ᠮᠠᠯ᠎ᠤᠨ ᠠᠱᠢᠭ ᠱᠢᠮ᠎ᠡ᠎ᠲᠠᠷᠢᠶᠠᠯᠠᠩ᠎ᠤᠨ ᠪᠦᠲᠦᠭᠡᠭ᠌ᠳᠡᠬᠦᠨ᠎ᠦ ᠭᠠᠷᠤᠯᠲᠠ᠎ᠶ᠋ᠢᠨ ᠲᠤᠮᠤ ᠣᠷᠣᠨ ᠡᠴᠡ ᠮᠠᠯ ᠠᠵᠤ ᠠᠬᠤᠶ ᠲᠠᠷᠢᠶᠠᠯᠠᠩ᠎ᠤᠨ ᠠᠵᠤ ᠦᠶ᠋ᠯᠡᠰ᠎ᠦᠨ ᠬᠦᠴᠦᠷᠬᠡᠭ ᠣᠷᠣᠨ ᠪᠤᠯᠵᠤ ᠬᠤᠪᠢᠷᠠᠬᠤ ᠵᠢ ᠠᠬᠢᠭᠤᠯᠤᠨ᠎ᠠ
2023-06-28 10:40:41
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆


5.2.png


ᠵᠣᠣ ᠢᠦᠶ ᠱᠧᠩ    

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ᠎ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠂ ᠳᠡᠳ᠋ ᠳᠠᠷᠤᠭ᠎ᠠ


ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠠ ᠵᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠨᠢ ᠪᠢᠳᠡᠨ᠎ᠳᠦ ᠮᠠᠯ ᠠᠵᠤ ᠠᠬᠤᠢ ᠲᠠᠷᠢᠶᠠᠯᠠᠩ᠎ᠤᠨ ᠠᠵᠢᠯ᠎ᠢ ᠰᠠᠢᠲᠤᠷ ᠬᠢᠬᠦ᠌᠎ᠳᠦ ᠤᠷᠤᠭ᠍ᠰᠢᠯᠠᠬᠤ ᠴᠢᠭ᠌ᠯᠡᠯ᠎ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ᠎ᠢ ᠬᠠᠩᠭᠠᠵᠤ ᠦᠭᠴᠠᠢ᠃ ᠪᠢᠳᠡ ᠶᠡᠷᠦᠩᠬᠡᠢ ᠱᠦᠵᠢ ᠰᠢ᠎ᠶ᠋ᠢᠨ ᠫᠢᠩ᠎ᠤᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠥᠪᠥᠷ ᠮᠣᠩᠭᠣᠯ᠎ᠤᠨ ᠠᠮᠢ ᠠᠬᠤᠢ ᠣᠷᠴᠢᠨ ᠲᠣᠭᠣᠷᠢᠨ ᠰᠠᠢ᠌ᠨ᠂ ᠮᠠᠯ ᠠᠵᠤ ᠠᠬᠤᠢ ᠲᠠᠷᠢᠶᠠᠯᠠᠩ᠎ᠤᠨ ᠡᠬᠢ ᠪᠠᠶᠠᠯᠢᠭ ᠡᠯᠪᠡᠭ ᠥᠪᠡᠷᠮᠢᠴᠡ ᠳᠠᠪᠠᠭᠤᠯᠢᠭ᠎ᠢ ᠰᠠᠢᠲᠤᠷ ᠪᠠᠳᠠᠷᠠᠭᠤᠯᠵᠤ᠂ ᠪᠣᠬᠢᠷᠲᠤᠯ ᠦᠭᠡᠢ ᠬᠥᠭ᠌ᠵᠢᠯᠲᠡ᠎ᠶ᠋ᠢᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠠᠮᠢ ᠠᠬᠤᠢ᠎ᠶ᠋ᠢᠨ ᠮᠠᠯ ᠠᠵᠤ ᠠᠬᠤᠢ ᠲᠠᠷᠢᠶᠠᠯᠠᠩ᠎ᠢ ᠶᠡᠬᠡ ᠪᠡᠷ ᠬᠥᠭ᠌ᠵᠢᠭᠦᠯᠬᠦ ᠬᠡᠷᠡᠭᠳᠡᠢ᠃ 《ᠭᠠᠵᠠᠷ᠂ ᠤᠰᠤ᠂ ᠲᠠᠷᠢᠮᠠᠯ》 ᠪᠠ 《ᠠᠮᠤ ᠪᠤᠳᠠᠭ᠎ᠠ᠂ ᠮᠢᠬ᠎ᠠ᠂ ᠰᠦ》 ᠶ᠋ᠢᠨ ᠠᠵᠢᠯ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠨᠠᠷᠢᠯᠢᠭ ᠭᠦᠨᠵᠡᠭᠡᠢ ᠡᠳ᠋ᠱᠢᠭᠦᠯᠬᠦ᠌᠎ᠶ᠋ᠢ ᠶᠡᠬᠡ ᠪᠡᠷ ᠬᠥᠭ᠌ᠵᠢᠭᠦᠯᠵᠦ᠍᠂ ᠲᠥᠷᠥᠯ ᠲᠡᠮᠳᠡᠭ᠌ ᠡᠭᠦᠳᠬᠦ᠌ ᠪᠠ ᠦᠶ᠋ᠯᠡᠴᠢᠯᠡᠭᠡᠨ᠎ᠦ ᠱᠢᠰᠲ᠋ᠧᠮ᠎ᠤᠨ ᠪᠠᠢᠭᠤᠯᠤᠯᠲᠠ᠎ᠶ᠋ᠢ ᠴᠢᠩᠭᠠᠳᠭᠠᠨ᠂ ᠨᠢᠭᠡᠳᠦᠭᠡᠷ ᠬᠣᠶᠠᠳᠤᠭᠠᠷ ᠭᠤᠷᠪᠠᠳᠤᠭᠠᠷ ᠠᠵᠤ ᠦᠶ᠋ᠯᠡᠰ᠎ᠦᠨ ᠭᠦᠨᠵᠡᠭᠡᠶ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠬᠤ ᠬᠡᠷᠡᠭᠳᠡᠢ᠃ 

《ᠭᠠᠵᠠᠷ᠂ ᠤᠰᠤ᠂ ᠲᠠᠷᠢᠮᠠᠯ》 ᠤ᠋ᠨ ᠠᠵᠢᠯ᠎ᠢ ᠬᠦᠴᠦᠯᠡᠨ ᠰᠠᠢᠲᠤᠷ ᠬᠢᠵᠦ᠍ ᠂ ᠠᠮᠢ ᠠᠬᠤᠶ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢ ᠶᠡᠬᠡ ᠪᠡᠷ ᠬᠥᠭ᠌ᠵᠢᠭᠦᠯᠬᠦ ᠬᠡᠷᠡᠭᠳᠡᠢ᠃ ᠪᠠᠶᠠᠨᠨᠠᠭᠤᠷ ᠬᠣᠲᠠ᠎ᠶ᠋ᠢᠨ ᠪᠣᠷᠣᠲᠣᠬᠣᠶ᠎ᠶ᠋ᠢᠨ ᠤᠰᠤᠯᠠᠯᠲᠠ᠎ᠶ᠋ᠢᠨ ᠣᠷᠣᠨ᠂ ᠵᠠᠯᠠᠢᠳ ᠬᠣᠱᠢᠭᠤᠨ᠎ᠤ ᠪᠥᠬᠥ᠌ ᠣᠷᠣᠨ ᠪᠦᠰᠡ᠎ᠪᠡᠷ ᠲᠤᠷᠱᠢᠯᠲᠠ᠎ᠶ᠋ᠢᠨ ᠴᠡᠭ᠎ᠢ ᠳᠥᠯᠭᠢᠨ ᠠᠬᠢᠭᠤᠯᠵᠤ᠂ ᠮᠠᠨ᠎ᠤ ᠣᠷᠣᠨ᠎ᠤ ᠪᠣᠳᠠᠲᠠᠶ᠎ᠳᠤ ᠨᠡᠢᠴᠡᠭ᠌ᠰᠡᠨ 《ᠭᠤᠷᠪᠠ᠎ᠶ᠋ᠢ ᠡᠪᠳᠡᠬᠦ᠌᠂ ᠲᠠᠪᠤ᠎ᠶ᠋ᠢ ᠨᠢᠭᠡᠳᠭᠡᠬᠦ᠌᠂ ᠨᠢᠭᠡ᠎ᠶ᠋ᠢ ᠱᠢᠨᠡᠳᠭᠡᠬᠦ᠌》 ᠪᠥᠲᠥᠭᠡᠨ ᠪᠠᠢᠭᠤᠯᠤᠯᠲᠠ ᠶ᠋ᠢᠨ ᠵᠠᠭ᠍ᠪᠤᠷ᠎ᠢ ᠪᠥᠬᠥ᠌ ᠲᠠᠯ᠎ᠠ᠎ᠪᠠᠷ ᠠᠬᠢᠭᠤᠯᠵᠤ ᠂ ᠪᠥᠬᠥ᠌ ᠣᠷᠣᠨ᠎ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠬᠦ᠌ ᠶ᠋ᠢ ᠲᠦᠷᠭᠡᠳᠭᠡᠨ ᠠᠬᠢᠭᠤᠯᠬᠤ ᠬᠡᠷᠡᠭᠳᠡᠢ᠃ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠱᠢᠭ᠎ᠢ ᠨᠡᠮᠡᠭ᠌ᠳᠡᠭᠦᠯᠬᠦ᠌ ᠠᠵᠢᠯᠯᠠᠭ᠎ᠠ᠎ᠶ᠋ᠢ ᠶᠡᠬᠡ ᠪᠡᠷ ᠬᠡᠷᠡᠭ᠌ᠵᠢᠭᠦᠯᠵᠦ᠍᠂ ᠪᠥᠬᠥ᠌ ᠣᠷᠣᠨ᠎ᠤ ᠲᠠᠷᠢᠶᠠᠯᠠᠩ᠎ᠤᠨ ᠤᠰᠤ ᠬᠡᠷᠡᠭ᠌ᠯᠡᠬᠦ᠌ ᠠᠷᠭ᠎ᠠ ᠮᠠᠶᠢᠭ ᠨᠢ ᠪᠦᠳᠦᠭᠦᠯᠢᠭ ᠪᠥᠭᠡᠳ ᠦᠷ᠎ᠡ ᠠᠱᠢᠭ᠎ᠢᠶᠠᠷ ᠳᠣᠸ᠋ᠷ᠎ᠠ ᠪᠠᠢᠭ᠍ᠰᠠᠨ᠎ᠢ ᠠᠷᠪᠢᠲᠠᠶ ᠡᠷᠴᠢᠮᠯᠢᠭ ᠪᠣᠯᠭᠠᠨ ᠬᠤᠪᠢᠷᠠᠭᠤᠯᠬᠤ᠎ᠶ᠋ᠢ ᠠᠬᠢᠭᠤᠯᠬᠤ ᠬᠡᠷᠡᠭᠳᠡᠢ᠃   

 《ᠠᠮᠤ ᠪᠤᠳᠠᠭ᠎ᠠ᠂ ᠮᠢᠬ᠎ᠠ᠂ ᠰᠦ》 ᠵᠢᠨ ᠠᠵᠢᠯ᠎ᠢ ᠬᠦᠴᠦᠯᠡᠨ ᠰᠠᠢᠲᠤᠷ ᠬᠢᠵᠦ᠍᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠪᠦᠲᠦᠮᠵᠢᠲᠡᠶ ᠬᠠᠩᠭᠠᠯᠭ᠎ᠠ᠎ᠶ᠋ᠢ ᠪᠠᠲᠤᠯᠠᠬᠤ ᠬᠡᠷᠡᠭᠳᠡᠢ᠃ ᠴᠢᠨᠠᠷ ᠰᠠᠢᠲᠠᠶ ᠥᠨᠳᠥᠷ ᠪᠦᠲᠦᠮᠵᠢᠲᠡᠶ ᠠᠮᠤ ᠪᠤᠳᠠᠭ᠎ᠠ᠎ᠶ᠋ᠢ ᠨᠡᠮᠡᠭ᠌ᠳᠡᠭᠦᠯᠬᠦ᠌ ᠠᠵᠢᠯᠯᠠᠭ᠎ᠠ᠎ᠶ᠋ᠢ ᠰᠠᠢᠲᠤᠷ ᠬᠡᠷᠡᠭ᠌ᠵᠢᠭᠦᠯᠵᠦ᠍᠂ ᠠᠮᠤ ᠪᠤᠳᠠᠭᠠᠨ᠎ᠤ ᠳᠠᠷᠢᠮᠠᠯ᠎ᠤᠨ ᠲᠠᠯᠠᠪᠠᠶ᠎ᠶ᠋ᠢ ᠲᠣᠭ᠍ᠲᠠᠪᠤᠷᠢᠵᠢᠭᠤᠯᠤᠭ᠍ᠰᠠᠨ ᠰᠠᠭᠤᠷᠢᠨ ᠳᠡᠭᠡᠷ᠎ᠡ᠂ ᠡᠷᠳᠡᠨᠢ ᠱᠢᠰᠢ᠎ᠶ᠋ᠢᠨ ᠲᠠᠯᠠᠪᠠᠶ ᠨᠢᠭᠡᠴᠢ᠎ᠶ᠋ᠢᠨ ᠤᠨᠠᠯᠲᠠ᠎ᠶ᠋ᠢ ᠨᠡᠮᠡᠭᠳᠡᠭᠦᠯᠬᠦ ᠱᠢᠷ᠎ᠠ ᠪᠤᠷᠴᠠᠭ ᠲᠣᠰᠣᠯᠢᠭ ᠲᠠᠷᠢᠮᠠᠯ᠎ᠤᠨ ᠦᠶ᠋ᠯᠡᠳᠪᠦᠷᠢᠯᠡᠯ᠎ᠤᠨ  ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠵᠡᠷᠭᠡ ᠢᠨᠵᠧᠨᠧᠷᠢᠩ᠎ᠢ ᠥᠷᠨᠢᠭᠦᠯᠵᠦ᠍᠂ ᠡᠷᠳᠡᠨᠢ ᠱᠢᠰᠢ᠎ᠶ᠋ᠢ ᠨᠢᠭ᠍ᠲᠠ ᠳᠠᠷᠢᠵᠤ ᠳᠤᠰᠤᠯᠭᠠᠨ ᠤᠰᠤᠯᠠᠬᠤ ᠵᠡᠷᠭᠡ ᠥᠨᠳᠥᠷ ᠤᠨᠠᠯᠲᠠ᠎ᠲᠠᠶ ᠥᠨᠳᠥᠷ ᠦᠷ᠎ᠡ ᠠᠱᠢᠭ᠎ᠲᠠᠶ ᠮᠡᠷᠭᠡᠵᠢᠯ᠎ᠦᠨ ᠵᠠᠭ᠍ᠪᠤᠷ᠎ᠢ ᠶᠡᠬᠡ ᠪᠡᠷ ᠳᠡᠯᠭᠡᠷᠡᠭᠦᠯᠵᠦ᠍᠂ ᠠᠮᠤ ᠪᠤᠳᠠᠭᠠᠨ᠎ᠤ ᠡᠯᠪᠡᠭ ᠬᠤᠷᠢᠶᠠᠯᠲᠠ᠎ᠶ᠋ᠢ ᠦᠨᠡᠨ ᠬᠦ᠌ ᠪᠠᠲᠤᠯᠠᠬᠤ ᠬᠡᠷᠡᠭᠳᠡᠢ᠃ ᠮᠠᠯ ᠠᠵᠤ ᠠᠬᠤᠶ᠎ᠶ᠋ᠢᠨ ᠲᠤᠮᠤ ᠣᠷᠣᠨ᠎ᠤ ᠳᠠᠪᠠᠭᠤᠯᠢᠭ᠎ᠢ ᠦᠷᠭᠦᠯᠵᠢᠯᠡᠨ ᠪᠡᠬᠢᠵᠢᠭᠦᠯᠵᠦ᠍᠂ ᠰᠠᠭᠤᠷᠢ ᠡᠬᠡ ᠮᠠᠯ᠎ᠤᠨ ᠰᠦᠷᠦᠭ᠎ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠮᠢᠬᠠᠨ᠎ᠤ ᠬᠣᠨᠢᠨ᠎ᠤ ᠰᠠᠢᠨ ᠡᠭᠦᠯᠳᠡᠷ᠎ᠦᠨ ᠨᠥᠬᠥᠪᠥᠷᠢ ᠵᠡᠷᠭᠡ ᠭᠣᠸ᠋ᠯᠳᠠᠯᠭ᠎ᠠ᠎ᠲᠠᠶ ᠲᠥᠷᠥᠯ ᠵᠦᠶ᠋ᠯ᠎ᠢ ᠬᠡᠷᠡᠭ᠌ᠵᠢᠭᠦᠯᠵᠦ᠍᠂ ᠦᠬᠡᠷ ᠬᠣᠨᠢᠨ ᠮᠢᠬᠠᠨ᠎ᠤ ᠭᠠᠷᠤᠯᠲᠠ᠎ᠶ᠋ᠢ ᠦᠷᠭᠦᠯᠵᠢᠯᠡᠨ ᠪᠥᠬᠥ᠌ ᠤᠯᠤᠰ᠎ᠤᠨ ᠨᠢᠭᠡᠳᠦᠭᠡᠷ᠎ᠲᠦ ᠣᠷᠣᠭᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭᠳᠡᠢ᠃ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ᠎ᠶ᠋ᠢ ᠴᠢᠩᠭᠠᠳᠭᠠᠵᠤ᠂ 《ᠰᠦ ᠶ᠋ᠢᠨ ᠶᠢᠰᠦᠨ ᠵᠤᠷᠪᠤᠰ》᠎ᠢ ᠨᠡᠢᠲᠡᠯᠡᠨ᠂ ᠰᠦ ᠵᠢᠨ ᠠᠵᠤ ᠠᠬᠤᠢᠯᠠᠯ᠎ᠤᠨ ᠱᠢᠯᠢᠳᠡᠭᠵᠢᠨ ᠬᠦᠴᠦᠷᠬᠡᠭ᠌ᠵᠢᠬᠦ᠌᠎ᠶ᠋ᠢ ᠳᠡᠮᠵᠢᠬᠦ᠌᠎ᠶ᠋ᠢᠨ ᠬᠠᠮᠲᠤ ᠲᠦᠭᠦᠬᠡᠶ ᠰᠦ ᠶ᠋ᠢᠨ ᠦᠨ᠎ᠡ᠎ᠶᠢ ᠵᠥᠪᠯᠡᠬᠦ ᠲᠣᠭ᠍ᠲᠠᠴᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠲᠡᠵᠢᠭᠡᠨ ᠦᠷᠡᠵᠢᠭᠦᠯᠬᠦ᠌ ᠲᠠᠯᠠᠪᠠᠶ ᠪᠠ ᠳᠤᠮᠳᠠ ᠪᠠᠭ᠎ᠠ ᠰᠠᠭᠠᠯᠢᠴᠢᠳ᠎ᠤᠨ ᠠᠱᠢᠭ ᠲᠤᠰᠠ᠎ᠶ᠋ᠢ ᠰᠠᠢᠲᠤᠷ ᠬᠠᠮᠠᠭᠠᠯᠠᠵᠤ᠂ ᠰᠦ ᠶ᠋ᠢᠨ ᠦᠶ᠋ᠯᠡᠰ᠎ᠦᠨ ᠦᠶ᠋ᠯᠡᠳᠪᠦᠷᠢᠯᠡᠯ᠎ᠦᠨ ᠲᠣᠭ᠍ᠲᠠᠭᠤᠨ᠎ᠢᠶᠠᠷ ᠨᠡᠮᠡᠭ᠌ᠳᠡᠬᠦ᠌᠎ᠶ᠋ᠢ ᠠᠬᠢᠭᠤᠯᠬᠤ ᠬᠡᠷᠡᠭᠳᠡᠢ᠃

ᠪᠥᠬᠥ᠌ ᠠᠵᠤ ᠦᠶ᠋ᠯᠡᠰ᠎ᠦᠨ ᠬᠡᠯᠬᠢᠶ᠎ᠠ  ᠪᠡᠷ ᠬᠦᠭᠵᠢᠭᠦᠯᠬᠦ ᠠᠵᠢᠯ᠎ᠢ ᠬᠦᠴᠦᠯᠡᠨ ᠰᠠᠢᠲᠤᠷ ᠬᠢᠵᠦ᠍᠂ ᠨᠢᠭᠡᠳᠦᠭᠡᠷ ᠬᠣᠶᠠᠳᠤᠭᠠᠷ ᠭᠤᠷᠪᠠᠳᠤᠭᠠᠷ ᠠᠵᠤ ᠦᠶ᠋ᠯᠡᠰ᠎ᠦᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠬᠤ ᠬᠡᠷᠡᠭᠳᠡᠢ᠃ ᠮᠠᠯ ᠠᠵᠤ ᠠᠬᠤᠢ᠎ᠲᠠᠷᠢᠶᠠᠯᠠᠩ ᠡᠴᠡ ᠲᠠᠪᠠᠨ ᠭᠠᠷᠴᠤ ᠮᠠᠯ ᠠᠵᠤ ᠠᠬᠤᠢ ᠲᠠᠷᠢᠶᠠᠯᠠᠩ᠎ᠢ ᠲᠥᠯᠥᠪᠵᠢᠭᠦᠯᠵᠦ᠍᠂ ᠭᠠᠷᠤᠯᠲᠠ ᠪᠣᠯᠤᠨ ᠶᠠᠰᠤ ᠴᠢᠨᠠᠷ᠎ᠤᠨ ᠳᠠᠪᠠᠭᠤᠯᠢᠭ᠎ᠢ ᠵᠠᠬ᠎ᠠ ᠳᠡᠯᠭᠡᠭᠦᠷ᠎ᠦᠨ ᠳᠠᠪᠠᠭᠤᠯᠢᠭ᠂ ᠦᠨ᠎ᠡ ᠬᠠᠩᠰᠢ᠎ᠶ᠋ᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠮᠠᠯ ᠠᠵᠤ ᠠᠬᠤᠢ ᠲᠠᠷᠢᠶᠠᠯᠠᠩ᠎ᠤᠨ ᠨᠡᠢᠭᠡᠮᠴᠢᠯᠡᠭ᠌ᠰᠡᠨ ᠦᠢᠯᠡᠴᠢᠯᠡᠭᠡ᠎ᠶ᠋ᠢ ᠭᠦᠨᠵᠡᠭᠡᠢ ᠠᠬᠢᠭᠤᠯᠵᠤ᠂ ᠡᠷᠴᠢᠮᠵᠢᠭ᠌ᠰᠡᠨ᠂ ᠬᠡᠪᠴᠢᠶᠡᠵᠢᠭ᠌ᠰᠡᠨ᠂ ᠪᠠᠷᠢᠮᠵᠢᠶᠠᠵᠢᠭ᠍ᠰᠠᠨ ᠦᠢᠯᠡᠳᠪᠦᠷᠢᠯᠡᠯ᠎ᠢ ᠶᠡᠬᠡ ᠪᠡᠷ ᠬᠥᠭ᠌ᠵᠢᠭᠦᠯᠵᠦ᠍᠂ ᠪᠣᠬᠢᠷᠲᠤᠯ ᠦᠭᠡᠢ ᠣᠷᠭᠠᠨᠢᠭ ᠲᠦᠷᠦᠯ ᠲᠡᠮᠳᠡᠭ᠎ᠢ ᠡᠭᠦᠳᠬᠦ᠌ ᠬᠡᠷᠡᠭ᠌ᠲᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠮᠦᠩᠭᠦᠨᠬᠤᠸᠠᠷ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号