
ᠸᠠᠩ ᠱ᠌ᠢ ᠴᠤᠤ
ᠳᠤᠮᠳᠠᠳᠤ ᠤᠯᠤᠰ ᠤ᠋ᠨ ᠲᠡᠮᠦᠷ ᠵᠠᠮ ᠤ᠋ᠨ ᠬᠦᠬᠡᠬᠤᠲᠠ ᠵᠢᠨ ᠲᠤᠪᠴᠢᠶ᠎ᠠ ᠵᠢᠨ ᠪᠦᠯᠦᠭᠯᠡᠯ ᠺᠤᠮᠫᠠᠨᠢ ᠶ᠋ᠢᠨ ᠡᠷᠢᠶᠡᠨ ᠦᠷᠲᠡᠭᠡᠨ ᠤ᠋ ᠨᠠᠮ ᠤ᠋ᠨ ᠬᠤᠷᠢᠶᠠᠨ ᠤ᠋ ᠱᠦᠵᠢ᠂ ᠳᠡᠳ᠋ ᠦᠷᠲᠡᠭᠡᠨ ᠳᠠᠷᠤᠭ᠎ᠠ
ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ ᠳ᠋ᠤ᠌ ᠰᠢᠨᠵᠢᠯᠡᠨ ᠪᠠᠢᠴᠠᠭᠠᠬᠤ ᠳ᠋ᠠᠭᠠᠨ ᠂ ᠪᠢᠳᠡᠨ ᠢ᠋ 《ᠨᠢᠭᠡ ᠪᠦᠰᠡ ᠨᠢᠭᠡ ᠵᠠᠮ》 ᠢ᠋ ᠬᠠᠮᠲᠤᠪᠠᠷ ᠪᠥᠲᠥᠭᠡᠨ ᠪᠠᠢᠭᠤᠯᠬᠤ ᠪᠠ ᠳᠤᠮᠳᠠᠳᠤ ᠮᠣᠩᠭᠣᠯ ᠣᠷᠣᠰ ᠤ᠋ᠨ ᠠᠵᠤ ᠠᠬᠤᠶᠶ᠋ᠢᠨ ᠬᠣᠩᠭᠢᠯ ᠤ᠋ᠨ ᠪᠥᠲᠥᠭᠡᠨ ᠪᠠᠢᠭᠤᠯᠤᠯᠲᠠ ᠳ᠋ᠤ ᠢᠳᠡᠪᠬᠢᠲᠡᠶ ᠣᠷᠣᠯᠴᠠᠵᠤ ᠂ ᠭᠠᠳᠠᠭᠠᠳᠤ ᠨᠡᠭᠡᠭᠡᠯᠲᠡ ᠶ᠋ᠢᠨ ᠲᠦᠪᠱᠢᠨ ᠵᠢᠡᠨ ᠳᠡᠭᠡᠭ᠌ᠰᠢᠯᠡᠭᠦᠯᠵᠦ᠍᠂ ᠮᠠᠨᠤ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠶ᠋ᠢ ᠪᠦᠳᠦᠬᠡᠨ ᠪᠠᠢᠭᠤᠯᠵᠤ᠂ ᠤᠯᠤᠰ ᠤ᠋ᠨ ᠳᠣᠲᠣᠭᠠᠳᠤ ᠭᠠᠳᠠᠭᠠᠳᠤᠶ᠋ᠢᠨ ᠬᠤᠤᠰ ᠤᠷᠴᠢᠯ ᠢ᠋ ᠬᠣᠯᠪᠣᠨ ᠨᠡᠪᠳᠡᠷᠡᠬᠦᠯᠬᠦ ᠳᠤᠮᠳᠠ ᠨᠠᠩ ᠶᠡᠬᠡ ᠦᠢᠯᠡᠳᠦᠯ ᠵᠢᠡᠨ ᠪᠠᠳᠠᠷᠠᠭᠤᠯᠬᠤ ᠬᠡᠷᠡᠭ᠌ᠲᠡᠶ ᠭᠡᠵᠦ ᠱᠠᠭᠠᠷᠳᠠᠪᠠ᠃ ᠡᠨᠡ ᠨᠢ ᠪᠢᠳᠡᠨ ᠤ᠋ ᠡᠷᠢᠶᠡᠨ ᠲᠡᠮᠦᠷ ᠵᠠᠮ ᠤ᠋ᠨ ᠬᠢᠯᠢ ᠵᠢᠨ ᠪᠣᠭᠣᠮᠲᠠ ᠵᠢᠨ ᠲᠡᠭᠡᠭᠡᠪᠦᠷᠢ ᠵᠢᠨ ᠴᠢᠳᠠᠪᠤᠷᠢ ᠪᠣᠯᠤᠨ ᠳᠤᠮᠳᠠᠳᠤ ᠧᠦ᠋ᠷᠣᠫᠠ ᠵᠢᠨ ᠵᠢᠰᠢᠶᠠᠨ ᠤ᠋ ᠭᠠᠯᠲᠤ ᠲᠡᠷᠭᠡ ᠵᠢᠨ ᠲᠡᠭᠡᠭᠡᠪᠦᠷᠢ ᠵᠢᠨ ᠶᠠᠰᠤ ᠴᠢᠨᠠᠷ ᠢ᠋ ᠬᠦᠴᠦᠯᠡᠨ ᠳᠡᠰ ᠳᠡᠪᠰᠢᠭᠦᠯᠵᠤ᠂ ᠵᠠᠮ ᠤ᠋ᠨ ᠲᠤᠤᠷ ᠤ᠋ᠨ ᠨᠡᠪᠲᠡᠷᠡᠬᠦ ᠲᠦᠪᠰᠢᠨ ᠪᠣᠯᠤᠨ ᠣᠯᠠᠨ ᠤᠯᠤᠰ ᠤ᠋ᠨ ᠬᠠᠮᠲᠤᠷᠠᠭᠰᠠᠨ ᠲᠡᠭᠡᠭᠡᠪᠦᠷᠢ ᠵᠢᠨ ᠴᠢᠳᠠᠪᠤᠷᠢ ᠵᠢ ᠪᠦᠲᠦᠮᠵᠢᠲᠡᠢ ᠳᠡᠭᠡᠭᠰᠢᠯᠡᠭᠦᠯᠬᠦ ᠳ᠋ᠦ᠍ ᠴᠢᠬᠤᠯᠠ ᠶᠡᠬᠡ ᠵᠢᠯᠣᠭᠣᠳᠬᠤ ᠠᠴᠢ ᠬᠣᠯᠪᠣᠭᠳᠠᠯ ᠲᠠᠢ ᠶᠤᠮ᠃
ᠪᠢᠳᠡ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠢᠯᠠᠭᠠᠵᠤ᠂ 《ᠬᠣᠶᠠᠷ ᠢ᠋ ᠲᠣᠭᠲᠠᠭᠠᠬᠰᠠᠨ》 ᠢ᠋ ᠭᠣᠣᠯᠯᠠᠭᠴᠢ ᠳ᠋ᠤ᠌ ᠦᠨᠡᠨᠴᠢ ᠰᠢᠳᠤᠷᠭᠤ᠂ ᠭᠣᠣᠯᠯᠠᠭᠴᠢ ᠵᠢ ᠬᠦᠷᠢᠶᠡᠯᠡᠬᠦ᠂ ᠭᠣᠣᠯᠯᠠᠭᠴᠢ ᠵᠢ ᠳᠠᠭᠠᠬᠤ᠂ ᠭᠣᠣᠯᠯᠠᠭᠴᠢ ᠵᠢ ᠬᠠᠮᠠᠭᠠᠯᠠᠬᠤ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠰᠢ ᠵᠢᠨ ᠫᠢᠩ ᠤ᠋ᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠵᠢ ᠰᠠᠢᠳᠤᠷ ᠣᠢᠯᠠᠭᠠᠵᠤ ᠲᠤᠭᠤᠷᠠᠳᠠᠯ᠎ᠠ ᠮᠡᠳᠡᠵᠤ ᠪᠣᠳᠠᠲᠠᠢᠵᠢᠭᠤᠯᠬᠤ ᠵᠢᠨ ᠪᠣᠳᠠᠲᠤ ᠦᠢᠯᠡᠳᠦᠯᠭᠡ ᠪᠣᠯᠭᠠᠨ ᠬᠤᠪᠢᠷᠠᠭᠤᠯᠵᠤ᠂ ᠦᠵᠡᠯ ᠰᠠᠨᠠᠭ᠎ᠠ ᠪᠠᠨ ᠦᠨᠡᠨ ᠬᠦ᠌ ᠨᠢᠭᠡᠳᠭᠡᠨ᠂ ᠵᠣᠷᠢᠭ ᠰᠠᠨᠠᠭ᠎ᠠ ᠪᠠᠨ ᠦᠨᠡᠨ ᠬᠦ᠌ ᠨᠢᠭᠡᠳᠭᠡᠵᠦ ᠂ ᠦᠢᠯᠡ ᠠᠵᠢᠯᠯᠠᠭ᠎ᠠ ᠪᠠᠨ ᠦᠨᠡᠨ ᠬᠦ᠌ ᠨᠢᠭᠡᠳᠭᠡᠨ᠎ᠡ ᠃
ᠳᠤᠮᠳᠠᠳᠤ ᠮᠣᠩᠭᠣᠯ ᠵᠢᠴᠢ ᠳᠤᠮᠳᠠᠳᠤ ᠮᠣᠩᠭᠣᠯ ᠣᠷᠣᠰ ᠤ᠋ᠨ ᠭᠠᠳᠠᠭᠠᠳᠤ ᠠ᠋ᠴᠠ ᠣᠷᠣᠭᠤᠯᠵᠤ ᠭᠠᠳᠠᠭᠠᠳᠤ ᠳ᠋ᠤ᠌ ᠭᠠᠷᠭᠠᠬᠤ ᠠᠷᠠᠯᠵᠢᠶ᠎ᠠ ᠬᠤᠳᠠᠯᠳᠤᠭ᠎ᠠ ᠵᠢᠨ ᠥᠷᠨᠢᠩᠭᠦᠢ ᠬᠥᠭᠵᠢᠯᠳᠡ ᠵᠢ ᠳᠠᠭᠠᠯᠳᠤᠨ᠂ ᠡᠷᠢᠶᠡᠨ ᠲᠡᠮᠦᠷ ᠵᠠᠮ ᠤ᠋ᠨ ᠬᠢᠯᠢ ᠵᠢᠨ ᠪᠣᠭᠣᠮᠲᠠ ᠵᠢᠨ ᠤᠮᠠᠷᠠᠰᠢ ᠨᠡᠭᠡᠭᠡᠯᠲᠡ ᠬᠢᠬᠦ ᠪᠡᠬᠢᠯᠡᠯᠲᠡ ᠵᠢᠨ ᠦᠢᠯᠡᠳᠦᠯ ᠡᠳᠦᠷ ᠢᠷᠡᠬᠦᠶ᠎ᠡ ᠳᠣᠪᠣᠢᠮ᠎ᠠ ᠪᠣᠯᠵᠤ᠂ 《ᠨᠢᠭᠡ ᠪᠦᠰᠡ ᠨᠢᠭᠡ ᠵᠠᠮ》 ᠢ᠋ ᠬᠠᠮᠲᠤ ᠪᠠᠷ ᠪᠦᠲᠦᠭᠡᠨ ᠪᠠᠢᠭᠤᠯᠬᠤ ᠲᠠᠯ᠎ᠠ ᠪᠠᠷ ᠡᠯᠪᠡᠭ ᠦᠷ᠎ᠡ ᠪᠦᠲᠦᠭᠡᠯ ᠣᠯᠤᠭᠰᠠᠨ ᠪᠠᠢᠨ᠎ᠠ᠃ 10 ᠵᠢᠯ ᠤ᠋ᠨ ᠲᠤᠷᠰᠢ᠂ ᠬᠢᠯᠢ ᠵᠢᠨ ᠪᠣᠭᠣᠮᠲᠠ ᠪᠠᠷ ᠦᠩᠬᠡᠷᠡᠭᠰᠡᠨ ᠳᠤᠮᠳᠠᠳᠤ ᠧᠦ᠋ᠷᠣᠫᠠ ᠵᠢᠨ ᠵᠢᠰᠢᠶᠠᠨ ᠤ᠋ ᠭᠠᠯᠲᠤ ᠲᠡᠷᠭᠡ ᠨᠡᠢᠲᠡ 12500 ᠴᠤᠪᠤᠭ᠎ᠠ ᠵᠢ ᠳᠠᠪᠠᠪᠡ᠃ ᠳᠠᠷᠠᠭᠠᠴᠢ ᠪᠡᠷ᠂ ᠳᠤᠮᠳᠠᠳᠤ ᠧᠦ᠋ᠷᠣᠫᠠ ᠵᠢᠨ ᠵᠢᠰᠢᠶᠠᠨ ᠤ᠋ ᠭᠠᠯᠲᠤ ᠲᠡᠷᠭᠡ ᠵᠢᠨ ᠪᠠᠢᠯᠳᠤᠬᠤ ᠪᠣᠳᠣᠯᠭ᠎ᠠ ᠵᠢᠨ ᠵᠠᠮ ᠤ᠋ᠨ ᠦᠢᠯᠡᠳᠦᠯ ᠢ᠋ ᠦᠷᠭᠦᠯᠵᠢᠯᠡᠨ ᠪᠠᠳᠠᠷᠠᠭᠤᠯᠵᠤ ᠂ ᠳᠤᠮᠳᠠᠳᠤ ᠧᠦ᠋ᠷᠣᠫᠠ ᠵᠢᠨ ᠵᠢᠰᠢᠶᠠᠨ ᠤ᠋ ᠭᠠᠯᠲᠤ ᠲᠡᠷᠭᠡ ᠵᠢᠨ ᠠᠶᠠᠯᠠᠯ ᠤ᠋ᠨ ᠴᠢᠨᠠᠷ ᠴᠢᠨᠰᠠᠭ᠎ᠠ ᠵᠢ ᠦᠷᠭᠦᠯᠵᠢᠯᠡᠨ ᠳᠡᠭᠡᠭᠰᠢᠯᠡᠭᠦᠯᠤᠨ᠎ᠡ᠃
ᠳᠤᠮᠳᠠᠳᠤ ᠤᠯᠤᠰ ᠤ᠋ᠨ ᠲᠡᠮᠦᠷ ᠵᠠᠮ ᠤ᠋ᠨ ᠪᠦᠯᠦᠭᠯᠡᠯ ᠤ᠋ᠨ ᠬᠢᠵᠠᠭᠠᠷᠳᠤ ᠺᠤᠮᠫᠠᠨᠢ ᠵᠢᠨ ᠨᠠᠮ ᠤ᠋ᠨ ᠤᠳᠤᠷᠢᠳᠬᠤ ᠳᠤᠭᠤᠢᠯᠠᠩ᠂ ᠪᠦᠯᠦᠭᠯᠡᠯ ᠺᠣᠮᠫᠠᠨᠢ ᠵᠢᠨ ᠨᠠᠮ ᠤ᠋ᠨ ᠬᠣᠷᠢᠶ᠎ᠠ ᠵᠢᠨ 《ᠲᠡᠮᠦᠷ ᠵᠠᠮ ᠤ᠋ᠨ ᠬᠢᠯᠢ ᠵᠢᠨ ᠪᠣᠭᠣᠮᠲᠠ ᠵᠢᠨ ᠲᠡᠭᠡᠭᠡᠪᠦᠷᠢ ᠵᠢᠨ ᠴᠢᠳᠠᠪᠤᠷᠢ ᠵᠢ ᠳᠡᠭᠡᠭᠰᠢᠯᠡᠭᠦᠯᠵᠦ᠂ ᠥᠪᠥᠷ ᠮᠣᠩᠭᠣᠯ ᠤ᠋ᠨ ᠲᠡᠮᠦᠷ ᠵᠠᠮ ᠤ᠋ᠨ ᠲᠣᠣᠷ ᠤ᠋ᠨ ᠨᠡᠪᠲᠡᠷᠡᠬᠦ ᠲᠦᠪᠰᠢᠨ ᠪᠠ ᠣᠯᠠᠨ ᠤᠯᠤᠰ ᠤ᠋ᠨ ᠬᠠᠮᠲᠤᠷᠠᠭᠰᠠᠨ ᠲᠡᠭᠡᠭᠡᠪᠦᠷᠢ ᠵᠢᠨ ᠴᠢᠳᠠᠪᠤᠷᠢ ᠵᠢ ᠳᠡᠭᠡᠭᠰᠢᠯᠡᠭᠦᠯᠬᠦ》 ᠲᠣᠭᠣᠷᠢᠨ ᠳ᠋ᠤ᠌ ᠬᠢᠭᠰᠡᠨ ᠪᠣᠳᠠᠲᠠᠢ ᠪᠠᠢᠷᠢᠯᠠᠭᠤᠯᠤᠯᠲᠠ ᠵᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ 《ᠤᠷᠢᠳ ᠵᠢᠡᠷ ᠵᠣᠬᠢᠶᠠᠨ ᠪᠠᠢᠭᠤᠯᠵᠤ᠂ ᠤᠷᠢᠳ ᠵᠢᠡᠷ ᠭᠦᠢᠴᠡᠳᠭᠡᠵᠦ᠂ ᠤᠷᠢᠳ ᠵᠢᠡᠷ ᠲᠤᠰᠢᠶᠠᠬᠤ ᠪᠠ ᠬᠦᠯᠢᠶᠡᠨ ᠠᠪᠬᠤ》 ᠵᠢ ᠪᠠᠷᠢᠮᠲᠠᠯᠠᠨ᠂ ᠲᠡᠭᠡᠭᠡᠪᠦᠷᠢ ᠵᠢᠨ 《ᠰᠠᠭᠠᠳ ᠥᠬᠡᠢ ᠨᠡᠪᠲᠡᠷᠡᠬᠦ ᠵᠠᠮ》 ᠢ᠋ ᠦᠨᠡᠨ ᠬᠦ᠌ ᠰᠠᠭᠠᠳ ᠥᠬᠡᠢ ᠨᠡᠪᠲᠡᠷᠡᠭᠦᠯᠤᠨᠡ︔ ᠠᠴᠢᠵᠤ ᠪᠠᠭᠤᠯᠭᠠᠬᠤ ᠬᠥᠮᠦᠨ ᠤ᠋ ᠬᠦᠴᠦᠨ ᠪᠠ ᠮᠠᠰᠢᠨ ᠲᠦᠬᠦᠬᠡᠷᠦᠮᠵᠢ ᠵᠢ ᠵᠦᠢ ᠵᠤᠬᠢᠰᠳᠠᠢ ᠲᠣᠬᠢᠷᠠᠭᠤᠯᠵᠤ᠂ ᠳᠤᠮᠳᠠᠳᠤ ᠧᠦ᠋ᠷᠣᠫᠠ ᠵᠢᠨ ᠵᠢᠰᠢᠶᠠᠨ ᠤ᠋ ᠭᠠᠯᠲᠤ ᠲᠡᠷᠭᠡ ᠵᠢᠨ ᠴᠢᠩᠭᠡᠯᠢᠭ ᠢ᠋ ᠠᠴᠢᠵᠤ ᠪᠠᠭᠤᠯᠭᠠᠬᠤ ᠦᠷ᠎ᠡ ᠪᠦᠲᠦᠮᠵᠢ ᠵᠢ ᠪᠦᠲᠦᠮᠵᠢᠲᠡᠢ ᠳᠡᠭᠡᠭᠰᠢᠯᠡᠭᠦᠯᠦᠨ᠎ᠡ; ᠮᠣᠩᠭᠣᠯ ᠤᠯᠤᠰ ᠤ᠋ᠨ ᠲᠠᠯ᠎ᠠ ᠵᠢᠨ ᠲᠡᠮᠦᠷ ᠵᠠᠮ ᠵᠢᠴᠢ ᠪᠣᠭᠣᠮᠲᠠ᠂ ᠬᠢᠯᠢ ᠵᠢᠨ ᠪᠠᠢᠴᠠᠭᠠᠯᠲᠠ ᠵᠡᠷᠭᠡ ᠬᠠᠮᠲᠤᠷᠠᠨ ᠪᠠᠢᠴᠠᠭᠠᠬᠤ ᠨᠢᠭᠡᠴᠢ ᠯᠦ᠍ᠭᠡ ᠵᠢᠨ ᠬᠠᠷᠢᠯᠴᠠᠭ᠎ᠠ ᠨᠡᠪᠲᠡᠷᠡᠯᠴᠡᠭᠡ ᠪᠠᠨ ᠢᠳᠡᠪᠬᠢᠲᠡᠢ ᠴᠢᠩᠭᠠᠳᠭᠠᠵᠤ᠂ ᠬᠢᠯᠢ ᠪᠡᠷ ᠣᠷᠣᠵᠤ ᠭᠠᠷᠬᠤ ᠳᠤᠮᠳᠠᠳᠤ ᠧᠦ᠋ᠷᠣᠫᠠ ᠵᠢᠨ ᠵᠢᠰᠢᠶᠠᠨ ᠤ᠋ ᠭᠠᠯᠲᠤ ᠲᠡᠷᠭᠡ ᠵᠢ ᠪᠠᠢᠴᠠᠭᠠᠨ ᠰᠢᠯᠭᠠᠵᠤ ᠪᠤᠭᠤᠮᠳᠠ ᠦᠩᠬᠡᠷᠡᠭᠦ ᠴᠠᠭ ᠢ᠋ ᠪᠤᠭᠤᠨᠢᠰᠬᠠᠨ᠂ ᠳᠤᠮᠳᠠᠳᠤ ᠧᠦ᠋ᠷᠣᠫᠠ ᠵᠢᠨ ᠵᠢᠰᠢᠶᠠᠨ ᠤ᠋ ᠭᠠᠯᠲᠤ ᠲᠡᠷᠭᠡ ᠳ᠋ᠤ ᠬᠦᠴᠦᠨ ᠨᠡᠮᠡᠷᠢᠯᠡᠵᠤ ᠨᠡᠭᠡᠭᠡᠯᠲᠡ ᠬᠢᠵᠦ ᠬᠠᠮᠲᠤ ᠪᠠᠷ ᠠᠰᠢᠭ ᠬᠦᠷᠲᠡᠬᠦ ᠬᠤᠷᠳᠤᠴᠠ ᠵᠢ ᠲᠦᠷᠬᠡᠳᠬᠡᠨ᠎ᠠ᠃