
ᠵᠠᠩ ᠬᠣᠩ ᠹᠦ᠋
ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠤᠳᠠᠯᠳᠤᠭᠠᠨ ᠤ᠋ ᠶᠠᠪᠤᠳᠠᠯ ᠤ᠋ᠨ ᠲᠢᠩᠬᠢᠮ ᠤ᠋ᠨ ᠨᠠᠮ ᠤ᠋ᠨ ᠤᠳᠤᠷᠢᠳᠭᠤ ᠳᠤᠭᠤᠢᠯᠠᠩ ᠤ᠋ᠨ ᠱᠦᠵᠢ᠂ ᠲᠢᠩᠬᠢᠮ ᠤ᠋ᠨ ᠳᠠᠷᠤᠭ᠎ᠠ
ᠶᠡᠷᠦᠩᠬᠡᠶ ᠱᠦᠵᠢ ᠰᠢ ᠵᠢᠨ ᠫᠢᠩ᠂ ᠣᠲᠣ ᠪᠢᠳᠡ ᠥᠨᠳᠥᠷ ᠲᠦᠪᠱᠢᠨ ᠪᠥᠬᠥᠶ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠳ᠋ᠦ ᠲᠦᠱᠢᠭ᠌ᠯᠡᠨ ᠪᠡᠶ᠎ᠡ ᠪᠠᠨ ᠳᠠᠭᠠᠭᠠᠨ ᠬᠦᠴᠦᠷᠬᠡᠭ᠌ᠵᠢᠵᠦ᠍᠂ ᠱᠢᠨ᠎ᠡ ᠬᠥᠭ᠌ᠵᠢᠯᠲᠡ ᠶ᠋ᠢᠨ ᠪᠠᠢᠷᠢᠱᠢᠯ ᠢ᠋ ᠪᠠᠢᠭᠤᠯᠵᠤ ᠪᠠᠢᠭᠠᠳ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠪᠡᠷᠬᠡ ᠪᠣᠭᠣᠮᠲᠠ ᠵᠢ ᠰᠢᠪᠳᠤᠯᠬᠤ ᠬᠡᠷᠡᠭ᠌ᠲᠡᠶ᠃ ᠤᠯᠤᠰ ᠤ᠋ᠨ ᠳᠣᠲᠣᠭᠠᠳᠤ ᠶ᠋ᠢᠨ ᠶᠡᠬᠡ ᠣᠷᠴᠢᠯ ᠢ᠋ ᠪᠠᠢᠭᠤᠯᠬᠤ ᠨᠢ ᠤᠯᠤᠰ ᠠᠷᠠᠳ ᠤ᠋ᠨ ᠠᠵᠤ ᠠᠬᠤᠶ ᠶ᠋ᠢᠨ ᠬᠡᠪ ᠤ᠋ᠨ ᠡᠷᠬᠢᠯᠳᠡ ᠵᠢ ᠪᠠᠲᠤᠯᠠᠬᠤ ᠶ᠋ᠢᠨ ᠲᠥᠯᠥᠭᠡ ᠪᠠᠢᠵᠤ᠂ ᠡᠨᠡ ᠨᠢ ᠳᠡᠯᠡᠬᠡᠶ ᠶ᠋ᠢᠨ ᠠᠵᠤ ᠠᠬᠤᠶ ᠶ᠋ᠢᠨ ᠣᠷᠴᠢᠯ ᠳ᠋ᠦ ᠣᠷᠣᠯᠴᠠᠬᠤ ᠲᠠᠢ ᠵᠥᠷᠢᠴᠡᠯ ᠦᠭᠡᠢ ᠶᠤᠮ᠃ ᠪᠢᠳᠡ ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠲᠡ ᠵᠢ ᠡᠷᠡᠰ ᠭᠤᠢᠪᠢᠰᠢ ᠦᠭᠡᠢ ᠬᠡᠷᠡᠭ᠌ᠵᠢᠭᠦᠯᠵᠦ᠍᠂ ᠨᠡᠭᠡᠭᠡᠯᠳᠠ ᠲᠠᠢ ᠪᠡᠷ ᠪᠦᠲᠦᠭᠡᠨ ᠪᠠᠢᠭᠤᠯᠤᠯᠲᠠ ᠬᠢᠵᠦ᠍᠂ ᠬᠠᠮᠲᠤᠷᠠᠯᠴᠠᠵᠤ ᠬᠠᠮᠲᠤ ᠪᠡᠷ ᠠᠱᠢᠭ ᠬᠦᠷᠲᠡᠬᠦ᠌ ᠵᠢ ᠪᠡᠶᠡᠯᠡᠭᠦᠯᠬᠦ ᠬᠡᠷᠡᠭᠳᠠᠢ ᠭᠡᠵᠦ᠍ ᠵᠢᠭᠠᠵᠤ ᠭᠠᠷᠭᠠᠪᠠ᠃ ᠡᠨᠡ ᠨᠢ ᠮᠠᠨ ᠤ᠋ ᠣᠷᠣᠨ ᠤ᠋ ᠤᠯᠤᠰ ᠤ᠋ᠨ ᠳᠣᠲᠣᠭᠠᠳᠤ ᠭᠠᠳᠠᠭᠠᠳᠤ ᠶ᠋ᠢᠨ ᠬᠤᠤᠰ ᠣᠷᠴᠢᠯ ᠢ᠋ ᠬᠣᠯᠪᠣᠨ ᠨᠡᠪᠲᠡᠷᠡᠭᠦᠯᠬᠦ᠌ ᠳᠤᠮᠳᠠ ᠨᠠᠩ ᠶᠡᠬᠡ ᠦᠢᠯᠡᠳᠦᠯ ᠦᠵᠡᠭᠦᠯᠵᠦ᠍᠂ ᠳᠤᠮᠳᠠᠳᠤ ᠮᠣᠩᠭᠣᠯ ᠣᠷᠣᠰ ᠤ᠋ᠨ ᠠᠵᠤ ᠠᠬᠤᠶ ᠶ᠋ᠢᠨ ᠬᠣᠩᠭᠢᠯ ᠤ᠋ᠨ ᠪᠥᠲᠥᠭᠡᠨ ᠪᠠᠢᠭᠤᠯᠤᠯᠲᠠ ᠳ᠋ᠦ ᠭᠦᠨᠵᠡᠭᠡᠶ ᠣᠷᠣᠯᠴᠠᠵᠤ᠂ ᠥᠨᠳᠥᠷ ᠲᠦᠪᠱᠢᠨ ᠪᠥᠬᠥᠶ ᠨᠡᠭᠡᠭᠡᠯᠲᠡ ᠪᠡᠷ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠤᠷᠤᠭ᠍ᠰᠢᠯᠠᠯᠳᠠ ᠵᠢᠨ ᠴᠢᠭ᠌ᠯᠡᠯ ᠢ᠋ ᠲᠣᠳᠣᠷᠬᠠᠶ ᠵᠢᠭᠠᠨ ᠦᠭᠴᠦ᠂ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠪᠡ᠃
ᠡᠨᠡ ᠵᠢᠯ ᠡᠴᠡ ᠨᠠᠭᠠᠰᠢ᠂ ᠪᠢᠳᠡ ᠨᠠᠷᠢᠨ ᠬᠢᠨᠠᠮᠠᠭᠠᠶ ᠵᠣᠬᠢᠶᠠᠨ ᠪᠠᠢᠭᠤᠯᠤᠨ 2023 ᠣᠨ ᠤ᠋ ᠭᠤᠤᠯᠳᠠᠯᠭ᠎ᠠ ᠲᠠᠢ ᠡᠭᠦᠷᠭᠡ ᠶ᠋ᠢᠨ ᠨᠠᠷᠢᠨ ᠲᠠᠩᠰᠠ ᠶ᠋ᠢᠨ ᠡᠯ᠎ᠡ ᠵᠦᠶ᠋ᠯ ᠤ᠋ᠨ ᠠᠵᠢᠯ ᠢ᠋ ᠲᠦᠷᠭᠡᠳᠭᠡᠨ ᠠᠬᠢᠭᠤᠯᠵᠤ᠂ ᠴᠢᠬᠤᠯᠠ ᠪᠡᠬᠢᠯᠡᠯᠲᠡ ᠶ᠋ᠢᠨ ᠪᠥᠲᠥᠭᠡᠨ ᠪᠠᠢᠭᠤᠯᠤᠯᠲᠠ ᠳ᠋ᠤ ᠢᠳᠡᠪᠬᠢᠲᠡᠶ ᠦᠷ᠎ᠡ ᠪᠦᠲᠦᠮᠵᠢ ᠤᠯᠪᠠ᠃ ᠲᠠᠷᠠᠭᠠᠴᠢ ᠶ᠋ᠢᠨ ᠠᠯᠬᠤᠮ ᠳ᠋ᠦ᠂ ᠪᠢᠳᠡ ᠶᠡᠷᠦᠩᠬᠡᠶ ᠱᠦᠵᠢ ᠰᠢ ᠵᠢᠨ ᠫᠢᠩ ᠤ᠋ᠨ ᠴᠢᠩ ᠰᠡᠳᠭᠢᠯ ᠤ᠋ᠨ ᠬᠦᠰᠡᠯ ᠨᠠᠢᠳᠠᠯᠭ᠎ᠠ ᠵᠢ ᠪᠠᠲᠤ ᠴᠡᠭᠡᠵᠢᠯᠡᠨ᠂ ᠮᠠᠨ ᠤ᠋ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠶ᠋ᠢᠨ ᠪᠥᠲᠥᠭᠡᠨ ᠪᠠᠢᠭᠤᠯᠤᠯᠲᠠ ᠪᠡᠷ ᠪᠥᠬᠥ᠌ ᠣᠷᠣᠨ ᠤ᠋ ᠨᠡᠭᠡᠭᠡᠯᠲᠡᠲᠦ ᠬᠡᠯᠪᠡᠷᠢ ᠶ᠋ᠢᠨ ᠠᠵᠤ ᠠᠬᠤᠶ ᠶ᠋ᠢᠨ ᠬᠥᠭ᠌ᠵᠢᠯᠲᠡ ᠶ᠋ᠢᠨ ᠪᠥᠬᠥ᠌ ᠲᠠᠯ᠎ᠠ ᠵᠢ ᠶᠡᠷᠦᠩᠬᠡᠢᠯᠡᠨ ᠵᠢᠯᠣᠭᠣᠳᠣᠭᠤᠯᠵᠤ᠂ ᠤᠯᠤᠰ ᠤ᠋ᠨ ᠳᠣᠲᠣᠭᠠᠳᠤ ᠶ᠋ᠢᠨ ᠶᠡᠬᠡ ᠣᠷᠴᠢᠯ ᠤ᠋ᠨ ᠴᠢᠬᠤᠯᠠ ᠵᠠᠩᠭᠢᠯᠠᠭ᠎ᠠ ᠶ᠋ᠢᠨ ᠴᠡᠭ ᠪᠣᠯᠤᠨ ᠤᠯᠤᠰ ᠤ᠋ᠨ ᠳᠣᠲᠣᠭᠠᠳᠤ ᠭᠠᠳᠠᠭᠠᠳᠤ ᠶ᠋ᠢᠨ ᠬᠤᠤᠰ ᠣᠷᠴᠢᠯ ᠤ᠋ᠨ ᠪᠠᠢᠯᠳᠤᠬᠤ ᠪᠣᠳᠣᠯᠭ᠎ᠠ ᠶ᠋ᠢᠨ ᠲᠤᠯᠬᠤ ᠴᠡᠭ ᠢ᠋ ᠴᠢᠷᠮᠠᠢᠨ ᠴᠣᠭ᠍ᠴᠠᠯᠠᠵᠤ᠂ ᠥᠨᠳᠥᠷ ᠲᠦᠪᠱᠢᠨ ᠪᠥᠬᠥᠶ ᠨᠡᠭᠡᠭᠡᠯᠲᠡ ᠪᠡᠷ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠤᠨ᠎ᠠ᠃
ᠨᠢᠭᠡ ᠳ᠋ᠦ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ᠋ ᠭᠤᠷᠪᠠᠯᠵᠢᠨ ᠬᠣᠢᠭ᠂ ᠭᠤᠸᠠᠩᠳᠦ᠋ᠩ ᠱᠢᠶᠠᠩᠭᠠᠩ ᠣᠣᠮᠧᠨ ᠤ᠋ ᠲᠣᠮᠣ ᠪᠤᠯᠤᠩ ᠤ᠋ᠨ ᠣᠷᠣᠨ ᠪᠤᠯᠤᠨ ᠵᠡᠭᠦᠨ ᠬᠤᠢᠳᠤ ᠵᠢᠨ ᠭᠤᠷᠪᠠᠨ ᠮᠤᠵᠢ ᠯᠤᠭ᠎ᠠ ᠬᠣᠯᠪᠣᠯᠳᠤᠨ ᠨᠡᠪᠲᠡᠷᠡᠯᠴᠡᠬᠦ᠌ ᠵᠢ ᠴᠢᠩᠭᠠᠳᠭᠠᠵᠤ᠂ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠬᠤ ᠵᠢ ᠶᠡᠬᠡ ᠪᠡᠷ ᠠᠳᠬᠤᠨ᠂ ᠧᠦ᠋ᠷᠣᠫᠠ ᠠᠮᠧᠷᠢᠺᠠ᠂ ᠶᠠᠫᠣᠨ ᠺᠣᠷᠢᠶᠠ ᠵᠡᠷᠭᠡ ᠤᠯᠤᠰ ᠤᠷᠤᠨ ᠳ᠋ᠦ ᠬᠠᠨᠳᠤᠭᠤᠯᠤᠨ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠬᠤ ᠠᠷᠭ᠎ᠠ ᠵᠠᠮ ᠢ᠋ ᠥᠷᠭᠡᠳᠭᠡᠵᠦ᠍᠂ ᠭᠠᠳᠠᠭᠠᠳᠤ ᠪᠠᠯᠠ ᠵᠢ ᠣᠷᠣᠭᠤᠯᠬᠤ ᠬᠡᠪᠴᠢᠶ᠎ᠡ ᠪᠠᠨ ᠥᠷᠭᠡᠳᠭᠡᠨ᠎ᠡ᠃ ᠬᠣᠶᠠᠷ ᠲᠦ᠍᠂ ᠬᠢᠯᠢ ᠵᠢᠨ ᠪᠣᠭᠣᠮᠲᠠ ᠶ᠋ᠢ ᠳᠡᠰ ᠳᠡᠪᠱᠢᠬᠦᠯᠬᠦ᠂ ᠬᠢᠯᠢ ᠬᠢᠵᠠᠭᠠᠷ ᠪᠤᠯᠤᠨ ᠳᠤᠳᠤᠷ ᠭᠠᠵᠠᠷ ᠬᠠᠷᠢᠯᠴᠠᠨ ᠬᠥᠳᠡᠯᠦᠯᠴᠡᠬᠦ᠌ ᠲᠠᠯ᠎ᠠ ᠶ᠋ᠢᠨ ᠴᠢᠬᠤᠯᠠ ᠶᠡᠬᠡ ᠲᠥᠷᠥᠯ ᠵᠦᠢᠯ ᠤ᠋ᠨ ᠪᠦᠲᠦᠭᠡᠨ ᠪᠠᠢᠭᠤᠯᠤᠯᠲᠠ ᠵᠢ ᠢᠳᠡᠪᠬᠢᠲᠡᠢ ᠠᠬᠢᠭᠤᠯᠤᠨ᠎ᠠ᠃ ᠳᠤᠮᠳᠠᠳᠤ ᠧᠦ᠋ᠷᠣᠫᠠ ᠶ᠋ᠢᠨ ᠵᠢᠰᠢᠶᠠᠨ ᠤ᠋ ᠭᠠᠯᠲᠤ ᠲᠡᠷᠭᠡ ᠶ᠋ᠢᠨ ᠰᠠᠭᠤᠷᠢᠨ ᠢ᠋ ᠲᠦᠷᠭᠡᠳᠬᠡᠨ ᠪᠠᠢᠭᠤᠯᠵᠤ᠂ ᠵᠡᠭᠦᠨ ᠬᠣᠢᠲᠤ ᠣᠷᠣᠨ ᠪᠠ ᠤᠮᠠᠷᠠᠲᠤ ᠣᠷᠣᠨ ᠢ᠋ ᠬᠠᠮᠤᠷᠤᠭ᠍ᠰᠠᠨ ᠵᠢᠰᠢᠶᠠᠨ ᠤ᠋ ᠭᠠᠯᠲᠤ ᠲᠡᠷᠭᠡ ᠶ᠋ᠢᠨ ᠰᠠᠭᠤᠷᠢᠨ ᠢ᠋ ᠪᠦᠳᠦᠬᠡᠨ ᠪᠠᠢᠭᠤᠯᠤᠨ᠎ᠠ᠃ ᠣᠷᠣᠰ ᠮᠣᠩᠭᠣᠯ ᠯᠤᠭ᠎ᠠ ᠢᠳᠡᠪᠬᠢᠲᠡᠶ ᠵᠣᠬᠢᠴᠠᠭᠤᠯᠤᠨ ᠵᠣᠯᠭᠠᠭᠤᠯᠵᠤ᠂ ᠵᠠᠮ ᠬᠠᠷᠢᠯᠴᠠᠭ᠎ᠠ ᠶ᠋ᠢᠨ ᠵᠣᠯᠭᠠᠯᠴᠠᠭ᠎ᠠ ᠵᠢ ᠴᠢᠩᠭᠠᠳᠬᠠᠨ ᠪᠣᠭᠣᠮᠲᠠ ᠪᠡᠷ ᠥᠩᠭᠡᠷᠡᠬᠦᠯᠬᠦ ᠦᠷ᠎ᠡ ᠪᠦᠲᠦᠮᠵᠢ ᠵᠢ ᠳᠡᠭᠡᠭ᠌ᠰᠢᠯᠡᠭᠦᠯᠦᠨᠡ᠃ ᠭᠤᠷᠪᠠ ᠳ᠋ᠦ᠂ ᠬᠢᠯᠢ ᠠᠯᠤᠰᠯᠠᠭ᠍ᠰᠠᠨ ᠬᠠᠮᠲᠤᠷᠠᠯᠴᠠᠭᠠᠨ ᠤ᠋ ᠲᠠᠯ᠎ᠠ ᠶ᠋ᠢᠨ ᠴᠢᠬᠤᠯᠠ ᠶᠡᠬᠡ ᠲᠦᠷᠦᠯ ᠵᠦᠢᠯ ᠤ᠋ᠨ ᠪᠦᠳᠦᠭᠡᠨ ᠪᠠᠢᠭᠤᠯᠤᠯᠲᠠ ᠵᠢ ᠢᠳᠡᠪᠬᠢᠲᠡᠢ ᠠᠬᠢᠭᠤᠯᠤᠨ᠎ᠠ᠃ ᠳᠤᠮᠳᠠᠳᠤ ᠮᠤᠨᠭᠭᠤᠯ ᠤ᠋ᠨ ᠡᠷᠢᠶᠡᠨ ᠬᠣᠲᠠ — ᠵᠠᠮ ᠤ᠋ᠨ ᠡᠭᠦᠳᠡ ᠶ᠋ᠢᠨ ᠠᠵᠤ ᠠᠬᠤᠢ ᠶ᠋ᠢᠨ ᠬᠠᠮᠲᠤᠷᠠᠯᠴᠠᠭᠠᠨ ᠤ᠋ ᠲᠣᠭᠣᠷᠢᠭ ᠤ᠋ᠨ ᠪᠦᠳᠦᠬᠡᠨ ᠪᠠᠢᠭᠤᠯᠤᠯᠳᠠ ᠵᠢ ᠠᠬᠢᠭᠤᠯᠵᠤ᠂ ᠰᠣᠶᠣᠯ ᠤ᠋ᠨ ᠣᠢᠯᠠᠭᠠᠯᠲᠠ᠂ ᠬᠢᠯᠢ ᠠᠯᠤᠰᠯᠠᠭ᠍ᠰᠠᠨ ᠵᠢᠭᠤᠯᠴᠢᠯᠠᠯ ᠢ᠋ ᠬᠥᠭ᠌ᠵᠢᠭᠦᠯᠤᠨ᠂ ᠬᠥᠮᠥᠷᠭᠡᠯᠡᠨ ᠬᠠᠳᠠᠭᠠᠯᠠᠬᠤ ᠡᠳ᠋ ᠪᠠᠷᠠᠭ᠎ᠠ ᠶ᠋ᠢᠨ ᠭᠦᠢᠯᠭᠡᠭᠡᠨ ᠤ᠋ ᠲᠥᠪ᠂ ᠮᠠᠯ ᠤ᠋ᠨ ᠠᠰᠢᠬ ᠰᠢᠮ᠎ᠠ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠡᠳ᠋ᠱᠢᠭᠦᠯᠬᠦ᠌ ᠵᠡᠷᠭᠡ ᠠᠵᠤ ᠦᠢᠯᠡᠰ ᠤ᠋ᠨ ᠲᠥᠷᠥᠯ ᠵᠦᠢᠯ ᠢ᠋ ᠪᠣᠳᠠᠲᠠᠢᠵᠢᠭᠤᠯᠬᠤ ᠵᠢ ᠠᠬᠢᠭᠤᠯᠤᠨ᠎ᠠ᠃ ᠣᠷᠣᠰ ᠮᠣᠩᠭᠣᠯᠯᠤᠭᠠ ᠶ᠋ᠢᠨ ᠡᠨᠧᠷᠭᠢ᠂ ᠲᠠᠷᠢᠶᠠᠯᠠᠩ᠂ ᠱᠢᠨ᠎ᠡ ᠡᠨᠧᠷᠭᠢ ᠵᠡᠷᠭᠡ ᠬᠦᠷᠢᠶᠡᠨ ᠳ᠋ᠡᠬᠢ ᠬᠠᠮᠲᠤᠷᠠᠯᠴᠠᠭ᠎ᠠ ᠵᠢ ᠥᠷᠭᠡᠳᠭᠡᠨ ᠭᠦᠨᠵᠡᠭᠡᠢᠷᠡᠭᠦᠯᠦᠨ᠎ᠡ᠃