠢᠶᠠᠬᠤ》ᠶᠡᠷᠦᠩᠬᠡᠢᠯᠡᠨ ᠵᠠᠰᠠᠬᠤ ᠲᠥᠰᠦᠯ᠎ᠢ ᠱᠢᠨᠵᠢᠯᠡᠬᠦ᠌ ᠤᠬᠠᠭᠠᠨᠴᠢ᠎ᠪᠠᠷ ᠲᠣᠭ᠍ᠲᠠᠭᠠᠬᠰᠠᠨ ᠶᠠᠪᠤᠳᠠᠯ ᠪᠣᠯᠤᠨ᠎ᠠ᠃
ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ ᠠᠵᠢᠯ᠎ᠤᠨ ᠴᠢᠨᠠᠷ ᠰᠠᠢᠲᠠᠢ ᠶᠠᠪᠤᠭᠳᠠᠬᠤ᠎ᠶ᠋ᠢ ᠠᠬᠢᠭᠤᠯᠬᠤ᠎ᠶ᠋ᠢᠨ ᠲᠥᠯᠥᠭᠡ᠂ ᠪᠢᠳᠡ ᠠᠳᠠᠯᠢ ᠪᠤᠰᠤ ᠣᠷᠣᠨ ᠪᠦᠰᠡ᠂ ᠠᠳᠠᠯᠢ ᠪᠤᠰᠤ ᠬᠡᠮᠵᠢᠶ᠎ᠡ ᠪᠡᠷ ᠲᠠᠴᠢᠷᠳᠠᠭᠰᠠᠨ ᠡᠯᠡᠰᠦᠷᠬᠡᠭ᠌ᠵᠢᠭᠰᠡᠨ ᠬᠤᠵᠢᠷᠰᠢᠭᠰᠠᠨ ᠨᠤᠲᠤᠭ ᠪᠡᠯᠴᠢᠭᠡᠷ᠂ ᠲᠠᠷᠢᠶᠠᠯᠠᠬᠤ᠎ᠪᠠᠨ ᠵᠣᠭ᠍ᠰᠣᠭ᠍ᠰᠠᠨ ᠭᠠᠵᠠᠷ ᠵᠡᠷᠭᠡ᠎ᠳᠦ ᠴᠢᠭᠯᠡᠭᠦᠯᠵᠤ᠂ ᠠᠮᠢ ᠠᠬᠤᠢ᠎ᠶ᠋ᠢ ᠰᠡᠷᠭᠦᠭᠡᠬᠦ᠌ ᠳᠤᠮᠳᠠ ᠣᠷᠣᠱᠢᠵᠤ ᠪᠠᠢᠭ᠎ᠠ ᠮᠡᠷᠭᠡᠵᠢᠯ᠎ᠦᠨ ᠬᠦᠴᠢᠷᠳᠡᠯ᠂ ᠮᠠᠱᠢᠨ ᠮᠧᠬᠠᠨᠢᠭ᠂ ᠮᠠᠲ᠋ᠧᠷᠢᠶᠠᠯ᠎ᠤᠨ ᠳᠤᠲᠠᠭᠤᠳᠠᠯ᠎ᠳᠤ ᠴᠢᠭ᠌ᠯᠡᠭᠦᠯᠦᠨ᠂ ᠠᠮᠢ ᠠᠬᠤᠢ᠎ᠶ᠋ᠢ ᠰᠡᠷᠭᠦᠭᠡᠬᠦ᠌ ᠵᠠᠩᠭᠢᠯᠠᠭ᠎ᠠ᠎ᠶ᠋ᠢᠨ ᠮᠡᠷᠭᠡᠵᠢᠯ᠎ᠢ ᠭᠣᠣᠯᠳᠠᠯᠭ᠎ᠠ᠎ᠲᠠᠶ ᠰᠤᠳᠤᠯᠤᠨ ᠨᠡᠭᠡᠭᠡᠵᠦ᠍᠂ ᠮᠡᠷᠭᠡᠵᠢᠯ᠎ᠦᠨ ᠵᠠᠭ᠍ᠪᠤᠷ᠎ᠢ ᠪᠦᠷᠢᠯᠳᠦᠭᠦᠯᠵᠦ᠍᠂ ᠶᠡᠬᠡ ᠬᠡᠪᠴᠢᠶᠡᠨ᠎ᠦ ᠴᠦᠯᠯᠡᠷᠭᠡᠭ᠌ᠵᠢᠭ᠌ᠰᠡᠨ ᠭᠠᠵᠠᠷ ᠱᠢᠷᠣᠢ᠎ᠶ᠋ᠢᠨ ᠠᠮᠢ ᠠᠬᠤᠢ᠎ᠶ᠋ᠢ ᠰᠡᠷᠭᠦᠭᠡᠬᠦ᠌᠎ᠳᠦ ᠲᠣᠬᠢᠷᠠᠮᠵᠢᠲᠠᠢ᠂ ᠵᠢᠷᠤᠮᠵᠢᠯ᠎ᠲᠠᠶ᠂ ᠬᠡᠷᠡᠭ᠌ᠵᠢᠭᠦᠯᠵᠦ᠍ ᠪᠣᠯᠬᠤᠢᠴᠠ ᠴᠢᠨᠠᠷ᠎ᠢᠶᠠᠷ ᠴᠢᠩᠭ᠎ᠠ ᠮᠡᠷᠭᠡᠵᠢᠯ᠎ᠦᠨ ᠠᠷᠭ᠎ᠠ᠎ᠶ᠋ᠢ ᠬᠠᠩᠭᠠᠪᠠ᠃ ᠥᠪᠥᠷ ᠮᠣᠩᠭᠣᠯ᠂ ᠱᠠᠨᠰᠢ᠂ ᠲᠥᠪᠡᠳ᠂ ᠬᠥᠬᠡᠨᠠᠭᠤᠷ ᠵᠡᠷᠭᠡ ᠭᠠᠩ ᠬᠠᠭᠤᠷᠠᠶ ᠬᠠᠭᠠᠰ ᠭᠠᠩ ᠬᠠᠭᠤᠷᠠᠶ ᠭᠠᠵᠠᠷ ᠣᠷᠣᠨ᠎ᠳᠤ ᠲᠤᠰᠭᠠᠶ ᠦᠷ᠎ᠡ᠎ᠶ᠋ᠢᠨ ᠦᠶ᠋ᠯᠡᠰ᠎ᠦᠨ ᠰᠤᠳᠤᠯᠭᠠᠨ᠎ᠤ ᠬᠦᠷᠢᠶᠡᠯᠡᠩ ᠪᠠᠢᠭᠤᠯᠵᠤ᠂ ᠨᠤᠲᠤᠭ᠎ᠤᠨ ᠤᠷᠭᠤᠮᠠᠯ᠎ᠤᠨ ᠦᠷ᠎ᠡ᠎ᠶ᠋ᠢᠨ ᠡᠬᠢ ᠪᠠᠶᠠᠯᠢᠭ᠎ᠢ 6 ᠲᠦᠮᠡᠨ ᠬᠤᠪᠢ᠂ ᠥᠯᠢᠭᠡᠷ᠎ᠢ 15 ᠲᠦᠮᠡᠨ ᠬᠤᠪᠢ᠂ ᠬᠥᠷᠥᠰᠥ᠍ ᠱᠢᠷᠣᠶ᠎ᠶ᠋ᠢ 150 ᠲᠦᠮᠡᠨ ᠬᠤᠪᠢ ᠴᠤᠭ᠍ᠯᠠᠭᠤᠯᠵᠤ᠂ ᠡᠯᠡᠰᠦᠷᠬᠡᠭᠵᠢᠯ᠎ᠢ ᠰᠡᠷᠭᠡᠢᠯᠡᠵᠦ᠍ ᠡᠯᠡᠰᠦ᠎ᠶ᠋ᠢ ᠵᠠᠰᠠᠬᠤ᠎ᠳᠤ ᠬᠡᠷᠡᠭ᠌ᠯᠡᠵᠦ᠍ ᠪᠣᠯᠬᠤ ᠦᠷ᠎ᠡ ᠪᠠᠢᠬᠤ ᠶ᠋ᠢ ᠪᠠᠲᠤᠯᠠᠪᠠ᠃

ᠴᠧᠨ ᠱᠢᠶᠠᠩ
ᠮᠸᠩ ᠼᠤᠤ ᠪᠦᠯᠦᠭ᠌ᠯᠡᠯ ᠦᠨ ᠲᠠᠯ᠎ᠠ ᠨᠤᠲᠤᠭ᠎ᠤᠨ ᠠᠮᠢ ᠠᠬᠤᠶ᠎ᠶ᠋ᠢᠨ ᠱᠢᠰᠲ᠋ᠧᠮ᠎ᠦᠨ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ
ᠠᠮᠢ ᠠᠬᠤᠢ᠎ᠶ᠋ᠢ ᠰᠡᠷᠭᠦᠭᠡᠬᠦ᠌᠎ᠳᠦ ᠲᠤᠰ ᠲᠤᠰᠵᠢᠡᠷ ᠵᠢᠡᠨ ᠬᠠᠮᠢᠶᠠᠷᠤᠭᠠᠳ ᠪᠣᠯᠬᠤ ᠦᠭᠡᠢ᠂ ᠡᠷᠬᠡᠪᠰᠢ ᠨᠢᠭᠡᠳᠦᠯᠲᠡᠢ ᠲᠥᠯᠥᠪᠵᠢᠭᠦᠯᠦᠨ ᠨᠡᠢ᠌ᠳᠡᠳᠦᠨᠢ ᠬᠠᠷᠠᠭᠠᠯᠵᠠᠵᠤ᠂ ᠪᠦᠬᠦᠯᠢ ᠴᠣᠭ᠍ᠴᠠ᠎ᠪᠠᠷ ᠨᠢ ᠠᠷᠭ᠎ᠠ ᠪᠤᠳᠤᠯᠭ᠎ᠠ ᠬᠡᠷᠡᠭ᠌ᠵᠢᠭᠦᠯᠬᠦ᠌ ᠴᠢᠬᠤᠯᠠᠲᠠᠢ᠃ ᠵᠠᠯᠠᠢᠨᠠᠭᠤᠷ ᠵᠠᠳᠠᠭᠠᠶ ᠨᠡᠭᠦᠷᠡᠰᠦᠨ ᠠᠭᠤᠷᠬᠠᠶ᠎ᠶ᠋ᠢᠨ ᠠᠮᠢ ᠠᠬᠤᠶ᠎ᠶ᠋ᠢ ᠵᠠᠰᠠᠨ ᠰᠡᠷᠭᠦᠭᠡᠭ᠌ᠰᠡᠨ᠎ᠢᠶᠡᠷ ᠵᠢᠱ᠌ᠢᠶᠡᠯᠡᠪᠡᠯ᠂ ᠲᠣᠰ ᠠᠭᠤᠷᠬᠠᠶ᠎ᠶ᠋ᠢᠨ ᠣᠷᠣᠨ ᠵᠠᠭᠤᠨ ᠵᠢᠯ᠎ᠦᠨ ᠨᠡᠭᠡᠭᠡᠨ ᠠᠱᠢᠭ᠍ᠯᠠᠯᠲᠠ᠎ᠪᠠᠷ ᠳᠠᠮᠵᠢᠭᠠᠳ᠂ ᠨᠢᠭᠡ ᠦᠶ᠎ᠡ ᠬᠥᠷᠥᠰᠥ᠍ ᠱᠢᠷᠣᠶ ᠮᠠᠭᠤᠳᠠᠭ᠍ᠰᠠᠨ᠂ ᠤᠷᠭᠤᠮᠠᠯ᠎ᠤᠨ ᠬᠤᠴᠢᠯᠭ᠎ᠠ ᠡᠪᠳᠡᠭ᠌ᠳᠡᠭ᠌ᠰᠡᠨ᠂ ᠬᠥᠷᠥᠰᠥ᠍ ᠱᠢᠷᠣᠶ ᠢᠳᠡᠭ᠌ᠳᠡᠭ᠌ᠰᠡᠨ᠂ ᠠᠭᠤᠷᠬᠠᠶ᠎ᠶ᠋ᠢᠨ ᠣᠷᠣᠨ᠎ᠤ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ ᠡᠪᠳᠡᠭ᠌ᠳᠡᠭ᠌ᠰᠡᠨ ᠵᠡᠷᠭᠡ ᠪᠤᠳᠤᠯᠢᠶᠠᠨᠲᠠᠶ ᠶᠡᠷᠦᠩᠬᠡᠢᠯᠡᠭ᠌ᠰᠡᠨ ᠴᠢᠨᠠᠷᠲᠠᠶ ᠠᠰᠠᠭᠤᠳᠠᠯ᠎ᠳᠤ ᠲᠤᠯᠭᠠᠷᠠᠭ᠍ᠰᠠᠨ ᠪᠠᠢᠨ᠎ᠠ᠃ ᠰᠡᠷᠭᠦᠭᠡᠨ ᠵᠠᠰᠠᠬᠤ ᠶᠠᠪᠤᠴᠠ᠎ᠳᠤ ᠭᠠᠵᠠᠷ ᠱᠢᠨᠵᠢᠯᠡᠭᠡᠨ᠎ᠦ ᠤᠬᠠᠭᠠᠨ᠂ ᠠᠮᠢ ᠠᠬᠤᠶ᠎ᠶ᠋ᠢᠨ ᠤᠬᠠᠭᠠᠨ ᠵᠡᠷᠭᠡ ᠣᠯᠠᠨ ᠱᠢᠨᠵᠢᠯᠡᠭᠡᠨ᠎ᠤ ᠬᠠᠮᠵᠢᠯᠴᠠᠭ᠎ᠠ᠎ᠲᠠᠢ ᠬᠣᠯᠪᠣᠭ᠍ᠳᠠᠬᠤ ᠪᠣᠯᠬᠣᠷ ᠡᠷᠬᠡᠪᠰᠢ ᠱᠢᠰᠲ᠋ᠧᠮ᠎ᠲᠡᠶ ᠵᠠᠰᠠᠬᠤ ᠴᠢᠬᠤᠯᠠᠲᠠᠢ᠃
ᠲᠠᠷᠠᠭᠠᠴᠢ᠎ᠶ᠋ᠢᠨ ᠠᠯᠬᠤᠮ᠎ᠳᠤ᠂ ᠪᠢᠳᠡ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠬᠤ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠦᠷᠭᠦᠯᠵᠢᠯᠡᠨ ᠪᠠᠲᠤᠯᠠᠵᠤ᠂ ᠤᠷᠭᠤᠮᠠᠯ᠎ᠢ ᠬᠠᠮᠠᠭᠠᠯᠠᠨ ᠪᠣᠢᠵᠢᠭᠤᠯᠬᠤ᠂ ᠲᠠᠴᠢᠷᠳᠠᠵᠤ ᠡᠯᠡᠰᠦᠷᠬᠡᠭ᠌ᠵᠢᠭ᠌ᠰᠡᠨ ᠨᠤᠲᠤᠭ ᠪᠡᠯᠴᠢᠭᠡᠷ᠎ᠢ ᠵᠠᠰᠠᠨ ᠰᠡᠷᠭᠦᠭᠡᠬᠦ᠌᠂ ᠬᠠᠳᠤᠯᠠᠩ ᠪᠡᠯᠴᠢᠭᠡᠷ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠂ ᠨᠢᠭᠡᠨᠲᠡ ᠬᠠᠭᠠᠯᠪᠤᠷᠢᠯᠠᠭ᠍ᠰᠠᠨ ᠨᠤᠲᠤᠭ ᠪᠡᠯᠴᠢᠭᠡᠷ᠎ᠦᠨ ᠲᠠᠷᠢᠶᠠᠯᠠᠬᠤ᠎ᠶ᠋ᠢ ᠵᠣᠭ᠍ᠰᠣᠭᠠᠵᠤ ᠡᠪᠡᠰᠦ ᠪᠡᠯᠴᠢᠭᠡᠷ᠎ᠢ ᠰᠡᠷᠭᠦᠭᠡᠬᠦ᠌᠂ ᠠᠮᠢ ᠠᠬᠤᠶ᠎ᠶ᠋ᠢᠨ ᠮᠠᠯᠵᠢᠯ᠎ᠤᠨ ᠲᠠᠯᠠᠪᠠᠶ᠎ᠶ᠋ᠢᠨ ᠪᠥᠲᠥᠭᠡᠨ ᠪᠠᠢᠭᠤᠯᠤᠯᠲᠠ᠂ ᠠᠭᠤᠷᠬᠠᠶ ᠵᠢᠨ ᠣᠷᠣᠨ᠎ᠤ ᠤᠷᠭᠤᠮᠠᠯ᠎ᠤᠨ ᠬᠤᠴᠢᠯᠭ᠎ᠠ᠎ᠶ᠋ᠢ ᠰᠡᠷᠭᠦᠭᠡᠬᠦ᠌ ᠵᠡᠷᠭᠡ ᠲᠠᠯ᠎ᠠ᠎ᠪᠠᠷ ᠮᠡᠷᠭᠡᠵᠢᠯ᠎ᠦᠨ ᠪᠣᠭᠣᠮᠲᠠ ᠵᠢ ᠱᠢᠪᠲᠤᠯᠬᠤ ᠪᠠ ᠲᠦᠪᠯᠡᠷᠡᠭᠦᠯᠦᠨ ᠵᠢᠱ᠌ᠢᠶ᠎ᠡ ᠦᠵᠡᠭᠦᠯᠬᠦ᠌ ᠠᠵᠢᠯ᠎ᠢ ᠥᠷᠨᠢᠭᠦᠯᠵᠦ᠍᠂ ᠠᠮᠢ ᠠᠬᠤᠶ᠎ᠶ᠋ᠢ ᠵᠠᠰᠠᠨ ᠰᠡᠷᠭᠦᠭᠡᠬᠦ᠌ ᠥᠭᠦᠯᠡᠯ᠎ᠢ ᠡᠬᠡ ᠭᠠᠵᠠᠷ ᠳᠡᠭᠡᠷ᠎ᠡ ᠪᠢᠴᠢᠵᠦ᠍᠂ ᠲᠠᠯ᠎ᠠ ᠨᠤᠲᠤᠭ᠎ᠦᠨ ᠠᠮᠢ ᠠᠬᠤᠶ᠎ᠶ᠋ᠢ ᠬᠠᠮᠠᠭᠠᠯᠠᠬᠤ ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠳᠤ ᠮᠡᠷᠭᠡᠵᠢᠯ᠎ᠦᠨ ᠳᠡᠮᠵᠢᠯᠭᠡ ᠬᠠᠩᠭᠠᠨ᠎ᠠ᠃