
ᠹᠠᠨ ᠯᠢ ᠵᠢᠶᠦ᠋ᠨ
ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠨᠡᠢᠭᠡᠮ ᠤ᠋ᠨ ᠱᠢᠨᠵᠢᠯᠡᠬᠦ᠌ ᠤᠬᠠᠭᠠᠨ ᠤ᠋ ᠬᠦᠷᠢᠶᠡᠯᠡᠩ ᠤ᠋ᠨ 《ᠨᠢᠭᠡ ᠪᠦᠰᠡ ᠨᠢᠭᠡ ᠵᠠᠮ》 ᠤ᠋ᠨ ᠰᠤᠳᠤᠯᠭᠠᠨ ᠤ᠋ ᠭᠠᠵᠠᠷ ᠤ᠋ᠨ ᠳᠠᠷᠤᠭ᠎ᠠ᠂ ᠰᠤᠳᠤᠯᠤᠭ᠍ᠴᠢ
ᠶᠡᠷᠦᠩᠬᠡᠶ ᠱᠦᠵᠢ ᠰᠢ ᠵᠢᠨ ᠫᠢᠩ᠂ 《ᠨᠢᠭᠡ ᠪᠦᠰᠡ ᠨᠢᠭᠡ ᠵᠠᠮ》 ᠢ᠋ ᠬᠠᠮᠲᠤ ᠪᠡᠷ ᠪᠥᠲᠥᠭᠡᠨ ᠪᠠᠢᠭᠤᠯᠬᠤ ᠪᠠ ᠳᠤᠮᠳᠠᠳᠤ ᠮᠣᠩᠭᠣᠯ ᠣᠷᠣᠰ ᠤ᠋ᠨ ᠠᠵᠤ ᠠᠬᠤᠶ ᠶ᠋ᠢᠨ ᠬᠣᠩᠭᠢᠯ ᠤ᠋ᠨ ᠪᠥᠲᠥᠭᠡᠨ ᠪᠠᠢᠭᠤᠯᠤᠯᠲᠠ ᠳ᠋ᠤ ᠢᠳᠡᠪᠬᠢᠲᠡᠶ ᠣᠷᠣᠯᠴᠠᠵᠤ᠂ ᠭᠠᠳᠠᠭᠠᠳᠤ ᠨᠡᠭᠡᠭᠡᠯᠲᠡ ᠶ᠋ᠢᠨ ᠲᠦᠪᠱᠢᠨ ᠢ᠋ᠶ᠋ᠡᠨ ᠳᠡᠭᠡᠭ᠌ᠰᠢᠯᠡᠭᠦᠯᠵᠦ᠍᠂ ᠮᠠᠨ ᠤ᠋ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠵᠢ ᠪᠠᠢᠭᠤᠯᠵᠤ᠂ ᠤᠯᠤᠰ ᠤ᠋ᠨ ᠳᠣᠲᠣᠭᠠᠳᠤ ᠭᠠᠳᠠᠭᠠᠳᠤ ᠶ᠋ᠢᠨ ᠬᠤᠤᠰ ᠤᠷᠴᠢᠯ ᠢ᠋ ᠬᠤᠯᠪᠤᠨ ᠨᠡᠪᠲᠡᠷᠡᠭᠦᠯᠬᠦ ᠳᠤᠮᠳᠠ ᠨᠠᠩ ᠶᠡᠬᠡ ᠦᠢᠯᠡᠳᠦᠯ ᠢ᠋ᠶ᠋ᠡᠨ ᠪᠠᠳᠠᠷᠠᠭᠤᠯᠬᠤ ᠬᠡᠷᠡᠭ᠌ᠲᠡᠶ᠃ ᠪᠡᠭᠡᠵᠢᠩ ᠲᠢᠶᠠᠨᠵᠢᠨ ᠾᠸᠪᠸᠢ᠂ ᠬᠥᠬᠡᠮᠥ᠋ᠷᠡᠨ ᠤ᠋ ᠭᠤᠷᠪᠠᠯᠵᠢᠨ ᠬᠣᠢᠭ᠂ ᠭᠤᠸᠠᠩᠳᠦ᠋ᠩ ᠱᠢᠶᠠᠩᠭᠠᠩ ᠣᠣᠮᠧᠨ ᠤ᠋ ᠲᠤᠮᠤ ᠪᠤᠯᠤᠩ ᠤ᠋ᠨ ᠣᠷᠣᠨ ᠪᠣᠯᠤᠨ ᠵᠡᠭᠦᠨ ᠬᠤᠢᠲᠤ ᠶ᠋ᠢᠨ ᠭᠤᠷᠪᠠᠨ ᠮᠤᠵᠢᠯᠤᠭᠠ ᠶ᠋ᠢᠨ ᠬᠤᠯᠪᠤᠯᠳᠤᠨ ᠨᠡᠪᠲᠡᠷᠡᠯᠴᠡᠬᠦ ᠪᠡᠨ ᠴᠢᠩᠭᠠᠳᠭᠠᠵᠤ᠂ ᠤᠯᠤᠰ ᠤ᠋ᠨ ᠳᠣᠲᠣᠭᠠᠳᠤ ᠭᠠᠳᠠᠭᠠᠳᠤ ᠶ᠋ᠢᠨ ᠬᠣᠣᠰ ᠣᠷᠴᠢᠯ ᠳ᠋ᠤ ᠨᠡᠩ ᠰᠠᠢ᠌ᠨ ᠠᠭᠤᠰᠤᠯᠴᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃ ᠡᠨᠡ ᠬᠦ᠌ ᠴᠢᠬᠤᠯᠠ ᠵᠢᠭᠠᠪᠤᠷᠢ ᠨᠢ ᠥᠪᠥᠷ ᠮᠣᠩᠭᠣᠯ ᠤ᠋ᠨ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ ᠵᠢ ᠠᠬᠢᠭᠤᠯᠬᠤ ᠤᠷᠤᠭ᠍ᠰᠢᠯᠠᠯᠳᠠ ᠵᠢᠨ ᠴᠢᠭ᠌ᠯᠡᠯ ᠢ᠋ ᠲᠣᠳᠣᠷᠬᠠᠶ ᠵᠢᠭᠠᠵᠤ ᠥᠭ᠌ᠴᠡᠶ᠃
ᠥᠪᠥᠷ ᠮᠣᠩᠭᠣᠯ ᠤ᠋ᠨ ᠤᠮᠠᠷᠠᠰᠢ ᠨᠡᠭᠡᠭᠡᠯᠲᠡ ᠬᠢᠬᠦ᠌ ᠭᠤᠤᠯ ᠬᠠᠮᠲᠤᠷᠠᠯᠴᠠᠭᠠᠨ ᠤ᠋ ᠤᠯᠤᠰ ᠪᠣᠯ ᠣᠷᠣᠰ ᠪᠠ ᠮᠣᠩᠭᠣᠯ ᠤᠯᠤᠰ ᠪᠣᠯᠤᠨ᠎ᠠ᠂ ᠭᠡᠪᠡᠴᠦ᠍ ᠵᠥᠪᠬᠡᠨ ᠡᠨᠡ ᠬᠣᠶᠠᠷ ᠤᠯᠤᠰ ᠪᠢᠰᠢ᠂ ᠬᠠᠷᠢᠨ ᠡᠨᠡ ᠬᠣᠶᠠᠷ ᠤᠯᠤᠰ ᠲᠠᠶ ᠪᠠᠢᠭᠤᠯᠤᠭ᠍ᠰᠠᠨ ᠳᠤᠮᠳᠠᠳᠤ ᠮᠣᠩᠭᠣᠯ ᠣᠷᠣᠰ ᠤ᠋ᠨ ᠠᠵᠤ ᠠᠬᠤᠶ ᠶ᠋ᠢᠨ ᠬᠣᠩᠭᠢᠯ ᠢ᠋ᠶ᠋ᠡᠷ ᠳᠠᠮᠵᠢᠨ ᠬᠠᠮᠲᠤᠷᠠᠯᠴᠠᠭᠠᠨ ᠤ᠋ ᠬᠠᠨᠢᠲᠠᠨ ᠢ᠋ᠶ᠋ᠡᠨ ᠧᠦ᠋ᠷᠣᠫᠠ ᠲᠢᠪ ᠤ᠋ᠨ ᠨᠠᠩ ᠣᠯᠠᠨ ᠤᠯᠤᠰ ᠲᠦ᠍ ᠬᠦᠷᠲᠡᠯ᠎ᠡ ᠥᠷᠭᠡᠳᠭᠡᠨ᠂ 《ᠨᠢᠭᠡ ᠪᠦᠰᠡ ᠨᠢᠭᠡ ᠵᠠᠮ》 ᠢ᠋ ᠬᠠᠮᠲᠤ ᠪᠡᠷ ᠪᠥᠲᠥᠭᠡᠨ ᠪᠠᠢᠭᠤᠯᠬᠤ ᠣᠯᠠᠨ ᠤᠯᠤᠰ ᠤ᠋ᠨ ᠬᠠᠮᠲᠤᠷᠠᠯᠴᠠᠭ᠎ᠠ ᠳ᠋ᠤ ᠠᠭᠤᠰᠤᠯᠴᠠᠵᠤ᠂ ᠣᠯᠠᠨ ᠤᠯᠤᠰ ᠤ᠋ᠨ ᠠᠵᠤ ᠠᠬᠤᠶ ᠯᠤᠭ᠎ᠠ ᠵᠣᠯᠭᠠᠯᠳᠤᠭᠤᠯᠤᠨ ᠵᠡᠷᠭᠡ ᠪᠡᠷ ᠬᠦᠭᠵᠢᠭᠦᠯᠬᠦ ᠴᠢᠬᠤᠯᠠᠳᠠᠢ᠃ ᠣᠳᠣᠬᠠᠨ ᠳ᠋ᠤ ᠥᠪᠥᠷ ᠮᠣᠩᠭᠣᠯ 160 ᠭᠠᠷᠤᠶ ᠤᠯᠤᠰ ᠪᠠ ᠭᠠᠵᠠᠷ ᠣᠷᠣᠨ ᠲᠠᠢ ᠠᠷᠠᠯᠵᠢᠶᠠᠨ ᠤ᠋ ᠶᠠᠪᠤᠯᠴᠠᠭ᠎ᠠ ᠶ᠋ᠢᠨ ᠬᠠᠷᠢᠴᠠᠭ᠎ᠠ ᠪᠠᠢᠭᠤᠯᠪᠠ᠃ 2022 ᠣᠨ ᠤ᠋ ᠭᠠᠳᠠᠭᠠᠳᠤ ᠠᠷᠠᠯᠵᠢᠶᠠᠨ ᠤ᠋ ᠶᠡᠷᠦᠩᠬᠡᠶ ᠬᠡᠮᠵᠢᠶ᠎ᠠ 1523.6 ᠳ᠋ᠦᠩᠱᠢᠭᠤᠷ ᠲᠥᠭᠥᠷᠢᠭ ᠲᠦ᠍ ᠬᠦᠷᠴᠦ᠍᠂ ᠡᠭᠦᠨ ᠳ᠋ᠤ 《ᠨᠢᠭᠡ ᠪᠦᠰᠡ ᠨᠢᠭᠡ ᠵᠠᠮ》 ᠳᠠᠭᠠᠤ ᠤᠯᠤᠰ ᠯᠤᠭ᠎ᠠ ᠶ᠋ᠢᠨ ᠠᠷᠠᠯᠵᠢᠶᠠᠨ ᠤ᠋ ᠬᠡᠮᠵᠢᠶ᠎ᠠ 935.5 ᠳ᠋ᠦᠩᠱᠢᠭᠤᠷ ᠲᠥᠭᠥᠷᠢᠭ ᠪᠠᠢᠵᠤ᠂ ᠳᠡᠭᠡᠷ᠎ᠡ ᠵᠢᠯ ᠤ᠋ᠨ ᠬᠢ ᠡᠴᠡ ᠪᠠᠨ 29.6% ᠪᠡᠷ ᠨᠡᠮᠡᠭ᠌ᠳᠡᠪᠡ᠃
ᠥᠪᠥᠷ ᠮᠣᠩᠭᠣᠯ ᠳ᠋ᠤ ᠨᠡᠢᠲᠡ 14 ᠬᠠᠭᠤᠷᠠᠶ ᠵᠠᠮ ᠤ᠋ᠨ ᠬᠢᠯᠢ ᠶ᠋ᠢᠨ ᠪᠣᠭᠣᠮᠲᠠ᠂ 6 ᠠᠭᠠᠷ ᠤ᠋ᠨ ᠠᠶᠠᠯᠠᠯ ᠤ᠋ᠨ ᠬᠢᠯᠢ ᠵᠢᠨ ᠪᠣᠭᠣᠮᠲᠠ ᠲᠠᠢ ᠪᠠᠢᠵᠤ᠂ ᠤᠯᠤᠰ ᠤ᠋ᠨ ᠳᠣᠲᠣᠭᠠᠳᠤ ᠭᠠᠳᠠᠭᠠᠳᠤ ᠶ᠋ᠢᠨ ᠬᠤᠤᠰ ᠤᠷᠴᠢᠯ ᠢ᠋ ᠨᠡᠪᠲᠡᠷᠡᠭᠦᠯᠦᠨ ᠱᠢᠯᠤᠭᠤᠳᠭᠠᠬᠤ ᠴᠢᠬᠤᠯᠠ ᠵᠠᠮ ᠬᠠᠷᠢᠯᠴᠠᠭᠠᠨ ᠤ᠋ ᠬᠦᠶ᠋ᠰᠦ ᠪᠤᠯᠵᠠᠢ᠃ ᠣᠳᠣᠬᠠᠨ ᠳ᠋ᠤ ᠮᠠᠨ ᠤ᠋ ᠣᠷᠣᠨ ᠬᠥᠷᠱᠢᠯᠡᠵᠦ᠍ ᠪᠠᠢᠭ᠎ᠠ ᠨᠠᠶ᠋ᠮᠠᠨ ᠮᠤᠵᠢ ᠣᠷᠣᠨ ᠲᠠᠢ ᠳᠡᠭᠡᠳᠦ ᠲᠠᠰ ᠤ᠋ᠨ ᠵᠠᠰᠠᠮᠠᠯ ᠵᠠᠮ᠂ ᠲᠡᠮᠦᠷ ᠵᠠᠮ ᠪᠣᠯᠤᠨ ᠠᠭᠠᠷ ᠤ᠋ᠨ ᠠᠶᠠᠯᠠᠯ ᠤ᠋ᠨ ᠬᠣᠯᠪᠣᠯᠳᠤᠨ ᠨᠡᠪᠲᠡᠷᠡᠯᠴᠡᠬᠦ᠌ ᠵᠢ ᠦᠨᠳᠦᠰᠦᠨ ᠳ᠋ᠡᠭᠡᠨ ᠪᠡᠶᠡᠯᠡᠭᠦᠯᠵᠦ᠍᠂ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ᠋ ᠭᠤᠷᠪᠠᠯᠵᠢᠨ ᠬᠣᠢᠭᠯᠤᠭᠠ ᠶ᠋ᠢᠨ ᠴᠠᠭ ᠬᠤᠭᠤᠴᠠᠭ᠎ᠠ ᠪᠠ ᠤᠷᠤᠨ ᠵᠠᠶ ᠶ᠋ᠢ ᠪᠣᠭᠣᠨᠢᠰᠭᠠᠪᠠ᠃ ᠮᠠᠨ ᠤ᠋ ᠣᠷᠣᠨ ᠤ᠋ ᠬᠢᠯᠢ ᠶ᠋ᠢᠨ ᠪᠣᠭᠣᠮᠲᠠ ᠪᠡᠷ ᠲᠠᠮᠵᠢᠬᠤ ᠡᠳ᠋ ᠪᠠᠷᠠᠭᠠᠨ ᠤ᠋ ᠭᠦᠶ᠋ᠯᠭᠡᠭᠡ ᠵᠢᠨ ᠳᠤᠮᠳᠠᠳᠤ ᠧᠦ᠋ᠷᠣᠫᠠ ᠶ᠋ᠢᠨ ᠵᠢᠱᠢᠶᠠᠨ ᠤ᠋ ᠭᠠᠯᠲᠤ ᠲᠡᠷᠭᠡ ᠨᠢ ᠮᠠᠨ ᠤ᠋ ᠤᠯᠤᠰ ᠤ᠋ᠨ ᠵᠡᠭᠦᠨ ᠪᠠᠶ᠎ᠠ ᠪᠤᠯᠤᠨ ᠡᠮᠦᠨ᠎ᠡ ᠪᠠᠶ᠎ᠠ ᠵᠢᠨ ᠡᠯ᠎ᠡ ᠮᠤᠵᠢ ᠣᠷᠣᠨ ᠤ᠋ ᠡᠳ᠋ ᠪᠠᠷᠠᠭᠠᠨ ᠤ᠋ ᠭᠦᠶ᠋ᠯᠭᠡᠭᠡ ᠶ᠋ᠢᠨ ᠣᠷᠣᠰ᠂ ᠮᠣᠩᠭᠣᠯ ᠵᠡᠷᠭᠡ ᠤᠯᠤᠰ ᠲᠦ᠍ ᠨᠡᠪᠲᠡᠷᠡᠬᠦ ᠵᠠᠶ ᠵᠢ ᠶᠡᠬᠡ ᠪᠡᠷ ᠪᠣᠭᠣᠨᠢᠰᠭᠠᠭ᠍ᠰᠠᠨ ᠪᠦᠬᠡᠳ ᠧᠦ᠋ᠷᠣᠫᠠ ᠲᠢᠪ ᠤ᠋ᠨ ᠪᠠᠷᠠᠭ᠎ᠠ ᠲᠠᠸᠠᠷ ᠤ᠋ᠨ ᠳᠤᠮᠳᠠᠳᠤ ᠤᠯᠤᠰ ᠲᠦ᠍ ᠤᠷᠤᠵᠤ ᠢᠷᠡᠬᠦ ᠬᠤᠷᠳᠤᠴᠠ ᠵᠢ ᠲᠦᠷᠭᠡᠳᠭᠡᠵᠦ᠍᠂ ᠮᠠᠨ ᠤ᠋ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠳ᠋ᠤ ᠪᠠᠢᠯᠳᠤᠬᠤ ᠪᠣᠳᠣᠯᠭ᠎ᠠ ᠶ᠋ᠢᠨ ᠰᠠᠨᠠᠭᠠᠴᠢᠯᠠᠭᠠᠲᠤ ᠡᠷᠬᠡ ᠵᠢ ᠣᠯᠭᠣᠪᠠ᠃
ᠲᠠᠷᠠᠭᠠᠴᠢ ᠶ᠋ᠢᠨ ᠠᠯᠬᠤᠮ ᠳ᠋ᠤ᠂ ᠮᠠᠨ ᠤ᠋ ᠣᠷᠣᠨ ᠤ᠋ 《ᠤᠮᠠᠷᠠᠲᠤ ᠶ᠋ᠢᠨ ᠭᠤᠷᠪᠠᠨ ᠤᠷᠤᠨ》 ᠢ᠋ ᠰᠤᠨᠳᠠᠯᠡᠨ᠂ ᠣᠷᠣᠰ ᠮᠣᠩᠭᠣᠯ ᠲᠠᠢ ᠵᠠᠯᠭᠠᠯᠳᠤᠵᠤ᠂ ᠳᠣᠲᠣᠭᠠᠳᠤ ᠳ᠋ᠡᠭᠠᠨ ᠨᠠᠶ᠋ᠮᠠᠨ ᠮᠤᠵᠢ ᠣᠷᠣᠨ ᠲᠠᠢ ᠬᠥᠷᠱᠢᠯᠡᠭ᠌ᠰᠡᠨ ᠣᠷᠣᠨ ᠪᠠᠢᠷᠢ ᠶ᠋ᠢᠨ ᠳᠠᠪᠠᠭᠤᠯᠢᠭ ᠢ᠋ᠶ᠋ᠡᠨ ᠪᠠᠳᠠᠷᠠᠭᠤᠯᠵᠤ᠂ ᠤᠯᠤᠰ ᠤ᠋ᠨ ᠳᠣᠲᠣᠭᠠᠳᠤ ᠶ᠋ᠢᠨ ᠡᠯ᠎ᠡ ᠣᠷᠣᠨ ᠪᠦᠰᠡ ᠶ᠋ᠢᠨ ᠵᠠᠨᠭᠭᠢᠯᠠᠭᠠ ᠶ᠋ᠢᠨ ᠴᠡᠭ ᠤ᠋ᠨ ᠬᠣᠲᠠ ᠪᠡᠷ ᠰᠠᠭᠤᠷᠢ ᠴᠡᠭ ᠪᠣᠯᠭᠠᠨ ᠨᠡᠭᠡᠭᠡᠯᠲᠡ ᠬᠢᠬᠦ᠌ ᠥᠷᠭᠡᠴᠡ ᠪᠠ ᠭᠦᠨᠴᠡ ᠪᠠᠨ ᠥᠷᠭᠡᠳᠭᠡᠵᠦ᠍᠂ ᠤᠯᠤᠰ ᠤ᠋ᠨ ᠳᠣᠲᠣᠭᠠᠳᠤ ᠶ᠋ᠢᠨ ᠣᠷᠣᠨ ᠪᠦᠰᠡ ᠶ᠋ᠢᠨ ᠬᠠᠮᠲᠤᠷᠠᠯᠴᠠᠭ᠎ᠠ ᠪᠣᠯᠤᠨ ᠣᠯᠠᠨ ᠤᠯᠤᠰ ᠤ᠋ᠨ ᠣᠷᠴᠢᠯᠢ ᠬᠣᠯᠪᠤᠨ ᠨᠡᠪᠲᠡᠷᠡᠯᠴᠡᠭᠦᠯᠬᠦ ᠲᠠᠯ᠎ᠠ ᠪᠡᠷ ᠨᠠᠩ ᠶᠡᠬᠡ ᠦᠢᠯᠡᠳᠦᠯ ᠦᠵᠡᠭᠦᠯᠵᠦ᠍᠂ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠵᠢ ᠥᠨᠳᠥᠷ ᠰᠦᠷᠯᠢᠭ ᠪᠤᠯᠭᠠᠨ ᠴᠣᠭ᠍ᠴᠠᠯᠠᠬᠤ ᠴᠢᠬᠤᠯᠠᠳᠠᠢ᠃