— ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠡᠬᠢ ᠱᠢᠨᠵᠢᠯᠡᠨ ᠪᠠᠢᠴᠠᠭᠠᠯᠳᠠ ᠪᠠ ᠴᠢᠬᠤᠯᠠ ᠶᠠᠷᠢᠶ᠎ᠠ ᠪᠥᠬᠥ᠌ ᠣᠷᠣᠨ᠎ᠤ ᠺᠠᠳ᠋ᠷ ᠣᠯᠠᠨ ᠲᠦᠮᠡᠨ᠎ᠦ ᠲᠤᠮᠳᠠ ᠴᠢᠩᠭ᠎ᠠ ᠲᠤᠰᠭᠠᠯ ᠭᠠᠷᠴᠠᠢ
6 ᠰᠠᠷ᠎ᠠ᠎ᠶ᠋ᠢᠨ 8 ᠤ᠋ ᠤᠷᠤᠢ᠂ ᠥᠪᠥᠷ ᠮᠣᠩᠭᠣᠯ᠎ᠤᠨ ᠡᠯ᠎ᠡ ᠱᠠᠲᠤᠨ᠎ᠤ ᠺᠠᠳ᠋ᠷ ᠤᠯᠠᠨ ᠲᠦᠮᠡᠨ ᠳᠣᠭ᠍ᠳᠣᠯᠤᠭ᠍ᠰᠠᠨ ᠰᠡᠳᠭᠢᠯᠭᠡ᠎ᠪᠡᠷ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠲᠦᠪ ᠲᠸᠯᠸᠢᠰ ᠤ᠋ᠨ ᠰᠤᠨᠢᠨ ᠮᠡᠳᠡᠬᠡᠨ ᠤ᠋ ᠨᠡᠪᠳᠡᠷᠡᠬᠦᠯᠬᠡ᠎ᠶ᠋ᠢ ᠬᠦᠯᠢᠶᠠᠨ ᠠᠪᠴᠤ᠌ ᠦᠵᠡᠵᠦ᠍᠂ ᠡᠨᠡ ᠬᠦ᠌ ᠴᠢᠬᠤᠯᠠ ᠴᠠᠭ ᠮᠥᠴᠡ᠎ᠶ᠋ᠢ ᠬᠠᠮᠲᠤ᠎ᠪᠠᠷ ᠭᠡᠷᠡᠴᠢᠯᠡᠪᠡ᠃

6 ᠰᠠᠷ᠎ᠠ ᠵᠢᠨ 8᠎ᠤ ᠤᠷᠤᠢ᠂ ᠦᠪᠦᠷ ᠮᠤᠨᠭᠭᠤᠯ᠎ᠤᠨ ᠵᠦᠩ ᠬᠤᠸᠠᠨ ᠠᠵᠤ ᠦᠢᠯᠡᠰ᠎ᠤᠨ ᠬᠦᠷᠢᠶᠡᠯᠡᠩ᠎ᠤᠨ ᠺᠠᠳ᠋ᠷ ᠠᠵᠢᠯᠳᠠᠨ ᠲᠦᠪ ᠲᠸᠯᠸᠢᠰ᠎ᠤᠨ ᠰᠤᠨᠢᠨ ᠮᠡᠳᠡᠭᠡᠨ᠎ᠤ ᠨᠡᠪᠳᠡᠷᠠᠬᠦᠯᠭᠡ ᠵᠢ ᠬᠦᠯᠢᠶᠠᠨ ᠠᠪᠴᠤ ᠦᠵᠡᠪᠡ᠃
ᠲᠤᠰ ᠰᠤᠨᠢᠨ᠎ᠤ ᠰᠤᠷᠪᠤᠯᠵᠢᠯᠠᠭᠴᠢ ᠸᠠᠩ ᠯᠸᠢ ᠰᠡᠬᠦᠳᠡᠷᠯᠡᠪᠡ
ᠤᠯᠠᠨ᠎ᠢᠶᠠᠷ᠎ᠢᠶᠠᠨ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠠᠯᠪᠢᠭ᠍ᠰᠠᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠥᠪᠥᠷ ᠮᠣᠩᠭᠣᠯ᠎ᠤᠨ ᠥᠪᠡᠷᠮᠢᠴᠡ ᠡᠬᠢ ᠪᠠᠶᠠᠯᠢᠭ᠎ᠤᠨ ᠳᠠᠪᠠᠭᠤᠯᠢᠭ᠎ᠲᠤ ᠲᠦᠱᠢᠭ᠌ᠯᠡᠨ᠂ ᠴᠢᠨᠠᠷ ᠰᠠᠢᠲᠠᠢ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠨ᠎ᠠ ᠭᠡᠵᠦ᠍ ᠢᠯᠡᠳᠭᠡᠵᠡᠭᠡᠪᠡ᠃
ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠡᠨᠡ ᠬᠦ᠌ ᠲᠡᠷᠢᠭᠦᠨ ᠴᠢᠬᠤᠯᠠ ᠡᠭᠦᠷᠭᠡ᠎ᠶ᠋ᠢᠨ ᠲᠣᠭᠣᠷᠢᠨ᠎ᠳᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ ᠲᠠᠪᠤᠨ ᠶᠡᠬᠡ ᠡᠭᠦᠷᠭᠡ᠎ᠶ᠋ᠢ ᠰᠠᠢᠲᠤᠷ ᠪᠡᠶᠡᠯᠡᠬᠦᠯᠦᠨ᠎ᠡ
6 ᠰᠠᠷ᠎ᠠ᠎ᠶ᠋ᠢᠨ 8 ᠤ᠋ ᠣᠷᠣᠶ᠂ ᠵᠥᠩ ᠬᠤᠸᠠᠨ ᠠᠵᠤ ᠦᠶ᠋ᠯᠡᠰ᠎ᠦᠨ ᠬᠦᠷᠢᠶᠡᠯᠡᠩ 300 ᠭᠠᠷᠤᠶ ᠠᠵᠢᠯᠲᠠᠨ᠎ᠢᠶᠠᠨ ᠵᠣᠬᠢᠶᠠᠨ ᠪᠠᠢᠭᠤᠯᠵᠤ ᠡᠷᠲᠡᠬᠡᠨ ᠮᠡᠳᠡᠭᠦᠯᠦᠯᠲᠡ᠎ᠶ᠋ᠢᠨ ᠲᠢᠩᠬᠢᠮ ᠳᠦ ᠬᠦᠷᠴᠦ᠍ ᠲᠧᠯᠸᠢᠰ᠎ᠦᠨ ᠡᠮᠦᠨ᠎ᠡ ᠬᠦᠯᠢᠶᠠᠨ ᠰᠠᠭᠤᠵᠠᠭᠠᠪᠠ᠃
《ᠶᠡᠷᠦᠩᠬᠡᠶ ᠱᠦᠵᠢ ᠮᠠᠨ᠎ᠤ ᠦᠶ᠋ᠯᠡᠳᠪᠦᠷᠢᠯᠡᠯ᠎ᠦᠨ ᠲᠠᠰᠤᠭ᠎ᠲᠤ ᠢᠷᠡᠵᠦ᠍ ᠦᠶ᠋ᠯᠡᠳᠪᠦᠷᠢᠯᠡᠯ᠎ᠦᠨ ᠶᠠᠪᠤᠴᠠ᠎ᠶ᠋ᠢ ᠨᠠᠷᠢᠨ ᠪᠠᠢᠴᠠᠭᠠᠨ ᠦᠵᠡᠵᠦ᠍᠂ ᠶᠡᠷᠦᠩᠬᠡᠶ ᠱᠦᠵᠢ᠎ᠶ᠋ᠢᠨ ᠭᠦᠶ᠋ᠴᠡᠳ ᠨᠤᠲᠠᠯᠠᠯᠲᠠ᠎ᠶ᠋ᠢ ᠤᠯᠤᠬᠰᠠᠨ ᠨᠢ᠂ ᠮᠢᠨᠦ᠍ ᠦᠵᠡᠬᠦ᠌᠎ᠪᠡᠷ ᠮᠠᠨ᠎ᠤ ᠠᠵᠤ ᠠᠬᠤᠢᠯᠠᠯ᠎ᠤᠨ ᠡᠨᠡ ᠠᠷᠪᠠ ᠭᠠᠷᠤᠶ ᠵᠢᠯ᠎ᠦᠨ ᠥᠪᠥᠷ ᠮᠣᠩᠭᠣᠯ᠎ᠳᠤ ᠠᠵᠢᠯᠯᠠᠬᠰᠠᠨ ᠨᠢ ᠴᠥᠮ ᠦᠨ᠎ᠡ ᠦᠷᠳᠡᠭ ᠲᠡᠶ᠂ ᠮᠠᠰᠢ ᠣᠮᠣᠭ᠍ᠰᠢᠵᠤ ᠪᠠᠢᠨ᠎ᠠ᠃ ᠲᠠᠷᠠᠭᠠᠴᠢ᠎ᠶ᠋ᠢᠨ ᠠᠯᠬᠤᠮ᠎ᠳᠤ᠂ ᠪᠢᠳᠡ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠦᠷᠭᠦᠯᠵᠢᠯᠡᠨ ᠪᠠᠲᠤᠯᠠᠵᠤ᠂ ᠥᠪᠥᠷ ᠮᠣᠩᠭᠣᠯ᠎ᠤᠨ ᠪᠣᠬᠢᠷᠲᠤᠯ ᠥᠬᠡᠶ ᠡᠨᠧᠷᠭᠢ᠎ᠶ᠋ᠢᠨ ᠬᠥᠭ᠌ᠵᠢᠯᠲᠡ᠎ᠳᠦ ᠵᠦᠩ ᠬᠤᠸᠠᠨ ᠤ᠋ ᠬᠦᠴᠦᠨ ᠴᠢᠳᠠᠯ᠎ᠢᠶᠠᠨ ᠡᠷᠭᠦᠨ᠎ᠡ》 ᠬᠡᠵᠦ ᠲᠦᠪ ᠲᠸᠯᠸᠢᠰ ᠤ᠋ᠨ ᠰᠤᠨᠢᠨ ᠮᠡᠳᠡᠬᠡᠨ ᠤ᠋ ᠨᠡᠪᠳᠡᠷᠡᠬᠦᠯᠬᠡ᠎ᠶ᠋ᠢ ᠦᠵᠡᠵᠦ᠍ ᠪᠠᠷᠠᠭ᠍ᠰᠠᠨ᠎ᠤ ᠳᠠᠷᠠᠭ᠎ᠠ᠂ ᠥᠪᠥᠷ ᠮᠣᠩᠭᠣᠯ᠎ᠤᠨ ᠵᠥᠩ ᠬᠤᠸᠠᠨ ᠲᠠᠯᠠᠰᠲᠤ ᠮᠠᠲ᠋ᠧᠷᠢᠶᠠᠯ᠎ᠤᠨ ᠬᠢᠵᠠᠭᠠᠷᠲᠤ ᠺᠣᠮᠫᠠᠨᠢ᠎ᠶ᠋ᠢᠨ ᠰᠤᠳᠤᠯᠤᠨ ᠨᠡᠭᠡᠭᠡᠬᠦ᠌ ᠶᠡᠷᠦᠩᠬᠡᠶ ᠬᠢᠨᠠᠭ᠍ᠴᠢ ᠸᠠᠩ ᠯᠢᠨ ᠰᠡᠳᠭᠢᠯ ᠳᠣᠭ᠍ᠳᠣᠯᠤᠨ ᠬᠡᠯᠡᠨ᠎ᠡ᠃
《ᠶᠡᠷᠦᠩᠬᠡᠢ ᠱᠦᠵᠢ᠎ᠲᠡᠶ ᠠᠭᠤᠯᠵᠠᠭ᠍ᠰᠠᠨ ᠮᠠᠷᠲᠠᠭ᠍ᠳᠠᠰᠢ ᠦᠭᠡᠢ ᠲᠦᠷᠦᠭᠳᠡᠯ ᠵᠢᠡᠨ ᠲᠠᠬᠢᠨ ᠡᠷᠬᠢᠴᠡᠬᠦᠯᠬᠦ ᠳ᠋ᠡᠬᠡᠨ ᠪᠢ ᠮᠠᠰᠢ ᠰᠡᠳᠭᠢᠯ ᠳᠣᠭ᠍ᠳᠣᠯᠵᠤ ᠪᠠᠢᠨ᠎ᠠ》᠃ ᠲᠦᠪ ᠲᠸᠯᠸᠢᠰ ᠤ᠋ᠨ ᠰᠤᠨᠢᠨ ᠮᠡᠳᠡᠬᠡᠨ ᠤ᠋ ᠨᠡᠪᠳᠡᠷᠡᠬᠦᠯᠬᠡ ᠳ᠋ᠤ ᠶᠡᠷᠦᠩᠬᠡᠢ ᠱᠦᠵᠢ ᠰᠢ ᠵᠢᠨ ᠫᠢᠩ ᠪᠣᠯᠤᠨ ᠵᠦᠩ ᠬᠤᠸᠠᠨ ᠠᠵᠤ ᠦᠢᠯᠡᠰ᠎ᠦᠨ ᠬᠦᠷᠢᠶᠡᠯᠡᠩ᠎ᠦᠨ ᠠᠵᠢᠯᠲᠠᠳ᠎ᠤᠨ ᠳᠣᠲᠣᠨᠣ ᠪᠠᠷ ᠶᠠᠷᠢᠯᠴᠠᠭ᠍ᠰᠠᠨ ᠵᠢᠷᠤᠭ ᠳᠦᠷᠰᠦ ᠢᠯᠡᠷᠡᠬᠦ᠌᠎ᠳᠦ᠂ ᠤᠯᠠᠨ᠎ᠢᠶᠠᠷ᠎ᠢᠶᠠᠨ ᠰᠡᠳᠭᠢᠯ ᠳᠣᠭ᠍ᠳᠣᠯᠤᠨ ᠠᠯᠠᠭ᠎ᠠ ᠲᠠᠱᠢᠵᠠᠭᠠᠪᠠ᠃ ᠠᠵᠢᠯᠳᠠᠨ ᠳ᠋ᠦᠩ ᠫᠸᠩ ᠹᠸᠢ᠄ 《ᠶᠡᠷᠦᠩᠬᠡᠢ ᠱᠦᠵᠢ ᠮᠠᠨ᠎ᠤ ᠱᠢᠨ᠎ᠡ ᠡᠨᠧᠷᠭᠢ᠎ᠶ᠋ᠢᠨ ᠠᠵᠤ ᠦᠢᠯᠡᠰ᠎ᠢ ᠮᠠᠰᠢ ᠬᠠᠯᠠᠮᠵᠢᠯᠠᠵᠤ ᠪᠠᠢᠨ᠎ᠠ᠂ ᠮᠠᠨ᠎ᠤ ᠠᠵᠤ ᠠᠬᠤᠢᠯᠠᠯ ᠪᠣᠯᠤᠨ ᠬᠦᠷᠢᠶᠡᠯᠡᠩ ᠲᠣᠭᠣᠷᠢᠭ᠎ᠤᠨ ᠬᠢᠨ ᠢ᠋ ᠰᠠᠢ᠌ᠨ ᠡᠷᠬᠢᠯᠡᠵᠤ ᠪᠠᠢᠨ᠎ᠠ ᠭᠡᠵᠦ᠍ ᠮᠠᠭ᠍ᠲᠠᠨ ᠰᠠᠢᠱᠢᠶᠠᠵᠤ ᠪᠠᠢᠨ᠎ᠠ᠂ ᠡᠨᠡ ᠨᠢ ᠮᠠᠨ ᠤ᠋ ᠡᠷᠴᠢ ᠵᠣᠷᠢᠭ᠎ᠢ ᠬᠥᠪᠴᠢᠯᠡᠨ ᠤᠷᠮᠠᠰᠢᠭᠤᠯᠪᠠ》 ᠬᠡᠵᠦ ᠶᠠᠷᠢᠨ᠎ᠠ᠃
《ᠮᠠᠨ᠎ᠤ ᠰᠤᠳᠤᠯᠤᠨ ᠨᠡᠭᠡᠭᠡᠬᠦ᠌ ᠠᠵᠢᠯᠲᠠᠳ ᠨᠡᠩ ᠥᠷᠭᠡᠨ ᠬᠠᠷᠠᠭᠠᠰᠤ ᠪᠣᠯᠤᠨ ᠱᠢᠨ᠎ᠡ ᠶ᠋ᠢ ᠡᠭᠦᠳᠬᠦ᠌ ᠣᠢᠯᠠᠭᠠᠭ᠍ᠳᠠᠬᠤᠨ ᠵᠢᠨᠷ ᠦᠷᠭᠦᠯᠵᠢᠯᠡᠨ ᠬᠡᠷᠡᠭ᠌ᠯᠡᠭ᠌ᠴᠢᠳ᠎ᠢᠶᠡᠷ ᠭᠣᠣᠯ ᠪᠣᠯᠭᠠᠵᠤ᠂ ᠵᠠᠬ᠎ᠠ ᠳᠡᠯᠭᠡᠭᠦᠷ᠎ᠲᠦ ᠤᠯᠠᠨ ᠡᠱᠢᠵᠢᠭ᠌ᠰᠡᠨ᠂ ᠴᠢᠨᠠᠷ ᠰᠠᠢᠲᠠᠢ ᠡᠷᠡᠭᠦᠯ ᠮᠡᠨᠳᠦ᠍᠎ᠶ᠋ᠢᠨ ᠦᠢᠯᠡᠳᠬᠦᠨ ᠬᠠᠩᠭᠠᠬᠤ ᠴᠢᠬᠤᠯᠠᠳᠠᠢ》 ᠬᠡᠵᠦ ᠢᠯᠢ ᠱᠢᠩᠭᠡᠨ ᠪᠡᠶᠡᠳᠦ ᠰᠦ ᠵᠢᠨ ᠠᠵᠢᠯ ᠦᠶ᠋ᠯᠡᠰ᠎ᠦᠨ ᠬᠡᠯᠲᠡᠰ᠎ᠦᠨ ᠰᠤᠳᠤᠯᠤᠨ ᠨᠡᠭᠡᠭᠡᠵᠦ᠍ ᠱᠢᠨ᠎ᠡ᠎ᠶ᠋ᠢ ᠡᠭᠦᠳᠬᠦ᠌ ᠳᠠᠭᠠᠭᠠᠮᠠᠯ ᠵᠠᠩ ᠺᠠᠶ ᠱᠤᠸᠠᠢ ᠬᠡᠯᠡᠪᠡ᠃
ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠭ᠍ᠰᠠᠨ ᠰᠣᠨᠢᠨ ᠮᠡᠳᠡᠭᠡ᠎ᠶ᠋ᠢ ᠭᠥᠯᠢᠶᠡᠨ ᠠᠪᠴᠤ᠌ ᠦᠵᠡᠭ᠌ᠰᠡᠨ᠎ᠦ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠦᠨ ᠠᠮᠢ ᠠᠬᠤᠶ ᠣᠷᠴᠢᠨ ᠲᠣᠭᠣᠷᠢᠨ ᠢᠳᠡᠭᠡᠨ ᠪᠠ ᠡᠮ᠎ᠦᠨ ᠵᠦᠶ᠋ᠯᠡᠰ᠎ᠦᠨ ᠶᠠᠯᠠᠲᠤ ᠠᠵᠢᠯᠯᠠᠭ᠎ᠠ᠎ᠶ᠋ᠢ ᠲᠠᠩᠨᠠᠨ ᠪᠠᠢᠴᠠᠭᠠᠬᠤ ᠶᠡᠷᠦᠩᠬᠡᠶ ᠠᠩᠭᠢ᠎ᠶ᠋ᠢᠨ ᠳᠠᠷᠤᠭ᠎ᠠ᠂ ᠣᠶ ᠱᠢᠭᠤᠶ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠳᠠᠷᠤᠭ᠎ᠠ ᠮᠢᠶᠣᠣ ᠬᠠᠶ ᠪᠢᠨ ᠳᠣᠭ᠍ᠳᠣᠯᠤᠭ᠍ᠰᠠᠨ ᠰᠡᠳᠭᠢᠯᠭᠡ᠎ᠪᠡᠨ ᠳᠠᠷᠤᠵᠤ ᠶᠠᠳᠠᠨ᠄ 《ᠶᠡᠷᠦᠩᠬᠡᠶ ᠱᠦᠵᠢ᠎ᠶ᠋ᠢᠨ ᠴᠢᠬᠤᠯᠠ ᠶᠠᠷᠢᠶ᠎ᠠ᠎ᠨᠢ ᠪᠢᠳᠡᠨ᠎ᠳᠦ ᠬᠠᠷᠢᠭᠤᠴᠠᠯᠭ᠎ᠠ ᠬᠦᠨᠳᠦ ᠶᠡᠬᠡ᠂ ᠡᠭᠦᠷᠭᠡ ᠥᠩᠭᠡ ᠬᠡᠷᠡᠯ᠎ᠲᠡᠶ ᠰᠠᠨᠠᠬᠳᠠᠭᠤᠯᠵᠤ ᠪᠠᠢᠨ᠎ᠠ᠂ ᠪᠢᠳᠡ ᠡᠷᠬᠡᠪᠰᠢ ᠠᠮᠢ ᠠᠬᠤᠶ᠎ᠶ᠋ᠢᠨ ᠠᠮᠤᠷ ᠲᠦᠪᠱᠢᠨ᠎ᠢ ᠬᠠᠮᠠᠭᠠᠯᠠᠬᠤ ᠬᠠᠷᠢᠭᠤᠴᠠᠯᠭ᠎ᠠ᠎ᠪᠠᠨ ᠦᠨᠡᠨ ᠬᠦ᠌ ᠰᠠᠢᠲᠤᠷ ᠭᠦᠶ᠋ᠴᠡᠳᠭᠡᠬᠦ ᠬᠡᠷᠡᠭ᠌ᠲᠡᠶ》 ᠭᠡᠪᠡ᠃
ᠮᠸᠩ ᠨᠢᠤ ᠪᠦᠯᠦᠭ᠌ᠯᠡᠯ᠎ᠦᠨ ᠨᠠᠮ᠎ᠤᠨ ᠬᠤᠷᠢᠶ᠎ᠠ ᠵᠢᠨ ᠳᠡᠳ᠋ ᠱᠦᠵᠢ᠂ ᠭᠦᠢᠴᠡᠳᠭᠡᠭ᠌ᠴᠢ ᠶᠡᠷᠦᠩᠬᠡᠢ ᠲᠠᠭᠠᠭᠠᠮᠠᠯ ᠯᠢ ᠫᠸᠩ ᠴᠧᠩ᠄ 《ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠶᠠᠷᠢᠶ᠎ᠠ ᠨᠢ ᠪᠢᠳᠡᠨ᠎ᠳᠦ ᠮᠠᠰᠢ ᠶᠡᠬᠡ ᠵᠣᠷᠢᠭ᠍ᠵᠢᠭᠤᠯᠤᠯ ᠪᠣᠯᠵᠠᠢ᠃ ᠮᠧᠩ ᠨᠢᠤ ᠪᠦᠯᠦᠭ᠌ᠯᠡᠯ᠎ᠨᠢ ᠶᠡᠷᠦᠩᠬᠡᠶ ᠱᠦᠵᠢ ᠰᠢ ᠵᠢᠨ ᠫᠢᠩ᠎ᠦᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠪᠥᠬᠥ᠌ ᠤᠯᠤᠰ᠎ᠲᠤ ᠲᠦᠷᠦᠭᠦᠯᠡᠨ ᠰᠦ ᠵᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ᠎ᠳᠦ ᠬᠦᠴᠦᠨ ᠨᠡᠮᠡᠷᠢᠯᠡᠨ᠎ᠡ》 ᠬᠡᠵᠦ ᠢᠯᠡᠷᠬᠡᠢᠯᠡᠪᠡ᠃
ᠪᠤᠭᠤᠲᠤ᠎ᠶ᠋ᠢᠨ ᠪᠤᠯᠤᠳ ᠲᠡᠮᠤᠷ᠎ᠦᠨ ᠪᠦᠯᠦᠭ᠌ᠯᠡᠯ᠎ᠦᠨ ᠨᠠᠮ᠎ᠤᠨ ᠬᠣᠷᠢᠶ᠎ᠠ ᠵᠢᠨ ᠱᠦᠵᠢ᠂ ᠬᠡᠷᠡᠭ ᠮᠡᠳᠡᠭ᠌ᠴᠢᠳ᠎ᠦᠨ ᠳᠠᠷᠤᠭ᠎ᠠ ᠮᠸᠩ ᠹᠠᠨ ᠶᠢᠩ ᠶᠡᠷᠦᠩᠬᠡᠢ ᠱᠦᠵᠢ ᠶ᠋ᠢᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠰᠣᠨᠢᠨ ᠮᠡᠳᠡᠭᠡᠨ᠎ᠦ ᠫᠷᠤᠭ᠌ᠷᠠᠮ᠎ᠢ ᠦᠵᠡᠭ᠌ᠰᠡᠨ᠎ᠦ ᠲᠠᠷᠠᠭ᠎ᠠ᠄《ᠢᠷᠡᠭᠡᠳᠦᠢ᠎ᠶ᠋ᠢᠨ ᠬᠥᠭ᠌ᠵᠢᠯᠲᠡ᠎ᠶ᠋ᠢᠨ ᠶᠠᠪᠤᠴᠠ᠎ᠳᠤ᠂ ᠪᠢᠳᠡ ᠶᠡᠷᠦᠩᠬᠡᠢ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠭᠣᠣᠯ ᠰᠡᠳᠦᠪᠲᠦ ᠬᠥᠮᠦᠵᠢᠯ᠎ᠢ ᠭᠦᠨᠵᠡᠭᠡᠢ ᠥᠷᠨᠢᠭᠦᠯᠬᠦ᠌ ᠪᠡᠷ ᠠᠵᠠ ᠲᠣᠬᠢᠶᠠᠯ ᠪᠣᠯᠭᠠᠵᠤ᠂ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ᠌ ᠲᠠᠯ᠎ᠠ᠎ᠪᠠᠷ ᠲᠤᠭᠤᠰᠢᠯᠠᠭᠤᠯᠵᠦ᠂ ᠶᠡᠷᠦᠩᠬᠡᠢ ᠱᠦᠵᠢ᠎ᠶ᠋ᠢᠨ ᠥᠪᠥᠷ ᠮᠣᠩᠭᠣᠯ᠎ᠳᠤ ᠲᠤᠱᠢᠶᠠᠭ᠍ᠰᠠᠨ ᠲᠠᠪᠤᠨ ᠶᠡᠬᠡ ᠡᠭᠦᠷᠭᠡ᠎ᠶ᠋ᠢ ᠰᠠᠢᠲᠤᠷ ᠨᠠᠢᠳᠠᠪᠤᠷᠢᠵᠢᠭᠤᠯᠵᠤ᠂ ᠠᠵᠤ ᠠᠬᠤᠢᠯᠠᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠦᠷᠭᠦᠯᠵᠢᠯᠡᠨ ᠠᠬᠢᠭᠤᠯᠵᠤ᠂ ᠪᠤᠭᠤᠲᠤ᠎ᠶ᠋ᠢᠨ ᠪᠤᠯᠤᠳ ᠲᠡᠮᠤᠷ᠎ᠦᠨ ᠺᠣᠮᠫᠠᠨᠢ᠎ᠶ᠋ᠢᠨ ᠦᠨᠳᠦᠰᠦᠲᠡᠨ᠎ᠦ ᠭᠠᠵᠠᠷ ᠣᠷᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠦᠵᠡᠭᠦᠯᠬᠦ᠌ ᠲᠤᠯᠭᠠᠭᠤᠷᠢᠯᠠᠬᠤ ᠪᠠᠲᠤᠯᠠᠭ᠎ᠠ᠎ᠶ᠋ᠢᠨ ᠦᠢᠯᠡᠳᠦᠯ᠎ᠢ ᠦᠨᠡᠨ ᠬᠦ᠌ ᠰᠠᠢᠲᠤᠷ ᠪᠠᠳᠠᠷᠠᠭᠤᠯᠵᠤ᠂ ᠴᠣ ᠱᠢᠨ᠎ᠡ ᠠᠮᠵᠢᠯᠲᠠ ᠪᠦᠲᠦᠮᠵᠢ᠎ᠪᠡᠷ 〈ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠪᠤᠭᠤᠲᠤ᠎ᠶ᠋ᠢᠨ ᠪᠤᠯᠤᠳ ᠲᠡᠮᠤᠷᠢ ᠪᠦᠳᠦᠭᠡᠨ ᠪᠠᠢᠭᠤᠯᠬᠤ〉 ᠲᠡᠦᠬᠡ᠎ᠶ᠋ᠢᠨ ᠢᠷᠠᠭᠤ ᠲᠤᠤᠯᠢᠰ᠎ᠢ ᠦᠷᠭᠦᠯᠵᠢᠯᠡᠨ ᠪᠢᠴᠢᠭ᠌ᠯᠡᠨ᠎ᠡ》 ᠭᠡᠪᠡ᠃
ᠪᠤᠭᠤᠲᠤ ᠬᠣᠲᠠ᠎ᠶ᠋ᠢᠨ ᠳᠠᠬᠢᠨ ᠡᠭᠦᠰᠴᠦ᠍ ᠪᠣᠯᠬᠤ ᠡᠨᠧᠷᠭᠢ᠎ᠶ᠋ᠢᠨ ᠶᠡᠷᠦᠩᠬᠡᠢᠯᠡᠭ᠌ᠰᠡᠨ ᠬᠡᠷᠡᠭ᠌ᠯᠡᠭᠡᠨ᠎ᠦ ᠵᠢᠱ᠌ᠢᠶ᠎ᠡ ᠦᠵᠡᠭᠦᠯᠬᠦ᠌ ᠲᠣᠭᠣᠷᠢᠭ᠎ᠤᠨ ᠲᠢᠶᠠᠨ ᠷᠦᠨ 50 ᠲᠦᠮᠡᠨ ᠺᠢᠯᠦᠸᠠᠲ᠎ᠤᠨ ᠰᠠᠯᠬᠢᠨ ᠬᠦᠴᠦᠨ᠎ᠦ ᠴᠠᠬᠢᠯᠭᠠᠨ᠎ᠤ ᠲᠥᠷᠥᠯ ᠵᠦᠶ᠋ᠯ᠎ᠦᠨ ᠰᠠᠭᠤᠷᠢᠨ᠎ᠳᠦ᠂ ᠲᠥᠷᠥᠯ ᠵᠦᠶ᠋ᠯ᠎ᠦᠨ ᠳᠠᠭᠠᠭᠠᠮᠠᠯ ᠱᠤᠤ ᠸᠧᠨ ᠬᠤᠸᠠ ᠪᠣᠯᠤᠨ ᠠᠵᠢᠯᠲᠠᠳ ᠨᠢᠭᠡ ᠡᠳᠦᠷ᠎ᠦᠨ ᠠᠵᠢᠯ᠎ᠢᠶᠠᠨ ᠳᠠᠭᠤᠰᠭᠠᠵᠤ᠂ ᠰᠣᠨᠢᠨ ᠮᠡᠳᠡᠭᠡᠨ᠎ᠦ ᠳᠠᠮᠵᠢᠭᠤᠯᠬᠤ ᠨᠡᠪᠲᠡᠷᠡᠭᠦᠯᠭᠡ᠎ᠶ᠋ᠢ ᠬᠠᠮᠲᠤ᠎ᠪᠠᠷ ᠭᠥᠯᠢᠶᠡᠨ ᠠᠪᠴᠤ᠌ ᠦᠵᠡᠪᠡ᠃ ᠱᠤᠤ ᠸᠸᠨ ᠬᠤᠸᠠ᠄ 《ᠪᠢᠳᠡ ᠶᠡᠷᠦᠩᠬᠡᠢ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠪᠠᠳᠤ ᠴᠡᠭᠡᠵᠢᠯᠡᠵᠦ᠂ ᠠᠵᠢᠯ᠎ᠤᠨ ᠪᠠᠢᠷᠢ᠎ᠳᠠᠭᠠᠨ ᠰᠠᠭᠤᠷᠢᠯᠠᠵᠤ᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠠᠵᠢᠯ᠎ᠤᠨ ᠳᠤᠮᠳᠠ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠦᠷᠭᠦᠯᠵᠢᠯᠡᠨ ᠴᠢᠷᠮᠠᠢᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠦᠨ᠎ᠡ》 ᠭᠡᠵᠠᠢ᠃
ᠶᠡᠷᠦᠩᠬᠡᠶ ᠱᠦᠵᠢ᠎ᠶ᠋ᠢᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠭ᠍ᠰᠠᠨ ᠰᠣᠨᠢᠨ ᠮᠡᠳᠡᠭᠡ᠎ᠶ᠋ᠢ ᠦᠵᠡᠭ᠌ᠰᠡᠨ᠎ᠦ ᠳᠠᠷᠠᠭ᠎ᠠ᠂ ᠣᠷᠳᠣᠰ᠎ᠤᠨ ᠥᠷᠭᠡᠨ ᠣᠯᠠᠨ ᠺᠠᠳ᠋ᠷ ᠣᠯᠠᠨ ᠲᠦᠮᠡᠨ ᠶᠡᠬᠡᠳᠡ ᠵᠣᠷᠢᠭ᠍ᠵᠢᠪᠠ᠃ 《ᠤᠷᠳᠤᠰ ᠬᠤᠲᠠ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠢ ᠪᠠᠲᠤᠯᠠᠬᠤ ᠡᠭᠦᠷᠭᠡ ᠬᠠᠷᠢᠭᠤᠴᠠᠯᠭ᠎ᠠ᠎ᠶ᠋ᠢ ᠢᠳᠡᠪᠬᠢᠲᠡᠢ ᠰᠠᠨᠠᠭᠠᠴᠢᠯᠠᠭ᠎ᠠ᠎ᠠᠴᠠ᠎ᠪᠠᠨ ᠡᠭᠦᠷᠭᠡᠯᠡᠪᠡ᠂ ᠡᠬᠢ ᠪᠠᠶᠠᠯᠢᠭ᠎ᠤᠨ ᠳᠠᠪᠠᠭᠤᠯᠢᠭ᠎ᠲᠤ ᠰᠠᠭᠤᠷᠢᠯᠠᠵᠦ᠂ ᠱᠢᠨ᠎ᠡ ᠡᠨᠧᠷᠭᠢ᠎ᠶ᠋ᠢᠨ ᠨᠡᠭᠡᠭᠡᠨ ᠬᠥᠭ᠌ᠵᠢᠭᠦᠯᠦᠯᠲᠡ᠎ᠶ᠋ᠢ ᠲᠦᠷᠭᠡᠳᠭᠡᠪᠡ᠃ ᠭᠡᠷᠡᠯᠴᠢ ᠴᠡᠨᠡᠭ᠂ ᠡᠨᠧᠷᠭᠢ ᠬᠠᠳᠠᠭᠠᠯᠠᠬᠤ᠂ ᠤᠰᠤᠲᠥ᠋ᠷᠥᠭ᠌ᠴᠢ᠎ᠳᠦ ᠡᠨᠧᠷᠭᠢ ᠪᠠ ᠱᠢᠨ᠎ᠡ ᠡᠨᠧᠷᠭᠢ᠎ᠶ᠋ᠢᠨ ᠲᠣᠨᠣᠭ᠍ᠯᠠᠯ᠎ᠤᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠠᠯᠢ ᠣᠯᠠᠨ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠂ ᠣᠨᠴᠠᠭᠠᠢᠯᠠᠨ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠦ ᠪᠠᠢᠯᠳᠤᠬᠤ ᠪᠣᠳᠣᠯᠭ᠎ᠠ ᠪᠠ ᠠᠮᠢ ᠠᠬᠤᠶ᠎ᠶ᠋ᠢᠨ ᠵᠠᠰᠠᠯᠲᠠ᠎ᠶ᠋ᠢᠨ ᠱᠠᠭᠠᠷᠳᠠᠯᠭ᠎ᠠ᠎ᠳᠤ ᠰᠠᠭᠤᠷᠢᠯᠠᠨ᠎ᠠ》 ᠭᠡᠵᠦ᠍ ᠤᠷᠳᠤᠰ ᠬᠤᠳᠠ᠎ᠶ᠋ᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠣᠪᠴᠢᠶᠠᠨ᠎ᠤ ᠳᠠᠷᠤᠭ᠎ᠠ ᠵᠠᠩ ᠯᠢᠶᠠᠩ ᠬᠡᠯᠡᠪᠡ᠃
《ᠪᠢᠳᠡ ᠶᠡᠷᠦᠩᠬᠡᠶ ᠱᠦᠵᠢ᠎ᠶ᠋ᠢᠨ ᠱᠢᠨ᠎ᠡ ᠡᠨᠧᠷᠭᠢ ᠱᠢᠨ᠎ᠡ ᠮᠠᠲ᠋ᠧᠷᠢᠶᠠᠯ᠎ᠤᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠴᠢᠭ᠌ᠯᠡᠯ᠎ᠢ ᠪᠠᠲᠤ ᠡᠵᠡᠮᠳᠡᠵᠦ᠍᠂ ᠪᠣᠬᠢᠷᠲᠤᠯ ᠥᠬᠡᠶ ᠬᠥᠭ᠌ᠵᠢᠯᠲᠡ ᠪᠣᠯ ᠵᠠᠪᠠᠯ ᠶᠠᠪᠤᠬᠤ ᠵᠠᠮ ᠮᠥᠨ ᠭᠡᠳᠡᠭ᠎ᠢ ᠪᠠᠷᠢᠮᠲᠠᠯᠠᠵᠤ᠂ ᠤᠯᠠᠮᠵᠢᠯᠠᠯᠲᠤ ᠡᠨᠧᠷᠭᠢ᠎ᠶ᠋ᠢᠨ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌᠎ᠶ᠋ᠢ ᠠᠬᠢᠭᠤᠯᠵᠤ᠂ ᠪᠣᠬᠢᠷᠲᠤᠯ ᠥᠬᠡᠶ ᠡᠨᠧᠷᠭᠢ᠎ᠶ᠋ᠢ ᠶᠡᠬᠡᠪᠡᠷ ᠬᠥᠭ᠌ᠵᠢᠭᠦᠯᠵᠦ᠍᠂ ᠤᠯᠤᠰ᠎ᠤᠨ ᠴᠢᠬᠤᠯᠠ ᠡᠨᠧᠷᠭᠢ᠎ᠶ᠋ᠢᠨ ᠰᠠᠭᠤᠷᠢᠨ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍᠂ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠴᠢᠳᠠᠯ᠎ᠢᠶᠠᠨ ᠡᠷᠭᠦᠨ᠎ᠡ》 ᠭᠡᠵᠦ᠍ ᠶᠤᠸᠠᠨ ᠵᠢᠩ ᠪᠠᠶᠠᠨᠨᠠᠭᠤᠷ᠎ᠤᠨ ᠤᠶᠤᠨᠲᠤ ᠰᠠᠯᠬᠢᠨ ᠬᠦᠴᠦᠨ᠎ᠦ ᠮᠠᠱᠢᠨ᠎ᠤ ᠲᠣᠨᠣᠭ᠍ᠯᠠᠯ ᠦᠢᠯᠡᠳᠬᠦ᠌ ᠰᠠᠭᠤᠷᠢᠨ᠎ᠤ ᠳᠠᠷᠤᠭ᠎ᠠ ᠳ᠋ᠠᠢ ᠱᠢᠶᠤᠤ ᠴᠧᠩ ᠰᠡᠳᠭᠢᠯ ᠳᠣᠭ᠍ᠳᠣᠯᠤᠨ ᠬᠡᠯᠡᠪᠡ᠃
ᠮᠠᠨᠵᠤᠤᠷ ᠪᠣᠭᠣᠮᠲᠠ᠎ᠶ᠋ᠢᠨ ᠬᠠᠷᠢᠶ᠎ᠠ ᠪᠤᠯᠬᠤ ᠮᠠᠨᠵᠤᠤᠷ᠎ᠤᠨ ᠲᠡᠷᠭᠡᠨ ᠥᠷᠲᠡᠭᠡᠨ᠎ᠦ ᠪᠣᠭᠣᠮᠲᠠ᠎ᠶ᠋ᠢᠨ ᠳᠡᠳ᠋ ᠳᠠᠷᠤᠭ᠎ᠠ ᠲᠸᠩ ᠢᠦᠶ᠄ 《ᠣᠯᠠᠨ᠎ᠢᠶᠠᠷ᠎ᠢᠶᠠᠨ ᠶᠡᠷᠦᠩᠬᠡᠶ ᠱᠦᠵᠢ᠎ᠶ᠋ᠢᠨ ᠴᠢᠬᠤᠯᠠ ᠶᠠᠷᠢᠶ᠎ᠠ᠎ᠶ᠋ᠢ ᠰᠣᠨᠣᠰᠤᠭ᠍ᠰᠠᠨ᠎ᠤ ᠳᠠᠷᠠᠭ᠎ᠠ ᠮᠠᠰᠢ ᠶᠡᠬᠡ ᠵᠣᠷᠢᠭ᠍ᠵᠢᠪᠠ᠂ ᠢᠯᠠᠩᠭᠤᠶ᠎ᠠ ᠶᠡᠷᠦᠩᠬᠡᠶ ᠱᠦᠵᠢ ᠥᠪᠥᠷ ᠮᠣᠩᠭᠣᠯ᠎ᠢ 〈ᠨᠢᠭᠡ ᠪᠦᠰᠡ ᠨᠢᠭᠡ ᠵᠠᠮ〉 ᠢ᠋ ᠬᠠᠮᠲᠤ᠎ᠪᠠᠷ ᠪᠥᠲᠥᠭᠡᠨ ᠪᠠᠢᠭᠤᠯᠬᠤ ᠪᠠ ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶ᠋ᠢᠨ ᠬᠣᠩᠭᠢᠯ᠎ᠤᠨ ᠪᠥᠲᠥᠭᠡᠨ ᠪᠠᠢᠭᠤᠯᠤᠯᠲᠠ᠎ᠳᠤ ᠢᠳᠡᠪᠬᠢᠲᠡᠶ ᠣᠷᠣᠯᠴᠠᠵᠤ᠂ ᠭᠠᠳᠠᠭ᠍ᠰᠢ ᠨᠡᠭᠡᠭᠡᠯᠲᠡ ᠬᠢᠬᠦ᠌ ᠲᠦᠪᠱᠢᠨ᠎ᠢᠶᠡᠨ ᠳᠡᠭᠡᠭ᠌ᠰᠢᠯᠡᠭᠦᠯᠦᠨ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠪᠠᠢᠭᠤᠯᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠤᠰ ᠣᠷᠴᠢᠯ᠎ᠢ ᠬᠣᠯᠪᠣᠨ ᠨᠡᠪᠲᠡᠷᠡᠭᠦᠯᠬᠦ᠌ ᠳᠤᠮᠳᠠ ᠨᠠᠩ ᠶᠡᠬᠡ ᠦᠢᠯᠡᠳᠦᠯ ᠪᠠᠳᠠᠷᠠᠭᠤᠯᠬᠤ ᠬᠡᠷᠡᠭᠳᠡᠢ ᠭᠡᠵᠦ ᠱᠠᠭᠠᠷᠳᠠᠪᠠ᠂ ᠡᠨᠡ ᠨᠢ ᠮᠠᠨ᠎ᠤ ᠬᠤᠢᠰᠢᠳᠠ ᠵᠢᠨ ᠠᠵᠢᠯ᠎ᠤᠨ ᠴᠢᠭᠯᠡᠯ᠎ᠢ ᠵᠢᠭᠠᠵᠦ᠂ ᠵᠢᠷᠤᠮᠵᠢᠯ ᠬᠠᠩᠭᠠᠪᠠ》 ᠭᠡᠵᠦ ᠶᠠᠷᠢᠪᠠ᠃
ᠪᠥᠬᠥ᠌ ᠣᠷᠣᠨ᠎ᠤ ᠱᠢᠯᠢᠳᠡᠭ ᠠᠷᠠᠳ᠎ᠤᠨ ᠴᠠᠭ᠍ᠳᠠᠭ᠎ᠠ᠂ ᠭᠠᠭ᠍ᠴᠠᠮᠤᠳᠤ ᠬᠢᠯᠢ᠎ᠪᠡᠷ ᠣᠷᠣᠵᠤ ᠭᠠᠷᠬᠤ ᠬᠢᠯᠢ᠎ᠶ᠋ᠢᠨ ᠬᠠᠮᠠᠭᠠᠯᠠᠯᠲᠠ᠎ᠶ᠋ᠢᠨ ᠪᠠᠢᠴᠠᠭᠠᠬᠤ ᠥᠷᠲᠡᠭᠡ᠎ᠶ᠋ᠢᠨ ᠡᠭᠦᠷᠭᠡ ᠭᠦᠶ᠋ᠴᠡᠳᠭᠡᠬᠦ᠌ ᠳᠥᠷᠪᠡᠳᠦᠭᠡᠷ ᠠᠩᠭᠢ᠎ᠶ᠋ᠢᠨ ᠳᠠᠷᠤᠭ᠎ᠠ ᠵᠣᠣ ᠯᠸᠢ ᠰᠣᠨᠢᠨ ᠮᠡᠳᠡᠭᠡ᠎ᠶ᠋ᠢ ᠦᠵᠡᠭ᠌ᠰᠡᠨ᠎ᠦ ᠳᠠᠷᠠᠭ᠎ᠠ᠄ 《ᠭᠠᠭ᠍ᠴᠠᠮᠤᠳᠤ ᠪᠣᠭᠣᠮᠲᠠ ᠪᠣᠯ ᠳᠤᠮᠳᠠᠳᠤ ᠮᠣᠩᠭᠣᠯ ᠬᠣᠶᠠᠷ ᠤᠯᠤᠰ᠎ᠤᠨ ᠬᠣᠭᠣᠷᠣᠨᠳᠣᠬᠢ ᠪᠠᠷᠠᠭ᠎ᠠ ᠥᠩᠭᠡᠷᠡᠭᠦᠯᠦᠭ᠌ᠰᠡᠨ ᠬᠡᠮᠵᠢᠶ᠎ᠡ᠎ᠪᠡᠷ ᠬᠠᠮᠤᠭ᠎ᠤᠨ ᠶᠡᠭᠡ ᠪᠣᠭᠣᠮᠲᠠ ᠪᠣᠯᠤᠨ᠎ᠠ᠂ ᠡᠨᠳᠡ ᠰᠠᠬᠢᠨ ᠰᠠᠭᠤᠭ᠎ᠠ ᠨᠡᠭᠦᠳᠡᠯ ᠠᠷᠠᠳ᠎ᠤᠨ ᠬᠠᠮᠢᠶᠠᠷᠤᠯᠲᠠ᠎ᠶ᠋ᠢᠨ ᠴᠠᠭ᠍ᠳᠠᠭ᠎ᠠ ᠪᠣᠯᠤᠭ᠍ᠰᠠᠨ᠎ᠤ ᠬᠤᠪᠢ᠎ᠳᠤ᠂ ᠪᠢᠳᠡ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠣᠳᠣᠬᠠᠨ᠎ᠤ ᠴᠢᠬᠤᠯᠠ ᠡᠭᠦᠷᠭᠡ ᠪᠣᠯᠭᠠᠵᠤ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠪᠠᠳᠤ ᠴᠣᠭ᠍ᠴᠠᠯᠠᠨ᠎ᠠ》 ᠭᠡᠪᠡ᠃
ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠨᠡᠢᠲᠡᠯᠢᠭ ᠴᠢᠨᠠᠷ᠎ᠢ ᠴᠢᠩᠭᠠᠳᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠴᠢᠩᠭᠠᠳᠭᠠᠨ᠎ᠠ
6 ᠰᠠᠷ᠎ᠠ᠎ᠶ᠋ᠢᠨ 8 ᠤ᠋ ᠤᠷᠤᠢ᠂ ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠪᠠᠷ ᠢᠷᠡᠨ᠎ᠡ ᠬᠡᠰᠡᠨ᠎ᠢ ᠰᠣᠨᠣᠰᠤᠭᠠᠳ ᠤᠯᠠᠭᠠᠨᠬᠠᠳᠠ ᠬᠣᠲᠠ᠎ᠶ᠋ᠢᠨ ᠰᠦᠩᠱᠠᠨ ᠲᠣᠭᠣᠷᠢᠭ᠎ᠤᠨ ᠬᠢᠩᠭᠠᠨ ᠵᠡᠭᠡᠯᠢ ᠭᠤᠳᠤᠮᠵᠢ᠎ᠶ᠋ᠢᠨ ᠯᠢᠨ ᠬᠤᠸᠠᠩ ᠵᠢᠶᠠ ᠶᠤᠸᠠᠨ ᠨᠡᠢᠭᠡᠮ ᠲᠣᠭᠣᠷᠢᠭ᠎ᠤᠨ ᠠᠵᠢᠯᠲᠠᠳ ᠠᠵᠢᠯ᠎ᠠᠴᠠ᠎ᠪᠠᠨ ᠪᠠᠭᠤᠭ᠍ᠰᠠᠨ᠎ᠤ ᠳᠠᠷᠠᠭ᠎ᠠ ᠴᠥᠮ ᠰᠠᠨᠠᠭᠠᠴᠢᠯᠠᠭ᠎ᠠ᠎ᠠᠴᠠ᠎ᠪᠠᠨ ᠨᠡᠢᠭᠡᠮ ᠲᠣᠭᠣᠷᠢᠭ᠎ᠲᠤ ᠦᠯᠡᠳᠡᠵᠦ᠍᠂ ᠲᠦᠪ ᠲᠧᠯᠸᠢᠰ᠎ᠤᠨ ᠰᠤᠨᠢᠨ ᠮᠡᠳᠡᠭᠡᠨ᠎ᠤ ᠨᠡᠪᠲᠡᠷᠡᠭᠦᠯᠭᠡ᠎ᠶ᠋ᠢ ᠬᠦᠯᠢᠶᠡᠨ ᠠᠪᠴᠦ ᠦᠵᠡᠯ᠎ᠡ᠃
2019 ᠣᠨ᠎ᠤ 7 ᠰᠠᠷ᠎ᠠ᠎ᠳᠤ᠂ ᠶᠡᠷᠦᠩᠬᠡᠶ ᠱᠦᠵᠢ ᠰᠢ ᠵᠢᠨ ᠫᠢᠩ ᠯᠢᠨ ᠬᠤᠸᠠᠩ ᠵᠢᠶᠠ ᠶᠤᠸᠠᠨ ᠨᠡᠢᠭᠡᠮ ᠲᠣᠭᠣᠷᠢᠭ᠎ᠲᠤ ᠬᠦᠷᠴᠦ᠍᠂ ᠨᠡᠢᠭᠡᠮ ᠲᠣᠭᠣᠷᠢᠭ ᠪᠣᠯ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠮᠲᠤ᠎ᠶ᠋ᠢᠨ ᠬᠡᠷ ᠤᠷᠤᠨ ᠮᠥᠨ᠂ ᠦᠨᠳᠦᠰᠦᠲᠡᠨ᠎ᠨᠦᠭᠦᠳ ᠪᠦᠯᠬᠦᠮᠳᠡᠨ ᠨᠢᠭᠡ ᠬᠡᠷ᠎ᠦᠨ ᠬᠥᠮᠦᠰ ᠮᠡᠲᠦ ᠳᠣᠲᠣᠨᠣ ᠪᠠᠢᠬᠤ ᠬᠡᠷᠡᠭᠳᠠᠢ ᠭᠡᠵᠦ ᠵᠢᠭᠠᠵᠤ ᠭᠠᠷᠭᠠᠪᠠ᠃ ᠲᠦᠪ ᠲᠧᠯᠸᠢᠰ᠎ᠤᠨ ᠰᠣᠨᠢᠨ ᠮᠡᠳᠡᠭᠡᠨ᠎ᠦ ᠨᠡᠪᠲᠡᠷᠡᠭᠦᠯᠭᠡ᠎ᠶ᠋ᠢ ᠬᠦᠯᠢᠶᠡᠨ ᠠᠪᠴᠤ ᠦᠵᠡᠭ᠌ᠰᠡᠨ᠎ᠦ ᠳᠠᠷᠠᠭ᠎ᠠ᠂ ᠯᠢᠨ ᠬᠤᠸᠠᠩ ᠵᠢᠶᠠ ᠶᠤᠸᠠᠨ ᠨᠡᠢᠭᠡᠮ ᠲᠤᠭᠤᠷᠢᠭ᠎ᠤᠨ ᠨᠠᠮ᠎ᠤᠨ ᠬᠤᠷᠢᠶ᠎ᠠ ᠵᠢᠨ ᠱᠦᠵᠢ ᠦ᠋ ᠱᠢᠶᠤᠤ ᠬᠤᠸᠠ ᠨᠡᠢᠭᠡᠮ ᠲᠣᠭᠣᠷᠢᠭ᠎ᠤᠨ ᠠᠵᠢᠯᠲᠠᠳ᠎ᠲᠤ᠄ 《ᠶᠡᠷᠦᠩᠬᠡᠶ ᠱᠦᠵᠢ ᠦᠨᠳᠦᠰᠦᠲᠡᠨ᠎ᠦ ᠪᠦᠯᠬᠦᠮᠳᠡᠯ᠎ᠢ ᠣᠨᠴᠠᠭᠠᠢᠯᠠᠨ ᠬᠠᠯᠠᠮᠵᠢᠯᠠᠵᠤ ᠪᠠᠢᠨ᠎ᠠ᠂ ᠣᠯᠠᠨ᠎ᠢᠶᠠᠷ᠎ᠢᠶᠠᠨ ᠰᠠᠭᠤᠭᠠᠯᠢ ᠠᠷᠠᠳ᠎ᠲᠤ ᠬᠡᠷ᠎ᠦᠨ ᠬᠥᠮᠦᠰ᠎ᠲᠡᠶ᠎ᠪᠡᠨ ᠠᠳᠠᠯᠢ᠎ᠪᠠᠷ ᠬᠠᠨᠳᠤᠵᠤ᠂ 〈ᠵᠢᠱ᠌ᠢᠶᠡᠴᠢ ᠥᠪᠡᠷᠲᠡᠭᠡᠨ ᠵᠠᠰᠠᠬᠤ ᠣᠷᠣᠨ〉 ᠢ᠋ ᠪᠥᠲᠥᠭᠡᠨ ᠪᠠᠢᠭᠤᠯᠬᠤ᠎ᠶ᠋ᠢᠨ ᠲᠥᠯᠥᠭᠡ ᠴᠥᠬᠥᠷᠡᠰᠢ ᠥᠬᠡᠶ ᠲᠡᠮᠡᠴᠡᠬᠦ᠌ ᠬᠡᠷᠡᠭ᠌ᠲᠡᠶ》 ᠭᠡᠪᠡ᠃
ᠤᠯᠠᠭᠠᠨᠬᠠᠳᠠ ᠬᠤᠳᠠ᠎ᠶ᠋ᠢᠨ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ᠎ᠦᠨ ᠡᠷᠬᠢᠯᠡᠭ᠌ᠴᠢ ᠰᠡᠴᠡᠨ᠄《ᠶᠡᠷᠦᠩᠬᠡᠢ ᠱᠦᠵᠢ ᠰᠢ ᠵᠢᠨ ᠫᠢᠩ᠎ᠦᠨ ᠬᠠᠯᠠᠮᠵᠢᠯᠠᠯ ᠪᠠ ᠵᠣᠷᠢᠭ᠍ᠵᠢᠭᠤᠯᠤᠯ ᠤᠯᠠᠭᠠᠨᠬᠠᠳᠠ ᠬᠤᠳᠠ᠎ᠶ᠋ᠢᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ᠎ᠦᠨ ᠪᠦᠯᠬᠦᠮᠳᠡᠨ ᠲᠡᠮᠡᠴᠡᠵᠦ᠍᠂ ᠱᠢᠨ᠎ᠡ ᠠᠶᠠᠨ᠎ᠳᠠᠭᠠᠨ ᠮᠣᠷᠳᠠᠬᠤ᠎ᠶ᠋ᠢ ᠴᠠᠭ ᠢᠮᠠᠭ᠍ᠲᠠ ᠵᠤᠷᠢᠭᠵᠢᠭᠤᠯᠵᠤ ᠪᠠᠢᠨ᠎ᠠ᠃ ᠵᠠᠯᠭᠠᠭᠠᠳ᠂ ᠪᠢᠳᠡ ᠶᠡᠷᠦᠩᠬᠡᠶ ᠱᠦᠵᠢ᠎ᠶ᠋ᠢᠨ ᠴᠢᠩ ᠰᠡᠳᠭᠢᠯ᠎ᠦᠨ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠬᠤᠲᠠ ᠵᠢ ᠪᠦᠲᠦᠭᠡᠨ ᠪᠠᠢᠭᠤᠯᠬᠤ ᠪᠡᠷ ᠴᠢᠷᠮᠠᠢᠨ᠎ᠠ》 ᠭᠡᠪᠡ᠃
6 ᠰᠠᠷ᠎ᠠ᠎ᠶ᠋ᠢᠨ 8᠎ᠤ᠋ ᠣᠷᠣᠶ᠂ ᠱᠢᠯᠢ᠎ᠶ᠋ᠢᠨ ᠭᠤᠤᠯ ᠠᠢᠮᠠᠭ᠎ᠤᠨ ᠰᠥᠨᠢᠳ ᠪᠠᠷᠠᠭᠤᠨ ᠬᠣᠱᠢᠭᠤᠨ᠎ᠤ ᠤᠯᠠᠭᠠᠨᠮᠥ᠋ᠴᠢᠷ᠎ᠦᠨ ᠭᠡᠱᠢᠭᠦᠳ ᠪᠣᠯᠪᠠᠰᠤᠷᠠᠯ ᠵᠢᠡᠨ ᠳᠠᠭᠤᠰᠬᠠᠭᠰᠠᠨᠦ ᠳᠠᠷᠠᠭ᠎ᠠ᠂ ᠬᠤᠷᠠᠯ᠎ᠤᠨ ᠬᠡᠷ᠎ᠲᠦ ᠴᠤᠭᠯᠠᠷᠠᠵᠤ᠂ ᠲᠦᠪ ᠲᠧᠯᠸᠢᠰ᠎ᠤᠨ ᠰᠤᠨᠢᠨ ᠮᠡᠳᠡᠭᠡᠨ᠎ᠤ ᠨᠡᠪᠲᠡᠷᠡᠭᠦᠯᠭᠡ᠎ᠶ᠋ᠢ ᠭᠥᠯᠢᠶᠡᠨ ᠠᠪᠴᠤ᠌ ᠦᠵᠡᠪᠡ᠃
ᠰᠥᠨᠢᠳ ᠪᠠᠷᠠᠭᠤᠨ ᠬᠣᠱᠢᠭᠤᠨ᠎ᠤ ᠤᠯᠠᠭᠠᠨᠮᠥ᠋ᠴᠢᠷ᠎ᠦᠨ ᠳᠠᠷᠤᠭ᠎ᠠ ᠵᠠᠨ᠎ᠠ᠄《ᠤᠯᠠᠭᠠᠨᠮᠥ᠋ᠴᠢᠷ᠎ᠦᠨ ᠭᠡᠱᠢᠭᠦᠨ ᠪᠣᠯᠤᠭ᠍ᠰᠠᠨ᠎ᠤ ᠬᠤᠪᠢ᠎ᠳᠤ᠂ ᠪᠢᠳᠡ ᠤᠯᠠᠭᠠᠨᠮᠥ᠋ᠴᠢᠷ᠎ᠦᠨ ᠤᠬᠠᠭᠤᠯᠤᠭ᠍ᠴᠢ᠎ᠶ᠋ᠢᠨ ᠦᠶ᠋ᠯᠡᠳᠦᠯ᠎ᠢ ᠴᠢᠬᠤᠯᠠᠴᠢᠯᠠᠨ ᠪᠠᠳᠠᠷᠠᠭᠤᠯᠵᠤ᠂ ᠣᠯᠠᠨ ᠲᠦᠮᠡᠨ᠎ᠦ ᠦᠵᠡᠵᠦ᠍ ᠰᠣᠨᠢᠷᠬᠠᠬᠤ ᠳᠤᠷᠠᠲᠠᠶ ᠬᠡᠯᠪᠡᠷᠢ᠎ᠪᠡᠷ ᠦᠨᠳᠦᠰᠦᠨ ᠱᠠᠲᠤᠨ᠎ᠤ ᠶᠡᠷᠦᠩᠬᠡᠢᠯᠡᠭ᠌ᠰᠡᠨ ᠦᠶ᠋ᠯᠡᠴᠢᠯᠡᠭᠡᠨ᠎ᠦ ᠠᠵᠢᠯᠯᠠᠭ᠎ᠠ ᠥᠷᠨᠢᠭᠦᠯᠵᠦ᠍᠂ ᠨᠠᠩ ᠣᠯᠠᠨ ᠱᠢᠯᠢᠳᠡᠭ ᠪᠦᠲᠦᠭᠡᠯ᠎ᠢ ᠵᠣᠬᠢᠶᠠᠨ ᠪᠦᠲᠦᠭᠡᠵᠦ᠍᠂ ᠦᠨᠳᠦᠰᠦᠨ ᠱᠠᠲᠤᠨ᠎ᠳᠤ ᠦᠨᠳᠦᠰᠦᠯᠡᠵᠦ᠍᠂ ᠢᠮᠠᠭ᠍ᠲᠠ ᠠᠷᠠᠳ ᠲᠦᠮᠡᠨ᠎ᠲᠡᠶ ᠬᠠᠮᠲᠤ ᠪᠠᠢᠨ᠎ᠠ》 ᠭᠡᠵᠡᠢ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤ᠋ᠨ ᠬᠡᠯᠲᠡᠰ᠎ᠦᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠬᠢᠯᠡᠬᠦ ᠵᠥᠪᠯᠡᠯ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠡᠷᠬᠢᠯᠡᠭ᠌ᠴᠢ ᠭᠤᠤ ᠵᠠᠨ ᠱᠧᠩ᠂ ᠶᠡᠷᠦᠩᠬᠡᠢ ᠱᠦᠵᠢ ᠰᠢ ᠵᠢᠨ ᠫᠢᠩ᠎ᠦᠨ ᠴᠢᠩ ᠰᠡᠳᠭᠢᠯ᠎ᠦᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ ᠲᠠᠪᠤᠨ ᠶᠡᠬᠡ ᠡᠭᠦᠷᠭᠡ ᠪᠣᠯᠤᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ᠋ ᠪᠦᠬᠦ᠌ ᠲᠠᠯ᠎ᠠ ᠪᠠᠷ ᠪᠦᠳᠦᠭᠡᠨ ᠪᠠᠢᠭᠤᠯᠬᠤ ᠬᠣᠶᠠᠷ ᠶᠡᠬᠡ ᠶᠠᠪᠤᠳᠠᠯ᠎ᠢ ᠰᠠᠢᠲᠤᠷ ᠪᠡᠶᠡᠯᠡᠭᠦᠯᠬᠦ᠌᠎ᠪᠡᠷ ᠭᠠᠷᠳᠠᠴᠠ ᠪᠣᠯᠭᠠᠵᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠣᠯᠠᠨ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠵᠦ᠍᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠱᠢᠨ᠎ᠡ ᠴᠠᠭ ᠦᠶ᠎ᠡ᠎ᠶ᠋ᠢᠨ ᠮᠠᠨ᠎ᠤ ᠣᠷᠣᠨ᠎ᠤ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠤᠨ᠎ᠠ》 ᠭᠡᠵᠦ ᠢᠯᠡᠳᠬᠡᠪᠡ᠃
ᠲᠦᠩᠯᠢᠶᠣᠤ ᠬᠣᠲᠠ᠎ᠶ᠋ᠢᠨ ᠨᠠᠮ᠎ᠤᠨ ᠬᠣᠷᠢᠶ᠎ᠠ ᠵᠢᠨ ᠳᠡᠳ᠋ ᠱᠦᠵᠢ᠂ ᠬᠣᠲᠠ᠎ᠶ᠋ᠢᠨ ᠳᠠᠷᠤᠭ᠎ᠠ ᠴᠢ᠊·ᠳᠠᠯᠠᠨᠲᠠᠢ᠄ 《ᠣᠢᠷ᠎ᠠ᠎ᠶ᠋ᠢᠨ ᠵᠢᠯ᠎ᠳᠤ᠂ ᠲᠦᠩᠯᠢᠶᠣᠤ ᠬᠣᠲᠠ ᠶᠡᠷᠦᠩᠬᠡᠶ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠦᠨᠳᠦᠰᠦᠲᠡᠨ᠎ᠨᠦᠭᠦᠳ᠎ᠦᠨ ᠴᠠᠭ ᠦᠶ᠎ᠡ᠎ᠶ᠋ᠢᠨ ᠠᠯᠬᠤᠭ᠎ᠠ᠎ᠶ᠋ᠢ ᠳᠠᠭᠠᠵᠤ᠂ ᠬᠠᠮᠲᠤ᠎ᠪᠠᠷ ᠪᠦᠯᠬᠦᠮᠳᠡᠨ ᠲᠡᠮᠡᠴᠡᠵᠦ᠍᠂ ᠬᠠᠮᠲᠤ᠎ᠪᠠᠷ ᠴᠡᠴᠡᠭ᠌ᠯᠡᠨ ᠬᠥᠭ᠌ᠵᠢᠭ᠌ᠰᠡᠨ ᠰᠠᠢᠨ ᠰᠠᠢᠬᠠᠨ ᠪᠠᠢᠳᠠᠯ᠎ᠢ ᠪᠤᠢ ᠪᠤᠯᠭᠠᠪᠠ᠃ ᠪᠢᠳᠡ ᠶᠡᠷᠦᠩᠬᠡᠶ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠲᠦᠪᠱᠢᠨ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠵᠦ᠍᠂ 〈ᠵᠢᠱ᠌ᠢᠶᠡᠴᠢ ᠥᠪᠡᠷᠲᠡᠭᠡᠨ ᠵᠠᠰᠠᠬᠤ ᠣᠷᠣᠨ〉᠎ᠢ᠋ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ᠎ᠳᠤ ᠬᠤᠪᠢ ᠨᠡᠮᠡᠷᠢ ᠪᠠᠨ ᠦᠵᠡᠭᠦᠯᠦᠨ᠎ᠡ》 ᠭᠡᠪᠡ᠃
ᠪᠠᠶᠠᠨᠨᠠᠭᠤᠷ ᠬᠤᠳᠠ᠎ᠶ᠋ᠢᠨ ᠤᠷᠠᠳ᠎ᠤᠨ ᠳᠤᠮᠳᠠᠳᠤ ᠬᠣᠱᠢᠭᠤᠨ᠎ᠤ ᠬᠠᠯᠢᠭᠤᠲᠤ ᠪᠠᠯᠭᠠᠰᠤ᠎ᠶ᠋ᠢᠨ ᠪᠠᠶᠠᠨ ᠵᠠᠮ ᠨᠡᠢᠭᠡᠮ ᠲᠣᠭᠣᠷᠢᠭ᠎ᠤᠨ ᠬᠥᠳᠡᠯᠭᠡᠭᠡᠨ᠎ᠦ ᠲᠠᠰᠤᠭ᠎ᠲᠤ᠂ ᠠᠷᠠᠳ᠎ᠤᠨ ᠳᠠᠭᠤᠤ᠎ᠶ᠋ᠢᠨ ᠠᠩᠬᠢ᠎ᠶ᠋ᠢᠨ 20 ᠭᠠᠷᠤᠢ ᠭᠡᠱᠢᠭᠦᠳ ᠲᠣᠭ᠍ᠯᠠᠯᠲᠠ᠎ᠪᠠᠨ ᠨᠠᠷᠢᠨ ᠬᠢᠨᠠᠮᠠᠭᠠᠢ ᠪᠡᠯᠡᠳᠬᠡᠭᠡᠳ ᠶᠠᠭᠠᠷᠠᠨ᠎ᠠ᠃ 18 ᠴᠠᠭ 50 ᠮᠢᠨᠦ᠋ᠲ᠎ᠦᠨ ᠦᠶ᠎ᠡ᠎ᠪᠡᠷ ᠣᠯᠠᠨ᠎ᠢᠶᠠᠷ᠎ᠢᠶᠠᠨ ᠲᠦᠪ ᠲᠧᠯᠸᠢᠰ᠎ᠤᠨ ᠰᠤᠨᠢᠨ ᠮᠡᠳᠡᠭᠡᠨ᠎ᠤ ᠨᠡᠪᠲᠡᠷᠡᠭᠦᠯᠭᠡ᠎ᠶ᠋ᠢ ᠬᠦᠯᠢᠶᠡᠨ ᠠᠪᠴᠤ ᠦᠵᠡᠬᠦ ᠪᠡᠷ ᠪᠡᠯᠡᠬᠡᠨ ᠪᠤᠯᠪᠠ᠃
ᠶᠡᠷᠦᠩᠬᠡᠶ ᠱᠦᠵᠢ ᠰᠢ ᠵᠢᠨ ᠫᠢᠩ᠎ᠦᠨ ᠬᠥᠬᠡᠬᠣᠲᠠ᠎ᠳᠤ ᠱᠢᠨᠵᠢᠯᠡᠨ ᠪᠠᠢᠴᠠᠭᠠᠭ᠍ᠰᠠᠨ ᠵᠢᠷᠤᠭ ᠳᠦᠷᠰᠦ ᠢᠯᠡᠷᠡᠬᠦ᠌ ᠦᠶ᠎ᠡ᠎ᠳᠦ᠂ ᠠᠷᠠᠳ᠎ᠤᠨ ᠳᠠᠭᠤᠤ᠎ᠶ᠋ᠢᠨ ᠠᠩᠭᠢ᠎ᠶ᠋ᠢᠨ ᠭᠡᠱᠢᠭᠦᠨ ᠦᠢᠯᠡᠰ᠄ 《ᠶᠡᠷᠦᠩᠬᠡᠶ ᠱᠦᠵᠢ ᠠᠷᠠᠳ ᠣᠯᠠᠨ᠎ᠢ ᠢᠮᠠᠭ᠍ᠲᠠ ᠳᠤᠷᠠᠰᠤᠨ ᠰᠠᠨᠠᠭᠠᠯᠵᠠᠭ᠍ᠰᠠᠭᠠᠷ ᠶᠤᠮ᠂ ᠮᠠᠨ᠎ᠤ ᠣᠲᠣ᠎ᠶ᠋ᠢᠨ ᠠᠮᠢᠳᠤᠷᠠᠯ ᠮᠠᠰᠢ ᠵᠣᠯ ᠵᠢᠷᠭᠠᠯ᠎ᠲᠠᠶ! ᠪᠢᠳᠡ ᠦᠨᠳᠦᠰᠦᠲᠡᠨ᠎ᠤ ᠬᠠᠮᠤᠭ᠎ᠤᠨ ᠭᠣᠢᠳᠠ ᠰᠠᠢᠬᠠᠨ ᠲᠣᠭ᠍ᠯᠠᠯᠲᠠ᠎ᠪᠠᠨ ᠠᠯᠢ ᠨᠢᠭᠡ ᠡᠳᠦᠷ ᠶᠡᠷᠦᠩᠬᠡᠢ ᠱᠦᠵᠢᠳ᠋ᠡᠭᠡᠨ ᠡᠷᠭᠦᠬᠦ᠌᠎ᠵᠢ ᠬᠦᠰᠡᠵᠦ᠍ ᠪᠠᠢᠨ᠎ᠠ!》 ᠭᠡᠵᠦ ᠰᠡᠳᠭᠢᠯ ᠳᠣᠭ᠍ᠳᠣᠯᠤᠨ ᠶᠠᠷᠢᠨ᠎ᠠ᠃
ᠬᠥᠬᠡᠬᠣᠲᠠ᠎ᠶ᠋ᠢᠨ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠎ᠦᠨ ᠳᠡᠳ᠋ ᠳᠠᠷᠤᠭ᠎ᠠ᠂ ᠬᠣᠲᠠ᠎ᠶ᠋ᠢᠨ ᠦᠨᠳᠦᠰᠦᠳᠡᠨ᠎ᠤ ᠬᠡᠷᠡᠭ ᠡᠷᠬᠢᠯᠡᠬᠦ ᠵᠦᠪᠯᠡᠯ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠡᠷᠬᠢᠯᠡᠭ᠌ᠴᠢ ᠯᠢ ᠴᠢᠶᠠᠩ᠂ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠦᠵᠡᠯ ᠰᠠᠨᠠᠭ᠎ᠠ ᠪᠣᠯᠤᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠤᠤᠯ ᠱᠢᠵᠢᠮ᠎ᠲᠡᠶ ᠨᠢᠭ᠍ᠲᠠ ᠤᠶᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ ᠲᠠᠪᠤᠨ ᠶᠡᠬᠡ ᠡᠭᠦᠷᠭᠡ ᠪᠣᠯᠤᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠢ᠋ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠬᠣᠶᠠᠷ ᠶᠡᠬᠡ ᠶᠠᠪᠤᠳᠠᠯ᠎ᠢ ᠰᠠᠢᠲᠤᠷ ᠪᠡᠶᠡᠯᠡᠭᠦᠯᠬᠦ᠌ ᠲᠣᠭᠣᠷᠢᠨ᠎ᠳᠤ᠂ ᠳᠤᠮᠳᠠᠳᠤ ᠤᠯᠤᠰ᠎ᠤᠨ ᠮᠠᠶᠢᠭ᠎ᠦᠨ ᠣᠳᠣᠬᠢᠴᠢᠯᠠᠯᠳᠠ ᠵᠢᠨ ᠬᠥᠬᠡᠬᠣᠲᠠ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠨᠠᠩ ᠶᠡᠬᠡ ᠬᠤᠪᠢ ᠨᠡᠮᠡᠷᠢ ᠦᠵᠡᠭᠦᠯᠦᠨ᠎ᠡ ᠭᠡᠵᠦ᠍ ᠢᠯᠡᠳᠭᠡᠪᠡ᠃
ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠠᠭᠤᠷᠢᠨ᠎ᠤ ᠳᠡᠳ᠋ ᠡᠷᠬᠢᠯᠡᠭ᠌ᠴᠢ ᠼᠦᠢ ᠰᠧ ᠫᠸᠩ᠄ 《ᠪᠢᠳᠡ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠦᠵᠡᠯ ᠰᠠᠨᠠᠭ᠎ᠠ ᠪᠣᠯᠤᠨ ᠵᠢᠭᠠᠪᠤᠷᠢ ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠢ ᠴᠢᠩᠭ᠎ᠠ ᠡᠵᠡᠮᠳᠡᠵᠦ᠍᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ 〈ᠵᠢᠱ᠌ᠢᠶᠡᠴᠢ ᠥᠪᠡᠷᠲᠡᠭᠡᠨ ᠵᠠᠰᠠᠬᠤ ᠣᠷᠣᠨ〉 ᠤ᠋ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠵᠤ᠂ ᠳᠤᠮᠳᠠᠳᠤ ᠤᠯᠤᠰ᠎ᠤᠨ ᠮᠠᠶᠢᠭ᠎ᠦᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠡ》 ᠬᠡᠪᠠ᠃
《ᠶᠡᠷᠦᠩᠬᠡᠢ ᠱᠦᠵᠢ ᠪᠢᠳᠡᠨ᠎ᠳᠦ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠭᠣᠣᠯ ᠱᠢᠵᠢᠮ ᠪᠣᠯᠤᠨ ᠦᠨᠳᠦᠰᠦᠲᠡᠨ᠎ᠦ ᠭᠠᠵᠠᠷ ᠣᠷᠣᠨ᠎ᠤ ᠡᠯ᠎ᠡ ᠵᠦᠢᠯ᠎ᠦᠨ ᠠᠵᠢᠯ᠎ᠤᠨ ᠭᠣᠣᠯ ᠱᠢᠵᠢᠮ᠎ᠢ ᠲᠣᠭ᠍ᠲᠠᠭᠠᠨ ᠦᠭᠴᠤ᠂ ᠬᠢᠩᠭᠠᠨ ᠠᠢᠮᠠᠭ ᠢᠮᠠᠭ᠍ᠲᠠ ᠦᠨᠳᠦᠰᠦᠲᠡᠨ᠎ᠦ ᠪᠦᠯᠬᠦᠮᠳᠡᠯ᠎ᠦᠨ ᠢᠷᠠᠭᠤ ᠠᠯᠳᠠᠷᠲᠤ ᠤᠯᠠᠮᠵᠢᠯᠠᠯ᠎ᠢᠶᠠᠨ ᠪᠠᠲᠤᠯᠠᠭ᠍ᠰᠠᠭᠠᠷ ᠢᠷᠡᠵᠠᠢ᠃》 ᠬᠢᠩᠭᠠᠨ ᠠᠢᠮᠠᠭ᠎ᠤᠨ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠎ᠦᠨ ᠳᠡᠳ᠋ ᠳᠠᠷᠤᠭ᠎ᠠ᠂ ᠠᠢᠮᠠᠭ᠎ᠤᠨ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠡᠷᠬᠢᠯᠡᠭ᠌ᠴᠢ ᠮᠠ ᠵᠢᠢ ᠴᠸᠩ᠄ 《ᠪᠢᠳᠡ ᠪᠥᠬᠥ᠌ ᠤᠯᠤᠰ᠎ᠤᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠵᠢᠱ᠌ᠢᠶ᠎ᠡ ᠦᠵᠡᠭᠦᠯᠬᠦ᠌ ᠠᠢᠮᠠᠭ᠎ᠢ ᠡᠭᠦᠳᠦᠨ ᠪᠠᠢᠭᠤᠯᠬᠤ ᠠᠵᠢᠯ᠎ᠢ ᠪᠥᠬᠥ᠌ ᠲᠠᠯ᠎ᠠ᠎ᠪᠠᠷ ᠠᠬᠢᠭᠤᠯᠵᠤ᠂ 〈ᠵᠢᠱ᠌ᠢᠶᠡᠴᠢ ᠥᠪᠡᠷᠲᠡᠭᠡᠨ ᠵᠠᠰᠠᠬᠤ ᠣᠷᠣᠨ〉 ᠢ᠋ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ᠎ᠳᠤ ᠬᠦᠴᠦᠨ ᠴᠢᠳᠠᠯ᠎ᠢᠶᠡᠨ ᠡᠷᠬᠦᠨ᠎ᠠ》 ᠬᠡᠪᠠ᠃
ᠦᠬᠠᠢ ᠬᠤᠳᠠ᠎ᠶ᠋ᠢᠨ ᠬᠠᠢ᠌ᠷᠤᠪ᠎ᠤᠨ ᠲᠤᠬᠤᠢ ᠲᠣᠭᠣᠷᠢᠭ᠎ᠤᠨ ᠯᠢᠨ ᠶᠢᠨ ᠵᠡᠭᠡᠯᠢ ᠭᠤᠳᠤᠮᠵᠢ᠎ᠶ᠋ᠢᠨ ᠬᠠᠢ ᠱᠢᠨ ᠨᠡᠢᠭᠡᠮ ᠲᠣᠭᠣᠷᠢᠭ᠎ᠤᠨ ᠨᠠᠮ᠎ᠤᠨ ᠬᠣᠷᠢᠶ᠎ᠠ ᠵᠢᠨ ᠱᠦᠵᠢ ᠸᠠᠩ ᠢᠦᠢ ᠵᠢᠩ᠄ 《ᠶᠡᠷᠦᠩᠬᠡᠢ ᠱᠦᠵᠢ᠎ᠶ᠋ᠢᠨ ᠴᠢᠬᠤᠯᠠ ᠶᠠᠷᠢᠶ᠎ᠠ ᠨᠠᠳᠠ ᠳ᠋ᠤ ᠮᠠᠰᠢ ᠶᠡᠬᠡ ᠵᠣᠷᠢᠭ᠍ᠵᠢᠭᠤᠯᠤᠯ ᠪᠤᠯᠪᠠ᠂ ᠨᠡᠢᠭᠡᠮ ᠲᠣᠭᠣᠷᠢᠭ᠎ᠤᠨ ᠠᠵᠢᠯᠲᠠᠨ ᠪᠣᠯᠤᠭ᠍ᠰᠠᠨ᠎ᠤ ᠬᠤᠪᠢ᠎ᠳᠤ᠂ ᠪᠢ ᠶᠡᠷᠦᠩᠬᠡᠶ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠠᠵᠢᠯ᠎ᠤᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠢ ᠪᠠᠲᠤ ᠡᠵᠡᠮᠳᠡᠵᠤ᠂ ᠦᠨᠳᠦᠰᠦᠲᠡᠨ᠎ᠨᠦᠭᠦᠳ ᠬᠠᠮᠲᠤ ᠪᠠᠷ ᠪᠠᠢᠭᠤᠯᠵᠤ ᠬᠠᠮᠲᠤ ᠪᠠᠷ ᠡᠳ᠋ᠯᠡᠵᠤᠬᠠᠮᠳᠤ ᠪᠡᠷ ᠪᠦᠯᠬᠦᠮᠳᠡᠭᠰᠡᠨ ᠨᠡᠢᠭᠡᠮ ᠲᠤᠭᠤᠷᠢᠭ᠎ᠢ ᠪᠦᠳᠦᠭᠡᠨ ᠪᠠᠢᠭᠤᠯᠬᠤ ᠪᠡᠷ ᠴᠢᠷᠮᠠᠢᠨ᠎ᠠ》 ᠬᠡᠪᠠ᠃
ᠦᠨᠢᠮᠦ᠋ᠨᠭᠭᠡ᠄ 《ᠶᠡᠷᠦᠩᠬᠡᠢ ᠱᠦᠵᠢ ᠮᠠᠨ᠎ᠤ ᠥᠪᠥᠷ ᠮᠣᠩᠭᠣᠯ᠎ᠳᠤ ᠢᠷᠡᠭ᠌ᠰᠡᠨ᠎ᠢ ᠦᠵᠡᠭᠡᠳ ᠪᠢ ᠮᠠᠰᠢ ᠰᠡᠳᠭᠢᠯ ᠳᠣᠭ᠍ᠳᠣᠯᠵᠤ ᠪᠠᠢᠨ᠎ᠠ᠃ ᠨᠠᠮ᠎ᠤᠨ ᠭᠡᠱᠢᠭᠦᠨ᠎ᠦ ᠭᠣᠣᠯᠳᠠᠯᠭᠠᠲᠤ ᠡᠷᠦᠭᠡ ᠪᠠ ᠬᠢᠯᠢ ᠬᠠᠮᠠᠭᠠᠯᠠᠭ᠍ᠴᠢ ᠪᠣᠯᠤᠭ᠍ᠰᠠᠨ᠎ᠤ ᠬᠤᠪᠢ᠎ᠳᠤ᠂ ᠮᠢᠨᠤ ᠬᠠᠷᠢᠭᠤᠴᠠᠯᠭ᠎ᠠ ᠬᠦᠨᠳᠦ᠂ ᠡᠭᠦᠷᠭᠡ ᠦᠩᠬᠡ ᠬᠡᠷᠡᠯᠳᠡᠢ ᠰᠠᠨᠠᠭ᠍ᠳᠠᠵᠤ ᠪᠠᠢᠨ᠎ᠠ᠂ ᠪᠢ ᠥᠪᠡᠷ᠎ᠦᠨ ᠨᠢᠳᠤᠨ ᠴᠡᠴᠡᠭᠡᠢ ᠪᠡᠨ ᠬᠠᠮᠠᠭᠠᠯᠠᠬᠤᠰᠢᠬᠢᠶᠡᠷ ᠨᠤᠲᠤᠭ ᠣᠰᠤᠨ᠎ᠤ᠎ᠪᠠᠨ ᠣᠷᠴᠢᠨ ᠲᠣᠭᠣᠷᠢᠨ᠎ᠢ ᠰᠠᠢᠲᠤᠷ ᠬᠠᠮᠠᠭᠠᠯᠠᠵᠤ᠂ ᠡᠬᠡ ᠤᠯᠤᠰ᠎ᠤᠨ ᠬᠢᠯᠢ ᠬᠢᠵᠠᠭᠠᠷ᠎ᠢ ᠰᠠᠢᠲᠤᠷ ᠬᠠᠮᠠᠭᠠᠯᠠᠵᠤ᠂ 〈ᠬᠣᠶᠠᠷ ᠬᠠᠯᠬᠠᠪᠴᠢ〉 ᠵᠢᠨ ᠪᠦᠳᠤᠬᠡᠨ ᠪᠠᠢᠭᠤᠯᠤᠯᠲᠠ᠎ᠳᠤ ᠥᠪᠡᠷ᠎ᠦᠨ ᠬᠦᠴᠦᠨ ᠴᠢᠳᠠᠯ᠎ᠢᠶᠠᠨ ᠡᠷᠭᠦᠨ᠎ᠡ》 ᠬᠡᠪᠠ᠃ ᠬᠡᠷᠡᠯᠠᠤᠳᠤ ᠬᠢᠯᠢ᠎ᠶ᠋ᠢᠨ ᠲᠣᠮᠢᠯᠠᠭ᠍ᠰᠠᠨ ᠰᠠᠯᠪᠤᠷᠢ᠎ᠶ᠋ᠢᠨ ᠳᠠᠷᠤᠭ᠎ᠠ ᠪᠤᠶᠠᠨ᠄ 《ᠨᠠᠪᠳᠡᠷᠡᠬᠦᠯᠭᠡ ᠵᠢ ᠬᠦᠯᠢᠶᠠᠨ ᠠᠪᠴᠤ ᠦᠵᠡᠭᠡᠳ ᠪᠢ ᠲᠤᠢᠯ᠎ᠢᠶᠠᠷ ᠤᠷᠮᠠᠱᠢᠨ ᠵᠣᠷᠢᠭ᠍ᠵᠢᠯᠠ᠂ ᠨᠡᠭᠦᠳᠡᠯ ᠠᠷᠠᠳ᠎ᠤᠨ ᠬᠠᠮᠢᠶᠠᠷᠤᠯᠲᠠ᠎ᠶ᠋ᠢᠨ ᠴᠠᠭ᠍ᠳᠠᠭ᠎ᠠ ᠪᠣᠯᠤᠭ᠍ᠰᠠᠨ᠎ᠤ ᠬᠤᠪᠢ᠎ᠳᠤ᠂ ᠬᠢᠯᠢ᠎ᠬᠢᠵᠠᠭᠠᠷ᠎ᠢᠶᠡᠨ ᠰᠠᠬᠢᠬᠤ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬᠴᠠᠯᠠᠵᠤ᠂ ᠤᠮᠠᠷᠠᠲᠤ ᠬᠢᠯᠢ᠎ᠶ᠋ᠢᠨ ᠲᠣᠭ᠍ᠲᠠᠭᠤᠨ᠎ᠢ ᠬᠠᠮᠠᠭᠠᠯᠠᠨ᠎ᠠ》 ᠬᠡᠪᠠ᠃
ᠤᠯᠠᠭᠠᠨᠴᠠᠪ ᠬᠤᠳᠠ᠎ᠶ᠋ᠢᠨ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠎ᠦᠨ ᠳᠡᠳ᠋ ᠳᠠᠷᠤᠭ᠎ᠠ ᠴᠧᠨ ᠢᠦᠢ᠄《ᠤᠯᠠᠭᠠᠨᠴᠠᠪ ᠬᠤᠳᠠ᠎ᠶ᠋ᠢᠨ ᠬᠢᠨ ᠦᠷᠭᠦᠯᠵᠢᠯᠡᠨ ᠪᠣᠳᠠᠲᠠᠢ ᠠᠵᠢᠯᠯᠠᠵᠤ᠂ ᠡᠷᠡᠮᠡᠬᠡᠢᠯᠡᠨ ᠲᠡᠮᠡᠴᠡᠵᠦ᠍᠂ ᠶᠡᠷᠦᠩᠬᠡᠢ ᠱᠦᠵᠢ ᠰᠢ ᠵᠢᠨ ᠫᠢᠩ᠎ᠦᠨ ᠡᠷᠬᠢᠮ ᠨᠠᠨᠳᠢᠨ ᠬᠦᠰᠡᠯ ᠨᠠᠢᠳᠠᠯᠭ᠎ᠠ᠎ᠶ᠋ᠢ ᠤᠯᠠᠭᠠᠨᠴᠠᠪ᠎ᠤᠨ ᠨᠢᠭᠡᠳᠦᠮᠡᠯ ᠹᠷᠣᠨᠲ᠎ᠤᠨ ᠠᠵᠢᠯ᠎ᠢ ᠰᠠᠢᠲᠤᠷ ᠬᠢᠬᠦ᠌ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠦᠳᠦᠭᠡᠨ ᠪᠠᠢᠭᠤᠯᠵᠤ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ᠎ᠪᠠᠷ ᠲᠡᠷᠭᠡᠯᠱᠢᠭᠦᠯᠬᠦ᠌ ᠱᠢᠨ᠎ᠡ ᠠᠶᠠᠨ᠎ᠳᠤ ᠨᠡᠩ ᠶᠡᠬᠡ ᠦᠢᠯᠡᠳᠦᠯ ᠦᠵᠡᠭᠦᠯᠬᠦ᠌᠎ᠪᠡᠷ ᠴᠢᠷᠮᠠᠢᠨ᠎ᠠ》 ᠭᠡᠵᠦ᠍ ᠢᠯᠡᠳᠭᠡᠪᠡ᠃
(ᠰᠤᠷᠪᠤᠯᠵᠢᠯᠠᠭ᠍ᠴᠢ ᠵᠧᠩ ᠱᠢᠤᠸᠠᠢ ᠯᠢᠶᠠᠩ ᠼᠠᠢ ᠳ᠋ᠦᠩ ᠮᠧᠢ ᠭᠦᠸᠧ ᠬᠣᠩ ᠱᠸᠨ ᠸᠠᠩ ᠢᠦᠢ ᠵᠦᠸᠸ ᠯᠢ ᠢᠦᠢ ᠵᠦᠸᠸ ᠪᠠᠶᠠᠰᠭᠤᠯᠠᠩ ᠪᠠᠢ ᠯᠢᠶᠠᠨ ᠴᠧᠨ ᠴᠦᠨ ᠶᠠᠨ ᠬᠤᠤ ᠪᠢᠶᠤᠤ ᠭᠤᠤ ᠮᠢᠨ ᠨᠠ ᠯᠢᠦ ᡁᠢ ᠱᠢᠶᠠᠨ ᠸᠠᠩ ᠯᠢ ᠬᠣᠩ ᠯᠢ ᠴᠤᠤ ᠷᠠᠨ ᠯᠢ ᠼᠦᠨ ᠱᠢᠶᠠ ᠠᠨᠶᠠᠨ ᠳ᠋ᠦᠩ ᠰᠦᠩ ᠠ ᠨᠠᠨ ᠸᠠᠩ ᠲᠠᠨ᠎ᠠ ᠭᠦᠸᠧ ᠴᠢ ᠨᠠᠨ ᠶᠡᠷᠦᠩᠬᠡᠢᠯᠡᠨ ᠮᠡᠳᠡᠭᠡᠯᠡᠪᠡ)