
ᠮᠠ ᠱᠢᠶᠤᠤ ᠬᠥᠩ
ᠬᠥᠬᠡᠬᠣᠲᠠ ᠪᠣᠭᠣᠮᠲᠠ ᠶ᠋ᠢᠨ ᠶᠡᠷᠦᠩᠬᠡᠢᠯᠡᠭ᠌ᠰᠡᠨ ᠲᠤᠬᠠᠢᠯᠠᠭ᠍ᠰᠠᠨ ᠠᠵᠢᠯ ᠤ᠋ᠨ ᠭᠠᠵᠠᠷ ᠤ᠋ᠨ ᠳᠠᠷᠤᠭ᠎ᠠ
ᠶᠡᠷᠦᠩᠬᠡᠢ ᠱᠦᠵᠢ ᠰᠢ ᠵᠢᠨ ᠫᠢᠩ ᠤ᠋ᠨ ᠦᠪᠦᠷ ᠮᠤᠩᠭᠤᠯ ᠳ᠋ᠤ ᠰᠢᠨᠵᠢᠯᠡᠨ ᠪᠠᠢᠴᠠᠭᠠᠬᠤ ᠦᠶ᠎ᠠ ᠶ᠋ᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ᠋ ᠵᠤᠷᠢᠭ ᠰᠠᠨᠠᠭ᠎ᠠ ᠨᠢ ᠮᠠᠨ ᠤ᠋ ᠤᠯᠤᠰ ᠤ᠋ᠨ ᠤᠮᠠᠷᠠᠰᠢ ᠨᠡᠭᠡᠭᠡᠯᠳᠡ ᠬᠢᠬᠦ ᠴᠢᠬᠤᠯᠠ ᠪᠡᠬᠢᠯᠡᠯᠳᠡ ᠶ᠋ᠢ ᠱᠠᠯᠠᠪᠳᠠᠨ ᠪᠠᠢᠭᠤᠯᠬᠤ᠂ ᠦᠪᠦᠷ ᠮᠤᠩᠭᠤᠯ ᠤ᠋ᠨ ᠦᠨᠳᠦᠷ ᠲᠦᠪᠰᠢᠨ ᠪᠦᠬᠦᠢ ᠭᠠᠳᠠᠭᠠᠳᠤ ᠨᠡᠭᠡᠭᠡᠯᠳᠡ ᠶ᠋ᠢ ᠠᠬᠢᠭᠤᠯᠬᠤ ᠴᠢᠭᠯᠡᠯ ᠢ᠋ ᠲᠤᠳᠤᠷᠬᠠᠢᠯᠠᠵᠤ᠂ ᠦᠨᠳᠦᠰᠦᠨ ᠵᠢᠷᠦᠮᠯᠠᠯ ᠬᠠᠩᠭᠠᠪᠠ᠃ ᠪᠤᠭᠤᠮᠳᠠ ᠨᠢ ᠰᠢᠨ᠎ᠠ ᠬᠦᠭᠵᠢᠯᠳᠡ ᠶ᠋ᠢᠨ ᠪᠠᠢᠷᠢᠰᠢᠯ ᠤ᠋ᠨ ᠪᠠᠢᠭᠤᠯᠤᠯᠳᠠ ᠳ᠋ᠤ ᠵᠠᠩᠬᠢᠯᠠᠭ᠎ᠠ ᠶ᠋ᠢᠨ ᠦᠢᠯᠡᠳᠦᠯ ᠦᠵᠡᠬᠦᠯᠵᠤ ᠪᠠᠢᠭ᠎ᠠ ᠪᠤᠯᠬᠤᠷ ᠡᠷᠬᠡᠪᠰᠢ ᠦᠨᠳᠦᠷ ᠲᠦᠪᠰᠢᠨ ᠪᠦᠬᠦᠢ ᠭᠠᠳᠠᠭᠠᠳᠤ ᠨᠡᠭᠡᠭᠡᠯᠳᠡ ᠶ᠋ᠢ ᠠᠬᠢᠭᠤᠯᠬᠤ ᠴᠢᠬᠤᠯᠠ ᠶᠡᠬᠡ ᠬᠠᠷᠢᠭᠤᠴᠠᠯᠭ᠎ᠠ ᠶ᠋ᠢ ᠨᠡᠩ ᠡᠷᠡᠰ ᠭᠤᠢᠪᠢᠰᠢ ᠦᠭᠡᠢ ᠪᠡᠷ ᠡᠭᠦᠷᠭᠡᠯᠡᠬᠦ ᠬᠡᠷᠡᠭᠳᠠᠢ᠃
2022 ᠤᠨ ᠳ᠋ᠤ ᠬᠦᠬᠡᠬᠤᠳᠠ ᠪᠤᠭᠤᠮᠳᠠ 《ᠳᠠᠪᠤᠨ ᠶᠡᠬᠡ ᠡᠭᠦᠷᠭᠡ》 ᠶ᠋ᠢ ᠨᠠᠢᠳᠠᠪᠤᠷᠢᠵᠢᠭᠤᠯᠬᠤ ᠲᠠᠢ ᠨᠢᠭᠳᠠ ᠤᠶᠠᠯᠳᠤᠭᠤᠯᠤᠨ᠂ ᠦᠪᠤᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠨᠡᠭᠡᠭᠡᠯᠳᠡᠳᠦ ᠬᠦᠭᠵᠢᠯᠳᠡ ᠶ᠋ᠢᠨ ᠬᠡᠷᠡᠭᠴᠡᠭᠡ ᠱᠠᠭᠠᠷᠳᠠᠯᠭ᠎ᠠ ᠶ᠋ᠢ ᠢᠮᠠᠭᠳᠠ ᠨᠢᠭᠳᠠ ᠠᠩᠬᠠᠷᠴᠤ᠂ ᠪᠤᠭᠤᠮᠳᠠ ᠶ᠋ᠢᠨ ᠬᠢᠨ ᠤ᠋ ᠭᠠᠳᠠᠭᠠᠳᠤ ᠠᠷᠠᠯᠵᠢᠶ᠎ᠠ ᠶ᠋ᠢ ᠠᠬᠢᠭᠤᠯᠤᠨ ᠳᠤᠭᠳᠠᠭᠤᠨ ᠢ᠋ ᠪᠠᠳᠤᠯᠠᠵᠤ ᠶᠠᠰᠤ ᠴᠢᠨᠠᠷ ᠢ᠋ ᠳᠡᠭᠡᠭᠰᠢᠯᠡᠭᠦᠯᠬᠦ 21 ᠵᠦᠢᠯ ᠤ᠋ᠨ ᠠᠷᠭ᠎ᠠ ᠬᠡᠮᠵᠢᠶ᠎ᠠ᠂ ᠠᠵᠤ ᠠᠬᠤᠢᠯᠠᠯ ᠢ᠋ ᠳᠡᠳᠭᠦᠨ ᠳᠡᠮᠵᠢᠵᠤ ᠬᠦᠴᠢᠷᠳᠡᠯ ᠢ᠋ ᠨᠢ ᠰᠢᠢᠳᠪᠤᠷᠢᠯᠡᠵᠦ ᠦᠭᠬᠦᠨ ᠦᠪᠡᠷ ᠤ᠋ᠨ ᠦᠷᠳᠡᠭ ᠢ᠋ ᠨᠢ ᠪᠠᠭᠤᠷᠠᠭᠤᠯᠬᠤ 15 ᠵᠦᠢᠯ ᠤ᠋ᠨ ᠠᠷᠭ᠎ᠠ ᠬᠡᠮᠵᠢᠶ᠎ᠠ ᠶ᠋ᠢ ᠳᠤᠭᠳᠠᠭᠠᠨ ᠨᠡᠢᠳᠡᠯᠡᠵᠤ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠤᠷᠤᠭᠤᠯᠤᠯᠳᠠ ᠶ᠋ᠢᠨ ᠦᠨᠳᠦᠰᠦᠨ ᠪᠠᠢᠳᠠᠯ ᠢ᠋ ᠳᠤᠭᠳᠠᠪᠤᠷᠢᠵᠢᠭᠤᠯᠬᠤ ᠪᠡᠷ ᠬᠦᠴᠦᠯᠡᠨ ᠴᠢᠷᠮᠠᠢᠵᠤ᠂ ᠦᠨᠳᠦᠷ ᠲᠦᠪᠰᠢᠨ ᠪᠦᠬᠦᠢ ᠭᠠᠳᠠᠭᠠᠳᠤ ᠨᠡᠭᠡᠭᠡᠯᠳᠡ ᠶ᠋ᠢᠨ ᠡᠯ᠎ᠠ ᠵᠦᠢᠯ ᠤ᠋ᠨ ᠠᠵᠢᠯ ᠤ᠋ᠨ ᠪᠠᠢᠷᠢᠯᠠᠭᠤᠯᠤᠯᠳᠠ ᠶ᠋ᠢ ᠪᠤᠳᠠᠳᠠᠢ ᠳ᠋ᠤ ᠨᠠᠢᠳᠠᠪᠤᠷᠢᠵᠢᠭᠤᠯᠤᠨ ᠦᠷ᠎ᠠ ᠪᠦᠲᠦᠮᠵᠢ ᠤᠯᠬᠤ ᠶ᠋ᠢ ᠭᠦᠨᠵᠡᠭᠡᠢ ᠠᠬᠢᠭᠤᠯᠤᠭᠰᠠᠨ ᠪᠠᠢᠨ᠎ᠠ᠃
ᠦᠪᠦᠷ ᠮᠤᠩᠭᠤᠯ ᠳ᠋ᠤ ᠬᠢᠯᠢ ᠬᠢᠵᠠᠭᠠᠷ ᠤ᠋ᠨ ᠨᠡᠭᠡᠭᠡᠯᠳᠡ ᠶ᠋ᠢ ᠬᠦᠭᠵᠢᠭᠦᠯᠬᠦ ᠦᠪᠡᠷᠮᠢᠴᠡ ᠳᠠᠪᠠᠭᠤᠯᠢᠭ ᠲᠠᠢ ᠪᠠᠢᠵᠤ ᠂ ᠮᠠᠨ ᠤ᠋ ᠤᠯᠤᠰ ᠤ᠋ᠨ ᠤᠮᠠᠷᠠᠰᠢ ᠨᠡᠭᠡᠭᠡᠯᠳᠡ ᠬᠢᠬᠦ ᠡᠮᠦᠨ᠎ᠠ ᠹᠷᠤᠨᠲ ᠪᠤᠯᠬᠤ ᠶᠤᠮ᠃ 《ᠨᠢᠭᠡ ᠪᠦᠰᠡ ᠨᠢᠭᠡ ᠵᠠᠮ》 ᠤ᠋ᠨ ᠴᠢᠬᠤᠯᠠ ᠵᠠᠩᠭᠢᠯᠠᠭ᠎ᠠ ᠶ᠋ᠢᠨ ᠴᠡᠭ᠂ ᠳᠤᠮᠳᠠᠳᠤ ᠡᠧᠦ᠋ᠷᠦᠫᠠ ᠶ᠋ᠢᠨ ᠵᠢᠱᠢᠶᠠᠨ ᠤ᠋ ᠭᠠᠯᠳᠤ ᠲᠡᠷᠭᠡᠨ ᠤ᠋ ᠵᠠᠮ ᠤ᠋ᠨ ᠴᠢᠬᠤᠯᠠ ᠡᠭᠦᠳᠡ ᠶ᠋ᠢ ᠰᠠᠬᠢᠭᠰᠠᠨ ᠪᠤᠭᠤᠮᠳᠠ ᠪᠤᠯᠤᠭᠰᠠᠨ ᠤ᠋ ᠬᠤᠪᠢ ᠳ᠋ᠤ᠂ ᠪᠢᠳᠡ ᠡᠭᠦᠷᠭᠡᠯᠡᠵᠦ ᠪᠠᠢᠭ᠎ᠠ ᠤᠨᠴᠠᠭᠠᠢ ᠡᠭᠦᠷᠭᠡ ᠪᠤᠯᠤᠨ ᠴᠢᠬᠤᠯᠠ ᠶᠡᠬᠡ ᠬᠠᠷᠢᠭᠤᠴᠠᠯᠭ᠎ᠠ ᠪᠡᠨ ᠭᠦᠨᠵᠡᠭᠡᠢ ᠲᠠᠨᠢᠵᠤ᠂ ᠤᠯᠤᠰ ᠤ᠋ᠨ ᠪᠠᠢᠯᠳᠤᠬᠤ ᠪᠤᠳᠤᠯᠭ᠎ᠠ ᠳ᠋ᠤ ᠦᠢᠯᠡᠴᠢᠯᠡᠬᠦ ᠶ᠋ᠢ ᠲᠡᠷᠢᠭᠦᠨ ᠳ᠋ᠤ ᠲᠠᠯᠪᠢᠨ᠂ ᠰᠢᠨ᠎ᠠ ᠪᠠᠢᠳᠠᠯ ᠢ᠋ ᠰᠡᠷᠬᠡᠭ ᠶ᠋ᠢᠡᠷ ᠲᠠᠨᠢᠵᠤ᠂ ᠰᠢᠨ᠎ᠠ ᠱᠠᠭᠠᠷᠳᠠᠯᠭ᠎ᠠ ᠶ᠋ᠢ ᠨᠠᠷᠢᠨ ᠤᠨᠤᠴᠠᠳᠠᠢ ᠡᠵᠡᠮᠳᠡᠨ᠂ ᠰᠢᠨ᠎ᠠ ᠰᠡᠳᠬᠢᠮᠵᠢ ᠶ᠋ᠢ ᠰᠢᠨᠵᠢᠯᠡᠬᠦ ᠤᠬᠠᠭᠠᠨᠴᠢ ᠪᠡᠷ ᠲᠦᠰᠦᠪᠯᠡᠵᠦ᠂ ᠡᠭᠦᠷᠭᠡ ᠴᠢᠳᠠᠪᠬᠢ ᠶ᠋ᠢᠨ ᠳᠠᠪᠠᠭᠤᠯᠢᠭ ᠶ᠋ᠢᠡᠨ ᠪᠠᠳᠠᠷᠠᠭᠤᠯᠤᠨ᠂ ᠨᠡᠩ ᠰᠢᠯᠢᠳᠡᠭ ᠠᠷᠭ᠎ᠠ ᠬᠡᠮᠵᠢᠶ᠎ᠠ ᠪᠡᠷ ᠠᠵᠤ ᠦᠢᠯᠡᠰ ᠤ᠋ᠨ ᠬᠦᠭᠵᠢᠯᠳᠡ ᠳ᠋ᠤ ᠦᠢᠯᠡᠴᠢᠯᠡᠵᠦ᠂ ᠨᠡᠩ ᠦᠨᠳᠦᠷ ᠪᠠᠷᠢᠮᠵᠢᠶ᠎ᠠ ᠪᠡᠷ ᠦᠭᠡᠷᠡᠴᠢᠯᠡᠯᠳᠡ ᠰᠢᠨᠡᠴᠢᠯᠡᠯᠳᠡ ᠳ᠋ᠤ ᠬᠦᠴᠦᠨ ᠨᠡᠮᠡᠷᠢᠯᠡᠨ᠂ ᠰᠢᠨ᠎ᠠ ᠠᠶᠠᠨ ᠳ᠋ᠤ ᠰᠢᠨ᠎ᠠ ᠡᠭᠦᠷᠭᠡᠯᠡᠯ ᠰᠢᠨ᠎ᠠ ᠵᠢᠳᠭᠦᠯ ᠴᠢᠷᠮᠠᠢᠯᠭ᠎ᠠ ᠭᠠᠷᠭᠠᠨ᠎ᠠ᠃ ᠪᠢᠳᠡ ᠨᠡᠩ ᠶᠡᠬᠡ ᠡᠭᠦᠷᠭᠡᠯᠡᠯ ᠶ᠋ᠢᠡᠷ ᠡᠭᠦᠷᠭᠡ ᠴᠢᠳᠠᠪᠬᠢ ᠶ᠋ᠢᠨ ᠳᠠᠪᠠᠭᠤᠯᠢᠭ ᠶ᠋ᠢᠡᠨ ᠪᠠᠳᠠᠷᠠᠭᠤᠯᠵᠤ᠂ ᠤᠯᠠᠨ ᠤᠯᠤᠰ ᠤ᠋ᠨ ᠠᠷᠠᠯᠵᠢᠶᠠᠨ ᠤ᠋ ᠰᠢᠨ᠎ᠠ ᠪᠠᠢᠳᠠᠯ ᠳ᠋ᠤ ᠵᠤᠬᠢᠴᠠᠬᠤ ᠪᠤᠯᠤᠨ᠎ᠠ ; ᠪᠢᠳᠡ ᠨᠡᠩ ᠰᠢᠯᠢᠳᠡᠭ ᠠᠷᠭ᠎ᠠ ᠬᠡᠮᠵᠢᠶ᠎ᠠ ᠪᠡᠷ ᠠᠵᠤ ᠦᠢᠯᠡᠰ ᠤ᠋ᠨ ᠬᠦᠭᠵᠢᠯᠳᠡ ᠳ᠋ᠤ ᠦᠢᠯᠡᠴᠢᠯᠡᠵᠤ᠂ ᠤᠷᠤᠨ ᠪᠦᠰᠡ ᠶ᠋ᠢᠨ ᠠᠵᠤ ᠠᠬᠤᠢ ᠶ᠋ᠢᠨ ᠬᠦᠭᠵᠢᠯᠳᠡ ᠶ᠋ᠢᠨ ᠰᠢᠨ᠎ᠠ ᠱᠠᠭᠠᠷᠳᠠᠯᠭ᠎ᠠ ᠶ᠋ᠢ ᠬᠠᠩᠭᠠᠬᠤ ᠪᠤᠯᠤᠨ᠎ᠠ; ᠪᠢᠳᠡ ᠨᠡᠩ ᠦᠨᠳᠦᠷ ᠪᠠᠷᠢᠮᠵᠢᠶ᠎ᠠ ᠪᠡᠷ ᠦᠭᠡᠷᠡᠴᠢᠯᠡᠯᠳᠡ ᠰᠢᠨᠡᠴᠢᠯᠡᠯᠳᠡ ᠳ᠋ᠤ ᠬᠦᠴᠦᠨ ᠨᠡᠮᠡᠷᠢᠯᠡᠵᠤ᠂ 《ᠤᠶᠤᠨᠴᠢᠯᠠᠭᠰᠠᠨ ᠪᠤᠭᠤᠮᠳᠠ ᠪᠡᠷ ᠤᠯᠤᠰ ᠶ᠋ᠢᠡᠨ ᠬᠦᠴᠦᠷᠬᠡᠭᠵᠢᠭᠦᠯᠬᠦ ᠪᠠᠢᠭᠤᠯᠤᠯᠳᠠ ᠳ᠋ᠤ ᠦᠢᠯᠡᠴᠢᠯᠡᠬᠦ》 ᠠᠵᠢᠯᠯᠠᠭ᠎ᠠ ᠶ᠋ᠢ ᠦᠢᠯᠡᠳᠦᠯᠭᠡᠵᠢᠭᠦᠯᠬᠦ ᠪᠤᠯᠤᠨ᠎ᠠ ᠃
ᠳᠠᠷᠠᠭᠠᠴᠢ ᠪᠡᠷ᠂ ᠪᠢᠳᠡ ᠪᠤᠭᠤᠮᠳᠠ ᠶ᠋ᠢᠨ ᠭᠠᠳᠠᠭᠠᠳᠦ ᠨᠡᠭᠡᠭᠡᠯᠳᠡ ᠳ᠋ᠡᠬᠢ ᠬᠦᠬᠦᠷᠭᠡ ᠬᠤᠯᠪᠤᠭᠠᠰᠤ ᠶ᠋ᠢᠨ ᠦᠢᠯᠡᠳᠦᠯ ᠢ᠋ ᠭᠦᠢᠴᠡᠳ ᠪᠠᠳᠠᠷᠠᠭᠤᠯᠵᠤ᠂ ᠦᠨᠳᠦᠷ ᠲᠦᠪᠰᠢᠨ ᠪᠦᠬᠦᠢ ᠭᠠᠳᠠᠭᠠᠳᠤ ᠨᠡᠭᠡᠭᠡᠯᠳᠡ ᠶ᠋ᠢ ᠠᠬᠢᠭᠤᠯᠬᠤ᠂ ᠴᠢᠨᠠᠷ ᠰᠠᠢᠳᠠᠢ ᠬᠦᠭᠵᠢᠯᠳᠡ ᠶ᠋ᠢ ᠪᠡᠶᠡᠯᠡᠭᠦᠯᠬᠦ ᠪᠡᠷ ᠭᠤᠤᠯ ᠰᠡᠳᠦᠪ ᠪᠤᠯᠭᠠᠨ᠂ ᠬᠦᠭᠵᠢᠯᠳᠡ ᠪᠠ ᠠᠮᠦᠷ ᠲᠦᠪᠰᠢᠨ ᠢ᠋ ᠨᠢᠭᠡᠳᠦᠯᠳᠠᠢ ᠲᠦᠯᠦᠪᠵᠢᠭᠦᠯᠵᠤ᠂ ᠪᠤᠭᠤᠮᠳᠠ ᠶ᠋ᠢᠨ ᠬᠢᠨᠠᠯᠳᠠ ᠬᠠᠮᠢᠶᠠᠷᠤᠯᠳᠠ ᠪᠠ ᠦᠢᠯᠡᠴᠢᠯᠡᠭᠡᠨ ᠤ᠋ ᠪᠠᠢᠭᠤᠯᠤᠮᠵᠢ ᠳᠤᠭᠳᠠᠴᠠ ᠶ᠋ᠢᠨ ᠰᠢᠨ᠎ᠠ ᠶ᠋ᠢ ᠡᠭᠦᠳᠬᠦ ᠶ᠋ᠢ ᠢᠳᠡᠪᠬᠢᠳᠠᠢ ᠪᠡᠷ ᠠᠬᠢᠭᠤᠯᠤᠨ᠂ ᠬᠢᠯᠢ ᠶ᠋ᠢᠨ ᠪᠤᠭᠤᠮᠳᠠ ᠶ᠋ᠢᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ᠋ ᠦᠷᠭᠦᠯᠵᠢᠯᠡᠨ ᠰᠢᠯᠢᠳᠡᠭᠵᠢᠭᠦᠯᠵᠦ᠂ ᠨᠡᠭᠡᠭᠡᠯᠳᠡ ᠬᠢᠬᠦ ᠳᠠᠪᠴᠠᠩ ᠪᠤᠯᠤᠨ ᠵᠠᠮ ᠱᠤᠭᠤᠮ ᠢ᠋ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠤᠯᠤᠰ ᠤ᠋ᠨ ᠤᠮᠠᠷᠠᠰᠢ ᠨᠡᠭᠡᠭᠡᠯᠳᠠ ᠬᠢᠬᠦ ᠴᠢᠬᠤᠯᠠ ᠪᠡᠬᠢᠯᠡᠯᠳᠡ ᠶ᠋ᠢ ᠪᠦᠳᠦᠬᠡᠨ ᠪᠠᠢᠭᠤᠯᠬᠤ ᠳ᠋ᠤ ᠨᠡᠩ ᠶᠡᠬᠡ ᠬᠦᠴᠦᠨ ᠵᠢᠳᠭᠦᠯ ᠦᠵᠡᠭᠦᠯᠤᠨ᠎ᠠ᠃