ᠱᠢᠨ᠎ᠡ ᠴᠠᠭ ᠦᠶ᠎ᠡ᠎ᠶ᠋ᠢᠨ ᠮᠠᠯ ᠠᠵᠤ ᠠᠬᠤᠶ ᠲᠠᠷᠢᠶᠠᠯᠠᠩ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭᠯᠡᠶ᠎ᠠ
2023-06-28 10:36:24
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆


5.1.png


ᠬᠠᠨ ᠴᠧᠩ ᠹᠦ᠋  

ᠥᠪᠥᠷ ᠮᠣᠩᠭᠣᠯ᠎ᠤᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠰᠤᠳᠤᠯᠤᠭ᠍ᠴᠢ


ᠥᠪᠥᠷ ᠮᠣᠩᠭᠣᠯ ᠪᠣᠯ ᠮᠠᠨ᠎ᠤ ᠤᠯᠤᠰ᠎ᠤᠨ 《ᠠᠮᠤ ᠵᠢᠨ ᠰᠠᠩ》᠂ 《ᠮᠢᠬᠠᠨ᠎ᠤ ᠬᠥᠮᠥᠷᠭᠡ 》᠂ 《ᠰᠦ ᠵᠢᠨ ᠰᠠᠪᠠ》 《ᠨᠤᠤᠯᠤᠭᠤᠷ᠎ᠤᠨ ᠬᠣᠲᠠ》 ᠪᠠᠢᠵᠤ᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ ᠪᠣᠯᠤᠨ᠎ᠠ᠃ ᠶᠡᠷᠦᠩᠬᠡᠢ ᠱᠦᠵᠢ ᠰᠢ᠎ᠶ᠋ᠢᠨ ᠫᠢᠩ ᠎ᠤᠨ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ᠎ᠳᠤ᠂ ᠮᠠᠨ᠎ᠤ ᠣᠷᠣᠨ ᠡᠷᠬᠡᠪᠰᠢ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠰᠠᠭᠤᠷᠢᠯᠠᠵᠤ᠂ ᠠᠵᠤ ᠦᠢᠯᠡᠰ᠎ᠦᠨ ᠳᠠᠪᠠᠭᠤᠯᠢᠭ᠎ᠢᠶᠠᠨ ᠪᠠᠳᠠᠷᠠᠭᠤᠯᠵᠤ᠂  ᠮᠠᠯ ᠠᠵᠤ ᠠᠬᠤᠢ ᠲᠠᠷᠢᠶᠠᠯᠠᠩ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ᠎ᠤᠨ ᠬᠦᠴᠦᠷᠬᠡᠭ ᠣᠷᠣᠨ᠎ᠢ ᠲᠦᠷᠭᠡᠳᠭᠡᠨ ᠪᠠᠢᠭᠤᠯᠵᠤ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠱᠢᠨ᠎ᠡ ᠴᠠᠭ ᠦᠶ᠎ᠡ᠎ᠶ᠋ᠢᠨ ᠮᠠᠯ ᠠᠵᠤ ᠠᠬᠤᠢ ᠲᠠᠷᠢᠶᠠᠯᠠᠩ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠬᠡᠷᠡᠭ᠌ᠲᠡᠢ᠃

ᠭᠠᠵᠠᠷ ᠱᠢᠷᠣᠶ ᠪᠣᠯ ᠮᠠᠯ ᠠᠵᠤ ᠠᠬᠤᠶ᠎ᠲᠠᠷᠢᠶᠠᠯᠠᠩ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠰᠠᠭᠤᠷᠢ ᠮᠥᠨ᠃ ᠳᠤᠮᠳᠠ ᠳᠣᠣᠷ᠎ᠠ ᠤᠨᠠᠯᠲᠠ᠎ᠲᠠᠶ ᠲᠠᠷᠢᠶᠠᠨ ᠭᠠᠵᠠᠷ᠎ᠢ ᠥᠭᠡᠷᠡᠴᠢᠯᠡᠬᠦ᠌ ᠠᠵᠢᠯ᠎ᠢ ᠴᠢᠨᠠᠭᠰᠢᠳᠠ ᠴᠢᠩᠭᠠᠳᠭᠠᠬᠤ᠎ᠳᠤ᠂ ᠨᠢᠭᠡ ᠲᠠᠯ᠎ᠠ᠎ᠪᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠳᠦᠭᠡᠨ ᠪᠠᠢᠭᠤᠯᠤᠯᠲᠠ᠎ᠶ᠋ᠢᠨ ᠢᠨᠵᠧᠨᠧᠷᠢᠩ᠎ᠢᠶᠡᠷ ᠳᠠᠮᠵᠢᠨ᠂ ᠲᠠᠷᠢᠶᠠᠨ ᠭᠠᠵᠠᠷ᠎ᠤᠨ ᠬᠠᠳᠠᠭᠤ ᠲᠤᠨᠤᠭᠯᠠᠯ᠎ᠢ ᠲᠡᠭᠦᠯᠳᠡᠷᠵᠢᠭᠦᠯᠵᠦ᠍᠂ ᠲᠠᠷᠢᠮᠠᠯ᠎ᠤᠨ ᠥᠪᠡᠷ᠎ᠦᠨ ᠦᠷᠳᠡᠭ᠎ᠢ ᠪᠠᠭᠤᠷᠠᠭᠤᠯᠬᠤ ᠬᠡᠷᠡᠭ᠌ᠲᠡᠶ; ᠨᠥᠭᠥᠭᠡ ᠲᠠᠯ᠎ᠠ᠎ᠪᠠᠷ᠂ ᠲᠠᠷᠢᠮᠠᠯ᠎ᠤᠨ ᠪᠦᠲᠦᠴᠡ᠎ᠶ᠋ᠢ ᠱᠢᠯᠢᠳᠡᠭ᠌ᠵᠢᠭᠦᠯᠬᠦ᠌ ᠪᠠ ᠡᠭᠡᠯᠵᠢᠯᠡᠨ ᠳᠠᠷᠢᠬᠤ ᠪᠠ ᠰᠡᠯᠭᠦᠵᠦ ᠳᠠᠷᠢᠬᠤ ᠠᠷᠭ᠎ᠠ ᠵᠢ ᠠᠬᠢᠭᠤᠯᠵᠤ᠂ ᠣᠷᠭᠠᠨᠢᠭ ᠪᠣᠷᠲᠣᠭᠣᠷ ᠬᠡᠷᠡᠭ᠌ᠯᠡᠬᠦ᠌᠎ᠶ᠋ᠢ ᠳᠡᠯᠭᠡᠷᠡᠭᠦᠯᠦᠨ᠂ ᠳᠤᠮᠳᠠ ᠳᠣᠸ᠋ᠷ᠎ᠠ ᠤᠨᠠᠯᠲᠠ᠎ᠲᠠᠶ ᠲᠠᠷᠢᠶᠠᠨ ᠭᠠᠵᠠᠷ᠎ᠢ ᠠᠭᠠᠵᠢᠮ ᠵᠢᠠᠷ ᠰᠠᠢᠵᠢᠷᠠᠭᠤᠯᠵᠤ᠂ ᠭᠠᠵᠠᠷ᠎ᠤᠨ ᠱᠢᠮ᠎ᠡ ᠬᠦᠴᠦ᠎ᠶ᠋ᠢ ᠲᠠᠰᠤᠷᠠᠯᠲᠠ ᠥᠬᠡᠶ ᠰᠠᠢᠵᠢᠷᠠᠭᠤᠯᠤᠨ᠂ 《ᠠᠮᠤ ᠵᠢᠨ ᠰᠠᠩ》 ᠎ᠤᠨ ᠰᠠᠭᠤᠷᠢ᠎ᠶ᠋ᠢ ᠪᠡᠬᠢᠵᠢᠭᠦᠯᠬᠦ ᠬᠡᠷᠡᠭᠳᠡᠢ᠃ ᠨᠤᠲᠤᠭ ᠪᠡᠯᠴᠢᠭᠡᠷ᠎ᠦᠨ ᠳᠠᠭᠠᠭᠠᠴᠠ᠎ᠶᠢ ᠦᠷᠭᠦᠯᠵᠢᠯᠡᠨ ᠬᠥᠩᠭᠡᠯᠡᠵᠦ᠂ ᠠᠵᠤ ᠠᠬᠤᠶ᠎ᠶ᠋ᠢᠨ ᠦᠷ᠎ᠡ ᠠᠱᠢᠭ᠎ᠢᠶᠠᠷ  ᠥᠨᠳᠥᠷ ᠮᠠᠯ ᠲᠡᠵᠢᠭᠡᠬᠦ᠎ᠶᠢ ᠲᠡᠷᠢᠭᠦᠨ᠎ᠳᠦ ᠲᠠᠯᠪᠢᠵᠤ᠂ ᠠᠵᠤ ᠠᠬᠤᠶ᠎ᠶ᠋ᠢᠨ ᠦᠷ᠎ᠡ ᠠᠱᠢᠭ᠎ᠢᠶᠠᠷ ᠳᠣᠣᠷ᠎ᠠ ᠮᠠᠯ᠎ᠤᠨ ᠲᠤᠭ᠎ᠠ᠎ᠶᠢ ᠠᠭᠠᠵᠢᠮ᠎ᠢᠶᠠᠷ ᠴᠦᠬᠡᠴᠢᠡᠯᠵᠦ᠂ ᠮᠠᠯ ᠲᠡᠵᠢᠭᠡᠨ ᠦᠷᠡᠵᠢᠭᠦᠯᠬᠦ᠌ ᠪᠦᠲᠦᠴᠡ᠎ᠶ᠋ᠢ ᠲᠠᠰᠤᠷᠠᠯᠳᠠ ᠦᠭᠡᠢ ᠱᠢᠯᠢᠳᠡᠭ᠌ᠵᠢᠭᠦᠯᠬᠦ᠌ ᠬᠡᠷᠡᠭ᠌ᠲᠡᠶ; ᠨᠤᠲᠤᠭ ᠪᠡᠯᠴᠢᠭᠡᠷ᠎ᠢ ᠭᠦᠢᠴᠡᠳ ᠠᠮᠠᠷᠠᠭᠤᠯᠵᠤ᠂ ᠨᠤᠲᠤᠭ ᠪᠡᠯᠴᠢᠭᠡᠷ᠎ᠦᠨ ᠠᠮᠢ ᠠᠬᠤᠶ᠎ᠶ᠋ᠢ ᠰᠡᠷᠭᠦᠭᠡᠬᠦ᠌᠎ᠶ᠋ᠢ ᠲᠦᠷᠭᠡᠳᠭᠡᠬᠦ ᠬᠡᠷᠡᠭᠳᠡᠢ᠃

ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠣᠯ ᠮᠠᠯ ᠠᠵᠤ ᠠᠬᠤᠢ ᠲᠠᠷᠢᠶᠠᠯᠠᠩ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠵᠠᠩᠭᠢᠯᠠᠭ᠎ᠠ᠎ᠶ᠋ᠢᠨ ᠡᠯᠧᠮᠧᠨ᠋ᠲ ᠪᠣᠯᠤᠨ᠎ᠠ᠃ ᠮᠠᠯ ᠠᠵᠤ ᠠᠬᠤᠶ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠤᠨ ᠬᠠᠮᠤᠷᠬᠤ ᠬᠡᠪᠴᠢᠶ᠎ᠡ ᠨᠢ ᠨᠡᠯᠢᠶᠡᠳ ᠥᠷᠭᠡᠨ ᠪᠠᠢᠵᠤ᠂ ᠮᠠᠯ ᠠᠵᠤ ᠠᠬᠤᠶ ᠲᠠᠷᠢᠶᠠᠯᠠᠩ᠎ᠤᠨ ᠠᠵᠤ ᠦᠶ᠋ᠯᠡᠰ᠎ᠦᠨ ᠬᠡᠯᠬᠢᠶ᠎ᠡ᠎ᠶ᠋ᠢᠨ ᠡᠯ᠎ᠡ ᠭᠣᠭ᠍ᠴᠣᠭ᠎ᠠ᠎ᠳᠤ ᠴᠥᠮ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠳᠡᠯᠭᠡᠷᠡᠭᠦᠯᠦᠨ ᠬᠡᠷᠡᠭ᠌ᠯᠡᠬᠦ᠌᠎ᠶ᠋ᠢ ᠱᠠᠭᠠᠷᠳᠠᠵᠤ ᠪᠠᠢᠨ᠎ᠠ᠃ ᠪᠠᠢᠭᠤᠯᠤᠮᠵᠢ ᠲᠣᠭ᠍ᠲᠠᠴᠠ᠎ᠶ᠋ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠰᠤᠳᠤᠯᠭᠠᠨ᠎ᠤ ᠠᠵᠢᠯᠲᠠᠳ᠎ᠢ ᠵᠣᠷᠢᠭ᠍ᠵᠢᠭᠤᠯᠵᠤ᠂ ᠮᠠᠨ᠎ᠤ ᠣᠷᠣᠨ᠎ᠤ  ᠮᠠᠯ ᠠᠵᠤ ᠠᠬᠤᠶ᠎ᠲᠠᠷᠢᠶᠠᠯᠠᠩ᠎ᠤᠨ ᠴᠢᠨᠠᠷ ᠰᠠᠢᠲᠠᠶ ᠬᠦᠭᠵᠢᠯᠳᠠ᠎ᠳᠤ ᠬᠦᠴᠤᠨ ᠨᠡᠮᠡᠷᠢᠯᠡᠬᠦ ᠬᠡᠷᠡᠭᠳᠡᠢ᠃

ᠦᠷ᠎ᠡ᠎ᠶ᠋ᠢᠨ ᠦᠢᠯᠡᠰ ᠪᠣᠯ ᠮᠠᠯ ᠠᠵᠤ ᠠᠬᠤᠢ ᠲᠠᠷᠢᠶᠠᠯᠠᠩ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ 《ᠢᠯᠳᠡᠰᠤ》 ᠪᠣᠯᠤᠨ᠎ᠠ᠃ ᠲᠤᠬᠠᠢ᠎ᠶ᠋ᠢᠨ ᠭᠠᠵᠠᠷ᠎ᠤᠨ ᠠᠭᠤᠷ ᠠᠮᠢᠰᠭᠤᠯ᠎ᠤᠨ ᠣᠨᠴᠠᠯᠢᠭ᠎ᠲᠤ ᠲᠤᠬᠢᠷᠠᠭ᠍ᠰᠠᠨ ᠴᠢᠨᠠᠷ ᠰᠠᠢᠲᠠᠢ ᠦᠷ᠎ᠡ᠎ᠶ᠋ᠢ ᠪᠣᠢᠵᠢᠭᠤᠯᠵᠤ᠂ ᠠᠮᠤ ᠪᠤᠳᠠᠭᠠᠨ᠎ᠤ ᠦᠷ᠎ᠡ ᠬᠤᠳᠠᠯᠳᠤᠨ ᠠᠪᠬᠤ ᠥᠪᠡᠷ᠎ᠦᠨ ᠦᠷᠳᠡᠭ᠎ᠢ ᠪᠠᠭᠤᠷᠠᠭᠤᠯᠵᠤ᠂ ᠱᠢᠯᠢᠳᠡᠭ ᠦᠷ᠎ᠡ᠎ᠶ᠋ᠢᠨ ᠬᠠᠩᠭᠠᠯᠭ᠎ᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠤᠨ᠂ ᠦᠷ᠎ᠡ᠎ᠶ᠋ᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠬᠠᠬᠤ ᠬᠡᠷᠡᠭ᠌ᠲᠡᠢ᠃ ᠪᠠᠢᠭᠤᠯᠤᠮᠵᠢ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠲᠦᠷᠭᠡᠳᠭᠡᠵᠦ᠍᠂ ᠤᠷᠠᠨ ᠳᠠᠷᠬᠠᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠤᠨ᠂ ᠮᠠᠯ᠎ᠤᠨ ᠦᠷ᠎ᠠ ᠵᠢᠨ ᠦᠶ᠋ᠯᠡᠰ᠎ᠦᠨ 《ᠪᠣᠭᠣᠮᠢ》 ᠠᠰᠠᠭᠤᠳᠠᠯ᠎ᠢ ᠱᠢᠶ᠋ᠳᠪᠦᠷᠢᠯᠡᠬᠦ ᠬᠡᠷᠡᠭᠳᠡᠢ᠃

ᠤᠰᠤᠨ᠎ᠤ ᠡᠬᠢ ᠪᠠᠶᠠᠯᠢᠭ ᠪᠣᠯ  ᠮᠠᠯ ᠠᠵᠤ ᠠᠬᠤᠶ᠎ᠲᠠᠷᠢᠶᠠᠯᠠᠩ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠬᠠᠳᠠᠭᠤ ᠬᠢᠵᠠᠭᠠᠷᠯᠠᠯ ᠮᠥᠨ᠃ ᠮᠠᠨ᠎ᠤ ᠣᠷᠣᠨ᠎ᠤ ᠤᠰᠤᠨ᠎ᠤ ᠡᠬᠢ ᠪᠠᠶᠠᠯᠢᠭ᠎ᠨᠢ ᠭᠠᠵᠠᠷ ᠣᠷᠣᠨ᠎ᠤ ᠲᠠᠷᠬᠠᠯᠲᠠ᠎ᠶ᠋ᠢᠨ ᠲᠠᠯ᠎ᠠ᠎ᠪᠠᠷ ᠢᠯᠡᠷᠬᠡᠢ ᠲᠡᠩᠴᠡᠭᠦᠷᠢ ᠥᠬᠡᠶ ᠴᠢᠨᠠᠷᠲᠠᠶ ᠪᠠᠢᠵᠤ᠂ ᠪᠥᠬᠥ᠌ ᠣᠷᠣᠨ᠎ᠤ ᠬᠠᠭᠠᠰ᠎ᠡᠴᠠ ᠳᠡᠭᠡᠭ᠌ᠰᠢᠬᠢ ᠤᠰᠤᠨ᠎ᠤ ᠡᠬᠢ ᠪᠠᠶᠠᠯᠢᠭ᠎ᠨᠢ ᠬᠥᠯᠥᠨ ᠪᠣᠢᠷ ᠬᠣᠲᠠ ᠪᠠ ᠬᠢᠩᠭᠠᠨ ᠠᠢᠮᠠᠭ᠎ᠲᠤ ᠲᠠᠷᠬᠠᠵᠤ᠂ ᠬᠥᠮᠦᠨ᠎ᠦ ᠬᠦᠴᠦᠨ᠎ᠦ ᠢᠨᠵᠧᠨᠧᠷᠢᠩ᠎ᠢᠶᠡᠷ ᠳᠡᠮᠵᠢᠨ ᠤᠰᠤᠨ᠎ᠤ ᠡᠬᠢ ᠪᠠᠶᠠᠯᠢᠭ᠎ᠢ ᠵᠦᠶ ᠵᠣᠬᠢᠰᠲᠠᠶ ᠬᠤᠪᠢᠶᠠᠷᠢᠯᠠᠬᠤ ᠪᠠ ᠳᠣᠭᠢᠷᠠᠭᠤᠯᠬᠤ ᠪᠣᠯ ᠮᠠᠯ ᠠᠵᠤ ᠠᠬᠤᠶ᠎ᠲᠠᠷᠢᠶᠠᠯᠠᠩ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠪᠠᠷᠢᠨ ᠭᠦᠶ᠋ᠴᠡᠳᠭᠡᠬᠦ᠌ ᠪᠠᠴᠢᠮ ᠡᠭᠦᠷᠭᠡ ᠪᠣᠯᠤᠨ᠎ᠠ᠃ ᠡᠭᠦᠨ᠎ᠤ ᠲᠠᠭᠠᠤ ᠤᠳᠤ ᠦᠶ᠎ᠡ᠎ᠶ᠋ᠢᠨ ᠥᠨᠳᠥᠷ ᠦᠷ᠎ᠡ ᠠᠱᠢᠭᠲᠤ ᠮᠠᠯ ᠠᠵᠤ ᠠᠬᠤᠶ ᠲᠠᠷᠢᠶᠠᠯᠠᠩ ᠪᠣᠯᠤᠨ ᠤᠰᠤ ᠠᠷᠪᠢᠯᠠᠬᠤ ᠠᠵᠤ ᠦᠢᠯᠡᠰ᠎ᠢ ᠶᠡᠬᠡ ᠪᠡᠷ ᠬᠥᠭ᠌ᠵᠢᠭᠦᠯᠵᠦ᠍᠂ ᠤᠰᠤᠨ᠎ᠤ ᠡᠬᠢ ᠪᠠᠶᠠᠯᠢᠭ᠎ᠤᠨ ᠬᠠᠮᠤᠭ᠎ᠤᠨ ᠴᠢᠩᠭ᠎ᠠ ᠬᠠᠮᠢᠶᠠᠷᠤᠯᠲᠠ ᠶ᠋ᠢᠨ ᠲᠥᠷᠢᠮ᠎ᠢᠶᠡᠷ ᠤᠰᠤ ᠠᠷᠪᠢᠯᠠᠬᠤ ᠨᠡᠢᠭᠡᠮ᠎ᠤᠨ ᠪᠠᠢᠭᠤᠯᠤᠯᠲᠠ᠎ᠶ᠋ᠢ ᠠᠬᠢᠭᠤᠯᠬᠤ ᠬᠡᠷᠡᠭ᠌ᠲᠡᠶ᠃

ᠲᠡᠵᠢᠬᠡᠯ ᠡᠪᠡᠰᠦ ᠨᠢ ᠮᠠᠯ ᠠᠵᠤ ᠠᠬᠤᠢ᠎ᠲᠠᠷᠢᠶᠠᠯᠠᠩ᠎ᠤᠨ  ᠴᠢᠨᠠᠷ ᠰᠠᠢᠲᠠᠢ ᠬᠥᠭ᠌ᠵᠢᠯᠲᠡ᠎ᠳᠦ ᠴᠢᠬᠤᠯᠠ ᠦᠢᠯᠡᠳᠦᠯ ᠦᠵᠡᠭᠦᠯᠵᠦ᠍ ᠪᠠᠢᠳᠠᠭ᠃ ᠡᠪᠡᠰᠦ ᠪᠣᠷᠳᠣᠭ᠎ᠠ᠎ᠶ᠋ᠢᠨ ᠥᠪᠡᠷ᠎ᠦᠨ ᠥᠷᠲᠡᠭ ᠨᠢ ᠲᠡᠵᠢᠭᠡᠨ ᠦᠷᠡᠵᠢᠭᠦᠯᠬᠦ᠌ ᠥᠪᠡᠷ᠎ᠦᠨ ᠥᠷᠲᠡᠭ᠎ᠦᠨ ᠬᠠᠭᠠᠰ᠎ᠡᠴᠠ ᠳᠡᠭᠡᠭ᠌ᠰᠢᠬᠢ᠎ᠶ᠋ᠢ ᠡᠵᠡᠯᠡᠳᠡᠭ᠃ ᠣᠳᠣᠬᠠᠨ᠎ᠳᠤ᠂ ᠮᠠᠨ᠎ᠤ ᠣᠷᠣᠨ᠎ᠳᠤ ᠤᠰᠤᠨ᠎ᠤ ᠡᠬᠢ ᠪᠠᠶᠠᠯᠢᠭ ᠳᠤᠲᠠᠭ᠍ᠳᠠᠬᠤ ᠡᠴᠨ ᠪᠤᠯᠵᠤ ᠲᠡᠵᠢᠬᠡᠯ ᠡᠪᠡᠰᠦᠨ᠎ᠤ ᠦᠶ᠋ᠯᠡᠰ᠎ᠦᠨ ᠬᠥᠭ᠌ᠵᠢᠯᠲᠡ᠎ᠶ᠋ᠢ ᠬᠢᠵᠠᠭᠠᠷᠯᠠᠬᠤ᠂ ᠭᠠᠳᠠᠭᠠᠳᠤ᠎ᠡᠴᠠ ᠣᠷᠣᠭᠤᠯᠤᠭ᠍ᠰᠠᠨ ᠴᠠᠷᠭᠠᠰᠤ ᠡᠪᠡᠰᠦᠨ᠎ᠦ ᠦᠨ᠎ᠡ ᠬᠠᠩᠰᠢ ᠶᠡᠬᠡ᠎ᠪᠡᠷ ᠥᠰᠴᠦ᠍ ᠲᠡᠵᠢᠭᠡᠨ ᠦᠷᠡᠵᠢᠭᠦᠯᠬᠦ᠌ ᠦᠶ᠋ᠯᠡᠰ᠎ᠦᠨ ᠥᠪᠡᠷ᠎ᠦᠨ ᠥᠷᠲᠡᠭ ᠨᠡᠮᠡᠭᠳᠡᠬᠦ᠂ ᠭᠠᠵᠠᠷ ᠱᠢᠷᠣᠶ ᠲᠦᠷᠢᠶᠡᠰᠦᠯᠡᠬᠦ ᠦᠨ᠎ᠡ ᠬᠠᠩᠰᠢ ᠥᠰᠬᠦ ᠡᠴᠨ ᠪᠤᠯᠵᠤ ᠲᠡᠵᠢᠬᠡᠯ ᠡᠪᠡᠰᠦ ᠲᠠᠷᠢᠬᠤ ᠥᠪᠡᠷ᠎ᠦᠨ ᠥᠷᠲᠡᠭ᠎ᠨᠡᠮᠡᠭᠳᠡᠬᠦ ᠵᠡᠷᠭᠡ ᠠᠰᠠᠭᠤᠳᠠᠯ᠎ᠳᠤ ᠲᠤᠯᠭᠠᠷᠠᠵᠤ ᠪᠠᠢᠨ᠎ᠠ᠃ ᠡᠳᠡᠬᠡᠷ ᠠᠰᠠᠭᠤᠳᠠᠯ᠎ᠳᠤ ᠴᠢᠭᠯᠡᠬᠦᠯᠤᠨ ᠤᠯᠠᠨ ᠵᠤᠢᠯ᠎ᠤᠨ ᠮᠠᠯ ᠠᠵᠤ ᠠᠬᠤᠶ᠎ᠶ᠋ᠢᠨ ᠦᠢᠯᠡᠳᠪᠦᠷᠢᠯᠡᠯ᠎ᠦᠨ ᠠᠷᠭ᠎ᠠ ᠵᠢ ᠬᠡᠷᠡᠭᠯᠡᠵᠤ᠂ ᠨᠤᠲᠤᠭ ᠪᠡᠯᠴᠢᠭᠡᠷ᠎ᠢ ᠱᠢᠰᠲ᠋ᠧᠮᠵᠢᠭᠦᠯᠦᠨ ᠬᠠᠮᠢᠶᠠᠷᠴᠤ᠌᠂ ᠪᠠᠢᠭᠠᠯᠢ ᠪᠡᠯᠴᠢᠭᠡᠷ᠎ᠤᠨ ᠡᠪᠡᠰᠦᠨ᠎ᠦ ᠭᠠᠷᠤᠯᠳᠠ᠎ᠶ᠋ᠢ ᠨᠡᠮᠡᠭᠳᠡᠭᠦᠯᠬᠦ ᠬᠡᠷᠡᠭᠳᠡᠢ; ᠭᠠᠵᠠᠷ ᠱᠢᠷᠣᠶ ᠲᠦᠷᠢᠶᠡᠰᠦᠯᠡᠬᠦ᠌ ᠵᠠᠬ᠎ᠠ ᠳᠡᠯᠭᠡᠭᠦᠷ᠎ᠢ ᠵᠢᠷᠤᠮᠵᠢᠭᠤᠯᠵᠤ᠂ ᠲᠡᠵᠢᠬᠡᠯ ᠡᠪᠡᠰᠦ ᠳᠠᠷᠢᠬᠤ ᠭᠠᠵᠠᠷ ᠱᠢᠷᠣᠶ᠎ᠶ᠋ᠢᠨ ᠥᠪᠡᠷ᠎ᠦᠨ ᠥᠷᠲᠡᠭ᠎ᠢ ᠪᠠᠭᠤᠷᠠᠭᠤᠯᠬᠤ ᠬᠡᠷᠡᠭᠳᠡᠢ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠮᠦᠩᠭᠦᠨᠬᠤᠸᠠᠷ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号