《ᠨᠤᠤᠰᠤ ᠨᠤᠤᠯᠤᠭᠤᠷ ᠨᠡᠭᠦᠷᠡᠰᠦ ᠬᠤᠪᠤᠷ ᠰᠢᠷᠤᠢ ᠰᠢᠳᠠᠮᠠᠬᠠᠢ ᠬᠡᠢ》 ᠵᠢ ᠬᠦᠭᠵᠢᠬᠦᠯᠬᠦ ᠮᠦᠷᠳᠡᠭᠡᠨ 《ᠰᠠᠯᠬᠢᠨ ᠬᠦᠴᠦ ᠭᠡᠷᠡᠯᠴᠢ ᠴᠡᠨᠡᠭ》 ᠢ᠋ ᠴᠤ᠌ ᠬᠦᠭᠵᠢᠬᠦᠯᠦᠨ᠎ᠠ
2023-06-25 10:08:59
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠶᠡᠷᠦᠩᠬᠡᠢ ᠱᠦᠵᠢ ᠰᠢ ᠵᠢᠨ ᠫᠢᠩ᠂ ᠤᠯᠠᠮᠵᠢᠯᠠᠯᠲᠤ ᠡᠨᠧᠷᠭᠢ ᠶ᠋ᠢᠨ ᠠᠵᠤ ᠦᠢᠯᠡᠰ ᠦ᠋ᠨ ᠬᠡᠯᠪᠡᠷᠢ ᠶ᠋ᠢ ᠬᠤᠪᠢᠷᠠᠭᠤᠯᠤᠨ ᠲᠡᠰ ᠳᠡᠪᠱᠢᠭᠦᠯᠬᠦ ᠶ᠋ᠢ ᠠᠬᠢᠭᠤᠯᠵᠤ᠂ ᠪᠣᠬᠢᠷᠲᠤᠯ ᠦᠭᠡᠢ ᠡᠨᠧᠷᠭᠢ ᠶ᠋ᠢ ᠶᠡᠬᠡ ᠪᠡᠷ ᠬᠥᠭ᠌ᠵᠢᠭᠦᠯᠵᠦ᠍᠂ ᠤᠯᠤᠰ ᠤ᠋ᠨ ᠴᠢᠬᠤᠯᠠ ᠡᠨᠧᠷᠭᠢ ᠶ᠋ᠢᠨ ᠰᠠᠭᠤᠷᠢᠨ ᠢ᠋ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ᠌ ᠪᠣᠯ ᠥᠪᠥᠷ ᠮᠣᠩᠭᠣᠯ ᠤ᠋ᠨ ᠬᠥᠭ᠌ᠵᠢᠯᠲᠡ ᠶ᠋ᠢᠨ ᠭᠣᠣᠯᠳᠠᠯᠭ᠎ᠠ ᠶ᠋ᠢᠨ ᠭᠣᠣᠯᠳᠠᠯᠭ᠎ᠠ ᠪᠣᠯᠤᠨ᠎ᠠ᠃ ᠡᠨᠡ ᠲᠠᠯ᠎ᠠ ᠪᠠᠷ ᠥᠪᠥᠷ ᠮᠣᠩᠭᠣᠯ ᠤ᠋ᠨ ᠴᠢᠭ᠌ᠯᠡᠯ ᠲᠣᠳᠣᠷᠬᠠᠢ᠂ ᠵᠠᠮ ᠵᠥᠪ᠂ ᠢᠷᠡᠭᠡᠳᠦᠢ ᠰᠠᠷᠠᠭᠤᠯ ᠪᠠᠢᠵᠥ ᠂ ᠶᠡᠬᠡ ᠦᠢᠯᠡ ᠵᠢ ᠪᠦᠳᠦᠬᠡᠵᠤ ᠪᠤᠯᠤᠨ᠎ᠠ᠂ ᠲᠤᠢᠯ ᠤ᠋ᠨ ᠶᠡᠬᠡ ᠢᠷᠡᠭᠡᠳᠦᠢ ᠲᠡᠶ ᠶᠤᠮ ᠬᠡᠵᠥ ᠵᠢᠭᠠᠵᠤ ᠭᠠᠷᠭᠠᠪᠠ᠃ ᠤᠷᠳᠤᠰ ᠬᠤᠳᠠ ᠶᠡᠷᠦᠩᠬᠡᠢ ᠱᠦᠵᠢ ᠰᠢ ᠵᠢᠨ ᠫᠢᠩ ᠦ᠋ᠨ ᠥᠪᠥᠷ ᠮᠣᠩᠭᠣᠯ ᠳ᠋ᠤ ᠲᠠᠯᠪᠢᠭ᠍ᠰᠠᠨ ᠴᠢᠩ ᠰᠡᠳᠭᠢᠯ ᠦ᠋ᠨ ᠬᠦᠰᠡᠯ ᠨᠠᠢᠳᠠᠯᠭ᠎ᠠ ᠶ᠋ᠢ ᠴᠠᠭ ᠢᠮᠠᠭ᠍ᠲᠠ ᠪᠠᠲᠤ ᠴᠡᠭᠡᠵᠢᠯᠡᠵᠦ᠍᠂ ᠠᠮᠢ ᠠᠬᠤᠢ ᠶ᠋ᠢ ᠤᠷᠢᠳ ᠶ᠋ᠢᠡᠷ ᠪᠣᠳᠣᠯᠬᠢᠯᠠᠬᠤ ᠪᠣᠬᠢᠷᠲᠤᠯ ᠦᠭᠡᠢ ᠬᠥᠭ᠌ᠵᠢᠭᠦᠯᠬᠦ᠌ ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ ᠶ᠋ᠢᠨ ᠱᠢᠨ᠎ᠡ ᠵᠠᠮ ᠶ᠋ᠢᠡᠷ ᠰᠠᠢᠲᠤᠷ ᠵᠠᠮᠨᠠᠨ᠂ ᠤᠳᠤ ᠦᠶ᠎ᠡ ᠶ᠋ᠢᠨ ᠡᠨᠧᠷᠭᠢ ᠶ᠋ᠢᠨ ᠠᠵᠤ ᠠᠬᠤᠢ ᠶ᠋ᠢᠨ ᠡᠨᠡ ᠬᠦ᠌ ᠶᠠᠪᠤᠳᠠᠯ ᠢ᠋ ᠦᠷᠭᠦᠯᠵᠢᠯᠡᠨ ᠰᠠᠢᠲᠤᠷ ᠬᠢᠵᠦ᠍᠂ ᠳᠡᠯᠡᠬᠡᠢ ᠶ᠋ᠢᠨ ᠲᠡᠰ ᠤ᠋ᠨ ᠡᠨᠧᠷᠭᠢ ᠶ᠋ᠢᠨ ᠠᠵᠤ ᠦᠢᠯᠡᠰ ᠢ᠋ ᠪᠠᠢᠭᠤᠯᠬᠤ ᠬᠠᠷᠠᠯᠲᠠ ᠲᠡᠢᠰᠢ ᠪᠠᠨ ᠡᠷᠡᠰ ᠭᠤᠢᠪᠢᠰᠢ ᠦᠭᠡᠢ ᠪᠡᠷ ᠮᠡᠷᠡᠢᠨ ᠤᠷᠤᠭ᠍ᠰᠢᠯᠠᠨ᠎ᠠ᠃


4699396_agm_1687251802344_m.jpg


ᠾᠥᠸᠧ ᠯᠢ ᠫᠢᠩ  

ᠣᠷᠳᠣᠰ ᠬᠣᠲᠠ ᠶ᠋ᠢᠨ ᠡᠨᠧᠷᠭᠢ ᠶ᠋ᠢᠨ ᠲᠣᠪᠴᠢᠶ᠎ᠠ ᠶ᠋ᠢᠨ ᠨᠠᠮ ᠤ᠋ᠨ ᠤᠳᠤᠷᠢᠳᠭᠤ ᠳᠤᠭᠤᠢᠯᠠᠩ ᠤ᠋ᠨ ᠱᠦᠵᠢ ᠂ ᠲᠣᠪᠴᠢᠶᠠᠨ ᠳᠠᠷᠤᠭ᠎ᠠ


ᠨᠢᠭᠡ ᠲᠠᠯ᠎ᠠ ᠪᠠᠷ ᠱᠢᠨ᠎ᠡ ᠬᠥᠭ᠌ᠵᠢᠯᠲᠡ ᠶ᠋ᠢᠨ ᠣᠢᠯᠠᠭᠠᠭ᠍ᠳᠠᠬᠤᠨ ᠶᠤᠰᠤᠭᠠᠷ 《ᠨᠤᠤᠰᠤ ᠨᠤᠤᠯᠤᠭᠤᠷ ᠨᠡᠭᠦᠷᠡᠰᠦ ᠬᠤᠪᠤᠷ ᠰᠢᠷᠤᠢ ᠰᠢᠳᠠᠮᠠᠬᠠᠢ ᠬᠡᠢ》ᠶ᠋ᠢ ᠰᠠᠢᠲᠤᠷ ᠬᠥᠭ᠌ᠵᠢᠭᠦᠯᠵᠦ᠍᠂ ᠤᠯᠠᠮᠵᠢᠯᠠᠯᠲᠤ ᠡᠨᠧᠷᠭᠢ ᠶ᠋ᠢᠨ ᠰᠠᠭᠤᠷᠢ ᠶ᠋ᠢ ᠪᠡᠬᠢᠵᠢᠭᠦᠯᠤᠨ᠂ ᠤᠯᠤᠰ ᠤ᠋ᠨ ᠡᠨᠧᠷᠭᠢ ᠶ᠋ᠢᠨ ᠠᠮᠤᠷ ᠲᠦᠪᠱᠢᠨ ᠢ᠋ ᠪᠠᠲᠤᠯᠠᠬᠤ ᠴᠢᠬᠤᠯᠠ ᠶᠡᠬᠡ ᠤᠯᠤᠰ ᠲᠦᠷᠦ᠍ ᠶ᠋ᠢᠨ ᠬᠠᠷᠢᠭᠤᠴᠠᠯᠭ᠎ᠠ ᠶ᠋ᠢ ᠡᠷᠡᠰ ᠡᠭᠦᠷᠭᠡᠯᠡᠨ᠎ᠠ᠃ ᠪᠢᠳᠡ ᠪᠣᠬᠢᠷᠲᠤᠯ ᠦᠭᠡᠢ ᠪᠡᠷ ᠬᠥᠭ᠌ᠵᠢᠭᠦᠯᠬᠦ᠂ ᠴᠢᠨᠠᠷ ᠰᠠᠢᠲᠠᠢ ᠪᠡᠷ ᠬᠥᠭ᠌ᠵᠢᠭᠦᠯᠬᠦ ᠶ᠋ᠢ ᠢᠮᠠᠭ᠍ᠲᠠ ᠭᠤᠢᠪᠢᠰᠢ ᠪᠠᠷᠢᠮᠲᠠᠯᠠᠵᠤ᠂ ᠡᠨᠧᠷᠭᠢ ᠶ᠋ᠢᠨ ᠠᠮᠤᠷ ᠲᠦᠪᠱᠢᠨ ᠢ᠋ ᠪᠠᠳᠤᠯᠠᠬᠤ ᠪᠠ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠦ ᠳᠡᠢᠰᠢ ᠬᠡᠯᠪᠡᠷᠢ ᠪᠡᠨ ᠬᠤᠪᠢᠷᠠᠭᠤᠯᠬᠤ ᠶ᠋ᠢ ᠪᠦᠬᠦ᠌ ᠲᠠᠯ᠎ᠠ ᠪᠠᠷ ᠨᠢᠭᠡᠳᠦᠯᠲᠡᠢ ᠲᠥᠯᠥᠪᠵᠢᠭᠦᠯᠤᠨ᠂ ᠨᠡᠭᠦᠷᠡᠰᠦ ᠶ᠋ᠢ ᠠᠮᠤᠷ ᠲᠦᠪᠱᠢᠨ ᠪᠣᠬᠢᠷᠲᠤᠯ ᠦᠭᠡᠢ ᠪᠡᠷ ᠦᠢᠯᠡᠳᠪᠦᠷᠢᠯᠡᠬᠦ᠂ ᠠᠷᠢᠭᠤᠨ ᠴᠡᠪᠡᠷ ᠥᠨᠳᠥᠷ ᠪᠦᠲᠦᠮᠵᠢᠲᠡᠢ ᠪᠡᠷ ᠠᠱᠢᠭ᠍ᠯᠠᠬᠤ ᠶ᠋ᠢ ᠪᠡᠶᠡᠯᠡᠭᠦᠯᠤᠨ᠎ᠠ᠃ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠢᠯᠡᠳᠭᠡᠯ ᠳ᠋ᠤ ᠳᠤᠷᠠᠳᠤᠭ᠍ᠰᠠᠨ《ᠡᠨᠧᠷᠭᠢ ᠶ᠋ᠢᠨ ᠬᠤᠪᠢᠰᠭᠠᠯ ᠢ᠋ ᠭᠦᠨᠵᠡᠭᠡᠢ ᠠᠬᠢᠭᠤᠯᠵᠤ᠂ ᠨᠡᠭᠦᠷᠡᠰᠦ ᠶ᠋ᠢ ᠠᠷᠢᠭᠤᠨ ᠴᠡᠪᠡᠷ ᠥᠨᠳᠥᠷ ᠪᠦᠲᠦᠮᠵᠢᠲᠡᠢ ᠪᠡᠷ ᠠᠱᠢᠭ᠍ᠯᠠᠬᠤ ᠶ᠋ᠢ ᠴᠢᠩᠭᠠᠳᠭᠠᠨ᠂ ᠴᠢᠯᠠᠭᠤᠨ ᠲᠤᠰᠤ ᠪᠠᠢᠭᠠᠯᠢ ᠶ᠋ᠢᠨ ᠱᠢᠲᠠᠮᠠᠬᠠᠢ ᠬᠡᠢ ᠶ᠋ᠢᠨ ᠡᠬᠢ ᠪᠠᠶᠠᠯᠢᠭ ᠢ᠋ ᠬᠠᠢᠨ ᠪᠠᠢᠴᠠᠭᠠᠵᠤ ᠨᠡᠭᠡᠭᠡᠨ ᠠᠱᠢᠭ᠍ᠯᠠᠬᠤ ᠪᠠ ᠨᠥᠭᠡᠴᠡ ᠶ᠋ᠢ ᠨᠡᠮᠡᠭ᠌ᠳᠡᠭᠦᠯᠦᠨ ᠭᠠᠷᠤᠯᠲᠠ ᠶ᠋ᠢ ᠨᠡᠮᠡᠭ᠌ᠳᠡᠭᠦᠯᠬᠦ᠌ ᠡᠷᠴᠢᠮ ᠢ᠋ ᠴᠢᠩᠭᠠᠷᠠᠭᠤᠯᠬᠤ》ᠴᠢᠬᠤᠯᠠ ᠱᠠᠭᠠᠷᠳᠠᠯᠭ᠎ᠠ ᠶ᠋ᠢ ᠪᠦᠬᠦ᠌ ᠲᠠᠯ᠎ᠠ ᠪᠠᠷ ᠨᠠᠢᠳᠠᠪᠤᠷᠢᠵᠢᠭᠤᠯᠵᠤ᠂ ᠡᠨᠧᠷᠭᠢ ᠶ᠋ᠢᠨ ᠬᠠᠩᠭᠠᠯᠭ᠎ᠠ ᠶ᠋ᠢ ᠪᠠᠲᠤᠯᠠᠬᠤ ᠤᠯᠤᠰ ᠲᠦᠷᠦ᠍ ᠶ᠋ᠢᠨ ᠬᠠᠷᠢᠭᠤᠴᠠᠯᠭ᠎ᠠ ᠶ᠋ᠢ ᠡᠷᠡᠰ ᠡᠭᠦᠷᠭᠡᠯᠡᠨ᠂ ᠪᠣᠬᠢᠷᠲᠤᠯ ᠦᠭᠡᠢ ᠨᠡᠭᠦᠷᠡᠰᠦᠨ ᠤ᠋ ᠬᠠᠩᠭᠠᠯᠭ᠎ᠠ ᠶ᠋ᠢ ᠪᠠᠳᠤᠯᠠᠬᠤ ᠰᠠᠭᠤᠷᠢᠨ᠂ ᠠᠷᠢᠭᠤᠨ ᠴᠡᠪᠡᠷ ᠴᠠᠬᠢᠯᠭᠠᠨ ᠬᠦᠴᠦᠨ ᠤ᠋ ᠬᠠᠩᠭᠠᠯᠭ᠎ᠠ ᠶ᠋ᠢᠨ ᠰᠠᠭᠤᠷᠢᠨ᠂ ᠴᠢᠯᠠᠭᠤᠨ ᠲᠤᠰᠤ ᠪᠠᠢᠭᠠᠯᠢ ᠶ᠋ᠢᠨ ᠱᠢᠲᠠᠮᠠᠬᠠᠢ ᠬᠡᠢ ᠶ᠋ᠢᠨ ᠪᠠᠢᠯᠳᠤᠬᠤ ᠪᠤᠳᠤᠯᠭ᠎ᠠ ᠶ᠋ᠢᠨ ᠡᠬᠢ ᠪᠠᠶᠠᠯᠢᠭ ᠢ᠋ ᠨᠥᠭᠡᠴᠡᠯᠡᠬᠦ᠌ ᠰᠠᠭᠤᠷᠢᠨ᠂ ᠤᠰᠤᠲᠥ᠋ᠷᠥᠭ᠌ᠴᠢ ᠡᠨᠧᠷᠭᠢ ᠶ᠋ᠢᠨ ᠬᠡᠷᠡᠭ᠌ᠯᠡᠭᠡᠨ ᠤ᠋ ᠵᠢᠱ᠌ᠢᠶ᠎ᠡ ᠦᠵᠡᠭᠦᠯᠬᠦ᠌ ᠰᠠᠭᠤᠷᠢᠨ᠂ ᠡᠨᠧᠷᠭᠢ ᠨᠥᠭᠡᠴᠡᠯᠡᠬᠦ᠌ ᠲᠤᠷᠱᠢᠯᠲᠠ ᠶ᠋ᠢᠨ ᠪᠤᠳᠠᠳᠤ ᠵᠢᠱ᠌ᠢᠶᠠᠨ ᠤ᠋ ᠰᠠᠭᠤᠷᠢᠨ ᠢ᠋ ᠬᠦᠴᠦᠯᠡᠨ ᠪᠠᠢᠭᠤᠯᠵᠤ᠂ ᠦᠢᠯᠡᠳᠪᠦᠷᠢᠯᠡᠬᠦ ᠬᠠᠩᠭᠠᠬᠤ ᠨᠥᠭᠡᠴᠡᠯᠡᠬᠦ ᠪᠣᠷᠣᠯᠠᠭᠤᠯᠬᠤ ᠱᠢᠰᠲ᠋ᠧᠮ ᠢ᠋ ᠪᠦᠷᠢᠨᠱᠢᠭᠦᠯᠦᠨ ᠲᠡᠭᠦᠯᠳᠡᠷᠵᠢᠭᠦᠯᠦᠨ᠎ᠡ᠃ ᠠᠷᠪᠠᠨ ᠳ᠋ᠦᠩᠱᠢᠭᠤᠷ ᠲᠣᠨ ᠤ᠋ ᠲᠡᠰ ᠤ᠋ᠨ ᠨᠡᠭᠦᠷᠡᠰᠦ᠂ ᠳ᠋ᠦᠩᠱᠢᠭᠤᠷ ᠺᠢᠯᠦᠸᠠᠲ ᠤ᠋ᠨ ᠲᠡᠰ ᠤ᠋ᠨ ᠱᠢᠨ᠎ᠡ ᠡᠨᠧᠷᠭᠢ ᠵᠡᠷᠭᠡ ᠡᠨᠧᠷᠭᠢ ᠶ᠋ᠢᠨ ᠲᠤᠯᠭᠠᠭᠤᠷᠢ ᠠᠵᠤ ᠦᠢᠯᠡᠰ ᠢ᠋ ᠪᠠᠢᠭᠤᠯᠬᠤ ᠪᠠᠷ ᠴᠢᠷᠮᠠᠢᠨ᠎ᠠ᠃

ᠨᠥᠭᠥᠭᠡ ᠲᠠᠯ᠎ᠠ ᠪᠠᠷ ᠱᠢᠨ᠎ᠡ ᠡᠨᠧᠷᠭᠢ ᠶ᠋ᠢᠨ ᠬᠥᠭ᠌ᠵᠢᠯᠲᠡ ᠶ᠋ᠢᠨ ᠠᠵᠠ ᠲᠣᠬᠢᠶᠠᠯ ᠢ᠋ ᠡᠵᠡᠮᠳᠡᠵᠦ᠂ ᠱᠢᠨ᠎ᠡ ᠡᠨᠧᠷᠭᠢ ᠶ᠋ᠢᠨ ᠪᠥᠬᠥ᠌ ᠠᠵᠤ ᠦᠶ᠋ᠯᠡᠰ ᠦ᠋ᠨ ᠬᠡᠯᠬᠢᠶ᠎ᠡ ᠶ᠋ᠢᠨ ᠴᠢᠨᠠᠷ ᠰᠠᠢᠲᠠᠶ ᠬᠥᠭ᠌ᠵᠢᠯᠲᠡ ᠶ᠋ᠢ ᠠᠬᠢᠭᠤᠯᠤᠨ᠎ᠠ᠃ 《ᠰᠠᠯᠬᠢᠨ ᠬᠦᠴᠦ ᠭᠡᠷᠡᠯᠴᠢ ᠴᠡᠨᠡᠭ ᠤᠰᠤᠲᠥ᠋ᠷᠥᠭ᠌ᠴᠢ ᠡᠨᠧᠷᠬᠢ ᠨᠦᠭᠡᠴᠡ ᠡᠨᠧᠷᠬᠢ ᠪᠠ ᠰᠢᠨ᠎ᠠ ᠡᠨᠧᠷᠬᠢ ᠶ᠋ᠢᠨ ᠮᠠᠰᠢᠨ ᠲᠡᠷᠭᠡ》 ᠵᠢᠨ ᠲᠠᠪᠤᠨ ᠶᠡᠬᠡ ᠠᠵᠤ ᠦᠢᠯᠡᠰ ᠦ᠋ᠨ ᠪᠦᠬᠦ᠌ ᠠᠵᠤ ᠦᠢᠯᠡᠰ ᠤ᠋ᠨ ᠬᠡᠯᠬᠢᠶᠡᠨ ᠤ᠋ ᠬᠥᠭ᠌ᠵᠢᠯᠲᠡ ᠶ᠋ᠢ ᠠᠬᠢᠭᠤᠯᠬᠤ ᠶ᠋ᠢᠨ ᠬᠠᠮᠲᠤ᠂ 《ᠭᠡᠷᠡᠯᠴᠢ ᠴᠡᠨᠡᠭ + ᠡᠯᠡᠰᠦ ᠮᠠᠩᠬ᠎ᠠ》᠂《ᠭᠡᠷᠡᠯᠴᠢ ᠴᠡᠨᠡᠭ + ᠨᠡᠭᠦᠷᠡᠰᠦ ᠮᠠᠯᠲᠠᠭᠠᠳ ᠳᠣᠷᠣᠭ᠍ᠰᠢ ᠰᠠᠭᠤᠭ᠍ᠰᠠᠨ ᠣᠷᠣᠨ》 ᠵᠡᠷᠭᠡ ᠲᠥᠷᠥᠯ ᠵᠦᠢᠯ ᠢ᠋ ᠶᠡᠬᠡ ᠪᠡᠷ ᠳᠡᠯᠭᠡᠷᠡᠭᠦᠯᠵᠦ᠍᠂ ᠠᠮᠢ ᠠᠬᠤᠢ ᠶ᠋ᠢᠨ ᠦᠷ᠎ᠡ ᠠᠱᠢᠭ ᠬᠢᠭᠡᠳ ᠠᠵᠤ ᠠᠬᠤᠢ ᠶ᠋ᠢᠨ ᠦᠷ᠎ᠡ ᠠᠱᠢᠭ᠎ᠢ᠋ ᠵᠡᠷᠭᠡ ᠪᠡᠷ ᠡᠬᠦᠳᠴᠦ ᠂《ᠬᠣᠣᠰ ᠨᠡᠭᠦᠷᠡᠰᠦᠳᠦᠢ᠍ᠷᠦᠭ᠌ᠴᠢ》 ᠶ᠋ᠢᠨ ᠬᠠᠷᠠᠯᠲᠠ ᠶ᠋ᠢ ᠪᠡᠶᠡᠯᠡᠭᠦᠯᠬᠦ᠌ ᠳ᠋ᠤ ᠨᠠᠩ ᠶᠡᠬᠡ ᠬᠦᠴᠦᠨ ᠴᠢᠳᠠᠯ ᠶ᠋ᠢᠡᠨ ᠡᠷᠭᠦᠨ᠎ᠡ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号