ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠤ ᠪᠥᠲᠥᠭᠡᠨ ᠪᠠᠢᠭᠤᠯᠤᠯᠲᠠ᠎ᠳᠤ ᠰᠦ ᠶ᠋ᠢᠨ ᠦᠶ᠋ᠯᠡᠰ᠎ᠤᠨ ᠬᠦᠴᠤᠨ᠎ᠢ ᠡᠷᠬᠦᠨ᠎ᠠ
2023-06-28 10:46:07
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆


5.3.png


ᠵᠠᠩ ᠵᠢᠶᠠᠨ ᠴᠢᠦ    

ᠢᠯᠢ ᠪᠦᠯᠦᠭ᠌ᠯᠡᠯ᠎ᠦᠨ ᠳᠡᠭᠡᠳᠦ ᠵᠡᠷᠭᠡ᠎ᠶ᠋ᠢᠨ ᠭᠦᠢᠴᠡᠳᠭᠡᠭ᠌ᠴᠢ ᠶᠡᠷᠦᠩᠬᠡᠢ ᠵᠠᠬᠢᠷᠤᠭ᠍ᠴᠢ


ᠶᠡᠷᠦᠩᠬᠡᠶ ᠱᠦᠵᠢ ᠰᠢ᠎ᠶ᠋ᠢᠨ ᠫᠢᠩ ᠴᠢᠬᠤᠯᠠᠴᠢᠯᠠᠬᠤ᠎ᠳᠠᠭᠠᠨ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠨᠠᠷᠢᠯᠢᠭ ᠭᠦᠨᠵᠡᠭᠡᠢ ᠡᠳ᠋ᠰᠢᠬᠦᠯᠤᠨ ᠪᠣᠯᠪᠠᠰᠤᠷᠠᠭᠤᠯᠬᠤ ᠪᠠ ᠪᠣᠬᠢᠷᠲᠤᠯ ᠥᠬᠡᠶ ᠣᠷᠭᠠᠨᠢᠭ ᠤᠢᠯᠠᠳᠬᠦᠨ᠎ᠤ ᠲᠥᠷᠥᠯ ᠲᠡᠮᠳᠡᠭ᠌᠎ᠢ ᠡᠬᠦᠳᠬᠦ᠎ᠶ᠋ᠢ ᠰᠠᠢᠲᠤᠷ ᠠᠳᠭᠤᠵᠤ᠂ ᠨᠢᠭᠡᠳᠦᠭᠡᠷ ᠬᠣᠶᠠᠳᠤᠭᠠᠷ ᠭᠤᠷᠪᠠᠳᠤᠭᠠᠷ ᠠᠵᠤ ᠦᠶ᠋ᠯᠡᠰ᠎ᠦᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠤᠨ᠂  ᠮᠠᠯ ᠠᠵᠤ ᠠᠬᠤᠶ ᠲᠠᠷᠢᠶᠠᠯᠠᠩ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠶ ᠭᠡᠵᠡᠶ᠃ ᠰᠦ ᠶ᠋ᠢᠨ ᠦᠶ᠋ᠯᠡᠰ ᠪᠣᠯ ᠮᠠᠯ ᠠᠵᠤ ᠠᠬᠤᠶ ᠲᠠᠷᠢᠶᠠᠯᠠᠩ᠂ ᠦᠶ᠋ᠯᠡᠳᠬᠦ᠌ ᠦᠶ᠋ᠯᠡᠰ᠂ ᠦᠶ᠋ᠯᠡᠴᠢᠯᠡᠭᠡᠨ᠎ᠦ ᠦᠶ᠋ᠯᠡᠰ᠎ᠢ ᠬᠠᠮᠤᠷᠤᠭ᠍ᠰᠠᠨ ᠲᠥᠯᠥᠭᠡᠯᠡᠬᠦ᠌ ᠴᠢᠨᠠᠷᠲᠠᠶ ᠠᠷᠠᠳ᠎ᠤᠨ ᠠᠮᠢᠳᠤᠷᠠᠯ᠎ᠤᠨ ᠠᠵᠤ ᠦᠶ᠋ᠯᠡᠰ ᠮᠥᠨ᠂ ᠮᠠᠯ ᠠᠵᠤ ᠠᠬᠤᠶ᠎ᠲᠠᠷᠢᠶᠠᠯᠠᠩ᠎ᠤᠨ ᠴᠢᠨᠠᠷ ᠰᠠᠢᠲᠠᠶ ᠬᠥᠭ᠌ᠵᠢᠯᠲᠡ᠎ᠶᠢ ᠠᠬᠢᠭᠤᠯᠬᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠ ᠰᠦ ᠶ᠋ᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ᠎ᠲᠠᠶ ᠨᠢᠭ᠍ᠲᠠ ᠬᠣᠯᠪᠣᠭ᠎ᠠ᠎ᠲᠠᠶ ᠶᠤᠮ᠃ ᠱᠢᠨ᠎ᠡ ᠠᠶᠠᠨ᠎ᠳᠤ ᠪᠢᠳᠡ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ 《ᠪᠦᠬᠦ᠌ ᠪᠥᠮᠪᠥᠷᠴᠡᠭ᠎ᠦᠨ ᠡᠷᠡᠭᠦᠯ ᠮᠡᠨᠳᠦ ᠠᠮᠢ ᠠᠬᠤᠢ᠎ᠶ᠋ᠢᠨ ᠳᠤᠭᠤᠷᠢᠬ》 ᠢ᠋ ᠲᠦᠷᠭᠡᠳᠬᠡᠨ ᠪᠠᠢᠭᠤᠯᠵᠤ᠂ ᠬᠡᠷᠡᠭ᠌ᠯᠡᠭ᠌ᠴᠢᠳ᠎ᠲᠦ ᠠᠮᠤᠷ ᠲᠦᠪᠱᠢᠨ ᠱᠢᠮ᠎ᠡ ᠲᠡᠵᠢᠭᠡᠯ ᠲᠠᠢ ᠡᠷᠡᠭᠦᠯ ᠮᠡᠨᠳᠦ᠍ ᠪᠦᠲᠦᠭᠡᠭ᠌ᠳᠡᠬᠦᠨ᠎ᠢ ᠦᠷᠭᠦᠯᠵᠢᠯᠡᠨ ᠬᠠᠩᠭᠠᠵᠤ᠂ ᠠᠵᠢᠯ ᠲᠦᠷᠦᠯ᠎ᠢᠶᠡᠨ ᠳᠠᠭᠠᠭᠤᠯᠤᠨ ᠪᠣᠬᠢᠷᠲᠤᠯ ᠦᠭᠡᠢ ᠦᠷᠭᠦᠯᠵᠢᠯᠡᠡ ᠬᠥᠭ᠌ᠵᠢᠬᠦ᠎ᠶ᠋ᠢ ᠪᠡᠶᠡᠯᠡᠭᠦᠯᠤᠨ᠎ᠠ᠃ ᠶᠡᠷᠦᠩᠬᠡᠶ ᠱᠦᠵᠢ ᠰᠢ᠎ᠶ᠋ᠢᠨ ᠫᠢᠩ᠂ ᠢᠳᠡᠭᠡᠨ᠎ᠦ ᠠᠵᠤ ᠠᠬᠤᠢᠯᠠᠯ᠎ᠤᠳ ᠴᠢᠨᠠᠷ ᠰᠠᠢᠲᠠᠶ ᠠᠮᠤᠷ ᠲᠦᠪᠰᠢᠨ ᠢᠳᠡᠭᠡᠨ᠎ᠢ ᠦᠶ᠋ᠯᠡᠳᠪᠦᠷᠢᠯᠡᠨ ᠭᠠᠷᠭᠠᠵᠤ᠂ ᠠᠷᠠᠳ ᠣᠯᠠᠨ᠎ᠤ 《ᠢᠳᠡᠭᠡᠨ ᠤᠮᠳᠠᠭᠠᠨ᠎ᠤ ᠠᠮᠤᠷ ᠲᠦᠪᠱᠢᠨ》 ᠢ᠋ ᠦᠨᠡᠨ ᠬᠦ᠌ ᠪᠠᠲᠤᠯᠠᠬᠤ ᠬᠡᠷᠡᠭ᠌ᠲᠡᠶ ᠭᠡᠵᠡᠶ᠃ ᠣᠯᠠᠨ ᠵᠢᠯ᠎ᠦᠨ ᠲᠤᠷᠰᠢ᠂ ᠪᠢᠳᠡ ᠶᠠᠷᠤᠩᠬᠡᠢ ᠱᠦᠵᠢ ᠵᠢᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ 《ᠶᠠᠰᠤ ᠴᠢᠨᠠᠷ᠎ᠢ ᠲᠡᠷᠢᠭᠦᠨ᠎ᠳᠦ ᠲᠠᠯᠪᠢᠬᠤ ᠪᠠᠢᠯᠳᠤᠬᠤ ᠪᠤᠳᠤᠯᠭ᠎ᠠ》 ᠵᠢ ᠪᠦᠬᠦ᠌ ᠲᠠᠯ᠎ᠠ᠎ᠪᠠᠷ ᠡᠬᠢᠯᠡᠭᠦᠯᠵᠦ᠍᠂ ᠢᠳᠡᠭᠡᠨ᠎ᠦ ᠠᠮᠤᠷ ᠲᠦᠪᠱᠢᠨ᠎ᠦ ᠠᠵᠢᠯ᠎ᠢ ᠪᠦᠬᠦ᠌ ᠪᠥᠮᠪᠥᠷᠴᠡᠭ᠎ᠦᠨ ᠠᠵᠤ ᠦᠢᠯᠡᠰ᠎ᠦᠨ ᠬᠡᠯᠬᠢᠶ᠎ᠡ᠎ᠶ᠋ᠢᠨ ᠪᠤᠢ ᠪᠦᠬᠦᠢ ᠬᠠᠮᠲᠤᠷᠠᠯᠴᠠᠭᠠᠨ᠎ᠤ ᠬᠠᠨᠢᠲᠠᠨ ᠬᠦᠷᠲᠡᠯ᠎ᠡ ᠤᠷᠳᠤᠳᠬᠠᠵᠤ᠂ ᠪᠦᠬᠦ᠌ ᠪᠥᠮᠪᠥᠷᠴᠡᠭ᠎ᠦᠨ ᠶᠠᠰᠤ ᠴᠢᠨᠠᠷ᠎ᠤᠨ ᠬᠠᠮᠢᠶᠠᠷᠤᠯᠲᠠ᠎ᠶ᠋ᠢᠨ ᠱᠢᠰᠲᠸᠮ᠎ᠢ ᠱᠢᠰᠲᠸᠮᠳᠤ ᠴᠢᠨᠠᠷᠲᠠᠢ ᠪᠡᠷ ᠪᠠᠢᠭᠤᠯᠵᠤ᠂ ᠱᠢᠯᠭᠠᠨ ᠪᠠᠢᠴᠠᠭᠠᠬᠤ ᠲᠦᠷᠦᠯ ᠵᠦᠢᠯ᠎ᠦᠨ ᠶᠡᠷᠦᠩᠬᠡᠢ ᠲᠣᠭ᠎ᠠ 1000 ᠭᠠᠷᠤᠢ ᠵᠦᠢᠯ᠎ᠳᠦ ᠬᠦᠷᠴᠦ᠍᠂ ᠡᠬᠢ ᠡᠭᠦᠰᠦᠯ᠎ᠡᠴᠡ ᠤᠢᠯᠠᠳᠪᠤᠷᠢᠯᠡᠵᠤ ᠲᠠᠭᠤᠰᠳᠠᠯᠠᠬᠢ ᠢᠳᠡᠭᠡᠨ᠎ᠦ ᠠᠮᠤᠷ ᠲᠦᠪᠱᠢᠨ ᠪᠣᠯᠤᠨ ᠶᠠᠰᠤ ᠴᠢᠨᠠᠷ᠎ᠢ ᠡᠵᠡᠮᠳᠡᠬᠦ᠌ ᠵᠠᠩᠭᠢᠯᠠᠭ᠎ᠠ᠎ᠶ᠋ᠢᠨ ᠴᠡᠭ ᠨᠢᠭᠡᠪᠦᠷᠢ᠎ᠵᠢᠨ ᠬᠢᠨᠠᠨ ᠬᠡᠮᠵᠢᠬᠦ᠂ ᠵᠠᠳᠠᠯᠬᠤ᠂ ᠡᠵᠡᠮᠳᠡᠬᠦ᠂ ᠤᠷᠢᠳᠴᠢᠯᠠᠨ ᠰᠡᠷᠭᠡᠢᠯᠡᠬᠦ᠌᠎ᠶ᠋ᠢ ᠤᠷᠢᠳ ᠵᠢᠡᠷ ᠪᠡᠶᠡᠯᠡᠭᠦᠯᠪᠡ᠃

ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠬᠠᠵᠤ᠂ ᠥᠪᠥᠷ ᠮᠣᠩᠭᠣᠯ᠎ᠤᠨ ᠪᠣᠬᠢᠷᠲᠤᠯ ᠥᠬᠡᠶ ᠲᠥᠷᠥᠯ ᠲᠡᠮᠳᠡᠭ᠌᠎ᠤᠨ ᠨᠦᠯᠦᠬᠡᠯᠡᠬᠦ ᠬᠦᠴᠤᠨ᠎ᠢ ᠬᠦᠨᠵᠡᠬᠡᠢᠷᠡᠬᠦᠯᠤᠨ᠎ᠠ᠃ ᠤᠳᠤ ᠦᠶ᠎ᠡ᠎ᠶ᠋ᠢᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠬᠤ᠎ᠳᠤ ᠡᠷᠬᠡᠪᠰᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠳᠦ ᠲᠦᠱᠢᠭ᠌ᠯᠡᠨ ᠠᠵᠤ ᠦᠢᠯᠡᠰ᠎ᠦᠨ ᠪᠦᠲᠦᠴᠡ᠎ᠶ᠋ᠢ ᠲᠣᠬᠢᠷᠠᠭᠤᠯᠤᠨ ᠲᠡᠰ ᠳᠡᠪᠱᠢᠭᠦᠯᠬᠦ ᠬᠡᠷᠡᠭᠳᠡᠢ᠃ ᠣᠯᠠᠨ ᠵᠢᠯ᠎ᠦᠨ ᠲᠤᠷᠰᠢ᠂ ᠪᠢᠳᠡ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠦᠶ᠋ᠯᠡᠳᠬᠦᠨ᠎ᠢ ᠰᠤᠳᠤᠯᠤᠨ ᠨᠡᠭᠡᠭᠡᠬᠦ᠌ ᠶᠠᠪᠤᠴᠠ᠎ᠳᠤ᠂ ᠠᠵᠢᠯ ᠲᠥᠷᠥᠯ᠎ᠦᠨ ᠮᠡᠷᠭᠡᠵᠢᠯ᠎ᠦᠨ ᠪᠣᠭᠣᠮᠢ᠎ᠶ᠋ᠢ ᠤᠳᠠᠭ᠎ᠠ ᠳᠠᠷᠠᠭᠠᠯᠠᠨ ᠱᠢᠪᠲᠤᠯᠵᠤ᠂ ᠱᠢᠨ᠎ᠡ ᠦᠶ᠋ᠯᠡᠳᠬᠦᠨ᠎ᠢ ᠰᠤᠳᠤᠯᠤᠨ ᠨᠡᠭᠡᠭᠡᠬᠦ᠌ ᠠᠵᠢᠯ᠎ᠤᠨ ᠱᠢᠯᠭᠠᠨ ᠦᠨᠡᠯᠡᠬᠦ᠌ ᠠᠷᠭ᠎ᠠ ᠪᠠ ᠮᠡᠷᠭᠡᠵᠢᠯ᠎ᠦᠨ ᠵᠠᠭ᠍ᠪᠤᠷ᠎ᠢ ᠣᠯᠠᠨ ᠪᠠᠢᠭᠤᠯᠵᠤ᠂ ᠠᠳᠠᠯᠢ ᠪᠤᠰᠤ ᠨᠠᠰᠤᠨ᠎ᠤ ᠪᠦᠬᠦᠢᠯᠡ ᠬᠡᠷᠡᠭ᠌ᠯᠡᠭ᠌ᠴᠢ ᠵᠢᠨ ᠴᠠᠭᠠᠨ ᠢᠳᠡᠭᠡᠨ᠎ᠦ ᠣᠯᠠᠨ ᠶᠠᠩᠵᠤᠴᠢᠯᠠᠭᠰᠠᠠ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠭ᠍ᠰᠠᠨ ᠪᠠᠢᠨ᠎ᠠ᠃

ᠲᠠᠷᠢᠶᠠᠴᠢᠨ ᠪᠠ ᠠᠵᠤ ᠠᠬᠤᠢᠯᠠᠯ᠎ᠤᠨ ᠠᠱᠢᠭ ᠲᠤᠰᠠ ᠵᠢᠨ ᠬᠤᠯᠪᠤᠭᠠᠨ᠎ᠤ ᠲᠣᠭ᠍ᠲᠠᠴᠠ᠎ᠶ᠋ᠢ ᠭᠦᠨᠵᠡᠭᠡᠢᠷᠡᠭᠦᠯᠵᠦ᠍᠂ ᠨᠢᠭᠡᠳᠦᠭᠡᠷ ᠬᠣᠶᠠᠳᠤᠭᠠᠷ ᠭᠤᠷᠪᠠᠳᠤᠭᠠᠷ ᠠᠵᠤ ᠦᠢᠯᠡᠰ᠎ᠦᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠪᠠ᠃ ᠶᠡᠷᠦᠩᠬᠡᠶ ᠱᠦᠵᠢ ᠰᠢ᠎ᠶ᠋ᠢᠨ ᠫᠢᠩ᠂ ᠤᠯᠠᠮᠵᠢᠯᠠᠯᠲᠤ ᠮᠠᠯ ᠠᠵᠤ ᠠᠬᠤᠶ ᠶ᠋ᠢ ᠣᠲᠣ ᠦᠶ᠎ᠡ᠎ᠶ᠋ᠢᠨ ᠮᠠᠯ ᠠᠵᠤ ᠠᠬᠤᠶ ᠪᠣᠯᠭᠠᠨ ᠬᠤᠪᠢᠷᠠᠭᠤᠯᠬᠤ ᠠᠯᠬᠤᠴᠠ᠎ᠶ᠋ᠢ ᠲᠦᠷᠭᠡᠳᠭᠡᠵᠦ᠍᠂ ᠵᠠᠷᠢᠮ ᠰᠠᠢᠨ ᠠᠷᠭ᠎ᠠ᠎ᠶ᠋ᠢ ᠰᠦᠪᠡᠭ᠌ᠴᠢᠯᠡᠵᠦ᠍᠂ ᠮᠠᠯᠴᠢᠨ ᠲᠠᠷᠢᠶᠠᠴᠢᠨ᠎ᠢ ᠬᠠᠪᠰᠤᠷᠤᠨ ᠠᠵᠤ ᠦᠶ᠋ᠯᠡᠰ᠎ᠦᠨ ᠠᠱᠢᠭ ᠬᠣᠨᠵᠢᠪᠣᠷᠢ ᠦᠷ᠎ᠡ ᠠᠱᠢᠭ᠎ᠢ ᠨᠠᠩ ᠢᠯᠡᠭᠦᠸ᠋ ᠡᠳ᠋ᠯᠡᠭᠦᠯᠵᠦ᠍᠂ ᠲᠠᠭᠠᠭᠤᠯᠤᠭᠴᠢ ᠠᠵᠤ ᠠᠬᠤᠢᠯᠠᠯ ᠵᠡᠷᠭᠡ ᠡᠵᠡᠩᠨᠡᠯᠲᠡ᠎ᠶ᠋ᠢᠨ ᠭᠤᠤᠯ ᠴᠣᠭ᠍ᠴᠠ᠎ᠲᠠᠶ ᠠᠱᠢᠭ ᠲᠤᠰᠠ᠎ᠶ᠋ᠢᠨ ᠬᠠᠮᠲᠤ᠎ᠶ᠋ᠢᠨ ᠴᠣᠭ᠍ᠴᠠ᠎ᠶ᠋ᠢ ᠦᠨᠡᠨ ᠬᠦ᠌ ᠪᠦᠷᠢᠯᠳᠦᠭᠦᠯᠬᠦ᠌ ᠬᠡᠷᠡᠭ᠌ᠲᠡᠶ ᠭᠡᠵᠤ ᠵᠢᠭᠠᠵᠤ ᠭᠠᠷᠭᠠᠵᠠᠢ᠃ ᠲᠠᠷᠠᠭᠠᠴᠢ᠎ᠶ᠋ᠢᠨ ᠠᠯᠬᠤᠮ᠎ᠳᠤ᠂ ᠪᠢᠳᠡ ᠠᠵᠤ ᠦᠶ᠋ᠯᠡᠰ᠎ᠦᠨ ᠬᠣᠯᠪᠣᠭᠠᠯᠠᠯ᠂ ᠠᠵᠤ ᠦᠶ᠋ᠯᠡᠰ᠎ᠦᠨ ᠲᠥᠪᠯᠡᠷᠡᠯ᠂ ᠮᠡᠷᠭᠡᠵᠢᠯ᠎ᠦᠨ ᠨᠡᠪᠴᠢᠯᠲᠡ ᠵᠡᠷᠭᠡ ᠠᠷᠭ᠎ᠠ ᠪᠡᠷ ᠲᠠᠷᠢᠶᠠᠯᠠᠩ᠎ᠤᠨ ᠦᠶ᠋ᠯᠡᠳᠪᠦᠷᠢᠯᠡᠯ᠂ ᠪᠦᠲᠦᠭᠡᠭ᠌ᠳᠡᠬᠦᠨ᠎ᠦ ᠪᠣᠯᠪᠠᠰᠤᠷᠠᠭᠤᠯᠤᠯᠲᠠ ᠵᠢᠴᠢ ᠵᠠᠬ᠎ᠠ ᠳᠡᠯᠭᠡᠭᠦᠷ᠎ᠦᠨ ᠦᠶ᠋ᠯᠡᠴᠢᠯᠡᠭᠡᠨ᠎ᠦ ᠦᠶ᠋ᠯᠡᠰ᠎ᠢ ᠣᠷᠭᠠᠨᠢᠭ᠎ᠢᠶᠠᠷ ᠨᠢᠭᠡᠳᠭᠡᠵᠦ᠍᠂ ᠰᠦ ᠶ᠋ᠢᠨ ᠦᠶ᠋ᠯᠡᠰ᠎ᠦᠨ ᠠᠵᠤ ᠦᠶ᠋ᠯᠡᠰ᠎ᠦᠨ ᠬᠡᠯᠬᠢᠶ᠎ᠡ᠎ᠶ᠋ᠢ ᠪᠤᠵᠠᠭᠠᠢᠷᠠᠭᠤᠯᠤᠨ ᠤᠷᠲᠤᠳᠭᠠᠵᠤ᠂ ᠰᠦ ᠶ᠋ᠢᠨ ᠦᠶ᠋ᠯᠡᠰ᠎ᠢ ᠨᠢᠭᠡᠳᠦᠭᠡᠷ ᠬᠣᠶᠠᠳᠤᠭᠠᠷ ᠭᠤᠷᠪᠠᠳᠤᠭᠠᠷ ᠠᠵᠤ ᠦᠶ᠋ᠯᠡᠰ᠎ᠲᠠᠢ ᠠᠭᠤᠰᠤᠯᠴᠠᠭᠤᠯᠤᠨ ᠬᠥᠭ᠌ᠵᠢᠭᠦᠯᠬᠦ ᠲᠥᠯᠥᠭᠡᠯᠡᠬᠦ᠌ ᠴᠢᠨᠠᠷᠲᠠᠶ ᠠᠵᠤ ᠦᠶ᠋ᠯᠡᠰ ᠪᠣᠯᠭᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠮᠦᠩᠭᠦᠨᠬᠤᠸᠠᠷ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号