ᠶᠡᠷᠦᠩᠬᠡᠶ ᠱᠦᠵᠢ ᠮᠠᠨ᠎ᠤ ᠡᠨᠡ ᠵᠠᠮ᠎ᠢ ᠵᠦᠪ ᠭᠡᠵᠦ ᠨᠤᠳᠠᠯᠠᠪᠠ
2023-06-09 09:36:06
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

—  ᠶᠡᠷᠦᠩᠬᠡᠶ ᠱᠦᠵᠢ ᠰᠢ ᠵᠢᠨ ᠫᠢᠩ ᠎ᠦᠨ ᠬᠥᠬᠡᠬᠣᠲᠠ ᠎ᠶ᠋ᠢᠨ ᠵᠥᠩ ᠬᠤᠸᠠᠨ ᠠᠵᠤ ᠦᠶ᠋ᠯᠡᠰ ᠎ᠦᠨ ᠬᠦᠷᠢᠶᠡᠯᠡᠩ ᠎ᠳᠦ ᠱᠢᠨᠵᠢᠯᠡᠨ ᠪᠠᠢᠴᠠᠭᠠᠬᠰᠠᠨ ᠳᠤᠬᠠᠢ ᠡᠷᠬᠢᠵᠥ ᠰᠤᠷᠪᠤᠯᠵᠢᠯᠠᠭ᠍ᠰᠠᠨ ᠲᠡᠮᠳᠡᠭ᠌ᠯᠡᠯ


ᠱᠢᠨᠵᠢᠯᠡᠨ ᠪᠠᠢᠴᠠᠭᠠᠬᠰᠠᠨ ᠴᠡᠭ ᠵᠥᠩ ᠬᠤᠸᠠᠨ ᠠᠵᠤ ᠦᠶ᠋ᠯᠡᠰ᠎ᠦᠨ ᠬᠦᠷᠢᠶᠡᠯᠡᠩ

ᠵᠥᠩ ᠬᠤᠸᠠᠨ ᠠᠵᠤ ᠦᠶ᠋ᠯᠡᠰ᠎ᠦᠨ ᠬᠦᠷᠢᠶᠡᠯᠡᠩ᠎ᠢ 2009 ᠣᠨ ᠡᠴᠡ ᠡᠬᠢᠯᠡᠨ ᠪᠥᠲᠥᠭᠡᠨ ᠪᠠᠢᠭᠤᠯᠵᠤ᠂ ᠨᠡᠢᠲᠡ 460 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠵᠦ᠍᠂ ᠴᠠᠬᠢᠭᠤᠷ ᠮᠠᠲ᠋ᠧᠷᠢᠶᠠᠯ᠎ᠤᠨ ᠲᠣᠭᠣᠷᠢᠨ᠎ᠳᠤ ᠭᠡᠷᠡᠯᠴᠢ ᠴᠡᠨᠡᠭ᠎ᠤᠨ ᠱᠢᠨ᠎ᠡ ᠡᠨᠧᠷᠭᠢ᠎ᠶ᠋ᠢᠨ ᠠᠵᠤ ᠦᠶ᠋ᠯᠡᠰ ᠪᠣᠯᠤᠨ ᠬᠠᠭᠠᠰ ᠳᠠᠮᠵᠢᠭᠤᠯᠤᠭ᠍ᠴᠢ ᠮᠠᠲ᠋ᠧᠷᠢᠶᠠᠯ᠎ᠤᠨ ᠠᠵᠤ ᠦᠶ᠋ᠯᠡᠰ᠎ᠢ ᠪᠠᠢᠷᠢᠱᠢᠭᠤᠯᠪᠠ᠃ ᠤᠷᠢᠳ ᠬᠣᠵᠢᠳ ᠵᠥᠩ ᠬᠤᠸᠠᠨ ᠭᠡᠷᠡᠯᠴᠢ ᠴᠡᠨᠡᠭ᠎ᠤᠨ ᠺᠤᠮᠫᠠᠨᠢ᠂ ᠵᠥᠩ ᠬᠤᠸᠠᠨ ᠲᠡᠷᠢᠭᠦᠨ᠎ᠦ ᠬᠠᠭᠠᠰ ᠳᠠᠮᠵᠢᠭᠤᠯᠤᠭ᠍ᠴᠢ ᠵᠢᠨ ᠺᠤᠮᠫᠠᠨᠢ ᠵᠡᠷᠭᠡ 16 ᠬᠠᠭᠠᠰ ᠳᠠᠮᠵᠢᠭᠤᠯᠤᠭ᠍ᠴᠢ ᠪᠠ ᠭᠡᠷᠡᠯᠴᠢ ᠴᠡᠨᠡᠭ᠎ᠦᠨ ᠠᠵᠢᠯ ᠲᠥᠷᠥᠯ᠎ᠦᠨ ᠠᠵᠤ ᠠᠬᠤᠢᠯᠠᠯ ᠨᠤᠲᠤᠭ᠍ᠰᠢᠵᠤ᠂ 10 ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ᠂ 1 ᠤᠯᠤᠰ᠎ᠤᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠵᠢᠱ᠌ᠢᠶ᠎ᠡ ᠦᠵᠡᠭᠦᠯᠬᠦ᠌ ᠠᠵᠤ ᠠᠬᠤᠢᠯᠠᠯ ᠂ 1 ᠰᠲ᠋ᠤᠺ ᠵᠢᠡᠨ ᠵᠠᠬ᠎ᠠ ᠳᠡᠯᠭᠡᠭᠦᠷ᠎ᠲᠦ ᠭᠠᠷᠭᠠᠭ᠍ᠰᠠᠨ ᠭᠤᠤᠯ ᠬᠠᠪᠳᠠᠰᠤ᠎ᠶᠢᠨ ᠠᠵᠤ ᠠᠬᠤᠢᠯᠠᠯ᠎ᠲᠠᠶ᠃ ᠣᠳᠣᠬᠠᠨ᠎ᠳᠤ ᠨᠢᠭᠡᠨᠲᠡ ᠬᠤᠷᠠᠮᠠᠯ ᠴᠠᠬᠢᠯᠭᠠᠨ ᠬᠡᠯᠬᠢᠶ᠎ᠡ᠎ᠶ᠋ᠢᠨ ᠬᠠᠭᠠᠰ ᠳᠠᠮᠵᠢᠭᠤᠯᠤᠭ᠍ᠴᠢ ᠲᠠᠩ ᠲᠠᠯᠠᠰᠲᠤ ᠴᠠᠬᠢᠭᠤᠷ᠂ ᠱᠢᠨ᠎ᠡ ᠡᠨᠧᠷᠭᠢ᠎ᠶ᠋ᠢᠨ ᠭᠡᠷᠡᠯᠴᠢ ᠴᠡᠨᠡᠭ᠎ᠤᠨ ᠲᠠᠩ ᠲᠠᠯᠠᠰᠲᠤ ᠴᠠᠬᠢᠭᠤᠷ ᠵᠢᠴᠢ ᠬᠣᠯᠪᠣᠭ᠍ᠳᠠᠯ ᠪᠥᠬᠥᠶ ᠢᠵᠢ ᠪᠥᠷᠢᠳᠦᠭᠰᠡᠨ ᠠᠵᠤ ᠦᠶ᠋ᠯᠡᠰ᠎ᠦᠨ ᠲᠡᠷᠢᠭᠦᠨ᠎ᠦ ᠦᠶ᠋ᠯᠡᠳᠬᠦ᠌ ᠰᠠᠭᠤᠷᠢᠨ᠎ᠢ ᠪᠠᠢᠭᠤᠯᠪᠠ᠃


QQ截图20230609091249.png


ᠵᠦᠩ ᠬᠤᠧᠠᠨ ᠠᠵᠦ ᠦᠢᠯᠡᠰ᠎ᠤᠨ ᠬᠦᠷᠢᠶᠡᠯᠡᠩ ᠳ᠋ᠤ᠂ ᠠᠵᠢᠯᠳᠠᠨ ᠦᠢᠯᠡᠳᠬᠦᠨ᠎ᠤ ᠪᠠᠨ ᠎ᠲᠤᠬᠠᠢ ᠲᠠᠨᠢᠯᠴᠠᠭᠤᠯᠵᠦ ᠪᠠᠢᠭ᠎ᠠ ᠨᠢ᠃


ᠵᠦᠩ ᠬᠤᠸᠠᠨ ᠠᠵᠤ ᠦᠢᠯᠡᠰ᠎ᠦᠨ ᠬᠦᠷᠢᠶᠡᠯᠡᠩ ᠨᠢ ᠥᠪᠥᠷ ᠮᠣᠩᠭᠣᠯ᠎ᠤᠨ ᠬᠥᠬᠡᠬᠣᠲᠠ᠎ᠶ᠋ᠢᠨ ᠰᠠᠢᠬᠠᠨ ᠲᠣᠭᠣᠷᠢᠭ᠎ᠲᠤ ᠪᠠᠢᠷᠢᠯᠠᠵᠤ᠂ ᠬᠥᠬᠡᠬᠣᠲᠠ᠎ᠶ᠋ᠢᠨ ᠪᠣᠢᠵᠢᠭᠤᠯᠤᠭ᠍ᠰᠠᠨ ᠵᠢᠷᠭᠤᠭᠠᠨ ᠶᠡᠬᠡ ᠠᠵᠤ ᠦᠢᠯᠡᠰ᠎ᠦᠨ ᠪᠦᠯᠦᠭ᠌ᠵᠢᠯ᠎ᠦᠨ ᠭᠣᠣᠯᠳᠠᠯᠭ᠎ᠠ᠎ᠲᠠᠶ ᠲᠦᠷᠦᠯ ᠵᠦᠢᠯ᠎ᠦᠨ ᠨᠢᠭᠡ ᠪᠣᠯᠤᠨ᠎ᠠ᠃ 2022 ᠣᠨ᠎ᠳᠤ ᠵᠥᠩ ᠬᠤᠸᠠᠨ ᠠᠵᠤ ᠦᠶ᠋ᠯᠡᠰ᠎ᠦᠨ ᠬᠦᠷᠢᠶᠡᠯᠡᠩ᠎ᠦᠨ ᠠᠵᠤ ᠦᠶ᠋ᠯᠡᠳᠪᠦᠷᠢ᠎ᠶ᠋ᠢᠨ ᠶᠡᠷᠦᠩᠬᠡᠶ ᠦᠶ᠋ᠯᠡᠳᠬᠦᠨ᠎ᠦ ᠥᠷᠲᠡᠭ 585 ᠳ᠋ᠦᠩᠱᠢᠭᠤᠷ ᠲᠥᠭᠥᠷᠢᠭ᠎ᠢ ᠳᠠᠪᠠᠵᠤ᠂ ᠬᠠᠭᠠᠰ ᠳᠠᠮᠵᠢᠭᠤᠯᠤᠭ᠍ᠴᠢ ᠲᠠᠩ ᠲᠠᠯᠠᠰᠲᠤ ᠵᠢᠨ ᠲᠠᠯᠠᠰᠲᠤ ᠪᠡᠶ᠎ᠡ  ᠦᠶ᠋ᠯᠡᠳᠪᠦᠷᠢᠯᠡᠬᠦ᠌ ᠴᠢᠳᠠᠪᠤᠷᠢ ᠨᠢ 2500 ᠲᠣᠨ ᠳ᠋ᠤ ᠬᠦᠷᠴᠦ᠍᠂ ᠭᠠᠷᠤᠯᠲᠠ᠎ᠨᠢ ᠪᠥᠬᠥ᠌ ᠤᠯᠤᠰ᠎ᠤᠨ 30% ᠎ᠡᠴᠡ ᠳᠡᠭᠡᠭ᠌ᠰᠢᠬᠢ᠎ᠶ᠋ᠢ ᠡᠵᠡᠯᠡᠵᠦ᠍᠂ ᠭᠡᠷᠡᠯᠴᠢ ᠴᠡᠨᠡᠭ᠎ᠤᠨ ᠲᠠᠩ ᠲᠠᠯᠠᠰᠲᠤ ᠵᠢᠨ ᠲᠠᠯᠠᠰᠲᠤ ᠪᠡᠶ᠎ᠡ 95 GW ᠪᠠᠢᠵᠦ᠍᠂ ᠭᠠᠷᠤᠯᠲᠠ᠎ᠨᠢ ᠪᠥᠬᠥ᠌ ᠳᠡᠯᠡᠬᠡᠶ᠎ᠶ᠋ᠢᠨ 20% ᠎ᠶ᠋ᠢ ᠡᠵᠡᠯᠡᠵᠦ᠍᠂ ᠠᠵᠢᠯ ᠣᠯᠭᠤᠭ᠍ᠰᠠᠠ ᠬᠥᠮᠦᠨ᠎ᠦ ᠲᠣᠭ᠎ᠠ᠎ᠨᠢ 1.2 ᠲᠦᠮᠡ᠎ᠶ᠋ᠢ ᠳᠠᠪᠠᠪᠠ᠃


QQ截图20230609091215.png


ᠤᠬᠳᠠᠷᠭᠤᠢ ᠡᠴᠡ ᠰᠡᠬᠦᠳᠡᠷᠯᠡᠭᠰᠡᠨ ᠵᠦᠩ ᠬᠤᠸᠠᠨ ᠠᠵᠤ ᠦᠶ᠋ᠯᠡᠰ᠎ᠦᠨ ᠬᠦᠷᠢᠶᠡᠯᠡᠩ᠃

                ᠲᠤᠰ ᠰᠣᠨᠢᠨ᠎ᠤ ᠰᠤᠷᠪᠤᠯᠵᠢᠯᠠᠭ᠍ᠴᠢ  ᠸᠠᠩ   ᠯᠸᠢ  ᠰᠡᠭᠦᠳᠡᠷᠯᠡᠪᠡ


6 ᠰᠠᠷ᠎ᠠ᠎ᠶ᠋ᠢᠨ 7 ᠎ᠤ᠋ ᠦᠳᠡ᠎ᠶ᠋ᠢᠨ ᠬᠣᠢᠨ᠎ᠠ᠂ ᠶᠡᠷᠦᠩᠬᠡᠶ ᠱᠦᠵᠢ ᠰᠢ ᠵᠢᠨ ᠫᠢᠩ ᠵᠥᠩ ᠬᠤᠸᠠᠨ ᠠᠵᠤ ᠦᠶ᠋ᠯᠡᠰ᠎ᠦᠨ ᠬᠦᠷᠢᠶᠡᠯᠡᠩ᠎ᠳᠦ ᠬᠦᠷᠴᠤ ᠱᠢᠨᠵᠢᠯᠡᠨ ᠪᠠᠢᠴᠠᠭᠠᠵᠤ᠂ ᠲᠤᠬᠠᠶ᠎ᠶ᠋ᠢᠨ ᠭᠠᠵᠠᠷ᠎ᠤᠨ ᠱᠢᠨ᠎ᠡ ᠡᠨᠧᠷᠭᠢ ᠱᠢᠨ᠎ᠡ ᠮᠠᠲ᠋ᠧᠷᠢᠶᠠᠯ᠎ᠤᠨ ᠠᠵᠤ ᠦᠶ᠋ᠯᠡᠰ᠎ᠢ ᠬᠥᠭ᠌ᠵᠢᠭᠦᠯᠦᠭᠰᠡᠨ᠂ ᠠᠵᠤ ᠦᠶ᠋ᠯᠡᠰ᠎ᠦᠨ ᠪᠦᠲᠦᠴᠡ᠎ᠶ᠋ᠢ ᠱᠢᠯᠢᠳᠡᠭ᠌ᠵᠢᠭᠦᠯᠦᠨ ᠲᠣᠬᠢᠷᠠᠭᠤᠯᠬᠤ᠎ᠶ᠋ᠢ ᠠᠬᠢᠭᠤᠯᠤᠭᠰᠠᠨ᠂ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭ᠌ᠴᠢᠳᠤ ᠬᠥᠭ᠌ᠵᠢᠯᠲᠡ᠎ᠶ᠋ᠢ ᠠᠬᠢᠭᠤᠯᠤᠬᠰᠠᠨ ᠵᠡᠷᠭᠡ ᠪᠠᠢᠳᠠᠯ᠎ᠤᠨ ᠲᠠᠨᠢᠯᠴᠠᠭᠤᠯᠭ᠎ᠠ᠎ᠶ᠋ᠢ ᠰᠣᠨᠣᠰᠤᠭ᠍ᠰᠠᠨ᠎ᠤ ᠳᠠᠷᠠᠭ᠎ᠠ᠂ ᠪᠣᠬᠢᠷᠲᠤᠯ ᠦᠭᠡᠢ ᠬᠥᠭ᠌ᠵᠢᠯᠲᠡ᠎ᠶ᠋ᠢ ᠪᠠᠷᠢᠮᠲᠠᠯᠠᠬᠤ ᠪᠣᠯ ᠵᠠᠢᠯᠠᠰᠢ ᠦᠬᠡᠢ ᠶᠠᠪᠤᠬᠤ ᠵᠠᠮ ᠮᠥᠨ᠃ ᠤᠯᠠᠮᠵᠢᠯᠠᠯᠲᠤ ᠡᠨᠧᠷᠭᠢ᠎ᠶ᠋ᠢᠨ ᠠᠵᠤ ᠦᠢᠯᠡᠰ᠎ᠦᠨ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠌᠎ᠶ᠋ᠢ ᠠᠬᠢᠭᠤᠯᠵᠤ᠂ ᠪᠣᠬᠢᠷᠲᠤᠯ ᠦᠭᠡᠢ ᠡᠨᠧᠷᠭᠢ᠎ᠶ᠋ᠢ ᠶᠡᠬᠡ᠎ᠪᠡᠷ ᠬᠥᠭ᠌ᠵᠢᠭᠦᠯᠵᠦ᠍᠂ ᠤᠯᠤᠰ᠎ᠤᠨ ᠴᠢᠬᠤᠯᠠ ᠡᠨᠧᠷᠭᠢ᠎ᠶ᠋ᠢᠨ ᠰᠠᠭᠤᠷᠢᠨ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ᠌ ᠪᠣᠯ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠭᠣᠣᠯᠳᠠᠯᠭ᠎ᠠ᠎ᠶ᠋ᠢᠨ ᠳᠣᠲᠣᠷᠠᠬᠢ ᠭᠣᠣᠯᠳᠠᠯᠭ᠎ᠠ ᠪᠣᠯᠤᠨ᠎ᠠ᠃ ᠡᠨᠡ ᠲᠠᠯ᠎ᠠ᠎ᠪᠠᠷ ᠥᠪᠥᠷ ᠮᠣᠩᠭᠣᠯ᠎ᠤᠨ ᠴᠢᠭ᠌ᠯᠡᠯ ᠲᠣᠳᠣᠷᠬᠠᠢ᠂ ᠵᠠᠮ ᠵᠥᠪ᠂ ᠢᠷᠡᠭᠡᠳᠦᠢ ᠰᠠᠷᠠᠭᠤᠯ ᠪᠠᠢᠵᠥ᠂ ᠶᠡᠬᠡ ᠵᠢ ᠪᠦᠳᠦᠬᠡᠵᠤ ᠪᠤᠯᠤᠨ᠎ᠠ᠂ ᠲᠤᠢᠯ᠎ᠤᠨ ᠶᠡᠬᠡ ᠢᠷᠡᠭᠡᠳᠦᠢ᠎ᠲᠡᠶ ᠶᠤᠮ ᠬᠡᠵᠥ ᠴᠢᠬᠤᠯᠠᠴᠢᠯᠠᠪᠠ᠃

ᠶᠡᠷᠦᠩᠬᠡᠢ ᠱᠦᠵᠢ᠎ᠶ᠋ᠢᠨ ᠶᠠᠷᠢᠶ᠎ᠠ ᠨᠢ ᠥᠪᠥᠷ ᠮᠣᠩᠭᠣᠯ᠎ᠤᠨ ᠡᠨᠧᠷᠭᠢ᠎ᠶ᠋ᠢᠨ ᠠᠵᠤ ᠠᠬᠤᠢ᠎ᠶ᠋ᠢᠨ ᠬᠥᠭ᠌ᠵᠢᠯᠲᠡ ᠎ᠶ᠋ᠢᠨ ᠴᠢᠭ᠌ᠯᠡᠯ᠎ᠢ ᠲᠣᠳᠣᠷᠬᠠᠢ ᠵᠢᠭᠠᠵᠤ᠂ ᠬᠥᠮᠦᠰ᠎ᠲᠦ ᠲᠤᠢᠯ᠎ᠤᠨ ᠶᠡᠬᠡ ᠤᠷᠮᠠᠰᠢᠭᠤᠯᠤᠯ ᠵᠣᠷᠢᠭ᠍ᠵᠢᠭᠤᠯᠤᠯ ᠪᠣᠯᠵᠠᠢ᠃


《 ᠶᠡᠷᠦᠩᠬᠡᠢ ᠱᠦᠵᠢ ᠮᠠᠰᠢ ᠡᠶᠡᠯᠳᠡᠭ᠂ ᠮᠠᠨ᠎ᠤ ᠭᠡᠷ᠎ᠦᠨ ᠠᠬᠠᠮᠠᠳ᠎ᠰᠢᠬ ᠬᠠᠯᠠᠭᠤᠨ ᠲᠤᠳᠤᠨᠤ ᠰᠠᠨᠠᠬᠳᠠᠪᠠ》 

ᠵᠥᠩ ᠬᠤᠸᠠᠨ ᠠᠵᠤ ᠦᠶ᠋ᠯᠡᠰ᠎ᠦᠨ ᠬᠦᠷᠢᠶᠡᠯᠡᠩ᠎ᠦᠨ ᠲᠠᠯᠠᠰᠲᠤ ᠪᠡᠶ᠎ᠡ᠎ᠶ᠋ᠢᠨ ᠲᠠᠪᠤᠳᠤᠭᠠᠷ ᠬᠤᠭᠤᠴᠠᠭᠠᠨ᠎ᠤ ᠦᠶ᠋ᠯᠡᠳᠪᠦᠷᠢ ᠳ᠋ᠤ ᠣᠷᠣᠪᠠᠯ᠂ ᠬᠠᠷ᠎ᠠ ᠴᠠᠭᠠᠨ ᠠᠯᠠᠭ᠍ᠯᠠᠭ᠍ᠰᠠᠨ ᠵᠢᠵᠢᠭ ᠬᠡᠮᠬᠡᠷᠬᠡᠶ ᠴᠢᠯᠠᠭᠤ᠎ᠪᠠᠷ ᠳᠡᠪᠢᠰᠦᠭ᠌ᠰᠡᠨ ᠵᠠᠮ ᠨᠢ ᠴᠡᠪᠡᠷ ᠴᠡᠮᠴᠡᠭᠡᠷ᠂ ᠨᠠᠷᠢᠨ ᠨᠢᠮᠪᠠᠶ ᠵᠠᠰᠠᠭ᠍ᠰᠠᠨ ᠬᠠᠷ᠎ᠠ ᠨᠠᠷᠠᠰᠤ᠎ᠶ᠋ᠢᠨ ᠦᠵᠡᠮᠵᠢ ᠨᠢ ᠭᠣᠶᠣ᠂ ᠢᠷᠤᠭᠠᠷ ᠨᠢ ᠬᠠᠷᠠᠭ᠍ᠳᠠᠬᠤ ᠭᠦᠢᠬᠡᠨ ᠨᠠᠭᠤᠷ ᠲᠤ᠌ ᠪᠠᠰᠠ ᠠᠯᠲᠠᠨ ᠵᠢᠭᠠᠰᠤ ᠴᠢᠯᠥᠭᠡᠲᠡᠶ ᠨᠠᠭᠠᠳᠴᠤ᠌᠂ ᠠᠵᠠᠳᠠᠢ ᠪᠣᠯ ᠨᠣᠮᠢᠨ ᠨᠣᠭᠣᠭᠠᠨ ᠵᠦᠯᠭᠡ᠎ᠶ᠋ᠢᠨ ᠳᠤᠮᠳᠠ ᠲᠠᠤᠯᠠᠢ ᠵᠢ ᠴᠤ᠌ ᠤᠯᠵᠦ ᠦᠵᠡᠵᠦ ᠮᠡᠳᠡᠨ᠎ᠡ ᠁  6 ᠰᠠᠷ᠎ᠠ᠎ᠶ᠋ᠢᠨ 7 ᠤ᠋ ᠡᠳᠦᠷ᠎ᠦᠨ ᠦᠳᠡ᠎ᠶ᠋ᠢᠨ ᠬᠣᠢᠨ᠎ᠠ᠂ ᠶᠡᠷᠦᠩᠬᠡᠶ ᠱᠦᠵᠢ ᠰᠠᠶᠢᠬᠠᠨ ᠡᠨᠡ ᠬᠦ᠌ 《ᠴᠡᠴᠡᠷᠯᠢᠭ ᠮᠠᠶᠢᠭ》 ᠤ᠋ᠨ ᠦᠶ᠋ᠯᠡᠳᠪᠦᠷᠢ᠎ᠳᠦ ᠢᠷᠡᠵᠦ᠍ ᠥᠩᠭᠡᠷᠡᠵᠡᠶ᠃

ᠵᠦᠩ ᠬᠤᠸᠠᠨ ᠠᠵᠤ ᠦᠢᠯᠡᠰ᠎ᠦᠨ ᠬᠦᠷᠢᠶᠡᠯᠡᠩ᠎ᠦᠨ ᠦᠵᠡᠭᠦᠯᠭᠡ᠎ᠶ᠋ᠢᠨ ᠲᠢᠩᠬᠢᠮ᠎ᠳᠦ᠂ ᠬᠢᠯᠠᠰ ᠬᠢᠯᠠᠰ ᠭᠡᠷᠡᠯ ᠰᠠᠴᠤᠷᠠᠭ᠍ᠰᠠᠨ ᠲᠠᠩ ᠲᠠᠯᠠᠰᠲᠤ ᠴᠠᠬᠢᠭᠤᠷ ᠪᠠᠭᠠᠨᠠᠴᠢᠷ᠂ ᠬᠥᠮᠦᠨ᠎ᠦ ᠰᠡᠭᠦᠳᠡᠷ᠎ᠢ ᠳᠤᠰᠭᠠᠬ᠍ᠰᠠᠨ ᠴᠠᠬᠢᠭᠤᠷ ᠢᠯᠲᠠᠰᠤ᠎ᠶ᠋ᠢ ᠣᠯᠵᠤ ᠦᠵᠡᠭᠡᠳ᠂ ᠡᠨᠡ ᠬᠦ᠌ ᠦᠢᠯᠡᠳᠪᠦᠷᠢ᠎ᠶ᠋ᠢᠨ 《ᠦᠨᠡᠨ ᠪᠣᠳᠠᠲᠠᠢ ᠪᠡᠶ᠎ᠡ᠎ᠶ᠋ᠢᠨ ᠭᠠᠷᠤᠯ》 ᠢ᠋ ᠤᠯᠵᠥ ᠢᠯᠡᠷᠡᠭᠦᠯᠪᠡ —  ᠡᠨ᠋ᠡ ᠪᠣᠯ ᠪᠦᠬᠦ᠌ ᠪᠥᠮᠪᠥᠷᠴᠡᠭ᠎ᠦᠨ ᠶᠠᠰᠤ ᠴᠢᠨᠠᠷ᠎ᠢᠶᠠᠷ ᠬᠠᠮᠤᠭ᠎ᠤᠨ ᠱᠢᠯᠢᠳᠡᠭ᠂ ᠲᠠᠩ ᠪᠡᠶᠡᠳᠦ᠎ᠶ᠋ᠢᠨ ᠬᠡᠪᠴᠢᠶ᠎ᠡ᠎ᠪᠡᠷ ᠬᠠᠮᠤᠭ᠎ᠤᠨ ᠶᠡᠬᠡ᠂ ᠬᠥᠮᠦᠨ ᠳᠤᠮᠳᠠᠴᠢ᠎ᠶ᠋ᠢᠨ ᠦᠷ᠎ᠡ ᠠᠱᠢᠭ᠎ᠢᠶᠠᠷ ᠪᠦᠬᠦ᠌ ᠤᠯᠤᠰ᠎ᠲᠤ ᠲᠦᠷᠦᠭᠦᠯᠡᠭ᠌ᠰᠡᠨ ᠬᠤᠷᠠᠮᠠᠯ ᠴᠠᠬᠢᠯᠭᠠᠨ ᠬᠡᠯᠬᠢᠶᠡᠨ᠎ᠦ ᠬᠠᠭᠠᠰ ᠳᠠᠮᠵᠢᠭᠤᠯᠤᠭ᠍ᠴᠢ ᠴᠠᠬᠢᠭᠤᠷ ᠪᠣᠯᠤᠨ ᠭᠡᠷᠡᠯ ᠴᠡᠨᠡᠭ᠎ᠦᠨ ᠲᠠᠩ ᠲᠠᠯᠠᠰᠲᠤ ᠴᠠᠬᠢᠭᠤᠷ ᠦᠢᠯᠡᠳᠬᠦ᠌ ᠰᠠᠭᠤᠷᠢᠨ ᠪᠣᠯᠤᠨ᠎ᠠ᠃

ᠦᠵᠡᠭᠦᠯᠭᠡ᠎ᠶ᠋ᠢᠨ ᠲᠢᠩᠬᠢᠮ᠎ᠳᠦ᠂ ᠶᠡᠷᠦᠩᠬᠡᠶ ᠱᠦᠵᠢ ᠲᠠᠨᠢᠯᠴᠠᠭᠤᠯᠭ᠎ᠠ᠎ᠶ᠋ᠢ ᠰᠣᠨᠣᠰᠭᠤ᠎ᠶ᠋ᠢᠨ ᠳᠠᠭᠠᠤ ᠬᠡᠷᠡᠮ ᠳᠡᠭᠡᠷᠡᠬᠢ ᠠᠵᠤ ᠠᠬᠤᠢᠯᠠᠯ᠎ᠤᠨ ᠮᠡᠷᠭᠡᠵᠢᠯ᠎ᠦᠨ ᠵᠠᠮ ᠱᠤᠭᠤᠮ ᠪᠦᠬᠦᠢ ᠵᠢᠷᠤᠭ ᠲᠥᠯᠥᠪᠯᠡᠭᠡ ᠵᠢᠴᠢ ᠦᠶ᠋ᠯᠡᠳᠬᠦᠨ᠎ᠦ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢ ᠨᠠᠷᠢᠨ ᠨᠢᠮᠪᠠᠶ ᠣᠢᠯᠠᠭᠠᠬᠤ᠎ᠶ᠋ᠢᠨ ᠬᠠᠮᠲᠤ ᠬᠠᠮᠢᠶ᠎ᠠ ᠪᠥᠬᠥᠶ ᠦᠶ᠋ᠯᠡᠳᠬᠦᠨ᠎ᠢ ᠪᠠᠢᠴᠠᠭᠠᠨ ᠦᠵᠡᠵᠦ᠍᠂ ᠦᠶ᠋ᠯᠡᠳᠬᠦᠨ᠎ᠦ ᠬᠡᠷᠡᠭ᠌ᠯᠡᠭᠡᠨ᠎ᠦ ᠪᠠᠢᠳᠠᠯ ᠵᠢᠴᠢ ᠮᠡᠷᠭᠡᠵᠢᠯ᠎ᠦᠨ ᠣᠭ ᠶᠣᠰᠣ᠂ ᠦᠶ᠋ᠯᠡᠳᠬᠦᠨ᠎ᠦ ᠲᠡᠷᠢᠭᠦᠨ᠎ᠦ ᠴᠢᠨᠠᠷ᠎ᠤᠨ ᠪᠠᠢᠳᠠᠯ᠎ᠢ ᠨᠠᠷᠢᠨ ᠯᠠᠪᠯᠠᠨ ᠠᠰᠠᠭᠤᠪᠠ᠃

《ᠶᠡᠷᠦᠩᠬᠡᠢ ᠱᠦᠵᠢ ᠮᠠᠰᠢ ᠡᠶᠡᠯᠳᠡᠭ ᠳᠣᠲᠣᠨᠣ ᠪᠠᠢᠵᠤ᠂ ᠮᠠᠨ᠎ᠤ ᠭᠡᠷ᠎ᠦᠨ ᠠᠬᠠᠮᠠᠳ᠎ᠰᠢᠬ ᠳᠣᠲᠣᠨᠣ᠃ ᠶᠡᠷᠦᠩᠬᠡᠶ ᠱᠦᠵᠢ ᠪᠢᠳᠡᠨ᠎ᠢ ᠥᠪᠥᠷ ᠮᠣᠩᠭᠣᠯ᠎ᠤᠨ ᠡᠬᠢ ᠪᠠᠶᠠᠯᠢᠭ᠎ᠤᠨ ᠳᠠᠪᠠᠭᠤᠯᠢᠭ᠎ᠢᠶᠠᠨ ᠪᠠᠳᠠᠷᠠᠭᠤᠯᠵᠤ᠂ ᠱᠢᠨ᠎ᠡ ᠡᠨᠧᠷᠭᠢ᠎ᠶ᠋ᠢᠨ ᠠᠵᠤ ᠦᠶ᠋ᠯᠡᠰ᠎ᠢ ᠶᠡᠬᠡ᠎ᠪᠡᠷ ᠬᠥᠭ᠌ᠵᠢᠭᠦᠯᠬᠦ᠌᠎ᠶ᠋ᠢ ᠵᠣᠷᠢᠭ᠍ᠵᠢᠭᠤᠯᠵᠤ᠂ ᠠᠵᠤ ᠠᠬᠤᠢᠯᠠᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠡᠷᠴᠢᠮ᠎ᠢᠶᠡᠨ ᠴᠢᠨᠠᠭ᠍ᠰᠢᠳᠠ ᠴᠢᠩᠭᠠᠷᠠᠭᠤᠯᠬᠤ᠎ᠶ᠋ᠢ ᠳᠡᠮᠵᠢᠨ ᠵᠣᠷᠢᠭ᠍ᠵᠢᠭᠤᠯᠬᠤ ᠬᠡᠷᠡᠭ᠌ᠲᠡᠶ ᠭᠡᠵᠦ᠍ ᠵᠣᠷᠢᠭ᠍ᠵᠢᠭᠤᠯᠪᠠ᠃ ᠪᠢᠳᠡ ᠶᠡᠷᠦᠩᠬᠡᠶ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠨᠠᠢᠳᠠᠪᠤᠷᠢᠵᠢᠭᠤᠯᠤᠯᠲᠠ᠎ᠶ᠋ᠢ ᠯᠠᠪᠳᠠᠭᠤᠨ ᠪᠠᠲᠤᠲᠠᠶ ᠰᠠᠢᠲᠤᠷ ᠠᠳᠭᠤᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠵᠤ ᠪᠣᠬᠢᠷᠲᠤᠯ ᠥᠬᠡᠶ ᠬᠥᠭ᠌ᠵᠢᠬᠦᠯᠬᠦ ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠨ᠎ᠠ》᠃ ᠶᠡᠷᠦᠩᠬᠡᠶ ᠱᠦᠵᠢ᠎ᠶ᠋ᠢᠨ ᠵᠣᠷᠢᠭ᠍ᠵᠢᠭᠤᠯᠤᠯ ᠨᠢ ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᠨᠠᠮ᠎ᠤᠨ ᠬᠣᠷᠢᠶ᠎ᠠ ᠵᠢᠨ ᠱᠦᠵᠢ ᠹᠦ᠋᠎ᠶ᠋ᠢᠨ ᠽᠠᠢ ᠵᠢ ᠶᠡᠬᠡ ᠪᠡᠷ ᠤᠷᠮᠠᠰᠢᠭᠤᠯᠪᠠ᠃

ᠦᠵᠡᠭᠦᠯᠭᠡ᠎ᠶ᠋ᠢᠨ ᠲᠢᠩᠬᠢᠮ᠎ᠡᠴᠡ ᠭᠠᠷᠤᠭᠠᠳ᠂ ᠶᠡᠷᠦᠩᠬᠡᠶ ᠱᠦᠵᠢ ᠪᠠᠰᠠ ᠵᠦᠩ ᠬᠤᠸᠠᠨ ᠲᠠᠯᠠᠰᠲᠤ᠎ᠶ᠋ᠢᠨ ᠲᠠᠪᠤᠳᠤᠭᠠᠷ ᠬᠤᠭᠤᠴᠠᠭᠠᠨ᠎ᠤ ᠦᠶ᠋ᠯᠡᠳᠪᠦᠷᠢ᠎ᠶ᠋ᠢᠨ ᠲᠠᠰᠤᠭ᠎ᠲᠤ ᠬᠦᠷᠴᠦ᠍᠂ ᠬᠡᠷᠡᠯᠴᠢ ᠴᠡᠨᠡᠭ᠎ᠦᠨ ᠲᠠᠩ ᠲᠠᠯᠠᠰᠲᠤ᠎ᠶ᠋ᠢᠨ ᠦᠶ᠋ᠯᠡᠳᠪᠦᠷᠢᠯᠡᠯ᠎ᠦᠨ ᠤᠷ᠎ᠠ ᠮᠡᠷᠭᠡᠰᠢᠯ᠎ᠢ ᠪᠠᠢᠴᠠᠭᠠᠨ ᠦᠵᠡᠭ᠌ᠰᠡᠨ ᠪᠥᠭᠡᠳ ᠬᠦᠷᠢᠶᠡᠯᠡᠩ ᠲᠣᠭᠣᠷᠢᠭ᠎ᠤᠨ ᠠᠵᠤ ᠠᠬᠤᠢᠯᠠᠯ᠎ᠤᠨ ᠬᠠᠭᠠᠰ ᠳᠠᠮᠵᠢᠭᠤᠯᠤᠭ᠍ᠴᠢ ᠪᠣᠯᠤᠨ ᠬᠡᠷᠡᠯᠴᠢ ᠴᠡᠨᠡᠭ᠎ᠦᠨ ᠮᠠᠲ᠋ᠧᠷᠢᠶᠠᠯ ᠵᠡᠷᠭᠡ ᠦᠶ᠋ᠯᠡᠳᠬᠦᠨ᠎ᠢ ᠰᠤᠳᠤᠯᠤᠨ ᠨᠡᠭᠡᠭᠡᠵᠦ᠍ ᠦᠶ᠋ᠯᠡᠳᠪᠦᠷᠢᠯᠡᠭ᠌ᠰᠡᠨ ᠪᠠᠢᠳᠠᠯ᠎ᠢ ᠨᠠᠷᠢᠨ ᠣᠢᠯᠠᠭᠠᠪᠠ᠃

ᠦᠢᠯᠡᠳᠪᠦᠷᠢ᠎ᠶ᠋ᠢᠨ ᠲᠡᠰᠦᠬ᠎ᠲᠠᠬᠢ ᠲᠡᠡᠭ ᠲᠠᠯᠠᠰᠲᠤ ᠦᠢᠯᠡᠳᠪᠦᠷᠢᠯᠡᠬᠦ ᠵᠤᠤᠬ᠎ᠠ ᠨᠢ ᠲᠡᠷᠢ ᠲᠡᠭ᠌ᠰᠢ ᠵᠢᠭ᠍ᠰᠠᠵᠤ᠂ ᠬᠠᠭᠠᠰ ᠲᠣᠭᠣᠷᠢᠭ ᠬᠡᠯᠪᠡᠷᠢᠲᠦ ᠲᠡᠡᠭ ᠲᠠᠯᠠᠰᠲᠤ ᠦᠢᠯᠡᠳᠪᠦᠷᠢᠯᠡᠬᠦ ᠵᠤᠤᠬ᠎ᠠ᠎ᠶ᠋ᠢᠨ ᠳᠡᠭᠡᠷ᠎ᠡ ᠲᠠᠯ᠎ᠠ᠎ᠳᠤ ᠲᠠᠲᠠᠭᠤᠷ ᠨᠢ ᠲᠡᠰᠦᠷᠡᠯᠳᠠ ᠤᠢ᠍ᠭᠡᠢ ᠨᠡᠭᠡᠭᠡᠭᠳᠡᠵᠤ ᠬᠠᠭᠠᠬᠳᠠᠨ᠂ ᠵᠤᠤᠬ᠎ᠠ᠎ᠶ᠋ᠢᠨ ᠳᠣᠲᠣᠷᠠᠬᠢ ᠥᠨᠳᠥᠷ ᠴᠡᠪᠡᠷᠴᠡ᠎ᠲᠡᠶ ᠤᠯᠡᠠ ᠲᠠᠯᠠᠰᠲᠤ ᠴᠠᠬᠢᠭᠤᠷ ᠮᠠᠲ᠋ᠧᠷᠢᠶᠠᠯ᠎ᠢ ᠬᠠᠢᠯᠤᠭᠤᠯᠵᠤ᠂ ᠲᠠᠯᠠᠰᠲᠤ ᠲᠣᠯᠣᠭᠠᠢ᠎ᠶ᠋ᠢ ᠱᠢᠩᠭᠡᠨ᠎ᠦ ᠭᠠᠳᠠᠷᠭᠤ᠎ᠳᠤ ᠱᠢᠷᠭᠤᠭᠤᠯᠤᠨ ᠣᠷᠣᠭᠤᠯᠵᠤ᠂ ᠬᠠᠢᠯᠤᠭᠤᠯᠤᠨ ᠵᠠᠯᠭᠠᠬᠤ᠂ ᠲᠠᠯᠠᠰᠵᠢᠭᠤᠯᠬᠤ ᠵᠡᠷᠭᠡ ᠠᠯᠢ ᠤᠯᠡᠠ  ᠮᠡᠷᠭᠡᠱᠢᠯ᠎ᠢᠶᠡᠷ ᠨᠢᠭᠡᠨ ᠬᠢᠷᠢ ᠲᠡᠩᠴᠡᠭ᠌ᠰᠡᠨ ᠲᠡᠡᠭ ᠲᠠᠯᠠᠰᠲᠤ ᠴᠠᠬᠢᠭᠤᠷ ᠪᠠᠭᠠᠨᠠᠴᠢᠷ ᠦᠢᠯᠡᠳᠪᠦᠷᠢᠯᠡᠵᠦ  ᠪᠠᠢᠯ᠎ᠠ᠃

《ᠡᠨᠡ ᠬᠦ᠌ ᠦᠶ᠋ᠯᠡᠳᠪᠦᠷᠢ᠎ᠶ᠋ᠢᠨ ᠲᠠᠰᠤᠭ᠎ᠤᠨ ᠦᠢᠯᠡᠳᠪᠦᠷᠢᠯᠡᠵᠦ ᠭᠠᠷᠭᠠᠭ᠍ᠰᠠᠨ ᠲᠠᠩ ᠲᠠᠯᠠᠰᠲᠤ ᠴᠠᠬᠢᠭᠤᠷᠲᠤ ᠪᠠᠭᠠᠨᠠᠴᠢᠷ᠎ᠢ ᠬᠡᠷᠡᠯᠴᠢ ᠴᠡᠨᠡᠭ᠎ᠦᠨ ᠬᠦᠷᠢᠶᠡᠨ᠎ᠳᠦ ᠬᠡᠷᠡᠭ᠌ᠯᠡᠵᠦ᠍᠂ ᠴᠠᠬᠢᠭᠤᠷᠲᠤ ᠢᠯᠲᠠᠰᠤ ᠪᠣᠯᠭᠠᠨ ᠬᠡᠷᠴᠢᠭ᠌ᠰᠡᠨ᠎ᠦ ᠳᠠᠷᠠᠭ᠎ᠠ᠂ ᠳᠤᠤᠷ᠎ᠠ ᠤᠷᠤᠰᠭᠠᠯ᠎ᠤᠨ ᠴᠠᠬᠢᠯᠭᠠᠨ ᠴᠡᠨᠡᠭ᠎ᠦᠨ ᠢᠯᠲᠠᠰᠤ᠂ ᠲᠣᠨᠣᠭ᠍ᠯᠠᠭᠠᠰᠤ᠂ ᠴᠠᠬᠢᠯᠭᠠᠨ ᠥᠷᠲᠡᠭᠡ᠎ᠳᠦ ᠬᠡᠷᠡᠭ᠌ᠯᠡᠨ᠎ᠡ》 ᠭᠡᠵᠦ᠍ ᠥᠪᠥᠷ ᠮᠣᠩᠭᠣᠯ᠎ᠤᠨ ᠵᠥᠩ ᠬᠤᠸᠠᠨ ᠲᠠᠯᠠᠰᠲᠤ ᠮᠠᠲ᠋ᠧᠷᠢᠶᠠᠯ᠎ᠤᠨ ᠬᠢᠵᠠᠭᠠᠷᠲᠤ ᠺᠣᠮᠫᠠᠨᠢ᠎ᠶ᠋ᠢᠨ ᠮᠡᠷᠭᠡᠵᠢᠯ᠎ᠦᠨ ᠶᠡᠷᠦᠩᠬᠡᠶ ᠬᠢᠨᠠᠭ᠍ᠴᠢ ᠸᠠᠩ ᠯᠢᠨ ᠰᠤᠷᠪᠤᠯᠵᠢᠯᠠᠭ᠍ᠴᠢ᠎ᠳᠤ ᠬᠡᠯᠡᠪᠡ᠃


《ᠶᠡᠷᠦᠩᠬᠡᠶ ᠱᠦᠵᠢ ᠵᠠᠯᠭᠠᠭ᠎ᠠ᠎ᠪᠠᠷ 〈ᠪᠤᠯᠵᠤ ᠪᠠᠢᠨ᠎ᠠ 〉 ᠭᠡᠵᠤ ᠬᠤᠶᠠᠷᠳᠠ ᠬᠡᠯᠡᠵᠦ᠂ ᠪᠢᠳᠡᠨ ᠎ᠢ 〈ᠡᠳᠤᠷ ᠡᠴᠡ ᠡᠳᠤᠷ ᠦᠭᠡᠳᠡᠯᠡᠭᠡᠷᠡᠢ〉  ᠭᠡᠵᠦ᠍ ᠵᠣᠷᠢᠭ᠍ᠵᠢᠭᠤᠯᠪᠠ》

ᠬᠦᠷᠢᠶᠡᠯᠡᠩ ᠲᠣᠭᠣᠷᠢᠭ᠎ᠡᠴᠡ ᠰᠠᠯᠬᠤ ᠦᠶ᠎ᠡ᠎ᠳ᠋ᠤ᠂ ᠶᠡᠷᠦᠩᠬᠡᠶ ᠱᠦᠵᠢ ᠰᠢ ᠵᠢᠨ ᠫᠢᠩ ᠦᠳᠡᠨ ᠮᠣᠷᠳᠠᠭᠤᠯᠬᠤ᠎ᠪᠠᠷ ᠢᠷᠡᠭ᠌ᠰᠡᠨ ᠠᠵᠤ ᠠᠬᠤᠢᠯᠠᠯ᠎ᠤᠨ ᠠᠵᠢᠯᠲᠠᠳ᠎ᠲᠤ᠂ ᠲᠠᠨ᠎ᠤ ᠠᠵᠤ ᠠᠬᠤᠢᠯᠠᠯ ᠪᠠ ᠬᠦᠷᠢᠶᠡᠯᠡᠩ ᠲᠣᠭᠣᠷᠢᠭ᠎ᠢ ᠨᠡᠯᠢᠶᠡᠳ ᠵᠦᠭᠡᠷ ᠡᠷᠭᠢᠯᠡᠵᠦ᠍ ᠪᠠᠢᠨ᠎ᠠ᠂ ᠦᠵᠡᠭᠡᠳ ᠨᠡᠯᠢᠶᠡᠳ ᠬᠠᠨᠤᠮᠵᠢᠳᠠᠢ ᠪᠠᠢᠨ᠎ᠠ᠃ ᠤᠳᠤ᠂ ᠪᠢᠳᠡ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠥᠪᠡᠷ᠎ᠢ᠎ᠪᠡᠨ ᠬᠦᠴᠦᠷᠬᠡᠭ᠌ᠵᠢᠭᠦᠯᠬᠦ᠌᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠎ᠳᠤ ᠲᠦᠱᠢᠭ᠌ᠯᠡᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠣᠭᠣᠮᠲᠠ ᠵᠢ ᠱᠢᠪᠲᠤᠯᠬᠤ ᠬᠡᠷᠡᠭ᠌ᠲᠡᠢ᠃ ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠢ ᠪᠠᠢᠭᠤᠯᠬᠤ ᠨᠢ ᠤᠨᠴᠠ ᠬᠡᠴᠡᠭᠦᠤ ᠪᠠᠢᠳᠠᠯ ᠲᠤᠤᠷ᠎ᠠ ᠤᠯᠤᠰ ᠠᠷᠠᠳ᠎ᠤᠨ ᠠᠵᠤ ᠠᠬᠤᠶ᠎ᠶ᠋ᠢᠨ ᠬᠡᠪ᠎ᠦᠨ ᠠᠵᠢᠯᠯᠠᠭ᠎ᠠ᠎ᠶ᠋ᠢ ᠪᠠᠲᠤᠯᠠᠬᠤ᠎ᠶ᠋ᠢᠨ ᠲᠥᠯᠥᠭᠡ ᠶᠤᠮ᠂ ᠡᠨᠡ ᠨᠢ ᠳᠡᠯᠡᠬᠡᠶ᠎ᠶ᠋ᠢᠨ ᠠᠵᠤ ᠠᠬᠤᠶ᠎ᠶ᠋ᠢᠨ ᠣᠷᠴᠢᠯ᠎ᠳᠤ ᠣᠷᠣᠯᠴᠠᠬᠤ᠎ᠲᠠᠶ ᠵᠥᠷᠢᠴᠡᠯ ᠦᠭᠡᠢ ᠶᠤᠮ᠃ ᠪᠢᠳᠡ ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠲᠡ᠎ᠶ᠋ᠢ ᠡᠷᠡᠰ ᠭᠤᠢᠪᠢᠰᠢ ᠦᠭᠡᠢ ᠬᠡᠷᠡᠭ᠌ᠵᠢᠭᠦᠯᠵᠦ᠍᠂ ᠡᠭᠦᠳᠡ᠎ᠪᠡᠨ ᠨᠡᠭᠡᠭᠡᠵᠦ᠍ ᠪᠦᠲᠦᠭᠡᠨ ᠪᠠᠢᠭᠤᠯᠵᠦ᠍᠂ ᠬᠠᠮᠲᠤᠷᠠᠯᠴᠠᠵᠤ ᠬᠠᠮᠲᠤ᠎ᠪᠠᠷ ᠠᠱᠢᠭ ᠬᠦᠷᠲᠡᠬᠦ᠌᠎ᠶ᠋ᠢ ᠪᠡᠶᠡᠯᠡᠭᠦᠯᠪᠡ ᠬᠡᠵᠦ ᠳᠤᠳᠤᠨᠤ ᠪᠠᠷ ᠬᠡᠯᠡᠪᠡ᠃ ᠳᠠᠷᠠᠭ᠎ᠠ ᠨᠢ᠂ ᠶᠡᠷᠦᠩᠬᠡᠢ ᠱᠦᠵᠢ ᠰᠢ ᠵᠢᠨ ᠫᠢᠩ ᠠᠵᠤ ᠠᠬᠤᠢᠯᠠᠯ ᠪᠣᠯᠤᠨ ᠠᠵᠢᠯᠲᠠᠳ᠎ᠤᠨ ᠦᠷᠭᠦᠯᠵᠢᠯᠡᠨ ᠴᠢᠷᠮᠠᠢᠵᠤ᠂ ᠡᠳᠦᠷ᠎ᠡᠴᠡ ᠡᠳᠦᠷ ᠥᠭᠡᠳᠡᠯᠡᠨ ᠥᠭᠡᠳᠡᠯᠡᠨ ᠳᠠᠪᠱᠢᠬᠤ᠎ᠶ᠋ᠢ ᠬᠦᠰᠡᠨ ᠵᠥᠩᠨᠡᠪᠡ ᠃

ᠶᠡᠷᠦᠩᠬᠡᠶ ᠱᠦᠵᠢ᠎ᠲᠠᠢ ᠠᠭᠤᠯᠵᠠᠬᠤ ᠦᠶ᠎ᠠ ᠵᠢᠨ ᠪᠠᠢᠳᠠᠯ ᠵᠢᠡᠨ ᠡᠷᠬᠢᠴᠡᠬᠦᠯᠬᠦ ᠳ᠋ᠡᠬᠡᠨ ᠬᠥᠬᠡᠬᠣᠲᠠ᠎ᠶ᠋ᠢᠨ ᠵᠥᠩ ᠬᠤᠸᠠᠨ ᠠᠵᠤ ᠦᠶ᠋ᠯᠡᠰ᠎ᠦᠨ ᠬᠦᠷᠢᠶᠡᠯᠡᠩ᠎ᠦᠨ ᠠᠵᠢᠯᠲᠠᠨ ᠵᠣᠣ ᠴᠢᠨ ᠪᠥᠸᠧ᠄ 《ᠦᠨᠡᠭᠡᠷ ᠰᠠᠨᠠᠭᠠᠨ ᠳ᠋ᠤ ᠥᠬᠡᠶ》 ᠭᠡᠵᠦ᠍ ᠲᠠᠬᠢᠨ ᠲᠠᠪᠳᠠᠨ ᠬᠡᠯᠡᠵᠤ ᠪᠠᠢᠯ᠎ᠠ᠃

《ᠲᠤᠬᠠᠢ᠎ᠶ᠋ᠢᠨ ᠦᠶ᠎ᠡ᠎ᠳᠦ ᠮᠠᠨ᠎ᠤ ᠠᠵᠢᠯᠳᠠᠨ ᠪᠠᠷᠤᠭ 50 ᠬᠥᠮᠦᠨ ᠨᠢᠭᠡᠳᠦᠭᠡᠷ ᠳᠠᠪᠬᠤᠷᠯᠢᠭ᠎ᠤᠨ ᠶᠡᠬᠡ ᠲᠢᠩᠬᠢᠮ᠎ᠳᠦ ᠪᠠᠢᠵᠠᠢ᠂ ᠰᠡᠬᠦᠯᠡᠷ ᠨᠢ ᠶᠡᠷᠦᠩᠬᠡᠢ ᠱᠦᠵᠢ ᠮᠠᠨ᠎ᠤ ᠲᠤᠮᠳᠠ ᠢᠷᠡᠭᠰᠡᠨ᠎ᠢ ᠣᠯᠵᠤ ᠬᠠᠷᠠᠪᠠ᠂ ᠲᠤᠬᠠᠢ᠎ᠶ᠋ᠢᠨ ᠦᠶ᠎ᠡ᠎ᠳᠦ ᠤᠯᠠᠨ᠎ᠢᠶᠠᠷ᠎ᠢᠶᠠᠨ ᠮᠠᠰᠢ  ᠳᠣᠭ᠍ᠳᠣᠯᠵᠤ᠂ ᠶᠡᠷᠦᠩᠬᠡᠢ ᠱᠦᠵᠢ᠎ᠶ᠋ᠢᠨ ᠢᠷᠡᠭᠰᠡᠨ ᠢ᠋ ᠦᠵᠡᠭᠡᠳ ᠤᠯᠠᠨ᠎ᠢᠶᠠᠷ᠎ᠢᠶᠠᠨ ᠬᠠᠯᠠᠭᠤᠨ᠎ᠢᠶᠠᠷ ᠠᠯᠠᠭ᠎ᠠ ᠲᠠᠱᠢᠵᠤ᠂ ᠶᠡᠷᠦᠩᠬᠡᠢ ᠱᠦᠵᠢ᠎ᠲᠡᠶ ᠮᠡᠨᠳᠦᠴᠢᠯᠡᠪᠡ᠃ ᠶᠡᠷᠦᠩᠬᠡᠶ ᠱᠦᠵᠢ ᠮᠠᠨ᠎ᠤ ᠡᠨᠳᠡ ᠢᠷᠡᠭ᠌ᠰᠡᠨ ᠨᠢ ᠪᠢᠳᠡᠨ᠎ᠢ᠋ ᠮᠠᠰᠢ ᠶᠡᠭᠡ ᠤᠷᠮᠠᠰᠢᠭᠤᠯᠤᠨ ᠵᠤᠷᠢᠬᠵᠢᠭᠤᠯᠪᠠ᠃ ᠶᠡᠷᠦᠩᠬᠡᠢ ᠱᠦᠵᠢ ᠶᠠᠷᠢᠶ᠎ᠠ ᠳ᠋ᠠᠭᠠᠨ᠂ ᠭᠣᠣᠯᠳᠠᠭᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠠᠯ᠎ᠠ᠎ᠪᠠᠷ ᠪᠡᠶ᠎ᠡ᠎ᠪᠡᠨ ᠳᠠᠭᠠᠭᠠᠵᠤ ᠥᠪᠡᠷ᠎ᠢ᠎ᠪᠡᠨ ᠬᠦᠴᠦᠷᠬᠡᠭ᠌ᠵᠢᠭᠦᠯᠬᠦ᠌᠎ᠶ᠋ᠢ ᠴᠢᠬᠤᠯᠠᠴᠢᠯᠠᠵᠤ᠂ ᠳᠠᠷᠠᠭ᠎ᠠ ᠨᠢ ᠮᠠᠨ᠎ᠤ ᠠᠵᠤ ᠠᠬᠤᠢᠯᠠᠯ᠎ᠢᠶᠠᠨ ᠨᠡᠯᠢᠶᠡᠳ ᠰᠠᠢ᠌ᠨ ᠡᠷᠬᠢᠯᠡᠵᠦ᠍᠂ ᠠᠵᠤ ᠦᠢᠯᠡᠰ᠎ᠦᠨ ᠬᠦᠷᠢᠶᠡᠯᠡᠩ᠎ᠢᠶᠡᠨ ᠴᠦ᠍ ᠨᠡᠯᠢᠶᠡᠳ ᠰᠠᠢ᠌ᠨ ᠪᠦᠳᠦᠬᠡᠨ ᠪᠠᠢᠭᠤᠯᠵᠠᠢ ᠭᠡᠵᠤ ᠦᠨᠡᠯᠡᠵᠤ᠂ ᠶᠡᠷᠦᠩᠬᠡᠢ ᠱᠦᠵᠢ ᠵᠠᠯᠭᠠᠭ᠎ᠠ ᠪᠠᠷ ᠪᠤᠯᠵᠦ ᠪᠠᠢᠨ᠎ᠠ ᠭᠡᠵᠦ᠍ ᠬᠤᠶᠠᠷᠳᠠ ᠬᠡᠯᠡᠭᠰᠡᠨ ᠪᠦᠭᠡᠳ ᠪᠢᠳᠡᠨ᠎ᠢ ᠡᠳᠦᠷ᠎ᠡᠴᠡ ᠡᠳᠦᠷ ᠥᠭᠡᠳᠡᠯᠡᠨ ᠲᠠᠪᠰᠢᠭᠠᠷᠠᠢ ᠭᠡᠵᠦ᠍ ᠵᠣᠷᠢᠭ᠍ᠵᠢᠭᠤᠯᠪᠠ᠃ ᠡᠳᠡᠭᠡᠷ ᠦᠭᠡ᠎ᠶ᠋ᠢ ᠰᠣᠨᠣᠰᠤᠭᠠᠳ ᠤᠯᠠᠨ᠎ᠢᠶᠠᠷ᠎ᠢᠶᠠᠨ ᠴᠥᠮ ᠮᠠᠰᠢ ᠰᠡᠳᠭᠢᠯ ᠬᠥᠳᠡᠯᠵᠡᠢ᠂ ᠬᠣᠢᠱᠢᠳᠠ ᠪᠢᠳᠡ ᠴᠥᠮ ᠥᠪᠡᠷᠰᠡᠳ᠎ᠦᠨ ᠠᠵᠢᠯ᠎ᠤᠨ ᠪᠠᠢᠷᠢ᠎ᠳᠠᠭᠠᠨ ᠨᠡᠩ ᠢᠯᠡᠭᠦᠦ ᠴᠢᠷᠮᠠᠢᠵᠤ᠂ ᠲᠤᠬᠠᠢᠯᠠᠭ᠍ᠰᠠᠨ ᠠᠵᠢᠯ᠎ᠢᠶᠠᠨ ᠪᠦᠲᠦᠭᠡᠯᠴᠢ᠎ᠪᠡᠷ ᠰᠠᠢᠲᠤᠷ ᠬᠢᠬᠦ᠌ ᠪᠣᠯᠤᠨ᠎ᠠ》 ᠭᠡᠵᠦ᠍ ᠬᠥᠬᠡᠬᠣᠲᠠ᠎ᠶ᠋ᠢᠨ ᠵᠥᠩ ᠬᠤᠸᠠᠨ ᠠᠵᠤ ᠦᠶ᠋ᠯᠡᠰ᠎ᠦᠨ ᠬᠦᠷᠢᠶᠡᠯᠡᠩ᠎ᠦᠨ ᠠᠵᠢᠯᠲᠠᠨ ᠵᠣᠣ ᠴᠢᠨ ᠪᠥᠸᠧ ᠬᠡᠯᠡᠪᠡ᠃

《ᠶᠡᠷᠦᠩᠬᠡᠢ ᠱᠦᠵᠢ ᠰᠢ ᠵᠢᠨ ᠫᠢᠩ ᠮᠠᠨ᠎ᠤ ᠵᠦᠩ ᠬᠤᠸᠠᠨ ᠠᠵᠤ ᠦᠢᠯᠡᠰ᠎ᠦᠨ ᠬᠦᠷᠢᠶᠡᠯᠡᠩ᠎ᠳᠦ ᠢᠷᠡᠭ᠌ᠰᠡᠨ᠎ᠳᠦ ᠪᠢ ᠲᠤᠢᠯ᠎ᠢᠶᠠᠷ  ᠳᠣᠭ᠍ᠳᠣᠯᠤᠨ ᠣᠮᠣᠭ᠍ᠰᠢᠵᠤ ᠪᠠᠢᠨ᠎ᠠ᠃ ᠪᠢᠳᠡ ᠯᠠᠪᠲᠠᠶ᠎ᠠ ᠶᠡᠷᠦᠩᠬᠡᠶ ᠱᠦᠵᠢ ᠰᠢ ᠵᠢᠨ ᠫᠢᠩ᠎ᠦᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠵᠥᠩ ᠬᠤᠸᠠᠨ᠎ᠤ ᠱᠢᠨ᠎ᠡ᠎ᠶ᠋ᠢ ᠡᠭᠦᠳᠬᠦ᠌ ᠳᠠᠪᠠᠭᠤᠯᠢᠭ᠎ᠢᠶᠠᠨ ᠦᠷᠭᠦᠯᠵᠢᠯᠡᠨ ᠪᠠᠳᠠᠷᠠᠭᠤᠯᠵᠤ᠂ ᠬᠡᠷᠡᠯᠴᠢ ᠴᠡᠨᠡᠭ᠎ᠦᠨ ᠠᠵᠢᠯ ᠲᠥᠷᠥᠯ᠎ᠳᠦ ᠨᠠᠩ ᠱᠢᠯᠢᠳᠡᠭ ᠴᠢᠨᠠᠷ ᠰᠠᠢᠲᠠᠶ ᠦᠶ᠋ᠯᠡᠳᠬᠦᠨ  ᠬᠠᠩᠭᠠᠵᠤ᠂ ᠪᠣᠬᠢᠷᠲᠤᠯ ᠥᠬᠡᠶ ᠦᠶ᠋ᠯᠡᠳᠬᠦ᠌ ᠦᠶ᠋ᠯᠡᠰ᠂ ᠣᠶᠤᠨᠴᠢ ᠦᠶ᠋ᠯᠡᠳᠬᠦ᠌ ᠦᠶ᠋ᠯᠡᠰ᠎ᠢ ᠠᠬᠢᠭᠤᠯᠬᠤ᠎ᠳᠤ ᠥᠪᠡᠷ᠎ᠦᠨ ᠬᠦᠴᠦᠨ ᠴᠢᠳᠠᠯ᠎ᠢᠶᠠᠨ ᠡᠷᠭᠦᠨ᠎ᠡ》 ᠭᠡᠵᠤ ᠵᠥᠩ ᠬᠤᠸᠠᠨ ᠠᠵᠤ ᠦᠶ᠋ᠯᠡᠰ᠎ᠦᠨ ᠬᠦᠷᠢᠶᠡᠯᠡᠩ᠎ᠦᠨ ᠠᠵᠢᠯᠲᠠᠨ ᠸᠠᠩ ᠹᠦ᠋ ᠪᠦᠦ ᠡᠷᠡᠰ ᠱᠢᠭᠤᠷᠬᠠᠶ᠎ᠪᠠᠷ ᠬᠡᠯᠡᠪᠡ᠃


《ᠶᠡᠷᠦᠩᠬᠡᠢ ᠱᠦᠵᠢ ᠦᠵᠡᠭᠦᠯᠭᠡ᠎ᠶ᠋ᠢᠨ ᠰᠠᠮᠪᠠᠷ᠎ᠠ᠎ᠶ᠋ᠢᠨ ᠡᠮᠦᠨ᠎ᠡ ᠤᠳᠠᠲᠠᠯ᠎ᠠ ᠱᠠᠭᠠᠢᠵᠦ ᠵᠤᠭᠰᠤᠪᠠ》

《ᠥᠪᠥᠷ ᠮᠣᠩᠭᠣᠯ ᠱᠢᠨ᠎ᠡ ᠡᠨᠧᠷᠭᠢ᠎ᠶ᠋ᠢ ᠬᠥᠭ᠌ᠵᠢᠭᠦᠯᠵᠦ᠍᠂ ᠤᠳᠤ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠢ᠎ᠶ᠋ᠢ ᠰᠠᠢᠲᠤᠷ ᠬᠥᠭ᠌ᠵᠢᠭᠦᠯᠬᠦ᠌ ᠲᠤᠬᠠᠢ ᠶᠡᠷᠦᠩᠬᠡᠢ ᠱᠦᠵᠢ ᠮᠠᠰᠢ ᠠᠩᠬᠠᠷᠴᠤ᠌ ᠪᠠᠢᠯ᠎ᠠ》᠃ ᠶᠡᠷᠦᠩᠬᠡᠶ ᠱᠦᠵᠢ᠎ᠲᠡᠶ ᠠᠭᠤᠯᠵᠠᠭ᠍ᠰᠠᠨ ᠲᠥᠷᠥᠭ᠌ᠳᠡᠯ᠎ᠢᠶᠡᠨ ᠶᠠᠷᠢᠬᠤ᠎ᠳᠤ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶ᠋ᠢᠨ ᠲᠣᠪᠴᠢᠶ᠎ᠠ᠎ᠶᠢᠨ ᠳᠠᠷᠤᠭ᠎ᠠ ᠢᠦᠶ ᠬᠠᠶ ᠢᠦᠶ᠄《ᠶᠡᠷᠦᠩᠬᠡᠶ ᠱᠦᠵᠢ ᠲᠤᠢᠯ᠎ᠤᠨ ᠳᠣᠲᠣᠨᠣᠰᠤᠭ᠂ ᠡᠨᠧᠷᠭᠢ᠎ᠶ᠋ᠢᠨ ᠠᠵᠢᠯ᠎ᠢ ᠮᠠᠰᠢ ᠰᠠᠢᠨ  ᠣᠢᠯᠠᠭᠠᠬᠤ᠎ᠪᠠᠷ ᠪᠠᠷᠠᠬᠤ ᠥᠬᠡᠶ᠂ ᠡᠨᠧᠷᠭᠢ᠎ᠶ᠋ᠢᠨ ᠬᠦᠷᠢᠶᠡᠨ᠎ᠦ ᠮᠡᠷᠭᠡᠵᠢᠯ ᠪᠠ ᠲᠣᠨᠣᠭ ᠲᠥᠬᠥᠭᠡᠷᠦᠮᠵᠢ᠎ᠶ᠋ᠢ ᠴᠦ᠍ ᠮᠠᠰᠢ ᠰᠠᠢᠨ ᠮᠡᠳᠡᠨ᠎ᠡ》 ᠭᠡᠵᠦ ᠬᠡᠯᠡᠪᠡ᠃

《ᠪᠢ ᠶᠡᠷᠦᠩᠬᠡᠶ ᠱᠦᠵᠢ᠎ᠳᠦ 2025 ᠣᠨ᠎ᠤ ᠥᠪᠥᠷ ᠮᠣᠩᠭᠣᠯ᠎ᠤᠨ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ ᠪᠣᠯᠤᠨ ᠴᠠᠬᠢᠯᠭᠠᠨ ᠭᠠᠷᠭᠠᠯᠲᠠ᠎ᠶ᠋ᠢᠨ ᠬᠡᠮᠵᠢᠶ᠎ᠡ᠎ᠨᠢ 2022 ᠣᠨ᠎ᠤ᠎ᠬᠢ᠎ᠡᠴᠡ ᠬᠣᠶᠠᠷ ᠳᠠᠬᠢᠨ ᠢᠯᠡᠭᠦᠦ ᠪᠣᠯᠬᠤ ᠵᠢ ᠬᠠᠷᠢᠭᠤ ᠮᠡᠳᠡᠭᠦᠯᠬᠦ᠌᠎ᠳᠦ᠂ ᠶᠡᠷᠦᠩᠬᠡᠶ ᠱᠦᠵᠢ ᠶᠠᠭᠠᠬᠢᠭᠠᠳ ᠡᠢᠮᠦ᠍ ᠲᠦᠷᠭᠡᠨ ᠪᠣᠶ ᠭᠡᠵᠦ᠍ ᠬᠠᠯᠠᠮᠵᠢᠯᠠᠨ ᠠᠰᠠᠭᠤᠪᠠ》᠃ ᠡᠨᠡ ᠬᠦ᠌ ᠦᠵᠡᠭ᠌ᠳᠡᠯ ᠨᠢ ᠢᠦᠢ ᠬᠠᠢ ᠢᠦᠢ᠎ᠳᠦ ᠭᠦᠨ ᠰᠠᠭᠤᠭ᠍ᠳᠠᠯ ᠦᠯᠡᠳᠡᠭᠡᠵᠡᠢ᠃

《ᠡᠨᠡ ᠵᠢᠯ᠎ᠦᠨ 5 ᠰᠠᠷ᠎ᠠ ᠪᠣᠯᠲᠠᠯᠠᠬᠢ ᠬᠠᠮᠤᠭ᠎ᠤᠨ ᠱᠢᠨ᠎ᠡ ᠲᠣᠭ᠎ᠠ ᠪᠠᠷᠢᠮᠲᠠ᠎ᠳᠤ᠂ ᠮᠠᠨ᠎ᠤ ᠣᠲᠣ᠎ᠶ᠋ᠢᠨ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ 6712 ᠲᠦᠮᠡᠨ ᠺᠢᠯᠦᠸᠠᠲ᠎ᠲᠤ ᠬᠦᠷᠴᠦ᠍᠂ ᠡᠨᠡ ᠵᠢᠯ᠎ᠦᠨ ᠡᠴᠦᠰ ᠪᠣᠯᠬᠤ᠎ᠳᠤ 9000 ᠲᠦᠮᠡᠨ ᠺᠢᠯᠦᠸᠠᠲ᠎ᠲᠤ ᠬᠦᠷᠬᠦ ᠪᠤᠯᠤᠨ᠎ᠠ᠂ ᠣᠲᠣ ᠨᠢᠭᠡᠨᠲᠡ ᠵᠥᠪᠱᠢᠶᠡᠷᠡᠭ᠌ᠰᠡᠨ ᠪᠦᠳᠦᠬᠡᠨ ᠪᠠᠢᠭᠤᠯᠵᠤ ᠪᠠᠢᠭ᠎ᠠ ᠪᠠ ᠪᠦᠳᠦᠬᠡᠨ ᠪᠠᠢᠭᠤᠯᠬᠤ᠎ᠪᠠᠷ ᠪᠠᠢᠭ᠎ᠠ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ 1 ᠳ᠋ᠦᠩᠱᠢᠭᠤᠷ ᠺᠢᠯᠦᠸᠠᠲ ᠴᠠᠭ᠎ᠢ ᠳᠠᠪᠠᠪᠠ》 ᠭᠡᠵᠦ ᠢᠦᠢ ᠬᠠᠢ ᠢᠦᠢ ᠶᠡᠷᠦᠩᠬᠡᠢ ᠱᠦᠵᠢ᠎ᠳᠦ ᠬᠠᠷᠢᠭᠤ ᠮᠡᠳᠡᠭᠦᠯᠪᠡ᠃

ᠶᠡᠷᠦᠩᠬᠡᠶ ᠱᠦᠵᠢ ᠰᠤᠨᠤᠰᠤᠭᠠᠳ  ᠲᠣᠯᠣᠭᠠᠶ ᠳᠣᠬᠢᠪᠠ᠃

ᠭᠡᠷᠡᠯᠴᠢ ᠴᠡᠨᠡᠭ᠎ᠢᠶᠡᠷ ᠡᠯᠡᠰᠦ᠎ᠶ᠋ᠢ ᠵᠠᠰᠠᠬᠤ ᠨᠢ  ᠶᠠᠮᠠᠷ ᠶᠠᠩᠵᠤ᠎ᠶ᠋ᠢᠨ ᠵᠠᠭ᠍ᠪᠤᠷ ᠪᠤᠢ?

ᠶᠡᠷᠦᠩᠬᠡᠶ ᠱᠦᠵᠢ ᠡᠴᠡ ᠢᠦᠶ ᠬᠠᠶ ᠢᠦᠶ᠎ᠶ᠋ᠢᠨ ᠥᠪᠥᠷ ᠮᠣᠩᠭᠣᠯ᠎ᠬᠡᠷᠡᠯᠴᠢ ᠴᠡᠨᠡᠭ᠎ᠢᠶᠡᠷ ᠡᠯᠡᠰᠦ᠎ᠶ᠋ᠢ ᠵᠠᠰᠠᠭ᠍ᠰᠠᠨ ᠲᠠᠯᠠᠪᠠᠶ ᠨᠢ ᠨᠡᠢᠲᠡ 20 ᠲᠦᠮᠡᠨ ᠮᠥ᠍ ᠬᠦᠷᠴᠠᠢ ᠭᠡᠰᠡᠨ ᠬᠠᠷᠢᠭᠤ ᠮᠡᠳᠡᠭᠦᠯᠦᠯᠲᠡ᠎ᠶ᠋ᠢ ᠰᠣᠨᠣᠰᠤᠭᠠᠳ᠂ ᠡᠮᠦᠨᠡᠬᠢ ᠦᠵᠡᠭᠦᠯᠭᠡ᠎ᠶ᠋ᠢᠨ ᠰᠠᠮᠪᠠᠷ᠎ᠠ᠎ᠶ᠋ᠢ ᠵᠢᠭᠠᠨ ᠠᠰᠠᠭᠤᠪᠠ᠃

《ᠪᠢᠳᠡ ᠭᠡᠷᠡᠯᠴᠢ ᠴᠡᠨᠡᠭ᠎ᠢᠶᠡᠷ ᠡᠯᠡᠰᠦ᠎ᠶ᠋ᠢ ᠵᠠᠰᠠᠬᠤ᠎ᠳᠤ〈ᠬᠠᠪᠲᠠᠰᠤᠨ ᠳᠡᠭᠡᠷ᠎ᠡ ᠴᠠᠬᠢᠯᠭᠠᠨ ᠭᠠᠷᠭᠠᠵᠤ᠂ ᠬᠠᠪᠲᠠᠰᠤᠨ ᠳᠤᠤᠷ᠎ᠠ ᠳᠠᠷᠢᠮᠠᠯ ᠲᠠᠷᠢᠬᠤ〉 ᠵᠠᠭ᠍ᠪᠤᠷ᠎ᠢ ᠠᠪᠴᠤ᠌᠂ ᠬᠠᠪᠲᠠᠰᠤᠨ ᠳᠤᠤᠷ᠎ᠠ ᠲᠡᠵᠢᠭᠡᠯ ᠡᠪᠡᠰᠦ᠂ ᠪᠣᠳᠠ ᠮᠣᠳᠣ ᠳᠠᠷᠢᠵᠤ᠂ ᠮᠠᠯ ᠠᠵᠤ ᠠᠬᠤᠶ᠎ᠶ᠋ᠢ ᠬᠥᠭ᠌ᠵᠢᠭᠦᠯᠪᠡ》 ᠭᠡᠵᠦ ᠢᠦᠢ ᠬᠠᠢ ᠢᠦᠢ ᠶᠡᠷᠦᠩᠬᠡᠢ ᠱᠦᠵᠢ᠎ᠳᠦ ᠬᠠᠷᠢᠭᠤ ᠮᠡᠳᠡᠭᠦᠯᠪᠡ᠃

ᠭᠡᠷᠡᠯᠴᠢ ᠴᠡᠨᠡᠭ ᠤ᠋ᠨ ᠬᠠᠪᠲᠠᠰᠤ᠎ᠶ᠋ᠢᠨ ᠳᠤᠤᠷ᠎ᠠ ᠶᠠᠭᠤ ᠲᠠᠷᠢᠭ᠍ᠰᠠᠨ ᠪᠤᠢ? ᠭᠡᠵᠦ᠍ ᠶᠡᠷᠦᠩᠬᠡᠢ ᠱᠦᠵᠢ ᠵᠠᠯᠭᠠᠭᠠᠳ ᠠᠰᠠᠭᠤᠪᠠ᠃

《ᠭᠣᠣᠯᠳᠠᠭᠤ ᠰᠢᠯᠤᠭᠤᠨ ᠬᠤᠨᠴᠢᠷ᠂ ᠬᠢᠶᠠᠭ᠂ ᠨᠠᠢᠯᠵᠠᠭᠤᠷ ᠬᠠᠷᠭᠠᠨ᠎ᠠ ᠵᠡᠷᠭᠡ ᠡᠯᠡᠰᠦᠨ᠎ᠳᠦ ᠤᠷᠭᠤᠬᠤ᠎ᠳᠤ ᠨᠡᠯᠢᠶᠡᠳ ᠲᠣᠬᠢᠷᠠᠮᠵᠢᠲᠠᠶ ᠤᠷᠭᠤᠮᠠᠯ᠎ᠢ ᠲᠠᠷᠢᠳᠠᠭ᠃ ᠭᠡᠷᠡᠯᠴᠢ ᠴᠡᠨᠡᠭ᠎ᠢᠶᠡᠷ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ᠌ ᠲᠠᠯ᠎ᠠ᠎ᠪᠠᠷ᠂ ᠪᠢᠳᠡ ᠨᠢᠭᠡᠨᠲᠡ 518 ᠲᠥᠪᠯᠡᠷᠡᠩᠭᠦᠶ ᠮᠠᠶᠢᠭ᠎ᠤᠨ ᠪᠠ ᠲᠣᠰᠭᠣᠨ᠎ᠤ ᠱᠠᠲᠤᠨ᠎ᠤ ᠭᠡᠷᠡᠯᠴᠢ ᠴᠡᠨᠡᠭ᠎ᠦᠨ ᠴᠠᠬᠢᠯᠭᠠᠨ ᠥᠷᠲᠡᠭᠡ᠎ᠶ᠋ᠢ ᠪᠠᠢᠭᠤᠯᠵᠤ᠂ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ᠎ᠨᠢ 165 ᠲᠦᠮᠡᠨ ᠺᠢᠯᠦᠸᠠᠲ ᠪᠠᠢᠵᠤ᠂ 2322 ᠭᠠᠴᠠᠭ᠎ᠠ ᠲᠣᠰᠭᠣᠨ᠎ᠳᠤ ᠠᠱᠢᠭ ᠬᠦᠷᠲᠡᠭᠡᠵᠦ᠍᠂ ᠮᠠᠯᠴᠢᠨ ᠲᠠᠷᠢᠶᠠᠴᠢᠨ ᠡᠷᠦᠬᠡ ᠳᠤᠮᠳᠠᠴᠢ᠎ᠶ᠋ᠢᠨ ᠣᠷᠣᠯᠭ᠎ᠠ᠎ᠨᠢ ᠵᠢᠯ ᠪᠦᠷᠢ 3000 ᠲᠥᠭᠥᠷᠢᠭ᠎ᠡᠴᠡ ᠳᠡᠭᠡᠭ᠌ᠰᠢ ᠨᠡᠮᠡᠭ᠌ᠳᠡᠪᠡ》᠃ ᠢᠦᠢ ᠬᠠᠢ ᠢᠦᠢ ᠶᠡᠷᠦᠩᠬᠡᠢ ᠱᠦᠵᠢ᠎ᠳᠦ ᠬᠡᠷᠡᠯᠴᠢ ᠴᠡᠨᠡᠭ᠎ᠢᠶᠡᠷ ᠡᠯᠡᠰᠦ᠎ᠶ᠋ᠢ ᠵᠠᠰᠠᠬᠤ ᠠᠷᠭ᠎ᠠ ᠬᠡᠮᠵᠢᠶ᠎ᠡ ᠪᠣᠯᠤᠨ ᠦᠷ᠎ᠡ ᠪᠦᠲᠦᠮᠵᠢ᠎ᠶ᠋ᠢ ᠬᠠᠷᠢᠭᠤ ᠮᠡᠳᠡᠭᠦᠯᠬᠦ᠌᠎ᠳ᠋ᠤ᠂ ᠶᠡᠷᠦᠩᠬᠡᠢ ᠱᠦᠵᠢ ᠦᠵᠡᠭᠦᠯᠭᠡ᠎ᠶ᠋ᠢᠨ ᠰᠠᠮᠪᠠᠷ᠎ᠠ᠎ᠶ᠋ᠢᠨ ᠡᠮᠦᠨ᠎ᠡ ᠤᠳᠠᠲᠠᠯ᠎ᠠ ᠱᠠᠭᠠᠢᠵᠦ ᠵᠤᠭᠰᠤᠭᠰᠠᠨ ᠢ᠋ ᠲᠤᠳᠤ ᠴᠡᠭᠡᠵᠢᠯᠡᠵᠦ ᠪᠠᠢᠯ᠎ᠠ᠃ 《ᠶᠡᠷᠦᠩᠬᠡᠢ ᠱᠦᠵᠢ ᠥᠪᠥᠷ ᠮᠣᠩᠭᠣᠯ᠎ᠤᠨ ᠱᠢᠨ᠎ᠡ ᠡᠨᠧᠷᠭᠢ᠎ᠶ᠋ᠢ ᠬᠥᠭ᠌ᠵᠢᠭᠦᠯᠬᠦ᠌᠎ᠶ᠋ᠢ ᠲᠤᠢᠯ᠎ᠢᠶᠠᠷ ᠬᠠᠯᠠᠮᠵᠢᠯᠠᠵᠤ᠂ ᠠᠮᠢ ᠠᠬᠤᠢ᠎ᠶ᠋ᠢ ᠬᠠᠮᠠᠭᠠᠯᠠᠬᠤ ᠪᠠ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠎ᠶ᠋ᠢ ᠤᠶᠠᠯᠳᠤᠭᠤᠯᠤᠭ᠍ᠰᠠᠨ ᠠᠷᠭ᠎ᠠ ᠬᠢᠳᠡᠯ᠎ᠢ ᠮᠠᠭ᠍ᠲᠠᠨ ᠰᠠᠢᠱᠢᠶᠠᠵᠤ᠂ ᠥᠪᠥᠷ ᠮᠣᠩᠭᠣᠯ᠎ᠤᠨ ᠱᠢᠨ᠎ᠡ ᠡᠨᠧᠷᠭᠢ᠎ᠶ᠋ᠢ ᠬᠥᠭ᠌ᠵᠢᠭᠦᠯᠬᠦ᠌ ᠠᠷᠭ᠎ᠠ ᠵᠠᠮ᠎ᠢ ᠮᠠᠰᠢ ᠵᠦᠪᠰᠢᠶᠡᠷᠡᠵᠦ ᠪᠠᠢᠬᠤ᠎ᠶ᠋ᠢ ᠦᠵᠡᠵᠦ᠍ ᠭᠠᠷᠤᠨ᠎ᠠ》 ᠭᠡᠪᠡ᠃

《ᠶᠡᠷᠦᠩᠬᠡᠢ ᠱᠦᠵᠢ ᠮᠠᠰᠢ ᠨᠠᠷᠢᠨ ᠠᠰᠠᠭᠤᠪᠠ᠂ ᠶᠡᠷᠦᠩᠬᠡᠢ ᠱᠦᠵᠢ ᠥᠪᠥᠷ ᠮᠣᠩᠭᠣᠯ᠎ᠤᠨ ᠲᠤᠬᠠᠢ ᠮᠠᠰᠢ ᠬᠠᠯᠠᠮᠵᠢᠯᠠᠵᠤ ᠪᠠᠢᠬᠤ᠎ᠶ᠋ᠢ ᠪᠢ ᠪᠡᠶ᠎ᠡ᠎ᠪᠡᠷ᠎ᠢᠶᠡᠨ ᠮᠡᠳᠡᠷᠡᠵᠦ᠍᠂ ᠥᠪᠥᠷ ᠮᠣᠩᠭᠣᠯ᠎ᠤᠨ ᠡᠨᠧᠷᠭᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠳᠦ ᠮᠠᠰᠢ ᠶᠡᠬᠡ ᠬᠦᠰᠡᠯ ᠡᠷᠡᠮᠡᠯᠵᠡᠯ ᠲᠠᠯᠪᠢᠵᠤ ᠪᠠᠢᠨ᠎ᠠ》᠃ ᠶᠡᠷᠦᠩᠬᠡᠢ ᠱᠦᠵᠢ᠎ᠳᠦ ᠬᠠᠷᠢᠭᠤ ᠮᠡᠳᠡᠭᠦᠯᠬᠦ᠌ ᠦᠶ᠎ᠡ᠎ᠶ᠋ᠢᠨ ᠪᠠᠢᠳᠠᠯ ᠨᠢ  ᠢᠦᠢ ᠬᠠᠢ ᠢᠦᠢ ᠳ᠋ᠦ ᠰᠠᠭᠤᠭ᠍ᠳᠠᠯ᠎ᠭᠦᠨ  ᠪᠠᠢᠯ᠎ᠠ᠃

《ᠲᠠᠷᠠᠭᠠᠴᠢ᠎ᠶ᠋ᠢᠨ ᠠᠯᠬᠤᠮ᠎ᠳᠤ᠂ ᠪᠢᠳᠡ ᠶᠡᠷᠦᠩᠬᠡᠶ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠬᠦ᠌᠎ᠶ᠋ᠢ ᠪᠠᠷᠢᠮᠲᠠᠯᠠᠵᠤ᠂ ᠤᠯᠠᠮᠵᠢᠯᠠᠯᠲᠤ ᠡᠨᠧᠷᠭᠢ ᠪᠠ ᠱᠢᠨ᠎ᠡ ᠡᠨᠧᠷᠭᠢ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠨᠡᠭᠦᠷᠡᠰᠦ ᠴᠠᠬᠢᠯᠭᠠᠨ ᠲᠣᠰᠣ ᠰᠢᠳᠠᠮᠠᠬᠠᠢ ᠬᠡᠶ ᠰᠠᠯᠬᠢ ᠬᠡᠷᠡᠯ ᠤᠰᠤᠲᠥ᠋ᠷᠥᠭ᠌ᠴᠢ ᠬᠠᠳᠠᠭᠠᠯᠠᠬᠤ ᠵᠡᠷᠭᠡ ᠲᠠᠯ᠎ᠠ᠎ᠪᠠᠷ᠂ ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ᠎ᠶ᠋ᠢᠨ ᠠᠵᠢᠯ᠎ᠢ ᠱᠢᠰᠲ᠋ᠧᠮ᠎ᠲᠡᠶ ᠲᠥᠯᠥᠪᠵᠢᠭᠦᠯᠦᠨ ᠰᠠᠢᠲᠤᠷ ᠬᠢᠵᠦ᠍᠂ ᠤᠯᠤᠰ᠎ᠤᠨ ᠴᠢᠬᠤᠯᠠ ᠡᠨᠧᠷᠭᠢ᠎ᠶ᠋ᠢᠨ ᠰᠠᠭᠤᠷᠢᠨ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍᠂ ᠤᠯᠤᠰ᠎ᠤᠨ ᠡᠨᠧᠷᠭᠢ  ᠪᠠ ᠪᠤᠳᠠᠭᠠᠨ ᠠᠶᠠᠭ᠎ᠠ᠎ᠶ᠋ᠢ ᠥᠪᠡᠷ᠎ᠦᠨ ᠭᠠᠷ᠎ᠲᠠᠭᠠᠨ ᠯᠠᠪᠳᠠᠭᠤᠨ ᠠᠳᠬᠤᠬᠤ᠎ᠳᠦ ᠱᠢᠨ᠎ᠡ ᠭᠠᠪᠢᠶ᠎ᠠ ᠪᠠᠢᠭᠤᠯᠤᠨ᠎ᠠ》 ᠭᠡᠵᠦ᠍ ᠢᠦᠢ ᠬᠠᠢ ᠢᠦᠢ ᠢᠯᠡᠳᠭᠡᠪᠡ᠃


QQ截图20230609091230.png


ᠮᠡᠳᠡᠭᠡᠯᠡᠯ ᠎ᠤᠨ ᠪᠥᠯᠬᠥᠮ ᠄   

ᠯᠢ ᠱᠢᠶᠠ   ᠼᠦᠢ ᠨᠠᠨ   ᠵᠧᠩ ᠱᠢᠤᠸᠠᠢ ᠯᠢᠶᠠᠩ   ᠭᠤᠤ ᠬᠣᠶ   ᠺᠠᠩ ᠯᠢ ᠨᠠ   ᠬᠠᠨ ᠱᠢᠤᠸᠠᠢ ᠷᠦ   ᠾᠦᠸᠸ ᠱᠢᠶᠤᠤ ᠴᠢᠩ   ᠯᠢᠦ ᡁᠢ ᠱᠢᠶᠠᠨ   ᠸᠠᠩ ᠯᠢ ᠬᠣᠩ     ᠯᠢ ᠴᠤᠤ ᠷᠠᠨ   ᠸᠠᠩ ᠯᠸᠢ    ᠸᠠᠩ ᠫᠸᠩ   ᠬᠥᠪᠴᠢᠨ   ᠬᠤᠸᠠᠩ ᠶᠠᠨ ᠹᠸᠢ   ᠎ᠶ᠋ᠢᠨ ᠴᠢᠤᠸᠠᠨ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号