ᠪᠣᠬᠢᠷᠲᠤᠯ ᠦᠭᠡᠢ ᠡᠨᠧᠷᠭᠢ ᠵᠢᠨ ᠳᠠᠪᠠᠭᠤᠯᠢᠭ ᠢ᠋ ᠪᠣᠬᠢᠷᠲᠤᠯ ᠦᠭᠡᠢ ᠠᠵᠤ ᠦᠢᠯᠡᠰ ᠤ᠋ᠨ ᠳᠠᠪᠠᠭᠤᠯᠢᠭ ᠪᠣᠯᠭᠠᠨ ᠬᠤᠪᠢᠷᠠᠭᠤᠯᠬᠤ ᠪᠡᠷ ᠬᠦᠴᠦᠯᠡᠨ᠎ᠡ
2023-06-25 10:19:06
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠶᠡᠷᠦᠩᠬᠡᠢ ᠱᠦᠵᠢ ᠱ᠋ᠢ ᠵᠢᠨ ᠫᠢᠩ᠂ ᠡᠨᠧᠷᠭᠢ ᠶ᠋ᠢᠨ ᠠᠵᠤ ᠦᠢᠯᠡᠰ ᠤ᠋ᠨ ᠳᠠᠪᠠᠭᠤᠯᠢᠭ ᠢ᠋ ᠰᠠᠢᠲᠤᠷ ᠪᠠᠳᠠᠷᠠᠭᠤᠯᠵᠤ᠂ ᠤᠳᠤ ᠦᠶ᠎ᠡ ᠶ᠋ᠢᠨ ᠡᠨᠧᠷᠭᠢ ᠶ᠋ᠢᠨ ᠠᠵᠤ ᠠᠬᠤᠢ ᠵᠢᠨ ᠡᠨᠡ ᠬᠦ᠌ ᠶᠠᠪᠤᠳᠠᠯ ᠢ᠋ ᠰᠠᠢᠲᠤᠷ ᠬᠢᠬᠦ ᠬᠡᠷᠡᠭ᠌ᠲᠡᠢ᠃ ᠪᠠᠢᠯᠳᠤᠬᠤ ᠪᠤᠳᠤᠯᠭ᠎ᠠ ᠶ᠋ᠢᠨ ᠡᠬᠢ ᠪᠠᠶᠠᠯᠢᠭ ᠤ᠋ᠨ ᠳᠠᠪᠠᠭᠤᠯᠢᠭ ᠢ᠋ ᠰᠠᠢᠲᠤᠷ ᠪᠠᠳᠠᠷᠠᠭᠤᠯᠵᠤ᠂ ᠪᠠᠢᠯᠳᠤᠬᠤ ᠪᠤᠳᠤᠯᠭ᠎ᠠ ᠶ᠋ᠢᠨ ᠡᠬᠢ ᠪᠠᠶᠠᠯᠢᠭ ᠢ᠋ ᠬᠠᠮᠠᠭᠠᠯᠠᠯᠲᠠ ᠶ᠋ᠢᠨ ᠴᠢᠨᠠᠷᠲᠠᠢ ᠪᠡᠷ ᠨᠡᠭᠡᠭᠡᠨ ᠬᠦᠭᠵᠢᠬᠦᠯᠬᠦ ᠂ ᠴᠢᠨᠠᠷ ᠰᠠᠢᠳᠠᠢ ᠪᠡᠷ ᠠᠰᠢᠬᠯᠠᠬᠤ᠂ ᠵᠢᠷᠤᠮᠵᠢᠭᠤᠯᠤᠨ ᠬᠠᠮᠢᠶᠠᠷᠬᠤ ᠵᠢ ᠴᠢᠩᠭᠠᠳᠭᠠᠵᠤ᠂ ᠡᠨᠧᠷᠭᠢ ᠶ᠋ᠢᠨ ᠡᠬᠢ ᠪᠠᠶᠠᠯᠢᠭ ᠢ᠋ ᠲᠤᠬᠠᠢ ᠶ᠋ᠢᠨ ᠭᠠᠵᠠᠷ ᠲᠦ᠍ᠨᠢ ᠨᠠᠷᠢᠯᠢᠭ ᠪᠣᠯᠪᠠᠰᠤᠷᠠᠭᠤᠯᠬᠤ ᠵᠢ ᠴᠢᠩᠭᠠᠳᠭᠠᠵᠤ᠂ ᠪᠠᠢᠯᠳᠤᠬᠤ ᠪᠤᠳᠤᠯᠭ᠎ᠠ ᠶ᠋ᠢᠨ ᠡᠬᠢ ᠪᠠᠶᠠᠯᠢᠭ ᠤ᠋ᠨ ᠠᠵᠤ ᠦᠢᠯᠡᠰ ᠢ᠋ ᠰᠠᠢᠲᠤᠷ ᠬᠥᠭ᠌ᠵᠢᠭᠦᠯᠬᠦ᠌ ᠬᠡᠷᠡᠭ᠌ᠲᠡᠢ ᠭᠡᠵᠤ ᠴᠢᠬᠤᠯᠠᠴᠢᠯᠠᠪᠠ᠃ ᠡᠨᠡ ᠪᠣᠯ ᠪᠦᠬᠦ ᠤᠯᠤᠰ ᠤ᠋ᠨ ᠶᠡᠬᠡ ᠲᠠᠯ᠎ᠠ ᠡᠴᠡ ᠪᠣᠳᠣᠯᠬᠢᠯᠠᠵᠤ᠂ ᠥᠪᠥᠷ ᠮᠣᠩᠭᠣᠯ ᠤ᠋ᠨ ᠪᠣᠳᠠᠲᠤ ᠪᠠᠢᠳᠠᠯ ᠡᠴᠡ ᠭᠠᠷᠳᠠᠨ ᠲᠣᠭᠲᠠᠭᠠᠭᠰᠠᠨ ᠪᠠᠢᠯᠳᠤᠬᠤ ᠪᠣᠳᠣᠯᠭ᠎ᠠ ᠵᠢᠨ ᠵᠢᠷᠤᠭ ᠲᠥᠯᠥᠪᠯᠡᠯ ᠪᠤᠯᠤᠨ᠎ᠠ᠃


4699401_agm_1687251836351_m.jpg



ᠯᠢ ᠸᠧᠶ 

ᠶᠤᠸᠠᠨ ᠵᠢᠩ ᠡᠨᠧᠷᠭᠢ ᠶ᠋ᠢᠨ ᠺᠤᠮᠫᠠᠨᠢ ᠶ᠋ᠢᠨ ᠳᠡᠳ᠋ ᠶᠡᠷᠦᠩᠬᠡᠶ ᠵᠠᠬᠢᠷᠤᠯ ᠂ ᠶᠤᠸᠠᠨ ᠵᠢᠩ ᠤᠮᠠᠷᠠᠲᠤ ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠺᠣᠮᠫᠠᠨᠢ ᠶ᠋ᠢᠨ ᠶᠡᠷᠦᠩᠬᠡᠶ ᠳᠠᠭᠠᠭᠠᠮᠠᠯ


《ᠣᠳᠣ ᠦᠶ᠎ᠡ ᠵᠢᠨ ᠡᠨᠧᠷᠭᠢ ᠵᠢᠨ ᠠᠵᠤ ᠠᠬᠤᠢ ᠵᠢᠨ ᠡᠨᠡ ᠬᠦ᠌ ᠶᠠᠪᠤᠳᠠᠯ ᠢ᠋ ᠰᠠᠢᠲᠤᠷ ᠬᠢᠵᠤ᠂ ᠳᠡᠯᠡᠬᠡᠢ ᠵᠢᠨ ᠡᠨᠧᠷᠭᠢ ᠵᠢᠨ ᠮᠡᠷᠭᠡᠵᠢᠯ ᠤ᠋ᠨ ᠬᠤᠪᠢᠰᠭᠠᠯ ᠤ᠋ᠨ ᠱᠢᠨ᠎ᠡ ᠬᠠᠨᠳᠤᠱᠢ ᠵᠢ ᠰᠠᠯᠤᠯ ᠦᠭᠡᠢ ᠳᠠᠭᠠᠵᠤ᠂ ᠠᠵᠤ ᠦᠢᠯᠡᠰ ᠤ᠋ᠨ ᠬᠡᠯᠬᠢᠢ᠎ᠡ ᠵᠢ ᠤᠷᠲᠤᠳᠭᠠᠨ᠂ ᠡᠨᠧᠷᠭᠢ ᠵᠢᠨ ᠡᠬᠢ ᠪᠠᠶᠠᠯᠢᠭ ᠢ᠋ ᠶᠡᠷᠦᠩᠬᠡᠢᠯᠡᠨ ᠠᠱᠢᠭᠯᠠᠬᠤ ᠦᠷ᠎ᠡ ᠪᠦᠲᠦᠮᠵᠢ ᠵᠢ ᠳᠡᠭᠡᠭᠱᠢᠯᠡᠭᠦᠯᠬᠦ ᠬᠡᠷᠡᠭᠳᠠᠢ》᠂ 《ᠡᠬᠢ ᠡᠭᠦᠰᠦᠯ ᠡᠴᠡ ᠨᠢ ᠵᠠᠰᠠᠬᠤ ᠵᠢ ᠴᠢᠩᠭᠠᠳᠭᠠᠨ᠂ ᠡᠬᠢ ᠪᠠᠶᠠᠯᠢᠭ ᠢ᠋ ᠥᠨᠳᠥᠷ ᠦᠷ᠎ᠡ ᠠᠰᠢᠭ ᠳᠠᠢ ᠪᠡᠷ ᠠᠱᠢᠭᠯᠠᠬᠤ ᠵᠢ ᠠᠬᠢᠭᠤᠯᠵᠤ᠂ ᠭᠣᠣᠯᠳᠠᠯᠭ᠎ᠠ ᠲᠠᠢ ᠠᠵᠢᠯ ᠲᠥᠷᠥᠯ᠂ ᠴᠢᠬᠤᠯᠠ ᠬᠦᠷᠢᠶ᠎ᠡ ᠴᠠᠷᠠᠭ᠎ᠠ ᠵᠢ ᠪᠣᠬᠢᠷᠲᠤᠯ ᠦᠭᠡᠢ ᠪᠤᠯᠭᠠᠨ ᠦᠬᠡᠷᠡᠴᠢᠯᠡᠬᠦ ᠡᠷᠴᠢᠮ ᠢ᠋ ᠴᠢᠩᠭᠠᠷᠠᠭᠤᠯᠵᠤ᠂ ᠠᠷᠢᠭᠤᠨ ᠴᠡᠪᠡᠷ ᠦᠢᠯᠡᠳᠪᠦᠷᠢᠯᠡᠯ ᠢ᠋ ᠬᠥᠭᠵᠢᠭᠦᠯᠤᠨ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠤ ᠬᠥᠭᠵᠢᠯᠲᠡ ᠵᠢ ᠲᠦᠷᠭᠡᠨ ᠪᠡᠶᠡᠯᠡᠭᠦᠯᠬᠦ ᠬᠡᠷᠡᠭᠲᠡᠢ》᠁ ᠶᠡᠷᠤᠩᠬᠡᠢ ᠱᠦᠵᠢ ᠰᠢ ᠵᠢᠨ ᠫᠢᠩ ᠤ᠋ᠨ ᠴᠢᠩ ᠰᠡᠳᠭᠢᠯ ᠤ᠋ᠨ ᠬᠦᠰᠡᠯ ᠨᠠᠢᠳᠠᠯᠭ᠎ᠠ ᠪᠢᠳᠡᠨ ᠤ᠋ ᠡᠷᠴᠢ ᠵᠤᠷᠢᠭ ᠢ᠋ ᠤᠯᠠᠮ ᠬᠦᠪᠴᠢᠯᠡᠯ᠎ᠠ᠃ ᠱᠢᠨ᠎ᠡ ᠠᠶᠠᠨ ᠳ᠋ᠤ᠌ ᠪᠢᠳᠡ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠱ᠋ᠢ ᠵᠢᠨ ᠫᠢᠩ ᠤ᠋ᠨ ᠴᠢᠬᠤᠯᠠ ᠵᠢᠭᠠᠪᠤᠷᠢ ᠪᠠ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠲᠠᠢ ᠦᠨᠡᠨ ᠬᠦ᠌ ᠨᠢᠭᠡᠳᠭᠡᠨ᠂ ᠤᠯᠤᠰ ᠤ᠋ᠨ ᠴᠢᠬᠤᠯᠠ ᠡᠨᠧᠷᠭᠢ ᠪᠣᠯᠤᠨ ᠪᠠᠢᠯᠳᠤᠬᠤ ᠪᠣᠳᠣᠯᠭ᠎ᠠ ᠵᠢᠨ ᠡᠬᠢ ᠪᠠᠶᠠᠯᠢᠭ ᠤ᠋ᠨ ᠰᠠᠭᠤᠷᠢᠨ ᠢ᠋ ᠪᠦᠲᠦᠭᠡᠨ ᠪᠠᠢᠭᠤᠯᠬᠤ ᠴᠢᠬᠤᠯᠠ ᠶᠡᠬᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠵᠢ ᠤᠬᠠᠮᠰᠠᠷ ᠡᠴᠡ ᠪᠠᠨ ᠡᠭᠦᠷᠭᠡᠯᠡᠵᠦ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ᠂ ᠣᠳᠣ ᠦᠶ᠎ᠡ ᠵᠢᠨ ᠡᠨᠧᠷᠭᠢ ᠵᠢᠨ ᠠᠵᠤ ᠠᠬᠤᠢ ᠵᠢᠨ ᠡᠨᠡ ᠬᠦ᠌ ᠶᠡᠬᠡ ᠶᠠᠪᠤᠳᠠᠯ ᠢ᠋ ᠰᠠᠢᠲᠤᠷ ᠬᠢᠨ᠎ᠠ᠃

ᠪᠢᠳᠡ ᠶᠡᠷᠦᠩᠬᠡᠢ ᠱᠦᠵᠢ ᠱ᠋ᠢ ᠵᠢᠨ ᠫᠢᠩ ᠤ᠋ᠨ ᠥᠪᠥᠷ ᠮᠣᠩᠭᠣᠯ ᠳ᠋ᠤ᠌ ᠱᠢᠨᠵᠢᠯᠡᠨ ᠪᠠᠢᠴᠠᠭᠠᠬᠤ ᠦᠶ᠎ᠠ ᠵᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠵᠢ ᠭᠦᠨᠵᠡᠭᠡᠢ ᠣᠢᠯᠠᠭᠠᠵᠤ᠂ ᠣᠨᠣᠪᠴᠢᠲᠠᠢ ᠡᠵᠡᠮᠳᠡᠨ᠂ ᠰᠠᠨᠠᠭᠠᠴᠢᠯᠠᠭ᠎ᠠ ᠡᠴᠡ ᠪᠠᠨ ᠦᠢᠯᠡᠳᠦᠯᠭᠡᠵᠢᠭᠦᠯᠵᠦ᠂  ᠱᠢᠨ᠎ᠡ ᠵᠢ ᠡᠭᠦᠳᠬᠦ ᠡᠴᠡ ᠬᠥᠳᠡᠯᠭᠡᠬᠦ ᠬᠦᠴᠦᠨ ᠤᠯᠵᠤ᠂ ᠱᠢᠨ᠎ᠡ ᠵᠢ ᠡᠭᠦᠳᠬᠦ ᠪᠡᠷ ᠢᠷᠡᠭᠡᠳᠦᠢ ᠵᠢ ᠡᠷᠢᠯᠬᠢᠯᠡᠵᠦ ᠂ ᠥᠪᠥᠷ ᠮᠣᠩᠭᠣᠯ ᠤ᠋ᠨ ᠪᠣᠬᠢᠷᠲᠤᠯ ᠦᠭᠡᠢ ᠡᠨᠧᠷᠭᠢ ᠵᠢᠨ ᠳᠠᠪᠠᠭᠤᠯᠢᠭ ᠢ᠋ ᠦᠨᠡᠨ ᠬᠦ᠌ ᠪᠣᠬᠢᠷᠲᠤᠯ ᠦᠭᠡᠢ ᠠᠵᠤ ᠦᠢᠯᠡᠰ ᠤ᠋ᠨ ᠳᠠᠪᠠᠭᠤᠯᠢᠭ ᠪᠣᠯᠭᠠᠨ ᠬᠤᠪᠢᠷᠠᠭᠤᠯᠤᠨ᠎ᠠ᠃

ᠨᠢᠭᠡ ᠳ᠋ᠦ᠍ ᠱᠢᠨ᠎ᠡ ᠡᠨᠧᠷᠭᠢ ᠵᠢᠨ ᠬᠡᠷᠡᠭᠯᠡᠭᠡᠨ ᠦ᠌ ᠪᠠᠢᠳᠠᠯ ᠢ᠋ ᠲᠠᠰᠤᠷᠠᠯᠲᠠ ᠦᠭᠡᠢ ᠥᠷᠭᠡᠳᠭᠡᠵᠦ᠂ ᠳᠠᠬᠢᠯᠳᠠ ᠡᠨᠧᠷᠭᠢ ᠵᠢᠨ ᠠᠵᠤ ᠦᠢᠯᠡᠰ ᠢ᠋ ᠪᠤᠵᠠᠭᠠᠢᠷᠠᠭᠤᠯᠤᠨ᠎ᠠ; ᠬᠣᠶᠠᠷ ᠲᠤ᠌ ᠠᠵᠤ ᠦᠢᠯᠡᠰ ᠤ᠋ᠨ ᠬᠡᠯᠬᠢᠢ᠎ᠡ ᠵᠢᠨ ᠭᠣᠣᠯ ᠪᠤᠯᠬᠤ ᠠᠵᠤ ᠠᠬᠤᠢᠯᠠᠯ ᠤ᠋ᠨ ᠦᠢᠯᠡᠳᠦᠯ ᠢ᠋ ᠢᠳᠡᠪᠬᠢᠲᠡᠢ ᠪᠠᠳᠠᠷᠠᠭᠤᠯᠵᠤ᠂ ᠠᠵᠤ ᠦᠢᠯᠡᠰ ᠤ᠋ᠨ ᠬᠡᠯᠬᠢᠢ᠎ᠡ ᠬᠠᠩᠭᠠᠯᠭ᠎ᠠ ᠵᠢᠨ ᠬᠡᠯᠬᠢᠢ᠎ᠡ ᠵᠢᠨ ᠣᠳᠣᠬᠢᠴᠢᠯᠠᠯᠲᠠ ᠵᠢᠨ ᠲᠦᠪᠱᠢᠨ ᠢ᠋ ᠲᠠᠰᠤᠷᠠᠯᠲᠠ ᠦᠭᠡᠢ ᠳᠡᠭᠡᠭᠰᠢᠯᠡᠭᠦᠯᠤᠨ᠎ᠡ ; ᠭᠤᠷᠪᠠ ᠳ᠋ᠤ᠌ ᠲᠣᠭᠠᠴᠢᠯᠠᠭᠰᠠᠨ ᠮᠡᠷᠭᠡᠵᠢᠯ ᠪᠣᠯᠤᠨ ᠱᠢᠨ᠎ᠡ ᠨᠢᠭᠡ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ ᠢ᠋ ᠠᠱᠢᠭᠯᠠᠨ ᠬᠦᠴᠦᠨ ᠣᠯᠭᠣᠵᠤ᠂ ᠬᠥᠭᠵᠢᠯᠲᠡ ᠵᠢᠨ ᠶᠠᠰᠤ ᠴᠢᠨᠠᠷ ᠪᠠ ᠦᠷ᠎ᠡ ᠠᠱᠢᠭ ᠢ᠋ ᠳᠡᠭᠡᠭᠱᠢᠯᠡᠭᠦᠯᠦᠨ᠎ᠡ; ᠳᠥᠷᠪᠡ ᠳ᠋ᠦ᠍ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤ᠋ᠨ ᠬᠦᠷᠢᠶᠡᠯᠡᠩ ᠤ᠋ᠨ ᠱᠢᠨ᠎ᠡ ᠵᠢ ᠡᠭᠦᠳᠬᠦ ᠦᠷ᠎ᠡ ᠪᠦᠲᠦᠭᠡᠯ ᠢ᠋ ᠦᠷᠭᠦᠯᠵᠢᠯᠡᠨ ᠥᠷᠭᠡᠳᠭᠡᠵᠦ᠂ ᠱᠢᠨ᠎ᠡ ᠡᠨᠧᠷᠭᠢ᠂ ᠱᠢᠨ᠎ᠡ ᠵᠠᠭᠪᠤᠷ ᠵᠢᠠᠷ ᠱᠢᠨ᠎ᠡ ᠠᠵᠤ ᠦᠢᠯᠡᠳᠪᠦᠷᠢ ᠵᠢᠨ ᠱᠢᠰᠲ᠋ᠧᠮ ᠢ᠋ ᠪᠠᠢᠭᠤᠯᠤᠨ᠎ᠠ; ᠲᠠᠪᠤ ᠳ᠋ᠤ᠌ ᠠᠵᠤ ᠦᠢᠯᠡᠰ ᠤ᠋ᠨ ᠬᠡᠯᠬᠢᠶ᠎ᠡ ᠲᠡᠢ ᠨᠢᠭᠲᠠ ᠤᠶᠠᠯᠳᠤᠭᠤᠯᠤᠨ ᠱᠢᠨ᠎ᠡ ᠵᠢ ᠡᠭᠦᠳᠬᠦ ᠬᠡᠯᠬᠢᠶ᠎ᠡ ᠵᠢ ᠪᠠᠢᠷᠢᠯᠠᠭᠤᠯᠵᠤ᠂ ᠤᠯᠤᠰ ᠤ᠋ᠨ ᠴᠢᠬᠤᠯᠠ ᠡᠨᠧᠷᠭᠢ ᠪᠤᠯᠤᠨ ᠪᠠᠢᠯᠳᠤᠬᠤ ᠪᠣᠳᠣᠯᠭ᠎ᠠ ᠵᠢᠨ ᠡᠬᠢ ᠪᠠᠶᠠᠯᠢᠭ ᠤ᠋ᠨ ᠰᠠᠭᠤᠷᠢᠨ ᠤ᠋ ᠪᠦᠲᠦᠭᠡᠨ ᠪᠠᠢᠭᠤᠯᠤᠯᠲᠠ ᠵᠢᠨ ᠲᠠᠰᠤᠷᠠᠯᠲᠠ ᠦᠭᠡᠢ ᠱᠢᠨ᠎ᠡ ᠠᠬᠢᠴᠠ ᠲᠠᠢ ᠪᠣᠯᠬᠤ ᠳ᠋ᠤ᠌ ᠬᠦᠴᠦᠨ ᠨᠡᠮᠡᠷᠢᠯᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号