ᠶᠡᠷᠦᠩᠬᠡᠶ ᠱᠦᠵᠢ ᠰᠢ ᠵᠢᠨ ᠫᠢᠩ ᠤ᠋ᠨ ᠥᠪᠥᠷ ᠮᠣᠩᠭᠣᠯ ᠳ᠋ᠤ ᠱᠢᠨᠵᠢᠯᠡᠨ ᠪᠠᠢᠴᠠᠭᠠᠬᠤ ᠦᠶ᠎ᠠ ᠵᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠨᠢ ᠱᠢᠨ᠎ᠡ ᠬᠥᠭ᠌ᠵᠢᠯᠲᠡ ᠢ᠋ᠢᠨ ᠪᠠᠢᠷᠢᠱᠢᠯ ᠢ᠋ ᠪᠠᠢᠭᠤᠯᠬᠤ᠂ ᠴᠢᠨᠠᠷ ᠰᠠᠢᠲᠠᠶ ᠬᠥᠭ᠌ᠵᠢᠯᠲᠡ ᠢ᠋ᠢ ᠠᠬᠢᠭᠤᠯᠬᠤ ᠳ᠋ᠤ ᠲᠤᠢᠯ ᠤ᠋ᠨ ᠴᠢᠬᠤᠯᠠ ᠵᠢᠯᠣᠭᠣᠳᠭᠤ ᠠᠴᠢ ᠬᠣᠯᠪᠣᠭ᠍ᠳᠠᠯ ᠲᠠᠶ ᠶᠤᠮ᠃ ᠤᠯᠤᠰ ᠤ᠋ᠨ ᠦᠮᠴᠢᠯᠡᠯᠲᠤ ᠠᠵᠤ ᠠᠬᠤᠢᠯᠠᠯ ᠪᠣᠯ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠴᠢᠬᠤᠯᠠ ᠪᠣᠳᠠᠰ ᠤ᠋ᠨ ᠰᠠᠭᠤᠷᠢ ᠪᠠ ᠤᠯᠤᠰ ᠲᠦᠷᠦ᠍ ᠢ᠋ᠢᠨ ᠰᠠᠭᠤᠷᠢ ᠮᠥᠨ᠂ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠠᠵᠤ ᠠᠬᠤᠢ ᠢ᠋ᠢᠨ《ᠲᠤᠯᠭᠠᠭᠤᠷᠢ》 ᠮᠥᠨ᠃ ᠱᠢᠨ᠎ᠡ ᠠᠶᠠᠨ ᠳ᠋ᠤ ᠪᠢᠳᠡ ᠶᠠᠷᠤᠩᠬᠡᠢ ᠱᠦᠵᠢ ᠰᠢ ᠵᠢᠨ ᠫᠢᠩ ᠤ᠋ᠨ ᠬᠦᠰᠡᠯ ᠨᠠᠢᠳᠠᠯᠭ᠎ᠠ ᠢ᠋ᠢ ᠢᠮᠠᠭ᠍ᠲᠠ ᠪᠠᠲᠤ ᠴᠡᠭᠡᠵᠢᠯᠡᠵᠦ᠍ ᠂ ᠶᠡᠷᠦᠩᠬᠡᠢ ᠱᠦᠵᠢ ᠰᠢ ᠵᠢᠨ ᠫᠢᠩ ᠤ᠋ᠨ ᠵᠢᠭᠠᠨ ᠵᠢᠯᠣᠭᠣᠳᠤᠭ᠍ᠰᠠᠨ ᠤᠷᠤᠭ᠍ᠰᠢᠯᠠᠯᠲᠠ ᠢ᠋ᠢᠨ ᠴᠢᠭ᠌ᠯᠡᠯ ᠢ᠋ ᠠᠵᠢᠯ ᠤ᠋ᠨ ᠰᠡᠳᠭᠢᠴᠡ ᠪᠠ ᠠᠮᠢᠳᠤᠯᠢᠭ ᠪᠤᠳᠠᠳᠠᠢ ᠬᠥᠭ᠌ᠵᠢᠯᠲᠡ ᠢ᠋ᠢᠨ ᠦᠢᠯᠡᠳᠦᠯᠭᠡ ᠪᠣᠯᠭᠠᠨ ᠬᠤᠪᠢᠷᠠᠭᠤᠯᠬᠤ ᠪᠠᠷ ᠴᠢᠷᠮᠠᠢᠵᠤ᠂ ᠤᠳᠤ ᠦᠶ᠎ᠡ ᠢ᠋ᠢᠨ ᠡᠨᠧᠷᠭᠢ ᠢ᠋ᠢᠨ ᠠᠵᠤ ᠠᠬᠤᠢ ᠢ᠋ᠢᠨ ᠡᠨᠡ ᠬᠦ᠌ ᠶᠠᠪᠤᠳᠠᠯ ᠢ᠋ ᠰᠠᠢᠲᠤᠷ ᠬᠢᠬᠦ᠌ ᠶᠠᠪᠤᠴᠠ ᠳ᠋ᠤ ᠭᠣᠣᠯ ᠬᠦᠴᠦᠨ ᠤ᠋ ᠦᠢᠯᠡᠳᠦᠯ ᠵᠢᠡᠨ ᠰᠠᠢᠳᠤᠷ ᠪᠠᠳᠠᠷᠠᠭᠤᠯᠤᠨ᠎ᠠ᠃

ᠰᠦᠨ ᠵᠢᠶᠦ᠋ᠨ ᠳ᠋ᠦᠩ
ᠤᠯᠤᠰ ᠤ᠋ᠨ ᠡᠨ᠋ᠸᠷᠬᠢ ᠵᠢᠨ ᠤᠮᠠᠷᠠᠳᠤ ᠵᠢᠨ ᠴᠠᠬᠢᠯᠭᠠᠨ ᠬᠦᠴᠦᠨ ᠤ᠋ ᠱᠧᠩ ᠯᠢ ᠡᠨᠧᠷᠭᠢ ᠶ᠋ᠢᠨ ᠬᠢᠵᠠᠭᠠᠷᠲᠤ ᠺᠣᠮᠫᠠᠨᠢ ᠶ᠋ᠢᠨ ᠨᠠᠮ ᠤ᠋ᠨ ᠬᠣᠷᠢᠶᠠᠨ ᠤ᠋ ᠱᠦᠵᠢ ᠂ ᠬᠡᠷᠡᠭ ᠮᠡᠳᠡᠭ᠌ᠴᠢᠳ ᠤ᠋ᠨ ᠳᠠᠷᠤᠭ᠎ᠠ
ᠨᠡᠭᠦᠷᠡᠰᠦᠨ ᠤ᠋ ᠭᠤᠤᠯ ᠴᠣᠭ᠍ᠴᠠ ᠢ᠋ᠢᠨ ᠡᠨᠧᠷᠭᠢ ᠢ᠋ᠢᠨ ᠰᠠᠭᠤᠷᠢ ᠢ᠋ᠢ ᠪᠠᠲᠤᠯᠠᠬᠤ ᠦᠶ᠋ᠯᠡᠳᠦᠯ ᠢ᠋ ᠨᠠᠩ ᠰᠠᠢᠲᠤᠷ ᠪᠠᠳᠠᠷᠠᠭᠤᠯᠤᠨ᠎ᠠ᠃ ᠪᠢᠳᠡ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠢ᠋ᠢ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠤᠯᠤᠰ ᠤ᠋ᠨ ᠡᠨᠧᠷᠭᠢ ᠢ᠋ᠢᠨ ᠠᠮᠤᠷ ᠲᠦᠪᠱᠢᠨ ᠢ᠋ ᠪᠠᠲᠤᠯᠠᠬᠤ ᠴᠢᠬᠤᠯᠠ ᠶᠡᠬᠡ ᠤᠯᠤᠰ ᠲᠦᠷᠦ᠍ ᠢ᠋ᠢᠨ ᠬᠠᠷᠢᠭᠤᠴᠠᠯᠭ᠎ᠠ ᠢ᠋ᠢ ᠲᠦᠯᠬᠢᠵᠤ ᠵᠠᠢᠯᠠᠭᠤᠯᠬᠤ ᠦᠬᠡᠢ ᠪᠡᠷ ᠡᠷᠡᠰ ᠡᠭᠦᠷᠭᠡᠯᠡᠵᠦ᠍᠂ ᠡᠨᠡ ᠵᠢᠯ ᠭᠠᠷᠤᠯᠲᠠ ᠪᠠᠨ ᠲᠣᠭ᠍ᠲᠠᠭᠤᠨ ᠢ᠋ᠢᠡᠷ ᠪᠡᠶᠡᠯᠡᠭᠦᠯᠦᠭ᠌ᠰᠡᠨ ᠰᠠᠭᠤᠷᠢᠨ ᠳᠡᠭᠡᠷ᠎ᠡ ᠨᠡᠭᠦᠷᠡᠰᠦᠨ ᠤ᠋ ᠠᠵᠤ ᠦᠢᠯᠡᠰ ᠢ᠋ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍᠂ ᠬᠥᠭ᠌ᠵᠢᠯᠲᠡ ᠢ᠋ᠢᠨ ᠲᠠᠯᠳᠠ ᠬᠦᠴᠦᠨ ᠢ᠋ ᠨᠡᠮᠡᠭ᠌ᠳᠡᠭᠦᠯᠦᠨ᠂ ᠤᠯᠤᠰ ᠤ᠋ᠨ ᠡᠨᠧᠷᠭᠢ ᠢ᠋ᠢᠨ ᠠᠮᠤᠷ ᠲᠦᠪᠱᠢᠨ ᠢ᠋ ᠪᠠᠳᠤᠯᠠᠬᠤ ᠪᠡᠷ ᠪᠦᠬᠦ᠌ ᠬᠦᠴᠦᠨ ᠢ᠋ᠢᠡᠷ ᠢ᠋ᠢᠡᠨ ᠴᠢᠷᠮᠠᠢᠨ᠎ᠠ᠃
ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠢ᠋ᠢ ᠡᠭᠦᠳᠬᠦ᠌ ᠢ᠋ᠢᠨ ᠬᠥᠲᠥᠯᠥᠨ ᠳᠠᠭᠠᠭᠤᠯᠬᠤ ᠦᠶ᠋ᠯᠡᠳᠦᠯ ᠢ᠋ ᠨᠠᠩ ᠰᠠᠢᠲᠤᠷ ᠪᠠᠳᠠᠷᠠᠭᠤᠯᠤᠨ᠎ᠠ᠃ ᠪᠢᠳᠡ ᠠᠵᠤ ᠠᠬᠤᠢᠯᠠᠯ ᠤ᠋ᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠢ᠋ᠢ ᠡᠭᠦᠳᠬᠦ᠌ ᠭᠤᠤᠯ ᠴᠣᠭ᠍ᠴᠠ ᠢ᠋ᠢᠨ ᠪᠠᠢᠷᠢ ᠰᠠᠭᠤᠷᠢ ᠢ᠋ᠢ ᠴᠢᠩᠭᠠᠳᠭᠠ᠂ ᠣᠶᠤᠨᠴᠢ ᠦᠶ᠋ᠯᠡᠳᠪᠦᠷᠢᠯᠡᠯ ᠤ᠋ᠨ ᠱᠢᠰᠲ᠋ᠧᠮ ᠢ᠋ ᠲᠦᠷᠭᠡᠳᠭᠡᠨ ᠪᠠᠢᠭᠤᠯᠵᠤ᠂ ᠠᠭᠤᠷᠬᠠᠢ ᠵᠢᠨ ᠪᠣᠬᠢᠷᠲᠤᠯ ᠥᠬᠡᠶ ᠣᠶᠤᠨᠴᠢ ᠮᠠᠯᠳᠠᠯᠭ᠎ᠠ᠂ ᠲᠣᠭᠠᠴᠢᠯᠠᠭ᠍ᠰᠠᠨᠪᠠᠢᠴᠠᠭᠠᠨ ᠵᠠᠰᠠᠯᠲᠠ ᠵᠡᠷᠭᠡ ᠲᠠᠯ᠎ᠠ ᠪᠡᠷ ᠭᠤᠤᠯ ᠪᠤᠯᠭᠠᠨ ᠪᠠᠯᠠ ᠮᠥᠩᠭᠥ ᠢ᠋ᠢᠨ ᠣᠷᠣᠭᠤᠯᠤᠯᠲᠠ ᠪᠠ ᠠᠵᠢᠯ ᠤ᠋ᠨ ᠡᠷᠴᠢᠮ ᠢ᠋ᠢᠡᠨ ᠴᠢᠩᠭᠠᠷᠠᠭᠤᠯᠵᠤ᠂ ᠠᠵᠤ ᠠᠬᠤᠢᠯᠠᠯ ᠤ᠋ᠨ ᠵᠢᠡᠨ ᠴᠢᠨᠠᠷ ᠴᠢᠨᠰᠠᠭ᠎ᠠ ᠵᠢᠨ ᠬᠤᠪᠢᠰᠤᠯᠲᠠ᠂ ᠦᠷ᠎ᠡ ᠪᠦᠲᠦᠮᠵᠢ ᠢ᠋ᠢᠨ ᠬᠤᠪᠢᠰᠤᠯᠲᠠ ᠪᠠ ᠬᠥᠳᠡᠯᠭᠡᠬᠦ᠌ ᠬᠦᠴᠦᠨ ᠤ᠋ ᠬᠤᠪᠢᠰᠤᠯᠲᠠ ᠢ᠋ᠢ ᠠᠬᠢᠭᠤᠯᠤᠨ᠎ᠠ᠃ ᠪᠡᠶ᠎ᠡ ᠪᠡᠨ ᠳᠠᠭᠠᠭᠠᠵᠤ ᠱᠢᠨ᠎ᠡ ᠢ᠋ᠢ ᠡᠭᠦᠳᠬᠦ᠌ ᠢ᠋ᠢ ᠴᠢᠩᠭᠠᠳᠭᠠᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠪᠡᠶ᠎ᠡ ᠪᠡᠨ ᠳᠠᠭᠠᠭᠠᠵᠤ ᠥᠪᠡᠷ ᠢ᠋ ᠪᠡᠨ ᠬᠦᠴᠦᠷᠬᠡᠭ᠌ᠵᠢᠭᠦᠯᠬᠦ᠌ ᠢ᠋ᠢ ᠠᠬᠢᠭᠤᠯᠵᠤ᠂ ᠵᠠᠩᠭᠢᠯᠠᠭ᠎ᠠ ᠢ᠋ᠢᠨ ᠭᠣᠣᠯᠯᠠᠬᠤ ᠮᠡᠷᠭᠡᠵᠢᠯ ᠢ᠋ ᠪᠠᠲᠤ ᠡᠵᠡᠮᠳᠡᠵᠦ᠍᠂ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠪᠡᠶ᠎ᠡ ᠪᠡᠨ ᠳᠠᠭᠠᠭᠠᠵᠤ ᠥᠪᠡᠷ ᠢ᠋ ᠪᠡᠨ ᠬᠦᠴᠦᠷᠬᠡᠭ᠌ᠵᠢᠭᠦᠯᠬᠦ᠌ ᠪᠡᠷ ᠴᠢᠨᠠᠷ ᠰᠠᠢᠲᠠᠢ ᠬᠥᠭ᠌ᠵᠢᠯᠲᠡ ᠢ᠋ᠢ ᠠᠬᠢᠭᠤᠯᠤᠨ᠎ᠠ᠃
ᠤᠯᠠᠮᠵᠢᠯᠠᠯᠲᠤ ᠡᠨᠧᠷᠭᠢ ᠢ᠋ᠢᠨ ᠠᠵᠢᠯ ᠲᠥᠷᠥᠯ ᠤ᠋ᠨ ᠪᠣᠬᠢᠷᠲᠤᠯ ᠥᠬᠡᠶ ᠲᠡᠢᠰᠢ ᠬᠡᠯᠪᠡᠷᠢ ᠪᠡᠨ ᠬᠤᠪᠢᠷᠠᠭᠤᠯᠬᠤ ᠢ᠋ᠢ ᠯᠠᠪᠳᠠᠭᠤᠨ ᠪᠠᠲᠤᠲᠠᠶ ᠠᠬᠢᠭᠤᠯᠤᠨ᠎ᠠ᠃ ᠪᠢᠳᠡ ᠶᠡᠷᠦᠩᠬᠡᠢ ᠱᠦᠵᠢ ᠰᠢ ᠵᠢᠨ ᠫᠢᠩ ᠤ᠋ᠨ ᠠᠵᠤ ᠦᠢᠯᠡᠰ ᠤ᠋ᠨ ᠪᠦᠲᠦᠴᠡ ᠢ᠋ᠢ ᠲᠦᠷᠭᠡᠳᠬᠡᠨ ᠱᠢᠯᠢᠳᠡᠭ᠌ᠵᠢᠭᠦᠯᠬᠦ᠌ ᠲᠤᠬᠠᠢ ᠴᠢᠬᠤᠯᠠ ᠵᠢᠭᠠᠪᠤᠷᠢ ᠢ᠋ᠢᠨ ᠱᠠᠭᠠᠷᠳᠠᠯᠭ᠎ᠠ ᠢ᠋ᠢ ᠡᠷᠡᠰ ᠨᠠᠢᠳᠠᠪᠤᠷᠢᠵᠢᠭᠤᠯᠵᠤ᠂ ᠣᠳᠣᠬᠢᠴᠢᠯᠠᠭ᠍ᠰᠠᠨ ᠡᠨᠧᠷᠭᠢ ᠢ᠋ᠢᠨ ᠠᠵᠤ ᠦᠢᠯᠡᠰ ᠤ᠋ᠨ ᠱᠢᠰᠲ᠋ᠧᠮ ᠢ᠋ ᠪᠠᠢᠭᠤᠯᠤᠨ᠎ᠠ᠃ ᠠᠭᠤᠷᠬᠠᠶ ᠢ᠋ᠢᠨ ᠣᠷᠣᠨ ᠤ᠋ ᠬᠣᠭᠣᠰᠣᠨ ᠭᠠᠵᠠᠷ ᠢ᠋ ᠠᠱᠢᠭ᠍ᠯᠠᠨ ᠲᠠᠷᠬᠠᠯᠲᠠ ᠢ᠋ᠢᠨ ᠬᠡᠯᠪᠡᠷᠢ ᠢ᠋ᠢᠨ ᠰᠠᠯᠬᠢᠨ ᠬᠦᠴᠦᠨ ᠢ᠋ᠢᠡᠷ ᠴᠠᠬᠢᠯᠭᠠᠨ ᠭᠠᠷᠭᠠᠬᠤ ᠠᠵᠤ ᠦᠢᠯᠡᠰ ᠢ᠋ ᠬᠠᠢᠨ ᠰᠦᠪᠡᠭ᠌ᠴᠢᠯᠡᠵᠦ᠍᠂《ᠨᠡᠭᠦᠷᠡᠰᠦ ᠢ᠋ᠢ ᠬᠢᠮᠢ ᠢ᠋ᠢᠨ ᠦᠢᠯᠡᠳᠬᠦᠨ ᠪᠤᠯᠭᠠᠨ ᠤᠨᠳᠤᠤᠰᠢᠭᠤᠯᠬᠤ ᠪᠦᠬᠦ ᠬᠡᠯᠬᠢᠶ᠎ᠠ》ᠳ᠋ᠤ ᠴᠢᠭ᠌ᠯᠡᠭᠦᠯᠦᠨ ᠨᠡᠭᠦᠷᠡᠰᠦ ᠬᠢᠮᠢ ᠢ᠋ᠢᠨ ᠠᠵᠤ ᠦᠢᠯᠡᠳᠪᠦᠷᠢ ᠢ᠋ᠢᠨ ᠠᠵᠤ ᠦᠢᠯᠡᠰ ᠢ᠋ ᠴᠠᠭ ᠲᠤᠨᠢ ᠲᠣᠬᠢᠷᠠᠭᠤᠯᠤᠨ ᠥᠷᠭᠡᠳᠭᠡᠵᠦ᠍᠂ ᠨᠡᠭᠦᠷᠡᠰᠦ ᠂ ᠴᠠᠬᠢᠯᠭᠠᠨ᠂ ᠰᠠᠯᠬᠢᠨ ᠬᠦᠴᠦ ᠵᠢᠨ ᠴᠠᠬᠢᠯᠭᠠᠨ᠂ ᠭᠡᠷᠡᠯᠴᠢ ᠴᠡᠨᠡᠭ ᠤ᠋ᠨ ᠴᠠᠬᠢᠯᠭᠠᠨ᠂ ᠤᠰᠤᠲᠥ᠋ᠷᠥᠭ᠌ᠴᠢ ᠬᠠᠳᠠᠭᠠᠯᠠᠬᠤ᠂ ᠬᠢᠮᠢ ᠢ᠋ᠢᠨ ᠠᠵᠤ ᠦᠢᠯᠡᠳᠪᠦᠷᠢ ᠵᠡᠷᠬᠡ ᠣᠯᠠᠨ ᠵᠦᠢᠯ ᠤᠨ ᠡᠨᠧᠷᠭᠢ ᠢ᠋ᠢ ᠬᠠᠷᠢᠯᠴᠠᠨ ᠨᠥᠬᠥᠪᠥᠷᠢᠯᠡᠬᠦ᠌ ᠪᠠ ᠣᠯᠠᠨ ᠡᠱᠢᠵᠢᠨ ᠬᠥᠭ᠌ᠵᠢᠬᠦ᠌ ᠱᠢᠨ᠎ᠡ ᠪᠠᠢᠷᠢᠱᠢᠯ ᠢ᠋ ᠲᠦᠷᠭᠡᠳᠭᠡᠨ ᠪᠠᠢᠭᠤᠯᠤᠨ᠎ᠠ ᠃