ᠶᠡᠷᠦᠩᠬᠡᠢ ᠱᠦᠵᠢ ᠰᠢ ᠵᠢᠨ ᠫᠢᠩ᠄ 《ᠡᠨᠧᠷᠭᠢ ᠶ᠋ᠢᠨ ᠠᠵᠤ ᠦᠢᠯᠡᠰ ᠤ᠋ᠨ ᠳᠠᠪᠠᠭᠤᠯᠢᠭ ᠢ᠋ ᠰᠠᠢᠲᠤᠷ ᠪᠠᠳᠠᠷᠠᠭᠤᠯᠵᠤ᠂ ᠤᠳᠤ ᠦᠶ᠎ᠡ ᠶ᠋ᠢᠨ ᠡᠨᠧᠷᠭᠢ ᠶ᠋ᠢᠨ ᠠᠵᠤ ᠠᠬᠤᠢ ᠵᠢᠨ ᠡᠨᠡ ᠬᠦ᠌ ᠶᠠᠪᠤᠳᠠᠯ ᠢ᠋ ᠰᠠᠢᠲᠤᠷ ᠬᠢᠬᠦ ᠬᠡᠷᠡᠭ᠌ᠲᠡᠢ᠃ ᠪᠠᠢᠯᠳᠤᠬᠤ ᠪᠤᠳᠤᠯᠭ᠎ᠠ ᠶ᠋ᠢᠨ ᠡᠬᠢ ᠪᠠᠶᠠᠯᠢᠭ ᠤ᠋ᠨ ᠳᠠᠪᠠᠭᠤᠯᠢᠭ ᠢ᠋ ᠰᠠᠢᠲᠤᠷ ᠪᠠᠳᠠᠷᠠᠭᠤᠯᠵᠤ᠂ ᠪᠠᠢᠯᠳᠤᠬᠤ ᠪᠤᠳᠤᠯᠭ᠎ᠠ ᠶ᠋ᠢᠨ ᠡᠬᠢ ᠪᠠᠶᠠᠯᠢᠭ ᠢ᠋ ᠬᠠᠮᠠᠭᠠᠯᠠᠯᠲᠠ ᠶ᠋ᠢᠨ ᠴᠢᠨᠠᠷᠲᠠᠢ ᠪᠡᠷ ᠨᠡᠭᠡᠭᠡᠨ ᠬᠦᠭᠵᠢᠬᠦᠯᠬᠦ ᠂ ᠴᠢᠨᠠᠷ ᠰᠠᠢᠳᠠᠢ ᠪᠡᠷ ᠠᠰᠢᠬᠯᠠᠬᠤ᠂ ᠵᠢᠷᠤᠮᠵᠢᠭᠤᠯᠤᠨ ᠬᠠᠮᠢᠶᠠᠷᠬᠤ ᠵᠢ ᠴᠢᠩᠭᠠᠳᠭᠠᠵᠤ᠂ ᠡᠨᠧᠷᠭᠢ ᠶ᠋ᠢᠨ ᠡᠬᠢ ᠪᠠᠶᠠᠯᠢᠭ ᠢ᠋ ᠲᠤᠬᠠᠢ ᠶ᠋ᠢᠨ ᠭᠠᠵᠠᠷ ᠲᠦ᠍ᠨᠢ ᠨᠠᠷᠢᠯᠢᠭ ᠪᠣᠯᠪᠠᠰᠤᠷᠠᠭᠤᠯᠬᠤ ᠵᠢ ᠴᠢᠩᠭᠠᠳᠭᠠᠵᠤ᠂ ᠪᠠᠢᠯᠳᠤᠬᠤ ᠪᠤᠳᠤᠯᠭ᠎ᠠ ᠶ᠋ᠢᠨ ᠡᠬᠢ ᠪᠠᠶᠠᠯᠢᠭ ᠤ᠋ᠨ ᠠᠵᠤ ᠦᠢᠯᠡᠰ ᠢ᠋ ᠰᠠᠢᠲᠤᠷ ᠬᠥᠭ᠌ᠵᠢᠭᠦᠯᠬᠦ᠌ ᠬᠡᠷᠡᠭ᠌ᠲᠡᠢ》ᠭᠡᠵᠦ ᠴᠢᠬᠤᠯᠠᠴᠢᠯᠠᠪᠠ᠃ ᠡᠨᠡ ᠪᠣᠯ ᠶᠡᠷᠦᠩᠬᠡᠢ ᠱᠦᠵᠢ ᠰᠢ ᠵᠢᠨ ᠫᠢᠩ ᠡᠴᠡ ᠥᠪᠥᠷ ᠮᠣᠩᠭᠣᠯ ᠤ᠋ᠨ ᠤᠯᠤᠰ ᠤ᠋ᠨ ᠴᠢᠬᠤᠯᠠ ᠡᠨᠧᠷᠭᠢ ᠪᠠ ᠪᠠᠢᠯᠳᠤᠬᠤ ᠪᠤᠳᠤᠯᠭ᠎ᠠ ᠶ᠋ᠢᠨ ᠡᠬᠢ ᠪᠠᠶᠠᠯᠢᠭ ᠤ᠋ᠨ ᠰᠠᠭᠤᠷᠢᠨ ᠢ᠋ ᠪᠦᠳᠦᠭᠡᠨ ᠪᠠᠢᠭᠤᠯᠵᠤ᠂ ᠴᠢᠨᠠᠷ ᠰᠠᠢᠲᠠᠢ ᠬᠥᠭ᠌ᠵᠢᠯᠲᠡ ᠵᠢ ᠠᠬᠢᠭᠤᠯᠬᠤ ᠳ᠋ᠤ ᠪᠠᠰᠠ ᠨᠢᠭᠡ ᠤᠳᠠᠭ᠎ᠠ 《ᠰᠤᠳᠠᠯ ᠪᠠᠷᠢᠵᠤ ᠴᠢᠭ᠌ᠯᠡᠯ ᠢ᠋ ᠲᠣᠭ᠍ᠲᠠᠭᠠᠭᠰᠠᠨ》 ᠶᠠᠪᠤᠳᠠᠯ ᠪᠣᠯᠤᠨ᠎ᠠ ᠃

ᠳ᠋ᠦ᠋ ᠶᠦᠩ ᠹᠸᠩ
ᠥᠪᠡᠷᠲᠡᠭᠡᠨ ᠵᠠᠰᠠᠬᠤ ᠣᠷᠣᠨ ᠤ᠋ ᠬᠣᠷᠸ᠎ᠠ ᠠᠵᠤ ᠠᠬᠤᠶ ᠶ᠋ᠢᠨ ᠰᠤᠳᠤᠯᠭᠠᠨ ᠤ᠋ ᠲᠥᠪ ᠤ᠋ᠨ ᠬᠥᠭ᠌ᠵᠢᠯᠲᠡ ᠶ᠋ᠢᠨ ᠪᠠᠢᠯᠳᠤᠬᠤ ᠪᠣᠳᠣᠯᠭ᠎ᠠ ᠶ᠋ᠢᠨ ᠭᠠᠵᠠᠷ ᠤ᠋ᠨ ᠳᠠᠷᠤᠭ᠎ᠠ
ᠡᠨᠧᠷᠭᠢ ᠪᠠ ᠪᠠᠢᠯᠳᠤᠬᠤ ᠪᠤᠳᠤᠯᠭ᠎ᠠ ᠶ᠋ᠢᠨ ᠡᠬᠢ ᠪᠠᠶᠠᠯᠢᠭ ᠪᠣᠯ ᠤᠯᠤᠰ ᠠᠷᠠᠳ ᠤ᠋ᠨ ᠠᠵᠤ ᠠᠬᠤᠢ ᠪᠠ ᠨᠡᠢᠭᠡᠮ ᠤ᠋ᠨ ᠬᠥᠭ᠌ᠵᠢᠯᠲᠡ ᠵᠢ ᠲᠤᠯᠭᠠᠭᠤᠷᠢᠯᠠᠬᠤ ᠴᠢᠬᠤᠯᠠ ᠪᠣᠳᠠᠰ ᠤ᠋ᠨ ᠰᠠᠭᠤᠷᠢ ᠮᠥᠨ᠃ ᠥᠪᠥᠷ ᠮᠣᠩᠭᠣᠯ ᠤ᠋ᠨ ᠨᠡᠭᠦᠷᠡᠰᠦ᠂ ᠪᠠᠢᠭᠠᠯᠢ ᠶ᠋ᠢᠨ ᠱᠢᠲᠠᠮᠠᠬᠠᠶ ᠬᠡᠶ ᠶ᠋ᠢᠨ ᠡᠬᠢ ᠪᠠᠶᠠᠯᠢᠭ ᠤ᠋ᠨ ᠬᠠᠳᠠᠭᠠᠯᠠᠭ᠍ᠳᠠᠴᠠ ᠪᠥᠬᠥ᠌ ᠤᠯᠤᠰ ᠤ᠋ᠨ ᠲᠡᠷᠢᠭᠦᠨ ᠳ᠋ᠤ ᠣᠷᠣᠵᠤ᠂ ᠨᠡᠭᠦᠷᠡᠰᠦᠨ ᠤ᠋ ᠦᠶ᠋ᠯᠡᠳᠪᠦᠷᠢᠯᠡᠯ ᠤ᠋ᠨ ᠬᠡᠪᠴᠢᠶ᠎ᠡ᠂ ᠴᠠᠬᠢᠯᠭᠠᠨ ᠬᠦᠴᠦᠨ ᠤ᠋ ᠮᠠᠱᠢᠨ ᠴᠣᠭ᠍ᠴᠠᠯᠠᠪᠤᠷᠢ ᠶ᠋ᠢᠨ ᠪᠠᠭ᠍ᠲᠠᠭᠠᠮᠵᠢ᠂ ᠴᠠᠬᠢᠯᠭᠠᠨ ᠭᠠᠷᠭᠠᠬᠤ ᠶᠡᠷᠦᠩᠬᠡᠶ ᠬᠡᠮᠵᠢᠶ᠎ᠡ ᠵᠢᠴᠢ ᠭᠠᠳᠠᠭ᠍ᠰᠢ ᠬᠦᠷᠭᠡᠬᠦ᠌ ᠴᠠᠬᠢᠯᠭᠠᠨ ᠤ᠋ ᠬᠡᠮᠵᠢᠶ᠎ᠡ ᠵᠡᠷᠭᠡ ᠭᠦᠶ᠋ᠴᠡᠳᠭᠡᠯ ᠲᠣᠭ᠎ᠠ ᠪᠡᠷ ᠴᠥᠮ ᠪᠥᠬᠥ᠌ ᠤᠯᠤᠰ ᠤ᠋ᠨ ᠡᠮᠦᠨ᠎ᠡ ᠡᠩᠨᠡᠭᠡᠨ ᠳ᠋ᠤ ᠣᠷᠣᠵᠤ᠂ ᠥᠪᠥᠷ ᠮᠣᠩᠭᠣᠯ ᠤ᠋ᠨ ᠰᠠᠯᠬᠢᠨ ᠬᠦᠴᠦ ᠵᠢᠨ ᠡᠨᠧᠷᠭᠢ ᠶ᠋ᠢ ᠨᠡᠭᠡᠭᠡᠨ ᠠᠰᠢᠬᠯᠠᠵᠤ ᠪᠤᠯᠬᠤ ᠬᠡᠮᠵᠢᠶ᠎ᠡ ᠪᠥᠬᠥ᠌ ᠤᠯᠤᠰ ᠤ᠋ᠨ ᠰᠠᠯᠬᠢᠨ ᠬᠦᠴᠦ ᠵᠢᠨ ᠡᠨᠧᠷᠭᠢ ᠶ᠋ᠢ ᠨᠡᠭᠡᠭᠡᠨ ᠠᠰᠢᠬᠯᠠᠵᠤ ᠪᠣᠯᠬᠤ ᠶᠡᠷᠦᠩᠬᠡᠶ ᠬᠡᠮᠵᠢᠶ᠎ᠡ ᠶ᠋ᠢᠨ 50% ᠵᠢ ᠡᠵᠡᠯᠡᠨ᠂ ᠨᠡᠷᠡᠨ ᠤ᠋ ᠡᠨᠧᠷᠭᠢ ᠶ᠋ᠢᠨ ᠡᠬᠢ ᠪᠠᠶᠠᠯᠢᠭ ᠵᠢᠡᠷ ᠪᠥᠬᠥ᠌ ᠤᠯᠤᠰ ᠲᠦ᠍ ᠲᠡᠳ᠋ᠯᠡᠵᠤ ᠪᠠᠢᠨ᠎ᠠ᠃ ᠡᠭᠦᠨ ᠤ᠋ ᠬᠠᠮᠲᠤ᠂ ᠥᠪᠥᠷ ᠮᠣᠩᠭᠣᠯ ᠤ᠋ᠨ ᠬᠣᠪᠣᠷ ᠱᠢᠷᠣᠶ ᠶ᠋ᠢᠨ ᠡᠬᠢ ᠪᠠᠶᠠᠯᠢᠭ ᠤ᠋ᠨ ᠬᠠᠳᠠᠭᠠᠯᠠᠭ᠍ᠳᠠᠴᠠ ᠪᠣᠯᠤᠨ ᠶᠠᠰᠤ ᠴᠢᠨᠠᠷ ᠨᠢ ᠴᠥᠮ ᠳᠡᠯᠡᠬᠡᠶ ᠶ᠋ᠢᠨ ᠲᠠᠰ ᠲᠦ᠍ ᠬᠦᠷᠴᠠᠢ᠃ ᠤᠳᠤ ᠦᠶ᠎ᠡ ᠶ᠋ᠢᠨ ᠡᠨᠧᠷᠭᠢ ᠶ᠋ᠢᠨ ᠠᠵᠤ ᠠᠬᠤᠢ ᠶ᠋ᠢᠨ ᠡᠨᠡ ᠬᠦ᠌ ᠶᠠᠪᠤᠳᠠᠯ ᠢ᠋ ᠰᠠᠢᠲᠤᠷ ᠬᠢᠵᠦ᠍᠂ ᠤᠯᠤᠰ ᠤ᠋ᠨ ᠴᠢᠬᠤᠯᠠ ᠡᠨᠧᠷᠭᠢ ᠪᠣᠯᠤᠨ ᠪᠠᠢᠯᠳᠤᠬᠤ ᠪᠤᠳᠤᠯᠭ᠎ᠠ ᠶ᠋ᠢᠨ ᠡᠬᠢ ᠪᠠᠶᠠᠯᠢᠭ ᠤ᠋ᠨ ᠰᠠᠭᠤᠷᠢᠨ ᠢ᠋ ᠰᠠᠢᠲᠤᠷ ᠪᠦᠳᠦᠭᠡᠨ ᠪᠠᠢᠭᠤᠯᠵᠤ᠂ ᠤᠯᠤᠰ ᠤ᠋ᠨ ᠡᠨᠧᠷᠭᠢ ᠶ᠋ᠢᠨ ᠠᠮᠤᠷ ᠲᠦᠪᠱᠢᠨ᠂ ᠠᠵᠤ ᠦᠢᠯᠡᠰ ᠤ᠋ᠨ ᠬᠡᠯᠬᠢᠶ᠎ᠡ ᠬᠠᠩᠭᠠᠯᠭ᠎ᠠ ᠶ᠋ᠢᠨ ᠬᠡᠯᠬᠢᠶ᠎ᠡ ᠶ᠋ᠢᠨ ᠲᠣᠭ᠍ᠲᠠᠭᠤᠨ ᠪᠠ ᠠᠮᠤᠷ ᠲᠦᠪᠱᠢᠨ ᠢ᠋ ᠪᠠᠲᠤᠯᠠᠬᠤ ᠳ᠋ᠤ ᠥᠪᠥᠷ ᠮᠣᠩᠭᠣᠯ ᠡᠬᠢ ᠪᠠᠶᠠᠯᠢᠭ ᠤ᠋ᠨ ᠳᠠᠪᠠᠭᠤᠯᠢᠭ ᠲᠠᠢ ᠪᠥᠭᠡᠳ ᠠᠵᠤ ᠦᠢᠯᠡᠰ ᠤ᠋ᠨ ᠰᠠᠭᠤᠷᠢ ᠲᠠᠢ ᠶᠤᠮ ᠃
ᠨᠢᠭᠡ ᠳ᠋ᠤ ᠡᠨᠧᠷᠭᠢ ᠶ᠋ᠢᠨ ᠬᠠᠩᠭᠠᠯᠭ᠎ᠠ ᠵᠢ ᠪᠠᠲᠤᠯᠠᠬᠤ ᠴᠢᠳᠠᠪᠤᠷᠢ ᠵᠢ ᠳᠡᠭᠡᠭ᠌ᠰᠢᠯᠡᠭᠦᠯᠬᠦ ᠴᠢᠬᠤᠯᠠᠳᠠᠢ᠃ ᠤᠰᠤᠨ ᠤ᠋ ᠡᠬᠢ ᠪᠠᠶᠠᠯᠢᠭ ᠪᠠ ᠠᠮᠢ ᠠᠬᠤᠢ ᠶ᠋ᠢᠨ ᠣᠷᠴᠢᠨ ᠨᠥᠬᠥᠴᠡᠯ ᠤ᠋ᠨ ᠳᠠᠭᠠᠭᠠᠴᠠ ᠵᠢ ᠦᠨᠳᠦᠰᠦᠯᠡᠨ᠂ ᠡᠨᠧᠷᠭᠢ ᠶ᠋ᠢᠨ ᠡᠬᠢ ᠪᠠᠶᠠᠯᠢᠭ ᠢ᠋ ᠡᠮᠬᠢ ᠵᠢᠷᠤᠮ ᠲᠠᠢ ᠪᠥᠭᠡᠳ ᠪᠦᠲᠦᠮᠵᠢᠲᠡᠢ ᠪᠡᠷ ᠨᠡᠭᠡᠭᠡᠨ ᠠᠱᠢᠭ᠍ᠯᠠᠵᠤ᠂ ᠨᠡᠭᠦᠷᠡᠰᠦ᠂ ᠴᠠᠬᠢᠯᠭᠠᠨ ᠬᠦᠴᠦ᠍᠂ ᠴᠢᠯᠠᠭᠤᠨ ᠲᠤᠰᠤ ᠰᠢᠲᠠᠮᠠᠬᠠᠢ ᠬᠡᠢ ᠵᠡᠷᠭᠡ ᠡᠨᠧᠷᠭᠢ ᠶ᠋ᠢᠨ ᠬᠠᠩᠭᠠᠯᠭ᠎ᠠ ᠵᠢᠨ ᠴᠢᠳᠠᠪᠤᠷᠢ ᠵᠢ ᠳᠡᠭᠡᠭ᠌ᠰᠢᠯᠡᠭᠦᠯᠬᠦ᠌ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠯᠠᠨ ᠵᠦᠢᠯ ᠤ᠋ᠨ ᠡᠨᠧᠷᠭᠢ ᠵᠢ ᠬᠠᠮᠵᠢᠯᠴᠠᠭᠤᠯᠤᠨ ᠬᠠᠷᠢᠯᠴᠠᠨ ᠨᠥᠬᠥᠪᠥᠷᠢᠯᠡᠬᠦ᠌᠂ ᠶᠡᠷᠦᠩᠬᠡᠢᠯᠡᠨ ᠠᠱᠢᠭ᠍ᠯᠠᠬᠤ᠂ ᠡᠷᠴᠢᠮᠯᠢᠭ ᠪᠥᠭᠡᠳ ᠥᠨᠳᠥᠷ ᠪᠦᠲᠦᠮᠵᠢᠲᠡᠢ ᠪᠡᠷ ᠡᠨᠧᠷᠭᠢ ᠬᠠᠩᠭᠠᠬᠤ ᠠᠷᠭ᠎ᠠ ᠬᠡᠯᠪᠡᠷᠢ ᠵᠢ ᠲᠦᠷᠭᠡᠳᠬᠡᠨ ᠪᠤᠢ ᠪᠤᠯᠭᠠᠬᠤ ᠴᠢᠬᠤᠯᠠᠳᠠᠢ᠃
ᠬᠣᠶᠠᠷ ᠲᠦ᠍ ᠡᠬᠢ ᠪᠠᠶᠠᠯᠢᠭ ᠢ᠋ ᠠᠱᠢᠭ᠍ᠯᠠᠬᠤ ᠦᠷ᠎ᠡ ᠪᠦᠲᠦᠮᠵᠢ ᠵᠢ ᠳᠡᠭᠡᠭ᠌ᠰᠢᠯᠡᠬᠦᠯᠬᠦ ᠴᠢᠬᠤᠯᠠᠳᠠᠢ᠃ ᠨᠡᠭᠦᠷᠡᠰᠦ ᠵᠢ ᠠᠷᠢᠭᠤᠨ ᠴᠡᠪᠡᠷ ᠥᠨᠳᠥᠷ ᠪᠦᠲᠦᠮᠵᠢᠲᠡᠢ ᠠᠱᠢᠭ᠍ᠯᠠᠬᠤ ᠪᠡᠷ ᠪᠦᠲᠦᠮᠵᠢᠲᠡᠢ ᠭᠠᠷᠳᠠᠴᠠ ᠪᠣᠯᠭᠠᠨ᠂ ᠨᠡᠭᠦᠷᠡᠰᠦ᠂ ᠨᠡᠭᠦᠷᠡᠰᠦ ᠪᠡᠷ ᠴᠠᠬᠢᠯᠭᠠᠨ ᠭᠠᠷᠭᠠᠬᠤ᠂ ᠨᠡᠭᠦᠷᠡᠰᠦ ᠬᠢᠮᠢ ᠶ᠋ᠢᠨ ᠠᠵᠤ ᠦᠢᠯᠡᠳᠪᠦᠷᠢ ᠶ᠋ᠢᠨ ᠠᠵᠢᠯ ᠲᠦᠷᠦᠯ ᠤ᠋ᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠦ ᠬᠦᠭᠵᠢᠯᠲᠡ ᠲᠡᠢᠰᠢ ᠬᠡᠯᠪᠡᠷᠢ ᠪᠠᠨ ᠬᠤᠪᠢᠷᠠᠭᠤᠯᠬᠤ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠴᠢᠬᠤᠯᠠᠳᠠᠢ᠃ ᠬᠣᠪᠣᠷ ᠱᠢᠷᠣᠶ ᠶ᠋ᠢᠨ ᠡᠬᠢ ᠪᠠᠶᠠᠯᠢᠭ ᠢ᠋ ᠪᠣᠬᠢᠷᠲᠤᠯ ᠥᠬᠡᠶ ᠪᠡᠷ ᠨᠡᠭᠡᠭᠡᠨ ᠬᠥᠭ᠌ᠵᠢᠭᠦᠯᠬᠦ᠌ ᠪᠠ ᠥᠨᠳᠥᠷ ᠪᠦᠲᠦᠮᠵᠢᠲᠡᠶ ᠪᠡᠷ ᠠᠱᠢᠭ᠍ᠯᠠᠬᠤ ᠵᠢ ᠠᠬᠢᠭᠤᠯᠵᠤ᠂ 《ᠬᠣᠪᠣᠷ ᠱᠢᠷᠣᠶ +》 ᠶ᠋ᠢᠨ ᠬᠠᠮᠵᠢᠯᠴᠠᠨ ᠱᠢᠨ᠎ᠡ ᠵᠢ ᠡᠭᠦᠳᠬᠦ᠌ ᠵᠢ ᠴᠢᠩᠭᠠᠳᠬᠠᠨ᠂ ᠬᠣᠪᠣᠷ ᠱᠢᠷᠣᠶ ᠶ᠋ᠢᠨ ᠠᠵᠤ ᠦᠶ᠋ᠯᠡᠰ ᠢ᠋ ᠨᠠᠷᠢᠯᠢᠬᠵᠢᠭᠤᠯᠵᠤ ᠱᠢᠯᠢᠳᠡᠭ᠌ᠵᠢᠭᠦᠯᠤᠨ ᠬᠦᠴᠦᠷᠬᠡᠭ᠌ᠵᠢᠭᠦᠯᠬᠦ ᠴᠢᠬᠤᠯᠠᠳᠠᠢ᠃
ᠭᠤᠷᠪᠠ ᠳ᠋ᠤ ᠡᠨᠧᠷᠭᠢ ᠶ᠋ᠢᠨ ᠰᠠᠭᠤᠷᠢ ᠲᠥᠬᠥᠭᠡᠷᠦᠮᠵᠢ ᠶ᠋ᠢᠨ ᠪᠦᠲᠦᠭᠡᠨ ᠪᠠᠢᠭᠤᠯᠤᠯᠲᠠ ᠵᠢ ᠠᠬᠢᠭᠤᠯᠬᠤ ᠴᠢᠬᠤᠯᠠᠳᠠᠢ᠃ ᠱᠢᠨ᠎ᠡ ᠬᠡᠯᠪᠡᠷᠢ ᠶ᠋ᠢᠨ ᠴᠠᠬᠢᠯᠭᠠᠨ ᠬᠦᠴᠦᠨ ᠤ᠋ ᠱᠢᠰᠲ᠋ᠧᠮ ᠤ᠋ᠨ ᠪᠦᠳᠦᠬᠡᠨ ᠪᠠᠢᠭᠤᠯᠤᠯᠲᠠ ᠵᠢ ᠲᠦᠷᠭᠡᠳᠭᠡᠵᠦ᠍᠂ ᠪᠣᠬᠢᠷᠲᠤᠯ ᠦᠭᠡᠢ ᠲᠡᠢᠰᠢ ᠬᠡᠯᠪᠡᠷᠢ ᠪᠡᠨ ᠬᠤᠪᠢᠷᠠᠭᠤᠯᠤᠨ ᠬᠥᠭ᠌ᠵᠢᠬᠦᠯᠬᠦ ᠳ᠋ᠤ ᠴᠡᠪᠡᠷ ᠡᠨᠧᠷᠭᠢ ᠶ᠋ᠢᠨ ᠲᠤᠯᠭᠠᠭᠤᠷᠢᠯᠠᠯ ᠬᠠᠩᠭᠠᠬᠤ ᠴᠢᠬᠤᠯᠠᠳᠠᠢ᠃ ᠴᠠᠬᠢᠯᠭᠠᠨ ᠲᠣᠣᠷ ᠤ᠋ᠨ ᠤᠷᠤᠨ ᠪᠦᠰᠡ ᠶ᠋ᠢᠨ ᠴᠠᠬᠢᠯᠭᠠᠨ ᠬᠦᠷᠭᠡᠬᠦ᠌ ᠴᠢᠳᠠᠪᠤᠷᠢ ᠵᠢ ᠳᠡᠭᠡᠭ᠌ᠰᠢᠯᠡᠭᠦᠯᠤᠨ᠂ ᠲᠣᠭᠠᠴᠢᠯᠠᠭ᠍ᠰᠠᠨ ᠡᠨᠧᠷᠭᠢ ᠶ᠋ᠢᠨ ᠢᠨᠵᠧᠨᠧᠷᠢᠩ ᠢ᠋ ᠬᠡᠷᠡᠭ᠌ᠵᠢᠭᠦᠯᠵᠦ᠍᠂ ᠡᠨᠧᠷᠭᠢ ᠶ᠋ᠢᠨ ᠦᠢᠯᠡᠳᠪᠦᠷᠢᠯᠡᠯ᠂ ᠬᠠᠳᠠᠭᠠᠯᠠᠵᠤ ᠵᠥᠭᠡᠭᠡᠪᠦᠷᠢᠯᠡᠬᠦ᠌᠂ ᠬᠡᠷᠡᠭ᠌ᠯᠡᠭᠡ ᠵᠡᠷᠭᠡ ᠭᠣᠭ᠍ᠴᠣᠭᠠ ᠶ᠋ᠢᠨ ᠲᠣᠭᠠᠴᠢᠯᠠᠯᠲᠠ ᠲᠡᠢᠰᠢ ᠬᠡᠯᠪᠡᠷᠢ ᠪᠠᠨ ᠬᠤᠪᠢᠷᠠᠭᠤᠯᠬᠤ ᠵᠢ ᠠᠬᠢᠭᠤᠯᠬᠤ ᠴᠢᠬᠤᠯᠠᠳᠠᠢ᠃
ᠲᠦᠷᠪᠡ ᠳ᠋ᠤ ᠡᠨᠧᠷᠭᠢ ᠶ᠋ᠢ ᠨᠡᠭᠡᠭᠡᠨ ᠠᠱᠢᠭ᠍ᠯᠠᠬᠤ ᠲᠣᠭ᠍ᠲᠠᠴᠠ ᠶ᠋ᠢᠨ ᠲᠠᠯ᠎ᠠ ᠪᠡᠷ ᠱᠢᠨ᠎ᠡ ᠵᠢ ᠡᠭᠦᠳᠬᠦ ᠴᠢᠬᠤᠯᠠᠳᠠᠢ᠃ ᠡᠨᠧᠷᠭᠢ ᠶ᠋ᠢᠨ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠬᠠᠷᠠᠯᠲᠠᠲᠤ ᠬᠢᠨᠠᠨ ᠱᠢᠯᠭᠠᠬᠤ ᠱᠢᠰᠲᠸᠮ ᠢ᠋ ᠪᠠᠢᠭᠤᠯᠤᠨ᠂ ᠡᠨᠧᠷᠭᠢ ᠠᠷᠪᠢᠯᠠᠵᠤ ᠪᠣᠬᠢᠷᠲᠤᠯ ᠭᠠᠳᠠᠭ᠍ᠰᠢᠯᠠᠭᠤᠯᠬᠤ ᠬᠡᠮᠵᠢᠶ᠎ᠡ ᠵᠢ ᠪᠠᠭᠠᠰᠭᠠᠬᠤ ᠵᠠᠬ᠎ᠠ ᠳᠡᠯᠭᠡᠭᠦᠷᠴᠢᠯᠡᠭ᠌ᠰᠡᠨ ᠲᠣᠭ᠍ᠲᠠᠴᠠ ᠵᠢ ᠲᠡᠭᠦᠯᠳᠡᠷᠵᠢᠭᠦᠯᠵᠦ᠍᠂ ᠡᠨᠧᠷᠭᠢ ᠬᠡᠷᠡᠭ᠌ᠯᠡᠬᠦ᠌ ᠭᠦᠢᠴᠡᠳᠭᠡᠬᠦ᠌ ᠲᠣᠭ᠎ᠠ ᠵᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠵᠢ ᠰᠦᠪᠡᠭ᠌ᠴᠢᠯᠡᠨ ᠪᠠᠢᠭᠤᠯᠬᠤ ᠴᠢᠬᠤᠯᠠᠳᠠᠢ᠃ ᠴᠢᠯᠠᠭᠤᠵᠢᠮᠠᠯ ᠤ᠋ᠨ ᠡᠨᠧᠷᠭᠢ ᠵᠢ ᠠᠷᠢᠭᠤᠨ ᠴᠡᠪᠡᠷ ᠵᠢᠨᠷ ᠠᠱᠢᠭ᠍ᠯᠠᠬᠤ ᠲᠣᠭ᠍ᠲᠠᠴᠠ ᠵᠢ ᠪᠦᠷᠢᠨᠱᠢᠭᠦᠯᠵᠦ᠍᠂ ᠡᠵᠡᠩᠨᠡᠯᠲᠡ ᠶ᠋ᠢᠨ ᠭᠤᠤᠯ ᠴᠣᠭ᠍ᠴᠠ ᠪᠠ ᠡᠯ᠎ᠡ ᠲᠥᠷᠥᠯ ᠤ᠋ᠨ ᠡᠯᠧᠮᠧᠨ᠋ᠲ ᠤ᠋ᠨ ᠬᠥᠳᠡᠯᠭᠡᠬᠦ᠌ ᠬᠦᠴᠦᠨ ᠪᠠ ᠠᠮᠢᠳᠤᠯᠢᠭ ᠬᠦᠴᠦᠨ ᠢ᠋ ᠪᠦᠲᠦᠮᠵᠢᠲᠡᠶ ᠬᠥᠭ᠌ᠵᠢᠭᠡᠬᠦ ᠴᠢᠬᠤᠯᠠᠳᠠᠢ᠃