— ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠥᠪᠥᠷ ᠮᠣᠩᠭᠣᠯ᠎ᠤᠨ ᠬᠠᠷᠢᠭᠤᠯᠲᠠ ᠶ᠋ᠢᠨ ᠬᠠᠭᠤᠳᠠᠰᠤ᠎ᠶ᠋ᠢᠨ ᠲᠤᠬᠠᠢ ᠱᠢᠷᠢᠰ ᠮᠡᠳᠡᠭᠡᠯᠡᠯ ④
ᠭᠣᠣᠯ ᠰᠠᠨᠠᠭᠤᠯᠤᠮᠵᠢ
● 2018 ᠣᠨ᠎ᠤ ᠪᠥᠬᠥ᠌ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠤ᠂ ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ᠎ᠶ᠋ᠢᠨ ᠠᠵᠢᠯ᠎ᠢ ᠰᠠᠢᠲᠤᠷ ᠬᠢᠵᠦ᠍᠂ ᠳᠡᠯᠡᠬᠡᠶ᠎ᠶ᠋ᠢᠨ ᠡᠨᠧᠷᠭᠢ᠎ᠶ᠋ᠢᠨ ᠮᠡᠷᠭᠡᠵᠢᠯ᠎ᠦᠨ ᠬᠤᠪᠢᠰᠭᠠᠯ᠎ᠤᠨ ᠱᠢᠨ᠎ᠡ ᠬᠠᠨᠳᠤᠰᠢ᠎ᠶ᠋ᠢ ᠴᠢᠩᠭ᠎ᠠ ᠳᠠᠭᠠᠵᠤ᠂ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠵᠤ᠂ ᠡᠨᠧᠷᠭᠢ ᠶ᠋ᠢᠨ ᠡᠬᠢ ᠪᠠᠶᠠᠯᠢᠭ᠎ᠢ ᠶᠡᠷᠦᠩᠬᠡᠢᠯᠡᠨ ᠠᠱᠢᠭ᠍ᠯᠠᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠶ ᠭᠡᠵᠦ᠍ ᠵᠢᠭᠠᠵᠤ ᠭᠠᠷᠭᠠᠪᠠ᠃
● 2021 ᠣᠨ᠎ᠤ ᠪᠦᠬᠦ᠌ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠤ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠪᠦᠬᠦ᠌ ᠤᠯᠤᠰ᠎ᠤᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠴᠣᠭ᠍ᠴᠠᠯᠠᠬᠤ ᠳᠤᠮᠳᠠᠬᠢ ᠥᠪᠥᠷ ᠮᠣᠩᠭᠣᠯ᠎ᠤᠨ ᠪᠠᠢᠷᠢ ᠲᠣᠭ᠍ᠲᠠᠭᠠᠯᠲᠠ᠎ᠶ᠋ᠢ ᠣᠨᠣᠪᠴᠢᠲᠠᠢ ᠡᠷᠢᠨ ᠣᠯᠵᠤ᠂ ᠥᠪᠡᠷ᠎ᠦᠨ ᠳᠠᠪᠠᠭᠤᠯᠢᠭ ᠬᠦᠷᠢᠶ᠎ᠡ ᠪᠣᠯᠤᠨ ᠳᠤᠲᠠᠭᠤᠳᠠᠯ ᠬᠦᠷᠦᠯᠴᠡᠬᠦ᠌ ᠦᠭᠡᠢ ᠲᠠᠯ᠎ᠠ᠎ᠪᠠᠨ ᠭᠦᠨᠵᠡᠭᠡᠢ ᠵᠠᠳᠠᠯᠵᠤ᠂ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠭᠣᠣᠯᠳᠠᠯᠭ᠎ᠠ᠎ᠲᠠᠶ ᠠᠵᠤ ᠦᠢᠯᠡᠰ ᠪᠣᠯᠤᠨ ᠭᠣᠣᠯ ᠱᠢᠪᠲᠤᠯᠤᠯᠲᠠ᠎ᠶ᠋ᠢᠨ ᠴᠢᠭ᠌ᠯᠡᠯ᠎ᠢ ᠤᠯᠠᠮ ᠴᠢᠨᠠᠭ᠍ᠰᠢᠳᠠ ᠲᠣᠳᠣᠷᠬᠠᠢᠯᠠᠵᠤ᠂ ᠬᠣᠯᠪᠣᠭ᠍ᠳᠠᠯ ᠪᠦᠬᠦᠢ ᠠᠵᠤ ᠦᠢᠯᠡᠰ᠎ᠦᠨ ᠳᠡᠭᠡᠳᠦ ᠲᠦᠪᠱᠢᠨᠴᠢᠯᠡᠭ᠌ᠰᠡᠨ᠂ ᠤᠶᠤᠨᠴᠢᠯᠠᠬ᠍ᠰᠠᠨ᠂ ᠪᠣᠬᠢᠷᠲᠤᠯ ᠦᠭᠡᠢ ᠲᠡᠢᠰᠢ ᠤᠷᠤᠭ᠍ᠰᠢᠯᠠᠬᠤ᠎ᠶ᠋ᠢ ᠠᠬᠢᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ ᠪᠣᠯᠤᠨ ᠲᠡᠷᠢᠭᠦᠨ᠎ᠦ ᠦᠢᠯᠡᠳᠬᠦ᠌ ᠦᠢᠯᠡᠰ᠎ᠢ ᠬᠥᠭ᠌ᠵᠢᠭᠦᠯᠵᠦ᠍᠂ ᠰᠠᠭᠤᠷᠢ ᠲᠥᠬᠥᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭ᠌ᠲᠡᠢ᠃ ᠰᠢᠯᠢᠳᠡᠭ᠎ᠢᠶᠡᠨ ᠪᠠᠳᠠᠷᠠᠭᠤᠯᠤᠨ ᠰᠢᠭᠠᠷᠤ᠎ᠪᠠᠨ ᠲᠡᠪᠴᠢᠵᠦ᠍᠂ ᠱᠢᠯᠢᠳᠡᠭ᠎ᠢ ᠬᠥᠮᠦᠵᠢᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠩᠬᠠᠷᠴᠤ᠌᠂ ᠪᠦᠬᠦ᠌ ᠬᠦᠴᠦᠨ᠎ᠢᠶᠡᠷ᠎ᠢᠶᠡᠨ ᠪᠦᠲᠦᠴᠡ᠎ᠶ᠋ᠢ ᠲᠤᠬᠢᠷᠠᠭᠤᠯᠤᠨ᠂ ᠴᠢᠳᠠᠮᠵᠢ᠎ᠶ᠋ᠢ ᠬᠤᠪᠢᠷᠠᠭᠤᠯᠵᠤ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃
● 2022 ᠣᠨ᠎ᠤ ᠪᠦᠬᠦ᠌ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠤ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠨᠡᠭᠦᠷᠡᠰᠦᠲᠥ᠋ᠷᠥᠭ᠌ᠴᠢ᠎ᠶᠢᠨ ᠭᠠᠳᠠᠭᠰᠢᠯᠠᠭᠤᠯᠤᠯᠲᠠ ᠤᠷᠬᠢᠯ ᠬᠡᠮᠵᠢᠭᠳᠡᠯ᠎ᠳᠤ ᠬᠦᠷᠬᠦ ᠨᠡᠭᠦᠷᠡᠰᠦᠲᠥ᠋ᠷᠥᠭ᠌ᠴᠢ᠎ᠵᠢ ᠰᠠᠭᠠᠷᠮᠠᠭᠵᠢᠭᠤᠯᠬᠤ ᠠᠵᠢᠯ᠎ᠢ ᠢᠳᠡᠪᠬᠢᠲᠡᠢ ᠯᠠᠪᠳᠠᠭᠤᠨ᠎ᠢᠶᠠᠷ ᠠᠬᠢᠭᠤᠯᠵᠤ᠂ ᠨᠡᠭᠦᠷᠡᠰᠦ ᠡᠯᠪᠡᠭ᠂ ᠴᠢᠯᠠᠭᠤᠨ ᠲᠤᠰᠤ ᠴᠥᠭᠡᠨ᠂ ᠱᠢᠲᠠᠮᠠᠬᠠᠢ ᠬᠡᠢ ᠪᠠᠭ᠎ᠠ ᠪᠠᠢᠬᠤ ᠤᠯᠤᠰ᠎ᠤᠨ ᠦᠨᠳᠦᠰᠦᠨ ᠪᠠᠢᠳᠠᠯ᠎ᠳᠤ ᠰᠠᠭᠤᠷᠢᠯᠠᠵᠤ᠂ ᠤᠯᠤᠰ᠎ᠤᠨ 《ᠬᠣᠣᠰ ᠨᠡᠭᠦᠷᠡᠰᠦᠲᠥ᠋ᠷᠥᠭ᠌ᠴᠢ》ᠵᠢᠨ ᠠᠵᠢᠯ᠎ᠤᠨ ᠲᠥᠯᠥᠪᠵᠢᠭᠦᠯᠭᠡ ᠪᠠᠢᠷᠢᠯᠠᠭᠤᠯᠤᠯᠲᠠ ᠶᠣᠰᠣᠭᠠᠷ᠂ ᠱᠢᠰᠲᠸᠮ᠎ᠤᠨ ᠦᠵᠡᠯᠲᠡ᠎ᠪᠡᠨ ᠴᠢᠩᠭᠠᠳᠭᠠᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ᠂ ᠠᠯᠬᠤᠮ ᠠᠯᠬᠤᠮ᠎ᠢᠶᠠᠷ ᠪᠡᠶᠡᠯᠡᠭᠦᠯᠬᠦ᠎ᠶ᠋ᠢ ᠪᠠᠷᠢᠮᠲᠠᠯᠠᠵᠤ᠂ ᠨᠡᠭᠦᠷᠡᠰᠦᠲᠥ᠋ᠷᠥᠭ᠌ᠴᠢ᠎ᠶ᠋ᠢ ᠪᠠᠭᠠᠰᠭᠠᠬᠤ᠂ ᠪᠣᠬᠢᠷᠲᠤᠯ᠎ᠢ ᠪᠠᠭᠠᠰᠭᠠᠬᠤ᠂ ᠨᠣᠭᠣᠭᠠᠷᠠᠭᠤᠯᠤᠯᠲᠠ᠎ᠶ᠋ᠢ ᠥᠷᠭᠡᠳᠭᠡᠬᠦ᠌᠂ ᠨᠡᠮᠡᠭ᠌ᠳᠡᠯ᠎ᠢ ᠬᠠᠮᠵᠢᠯᠴᠠᠭᠤᠯᠤᠨ ᠠᠬᠢᠭᠤᠯᠬᠤ᠎ᠶ᠋ᠢ ᠪᠠᠷᠢᠮᠲᠠᠯᠠᠵᠤ᠂ ᠨᠡᠭᠦᠷᠡᠰᠦᠲᠥ᠋ᠷᠥᠭ᠌ᠴᠢ᠎ᠶ᠋ᠢ ᠪᠠᠭᠠᠰᠭᠠᠬᠤ᠎ᠶ᠋ᠢᠨ ᠬᠠᠮᠲᠤ ᠡᠨᠧᠷᠭᠢ᠎ᠶ᠋ᠢᠨ ᠠᠮᠤᠷ ᠲᠦᠪᠱᠢᠨ᠂ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠵᠤ᠂ ᠤᠯᠠᠨ ᠲᠦᠮᠡᠨ᠎ᠦ ᠬᠡᠪ᠎ᠤᠨ ᠠᠮᠢᠳᠤᠷᠠᠯ᠎ᠢ ᠪᠠᠲᠤᠯᠠᠵᠤ᠂ ᠪᠤᠳᠠᠳᠤ ᠪᠠᠢᠳᠠᠯ᠎ᠡᠴᠡ ᠰᠠᠯᠵᠤ ᠬᠡᠲᠦᠷᠬᠡᠢ ᠶᠠᠭᠠᠷᠠᠵᠤ ᠪᠤᠯᠬᠤ ᠦᠭᠡᠢ ᠭᠡᠵᠦ ᠴᠢᠬᠤᠯᠠᠴᠢᠯᠠᠪᠠ᠃
ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠦᠳᠦᠭᠡᠨ ᠪᠠᠢᠭᠤᠯᠬᠤ ᠪᠣᠯ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ ᠲᠠᠪᠤᠨ ᠶᠡᠬᠡ ᠡᠭᠦᠷᠭᠡ᠎ᠶ᠋ᠢᠨ ᠨᠢᠭᠡ ᠪᠣᠯᠤᠨ᠎ᠠ᠂ ᠨᠡᠩ ᠴᠤ᠌ ᠥᠪᠥᠷ ᠮᠣᠩᠭᠣᠯ᠎ᠤᠨ ᠡᠷᠬᠡᠪᠰᠢ ᠰᠠᠢᠲᠤᠷ ᠭᠦᠢᠴᠡᠳᠭᠡᠬᠦ᠌ ᠴᠢᠬᠤᠯᠠ ᠶᠡᠬᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠪᠣᠯᠤᠨ᠎ᠠ᠃
ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠤᠨ ᠡᠨᠧᠷᠭᠢ᠎ᠶ᠋ᠢᠨ ᠬᠥᠭ᠌ᠵᠢᠯᠲᠡ᠎ᠶ᠋ᠢᠨ ᠲᠤᠬᠠᠢ ᠤᠯᠠᠨ ᠤᠳᠠᠭ᠎ᠠ ᠴᠢᠬᠤᠯᠠ ᠵᠢᠭᠠᠪᠤᠷᠢ ᠥᠭ᠌ᠴᠡᠢ᠃ ᠨᠠᠨᠳᠢᠨ ᠬᠦᠰᠡᠯ ᠶᠠᠭᠤᠨᠡᠴᠡᠴᠤ ᠡᠷᠬᠢᠮ ᠬᠦᠨᠳᠦ; ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ᠍᠂ ᠯᠠᠪᠳᠠᠭᠤᠨ ᠪᠠᠳᠤᠲᠠᠢ ᠤᠷᠤᠭ᠍ᠰᠢᠯᠠᠨ᠎ᠠ᠃ ᠶᠡᠷᠦᠩᠬᠡᠶ ᠱᠦᠵᠢ ᠰᠢ ᠵᠢᠨ ᠫᠢᠩ᠎ᠦᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠥᠪᠥᠷ ᠮᠣᠩᠭᠣᠯ ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ᠎ᠶ᠋ᠢ ᠰᠠᠢᠲᠤᠷ ᠬᠢᠬᠦ᠌ ᠠᠵᠢᠯ᠎ᠤᠨ ᠲᠣᠭᠣᠷᠢᠨ᠎ᠳᠤ᠂ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠥᠲᠥᠭᠡᠨ ᠪᠠᠢᠭᠤᠯᠬᠤ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠳᠤ ᠪᠠᠲᠤ ᠰᠠᠭᠤᠷᠢᠯᠠᠵᠤ᠂ ᠡᠨᠧᠷᠭᠢ᠎ᠶ᠋ᠢᠨ ᠬᠤᠪᠢᠰᠭᠠᠯ᠎ᠢ ᠡᠷᠡᠰ ᠭᠤᠢᠪᠢᠰᠢ ᠥᠬᠡᠶ ᠠᠬᠢᠭᠤᠯᠵᠤ᠂ ᠡᠨᠧᠷᠭᠢ᠎ᠶ᠋ᠢᠨ ᠠᠵᠤ ᠦᠶ᠋ᠯᠡᠰ᠎ᠦᠨ ᠪᠦᠲᠦᠴᠡ᠎ᠶ᠋ᠢ ᠱᠢᠯᠢᠳᠡᠭ᠌ᠵᠢᠭᠦᠯᠦᠨ ᠲᠣᠬᠢᠷᠠᠭᠤᠯᠵᠤ᠂ ᠡᠨᠧᠷᠭᠢ᠎ᠶ᠋ᠢ ᠶᠡᠷᠦᠩᠬᠡᠢᠯᠡᠨ ᠠᠱᠢᠭ᠍ᠯᠠᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠣᠯᠠᠨ ᠵᠦᠶ᠋ᠯ᠎ᠦᠨ ᠡᠨᠧᠷᠭᠢ᠎ᠶ᠋ᠢ ᠬᠠᠮᠵᠢᠯᠴᠠᠭᠤᠯᠤᠨ ᠬᠠᠷᠢᠯᠴᠠᠨ ᠨᠥᠬᠥᠪᠥᠷᠢᠯᠡᠬᠦ᠌᠂ ᠶᠡᠷᠦᠩᠬᠡᠢᠯᠡᠨ ᠠᠱᠢᠭ᠍ᠯᠠᠬᠤ᠂ ᠡᠷᠴᠢᠮᠯᠢᠭ ᠪᠥᠭᠡᠳ ᠥᠨᠳᠥᠷ ᠪᠦᠲᠦᠮᠵᠢᠲᠡᠶ ᠡᠨᠧᠷᠭᠢ ᠬᠠᠩᠭᠠᠬᠤ ᠱᠢᠰᠲ᠋ᠧᠮ᠎ᠢ ᠲᠦᠷᠭᠡᠳᠭᠡᠨ ᠪᠠᠢᠭᠤᠯᠵᠤ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠪᠡ᠃
2022 ᠣᠨ᠎ᠳᠤ᠂ ᠥᠪᠥᠷ ᠮᠣᠩᠭᠣᠯ᠎ᠤᠨ ᠡᠨᠧᠷᠭᠢ᠎ᠶ᠋ᠢᠨ ᠠᠵᠤ ᠠᠬᠤᠶ᠎ᠶ᠋ᠢᠨ ᠣᠯᠠᠨ ᠵᠦᠶ᠋ᠯ᠎ᠦᠨ ᠵᠢᠭᠠᠯᠲᠠ ᠲᠣᠭ᠎ᠠ ᠪᠥᠬᠥ᠌ ᠤᠯᠤᠰ᠎ᠲᠤ ᠲᠡᠷᠢᠭᠦᠯᠡᠪᠡ — ᠨᠡᠭᠦᠷᠡᠰᠦᠨ᠎ᠦ ᠭᠠᠷᠤᠯᠲᠠ 12.2 ᠳ᠋ᠦᠩᠱᠢᠭᠤᠷ ᠲᠣᠨ᠎ᠳᠤ ᠬᠦᠷᠴᠦ᠍᠂ ᠴᠠᠬᠢᠯᠭᠠᠨ ᠬᠦᠴᠦᠨ᠎ᠦ ᠶᠡᠷᠦᠩᠬᠡᠶ ᠮᠠᠱᠢᠨ ᠴᠣᠭ᠍ᠴᠠᠯᠠᠪᠤᠷᠢ 1.73 ᠳ᠋ᠦᠩᠱᠢᠭᠤᠷ ᠺᠢᠯᠦᠸᠠᠲ᠎ᠲᠤ ᠬᠦᠷᠴᠦ᠍᠂ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ 6500 ᠲᠦᠮᠡᠨ ᠺᠢᠯᠦᠸᠠᠲ᠎ᠲᠤ ᠬᠦᠷᠴᠦ᠍᠂ ᠨᠡᠭᠦᠷᠡᠰᠦᠨ᠎ᠦ ᠬᠠᠩᠭᠠᠯᠭ᠎ᠠ᠎ᠶ᠋ᠢ ᠪᠠᠲᠤᠯᠠᠬᠤ ᠬᠡᠮᠵᠢᠶ᠎ᠡ 9.45 ᠳ᠋ᠦᠩᠱᠢᠭᠤᠷ ᠲᠣᠨ᠎ᠳᠤ ᠬᠦᠷᠴᠦ᠍᠂ ᠭᠠᠳᠠᠭ᠍ᠰᠢ ᠬᠦᠷᠭᠡᠭ᠌ᠰᠡᠨ ᠴᠠᠬᠢᠯᠭᠠᠨ᠎ᠤ ᠬᠡᠮᠵᠢᠶ᠎ᠡ 2640 ᠳ᠋ᠦᠩᠱᠢᠭᠤᠷ ᠺᠢᠯᠦᠸᠠᠲ ᠴᠠᠭ᠎ᠲᠤ ᠬᠦᠷᠴᠦ᠍᠂ ᠴᠠᠬᠢᠯᠭᠠᠨ᠎ᠢ ᠭᠠᠳᠠᠭ᠍ᠰᠢ ᠬᠦᠷᠭᠡᠭᠦ ᠴᠢᠳᠠᠪᠤᠷᠢ 7000 ᠲᠦᠮᠡᠨ ᠺᠢᠯᠦᠸᠠᠲ᠎ᠲᠤ ᠬᠦᠷᠴᠡᠶ᠃ ᠥᠪᠥᠷ ᠮᠣᠩᠭᠣᠯ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠢ ᠪᠠᠲᠤᠯᠠᠬᠤ ᠳᠤᠮᠳᠠ ᠬᠠᠷᠢᠭᠤᠴᠠᠯᠭ᠎ᠠ ᠡᠭᠦᠷᠭᠡᠯᠡᠯ᠎ᠢᠶᠡᠨ ᠢᠯᠡᠷᠡᠭᠦᠯᠤᠯᠡ᠃
ᠨᠡᠭᠦᠷᠡᠰᠦ᠎ᠳᠦ ᠰᠠᠭᠤᠷᠢᠯᠠᠨ ᠨᠡᠭᠦᠷᠡᠰᠦ᠎ᠶ᠋ᠢ ᠤᠷᠲᠤᠳᠭᠠᠵᠤ ᠨᠡᠭᠦᠷᠡᠰᠦ᠎ᠶ᠋ᠢ ᠳᠠᠪᠠᠵᠤ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠠᠵᠤ ᠦᠶ᠋ᠯᠡᠰ᠎ᠦᠨ ᠬᠡᠯᠬᠢᠶ᠎ᠡ᠎ᠶ᠋ᠢ ᠲᠠᠰᠤᠷᠠᠯᠲᠠ ᠥᠬᠡᠶ ᠳᠤᠤᠷᠠᠳᠤ ᠤᠷᠤᠰᠭᠠᠯ ᠳᠠᠢᠰᠢ ᠤᠷᠲᠤᠳᠭᠠᠵᠤ ᠥᠷᠲᠡᠭ᠎ᠦᠨ ᠬᠡᠯᠬᠢᠶ᠎ᠡ᠎ᠶ᠋ᠢ ᠲᠠᠰᠤᠷᠠᠯᠲᠠ ᠥᠬᠡᠶ ᠳᠤᠮᠳᠠ ᠳᠡᠭᠡᠳᠦ ᠲᠠᠰ ᠳᠠᠢᠰᠢ ᠳᠡᠭᠡᠭ᠌ᠰᠢᠯᠡᠭᠦᠯᠵᠦ᠍ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠠᠵᠤ ᠦᠶ᠋ᠯᠡᠰ᠎ᠦᠨ ᠬᠡᠯᠬᠢᠶ᠎ᠡ᠎ᠶ᠋ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍ ᠤᠯᠤᠰ ᠠᠷᠠᠳ᠎ᠤᠨ ᠠᠵᠤ ᠠᠬᠤᠶ᠎ᠶ᠋ᠢᠨ ᠬᠥᠭ᠌ᠵᠢᠯᠲᠡ᠎ᠳᠦ ᠦᠵᠡᠭᠦᠯᠬᠦ᠌ ᠨᠡᠭᠦᠷᠡᠰᠦᠨ᠎ᠦ ᠴᠢᠬᠤᠯᠠ ᠲᠤᠯᠭᠠᠭᠤᠷᠢᠯᠠᠬᠤ ᠦᠶ᠋ᠯᠡᠳᠦᠯ᠎ᠢ ᠭᠦᠶ᠋ᠴᠡᠳ ᠪᠠᠳᠠᠷᠠᠭᠤᠯᠤᠨ᠎ᠠ
ᠨᠢᠭᠡ ᠬᠡᠰᠡᠭ ᠬᠠᠷ᠎ᠠ ᠨᠡᠭᠦᠷᠡᠰᠦ᠂ ᠨᠢᠭᠡ ᠯᠣᠩᠬᠣ ᠴᠠᠭᠠᠨ ᠫᠷᠦᠫᠸᠨᠤ ᠪᠥᠭᠡᠭᠡᠨᠡᠪᠦᠷᠢ᠎ᠶᠢᠨ ᠮᠥᠬᠥᠯᠢᠭ᠂ ᠨᠢᠭᠡ ᠣᠷᠢᠶᠠᠮᠠᠭ ᠰᠢᠨ᠎ᠡ ᠰᠣᠷᠭᠣᠭ ᠪᠠᠢᠯᠭᠠᠬᠤ ᠵᠤᠯᠤᠮ᠎ᠠ᠂ ᠵᠢᠦ᠍ᠲᠠᠢ ᠡᠨᠧᠷᠭᠢ᠎ᠶ᠋ᠢᠨ ᠥᠪᠥᠷ ᠮᠣᠩᠭᠣᠯ᠎ᠤᠨ ᠬᠢᠵᠠᠭᠠᠷᠲᠤ ᠺᠣᠮᠫᠠᠨᠢ᠎ᠶ᠋ᠢᠨ ᠦᠵᠡᠭᠦᠯᠭᠡ᠎ᠶ᠋ᠢᠨ ᠲᠠᠢᠰᠠᠨ ᠳᠡᠭᠡᠷ᠎ᠡ ᠵᠢᠭᠰᠠᠵᠤ᠂ ᠨᠡᠭᠦᠷᠡᠰᠦᠨ᠎ᠦ 《ᠬᠠᠷ᠎ᠠ᠎ᠡᠴᠡ ᠴᠠᠭᠠᠨ ᠪᠣᠯᠤᠭᠰᠠᠨ》 ᠬᠤᠪᠢᠷᠠᠯᠲᠠ ᠶ᠋ᠢ ᠬᠠᠷᠠᠭᠤᠯᠤᠨ᠎ᠠ᠃
ᠨᠡᠭᠦᠷᠡᠰᠦ᠎ᠳᠦ ᠰᠠᠭᠤᠷᠢᠯᠠᠨ᠂ ᠨᠡᠭᠦᠷᠡᠰᠦᠨ ᠬᠡᠯᠬᠢᠶ᠎ᠡ᠎ᠶ᠋ᠢ ᠤᠷᠲᠤᠳᠭᠠᠵᠤ᠂ ᠨᠡᠭᠦᠷᠡᠰᠦ᠎ᠶ᠋ᠢ ᠳᠡᠰ ᠳᠡᠪᠰᠢᠭᠦᠯᠦᠨ᠎ᠡ᠃ 《 ᠬᠤᠤᠰ ᠨᠡᠭᠦᠷᠡᠰᠦᠲᠦ᠋ᠷᠦᠭᠴᠢ 》 ᠶ᠋ᠢᠨ ᠬᠠᠷᠠᠯᠲᠠ ᠳᠤᠤᠷ᠎ᠠ᠂ ᠨᠡᠭᠦᠷᠡᠰᠦ ᠶᠡᠬᠡ ᠭᠠᠷᠳᠠᠭ ᠣᠷᠳᠣᠰ ᠡᠬᠢ ᠪᠠᠶᠠᠯᠢᠭ᠎ᠤᠨ ᠬᠡᠯᠪᠡᠷᠢ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠭᠤᠤᠯᠳᠠᠯᠭ᠎ᠠ᠎ᠪᠠᠨ ᠡᠬᠢ ᠪᠠᠶᠠᠯᠢᠭ᠎ᠢ ᠤᠨᠳᠤᠤᠰᠢᠭᠤᠯᠤᠨ ᠥᠷᠲᠡᠭ ᠳᠡᠭᠡᠭ᠌ᠰᠢᠯᠡᠭᠦᠯᠬᠦ᠌ ᠳᠡᠭᠡᠷ᠎ᠡ ᠲᠠᠯᠪᠢᠵᠤ᠂ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠠᠵᠤ ᠦᠶ᠋ᠯᠡᠰ᠎ᠦᠨ ᠬᠡᠯᠬᠢᠶ᠎ᠡ᠎ᠶ᠋ᠢ ᠲᠠᠰᠤᠷᠠᠯᠲᠠ ᠥᠬᠡᠶ ᠳᠤᠤᠷᠠᠳᠤ ᠤᠷᠤᠰᠭᠠᠯ ᠳᠠᠢᠰᠢ ᠤᠷᠲᠤᠳᠭᠠᠵᠤ᠂ ᠥᠷᠲᠡᠭ᠎ᠦᠨ ᠬᠡᠯᠬᠢᠶ᠎ᠡ᠎ᠶ᠋ᠢ ᠲᠠᠰᠤᠷᠠᠯᠲᠠ ᠥᠬᠡᠶ ᠳᠤᠮᠳᠠ ᠳᠡᠭᠡᠳᠦ ᠲᠠᠰ ᠳᠠᠢᠰᠢ ᠳᠡᠭᠡᠭ᠌ᠰᠢᠯᠡᠭᠦᠯᠪᠡ᠃
《ᠣᠷᠳᠣᠰ ᠬᠣᠲᠠ ᠨᠢᠭᠡᠨᠲᠡ ᠨᠡᠭᠦᠷᠡᠰᠦ ᠪᠡᠷ ᠲᠣᠰᠣ ᠬᠡᠶ ᠦᠶ᠋ᠯᠡᠳᠬᠦ᠌᠂ ᠨᠡᠭᠦᠷᠡᠰᠦ᠎ᠪᠡᠷ ᠠᠯᠺᠣᠣᠯ ᠡᠲ᠋ᠧᠷ ᠦᠶ᠋ᠯᠡᠳᠬᠦ᠌᠂ ᠨᠡᠭᠦᠷᠡᠰᠦ᠎ᠪᠡᠷ ᠠᠯᠺᠧᠨ ᠦᠶ᠋ᠯᠡᠳᠬᠦ᠌ ᠵᠡᠷᠭᠡ ᠣᠯᠠᠨ ᠠᠵᠤ ᠦᠶ᠋ᠯᠡᠰ᠎ᠦᠨ ᠬᠡᠯᠬᠢᠶ᠎ᠡ᠎ᠶ᠋ᠢ ᠪᠠᠢᠭᠤᠯᠵᠤ᠂ ᠡᠨᠳᠡ ᠨᠡᠭᠦᠷᠡᠰᠦ᠎ᠶ᠋ᠢᠨ 〈ᠬᠡᠷᠡᠭᠴᠡᠭᠡ ᠲᠠᠢ ᠵᠦᠢᠯ᠎ᠢ ᠪᠦᠬᠦᠨ᠎ᠢ ᠠᠰᠢᠭᠯᠠᠵᠤ〉᠂ 〈ᠬᠠᠷ᠎ᠠ᠎ᠡᠴᠡ ᠴᠠᠭᠠᠨ ᠪᠣᠯᠭᠠᠵᠤ〉᠂ ᠡᠬᠢ ᠪᠠᠶᠠᠯᠢᠭ᠎ᠤᠨ ᠬᠡᠯᠪᠡᠷᠢ᠎ᠶ᠋ᠢᠨ ᠠᠵᠤ ᠦᠶ᠋ᠯᠡᠰ᠎ᠦᠨ ᠭᠤᠯᠳᠤ ᠴᠢᠭ᠌ᠯᠡᠯ᠎ᠦᠨ ᠱᠠᠲᠤᠯᠢᠭ ᠨᠡᠮᠡᠭ᠌ᠳᠡᠯ᠎ᠢ ᠪᠡᠶᠡᠯᠡᠭᠦᠯᠵᠦ᠍᠂ ᠣᠲᠣ ᠨᠢᠭᠡᠨᠲᠡ ᠣᠲᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠦᠶ᠋ᠯᠡᠳᠪᠦᠷᠢᠯᠡᠬᠦ᠌ ᠴᠢᠳᠠᠪᠤᠷᠢ᠎ᠶ᠋ᠢ 1925 ᠲᠦᠮᠡᠨ ᠲᠣᠨ ᠪᠦᠷᠢᠯᠳᠦᠭᠦᠯᠵᠦ᠍᠂ ᠤᠯᠤᠰ᠎ᠤᠨ ᠳᠣᠲᠣᠭᠠᠳᠤ᠎ᠶ᠋ᠢᠨ ᠲᠥᠷᠥᠯ ᠵᠦᠶ᠋ᠯ᠎ᠢᠶᠡᠷ ᠬᠠᠮᠤᠭ᠎ᠤᠨ ᠪᠦᠷᠢᠨ᠂ ᠬᠡᠪᠴᠢᠶ᠎ᠡ ᠪᠡᠷ ᠬᠠᠮᠤᠭ᠎ᠤᠨ ᠶᠡᠬᠡ ᠣᠲᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠲᠤᠷᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ᠎ᠦᠨ ᠲᠥᠪᠯᠡᠷᠡᠭ᠌ᠰᠡᠨ ᠣᠷᠣᠨ ᠪᠣᠯᠵᠠᠢ》 ᠭᠡᠵᠦ᠍ ᠣᠷᠳᠣᠰ ᠬᠣᠲᠠ᠎ᠶ᠋ᠢᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ ᠬᠡᠯᠡᠨ᠎ᠠ᠃
《ᠨᠡᠭᠦᠷᠡᠰᠦ ᠡᠯᠪᠡᠭ᠂ ᠴᠢᠯᠠᠭᠤᠨ ᠲᠤᠰᠤ ᠴᠦᠬᠡᠨ᠂ ᠰᠢᠲᠠᠮᠠᠬᠠᠢ ᠬᠡᠢ ᠪᠠᠭ᠎ᠠ》 ᠪᠠᠢᠬᠤ ᠪᠣᠯ ᠮᠠᠨ᠎ᠤ ᠤᠯᠤᠰ᠎ᠤᠨ ᠡᠨᠧᠷᠭᠢ᠎ᠶ᠋ᠢᠨ ᠡᠬᠢ ᠪᠠᠶᠠᠯᠢᠭ᠎ᠤᠨ ᠲᠤᠢᠮᠤ ᠵᠢᠷᠤᠭ᠍ᠯᠠᠯ ᠪᠣᠯᠤᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠨᠡᠭᠦᠷᠡᠰᠦ ᠮᠥᠨ ᠬᠦ᠌ ᠮᠠᠨ᠎ᠤ ᠤᠯᠤᠰ᠎ᠤᠨ ᠭᠤᠤᠯ ᠴᠣᠭ᠍ᠴᠠ᠎ᠶ᠋ᠢᠨ ᠡᠨᠧᠷᠭᠢ ᠪᠠᠢᠵᠤ᠂ ᠨᠡᠭᠦᠷᠡᠰᠦᠲᠥ᠋ᠷᠥᠭ᠌ᠴᠢ᠎ᠶᠢᠨ ᠭᠠᠳᠠᠭᠰᠢᠯᠠᠭᠤᠯᠤᠯᠲᠠ ᠣᠷᠭᠢᠯ ᠬᠡᠮᠵᠢᠭᠳᠡᠯ᠎ᠳᠤ ᠬᠥᠷᠬᠥ᠌᠂ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ ᠬᠠᠷᠠᠯᠲᠠ᠎ᠶ᠋ᠢ ᠪᠡᠶᠡᠯᠡᠭᠦᠯᠬᠦ᠌᠎ᠶ᠋ᠢ ᠠᠬᠢᠭᠤᠯᠬᠤ ᠠᠬᠤᠶ ᠪᠠᠢᠳᠠᠯ ᠳᠤᠤᠷ᠎ᠠ᠂ ᠨᠡᠭᠦᠷᠡᠰᠦᠨ᠎ᠦ ᠬᠡᠷᠡᠭ᠌ᠯᠡᠭᠡ᠎ᠶ᠋ᠢ ᠠᠯᠬᠤᠮ ᠠᠯᠬᠤᠮ᠎ᠢᠶᠠᠷ ᠪᠠᠭᠠᠰᠭᠠᠨ ᠣᠷᠣᠯᠠᠭᠤᠯᠵᠤ᠂ ᠨᠡᠭᠦᠷᠡᠰᠦᠨ᠎ᠦ ᠠᠵᠤ ᠦᠶ᠋ᠯᠡᠳᠪᠦᠷᠢ᠎ᠶ᠋ᠢᠨ ᠬᠥᠭ᠌ᠵᠢᠯᠲᠡ᠎ᠶ᠋ᠢᠨ ᠭᠤᠤᠯᠳᠠᠯᠭ᠎ᠠ᠎ᠨᠢ ᠬᠥᠭ᠌ᠵᠢᠯᠲᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠡᠨᠧᠷᠭᠢ᠎ᠶ᠋ᠢᠨ ᠬᠠᠩᠭᠠᠯᠭ᠎ᠠ᠎ᠶ᠋ᠢᠨ ᠠᠮᠤᠷ ᠲᠦᠪᠱᠢᠨ᠎ᠢ ᠪᠠᠲᠤᠯᠠᠬᠤ᠎ᠳᠤ ᠪᠠᠢᠨ᠎ᠠ᠃ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠶ᠋ᠢᠨ ᠠᠱᠢᠭ᠍ᠲᠠᠢ ᠪᠠᠢᠷᠢᠨ ᠳᠡᠭᠡᠷ᠎ᠡ ᠵᠣᠭ᠍ᠰᠣᠵᠤ ᠢᠷᠡᠭᠡᠳᠦᠢ᠎ᠶ᠋ᠢ ᠪᠠᠷᠠᠯᠠᠬᠤᠶ᠎ᠠ᠂ ᠨᠡᠭᠦᠷᠡᠰᠦᠨ᠎ᠦ ᠶᠡᠬᠡ ᠣᠷᠣᠨ᠎ᠤ ᠥᠪᠥᠷ ᠮᠣᠩᠭᠣᠯ᠎ᠤᠨ ᠨᠡᠭᠦᠷᠡᠰᠦᠨ᠎ᠦ ᠪᠣᠬᠢᠷᠲᠤᠯ ᠦᠭᠡᠢ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠲᠠᠢᠰᠢ ᠬᠡᠯᠪᠡᠷᠢ᠎ᠪᠠᠨ ᠬᠤᠪᠢᠷᠠᠭᠤᠯᠬᠤ ᠪᠠᠢᠯᠳᠤᠬᠤ ᠪᠤᠳᠤᠯᠭ᠎ᠠ᠎ᠶ᠋ᠢᠨ ᠠᠴᠢ ᠬᠣᠯᠪᠣᠭ᠍ᠳᠠᠯ ᠮᠠᠰᠢ ᠢᠯᠡᠷᠬᠡᠢ ᠪᠠᠢᠨ᠎ᠠ᠃
ᠨᠡᠭᠦᠷᠡᠰᠦᠨ᠎ᠦ ᠪᠣᠬᠢᠷᠲᠤᠯ ᠦᠭᠡᠢ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠲᠠᠢᠰᠢ ᠬᠡᠯᠪᠡᠷᠢ᠎ᠪᠠᠨ ᠬᠤᠪᠢᠷᠠᠭᠤᠯᠬᠤ᠎ᠶ᠋ᠢ ᠬᠡᠷᠬᠢᠨ ᠪᠡᠶᠡᠯᠡᠭᠦᠯᠬᠦ᠌ ᠪᠤᠢ? ᠥᠪᠥᠷ ᠮᠣᠩᠭᠣᠯ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠨᠡᠭᠦᠷᠡᠰᠦ᠎ᠶ᠋ᠢ ᠥᠨᠳᠥᠷ ᠪᠦᠲᠦᠮᠵᠢᠲᠡᠶ᠎ᠪᠡᠷ ᠠᠱᠢᠭ᠍ᠯᠠᠬᠤ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠵᠠᠮ᠎ᠢ ᠰᠦᠪᠡᠭ᠌ᠴᠢᠯᠡᠨ ᠭᠠᠷᠭᠠᠪᠠ᠃
ᠤᠯᠤᠰ᠎ᠤᠨ ᠴᠢᠬᠤᠯᠠ ᠡᠨᠧᠷᠭᠢ᠎ᠶ᠋ᠢᠨ ᠰᠠᠭᠤᠷᠢᠨ᠎ᠢ ᠴᠢᠨᠠᠷ ᠰᠠᠢᠲᠠᠶ ᠪᠥᠲᠥᠭᠡᠨ ᠪᠠᠢᠭᠤᠯᠬᠤ᠎ᠪᠠᠷ ᠬᠠᠷᠠᠯᠲᠠ ᠪᠣᠯᠭᠠᠵᠤ᠂ ᠣᠢᠷ᠎ᠠ᠎ᠶ᠋ᠢᠨ ᠵᠢᠯ᠎ᠦᠨ ᠲᠤᠷᠰᠢ᠂ ᠥᠪᠥᠷ ᠮᠣᠩᠭᠣᠯ ᠲᠡᠷᠢᠭᠦᠨ᠎ᠦ ᠪᠦᠭᠡᠳ ᠲᠤᠬᠢᠷᠠᠮᠵᠢᠳᠠᠢ ᠬᠡᠷᠡᠭ᠌ᠯᠡᠭᠡᠨ᠎ᠦ ᠮᠡᠷᠭᠡᠵᠢᠯ᠎ᠢ ᠠᠱᠢᠭ᠍ᠯᠠᠨ ᠨᠡᠭᠦᠷᠡᠰᠦ ᠪᠡᠷ ᠭᠤᠤᠯ ᠪᠣᠯᠭᠠᠭ᠍ᠰᠠᠨ ᠤᠯᠠᠮᠵᠢᠯᠠᠯᠲᠤ ᠡᠨᠧᠷᠭᠢ᠎ᠶ᠋ᠢᠨ ᠠᠵᠤ ᠦᠶ᠋ᠯᠡᠰ᠎ᠢ ᠥᠭᠡᠷᠡᠴᠢᠯᠡᠬᠦ᠌᠎ᠶ᠋ᠢ ᠪᠠᠷᠢᠮᠲᠠᠯᠠᠵᠤ᠂ ᠨᠡᠭᠦᠷᠡᠰᠦᠨ ᠠᠭᠤᠷᠬᠠᠶ᠎ᠶ᠋ᠢ ᠤᠶᠤᠨᠴᠢᠯᠠᠬᠤ᠂ ᠪᠣᠬᠢᠷᠲᠤᠯ ᠥᠬᠡᠶ ᠪᠣᠯᠭᠠᠬᠤ ᠥᠭᠡᠷᠡᠴᠢᠯᠡᠯᠲᠡ᠎ᠶ᠋ᠢ ᠲᠦᠷᠭᠡᠳᠭᠡᠵᠦ᠍᠂ ᠡᠨᠧᠷᠭᠢ᠎ᠶ᠋ᠢᠨ ᠡᠬᠢ ᠪᠠᠶᠠᠯᠢᠭ᠎ᠢ ᠶᠡᠷᠦᠩᠬᠡᠢᠯᠡᠨ ᠠᠱᠢᠭ᠍ᠯᠠᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠪᠡ; ᠣᠳᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢ ᠪᠠᠢᠭᠤᠯᠵᠤ ᠠᠵᠤ ᠦᠢᠯᠡᠰ᠎ᠦᠨ ᠬᠡᠯᠬᠢᠶ᠎ᠡ᠎ᠶ᠋ᠢ ᠤᠷᠲᠤᠳᠭᠠᠨ᠂ ᠦᠢᠯᠡᠳᠬᠦᠨ᠎ᠦ ᠨᠡᠮᠡᠯᠲᠡ ᠥᠷᠲᠡᠭ᠎ᠢ ᠳᠡᠭᠡᠭ᠌ᠰᠢᠯᠡᠭᠦᠯᠪᠡ; 《ᠬᠤᠶᠠᠷ ᠶᠡᠬᠡᠳᠡᠢ》 ᠲᠥᠷᠥᠯ ᠵᠦᠢᠯ᠎ᠢ ᠰᠣᠬᠣᠷ ᠪᠠᠯᠠᠢ᠎ᠪᠠᠷ ᠡᠬᠢᠯᠡᠭᠦᠯᠬᠦ᠌᠎ᠶ᠋ᠢ ᠴᠢᠩᠭ᠎ᠠ ᠬᠢᠵᠠᠭᠠᠷᠯᠠᠵᠤ᠂ ᠠᠵᠤ ᠦᠢᠯᠡᠰ᠎ᠦᠨ ᠪᠦᠲᠦᠴᠡ᠎ᠶ᠋ᠢᠨ ᠴᠢᠨᠠᠷᠲᠠᠢ ᠵᠥᠷᠢᠴᠡᠯ᠎ᠢ ᠠᠯᠬᠤᠮ ᠠᠯᠬᠤᠮ᠎ᠢᠶᠠᠷ ᠠᠷᠢᠯᠭᠠᠨ᠂ ᠡᠨᠧᠷᠭᠢ ᠠᠷᠪᠢᠯᠠᠵᠤ ᠬᠣᠷᠣᠭ᠍ᠳᠠᠭᠤᠯᠤᠯᠢ ᠪᠠᠭᠠᠰᠭᠠᠬᠤ᠎ᠶ᠋ᠢ ᠠᠬᠢᠭᠤᠯᠵᠤ᠂ ᠡᠨᠧᠷᠭᠢ᠎ᠶ᠋ᠢ ᠠᠱᠢᠭ᠍ᠯᠠᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠢ ᠪᠠᠲᠤᠯᠠᠬᠤ᠎ᠳᠤ ᠴᠢᠬᠤᠯᠠ ᠬᠤᠪᠢ ᠨᠡᠮᠡᠷᠢ ᠦᠵᠡᠭᠦᠯᠪᠡ᠃
ᠨᠡᠭᠦᠷᠡᠰᠦ᠎ᠪᠡᠷ ᠲᠣᠰᠣ ᠬᠢᠬᠦ᠌᠂ ᠨᠡᠭᠦᠷᠡᠰᠦ᠎ᠪᠡᠷ ᠬᠡᠢ ᠬᠢᠬᠦ᠌᠂ ᠨᠡᠭᠦᠷᠡᠰᠦ᠎ᠪᠡᠷ ᠠᠯᠺᠧᠨ ᠬᠢᠬᠦ᠌᠂ ᠨᠡᠭᠦᠷᠡᠰᠦ᠎ᠪᠡᠷ ᠮᠧᠲ᠋ᠢᠯ ᠠᠯᠺᠣᠣᠯ ᠬᠢᠬᠦ᠌᠂ ᠨᠡᠭᠦᠷᠡᠰᠦ᠎ᠪᠡᠷ ᠡᠲ᠋ᠡ ᠬᠣᠶᠠᠷᠴᠢ ᠠᠯᠺᠣᠣᠯ ᠬᠢᠬᠦ᠌ ᠁ ᠨᠡᠭᠦᠷᠡᠰᠦᠨ᠎ᠦ ᠬᠠᠳᠠᠭᠠᠯᠠᠭ᠍ᠳᠡᠴᠡᠶ᠋ᠢᠨ ᠬᠡᠮᠵᠢᠶ᠎ᠡ᠂ ᠦᠢᠯᠡᠳᠪᠦᠷᠢᠯᠡᠬᠦ᠌ ᠴᠢᠳᠠᠪᠤᠷᠢ ᠪᠣᠯᠤᠨ ᠭᠠᠷᠤᠯᠲᠠ ᠨᠢ ᠴᠥᠮ ᠪᠦᠬᠦ᠌ ᠤᠯᠤᠰ᠎ᠤᠨ ᠡᠮᠦᠨ᠎ᠡ ᠡᠩᠨᠡᠭᠡᠨ᠎ᠳᠦ ᠪᠠᠢᠭ᠎ᠠ ᠥᠪᠥᠷ ᠮᠣᠩᠭᠣᠯ᠂ 《ᠨᠡᠭᠦᠷᠡᠰᠦ ᠮᠠᠯᠲᠠᠵᠤ ᠨᠡᠭᠦᠷᠡᠰᠦ ᠬᠤᠳᠠᠯᠳᠤᠬᠤ》 ᠡᠴᠡ ᠠᠪᠤᠭᠠᠳ ᠡᠨᠧᠷᠭᠢ᠎ᠶ᠋ᠢᠨ ᠬᠤᠪᠢᠰᠭᠠᠯᠳᠤ ᠬᠦᠷᠲᠡᠯ᠎ᠡ᠂ ᠴᠢᠬᠤᠯᠠ ᠡᠯᠸᠮᠸᠨ᠋ᠲ ᠵᠢᠡᠷ ᠬᠥᠳᠡᠯᠭᠡᠭᠦᠷ ᠪᠣᠯᠭᠠᠵᠤ ᠪᠠᠢᠬᠰᠠᠨ ᠡᠴᠡ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠵᠤ᠂ ᠨᠡᠭᠦᠷᠡᠰᠦ᠎ᠶ᠋ᠢ ᠠᠷᠢᠭᠤᠨ ᠴᠡᠪᠡᠷ ᠥᠨᠳᠥᠷ ᠪᠦᠲᠦᠮᠵᠢᠲᠡᠶ ᠠᠱᠢᠭ᠍ᠯᠠᠬᠤ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠵᠠᠮ᠎ᠢ ᠨᠡᠭᠡᠭᠡᠭ᠌ᠰᠡᠨ ᠪᠠᠢᠨ᠎ᠠ᠃
ᠣᠳᠣᠬᠠᠨ᠎ᠳᠤ᠂ ᠪᠥᠬᠥ᠌ ᠣᠷᠣᠨ᠎ᠤ ᠨᠡᠭᠦᠷᠡᠰᠦ᠎ᠪᠡᠷ ᠠᠯᠺᠧᠨ᠂ ᠮᠧᠲ᠋ᠢᠯ ᠠᠯᠺᠣᠣᠯᠦᠶ᠋ᠯᠡᠳᠬᠦ ᠭᠡᠮᠵᠢᠶ᠎ᠡ ᠨᠢᠭᠡᠨᠲᠡ ᠪᠥᠬᠥ᠌ ᠤᠯᠤᠰ᠎ᠤᠨ ᠲᠡᠷᠢᠭᠦᠨ᠎ᠳᠦ ᠣᠷᠣᠵᠤ᠂ ᠪᠥᠬᠥ᠌ ᠤᠯᠤᠰ᠎ᠤᠨ ᠴᠣᠷ᠎ᠤᠨ ᠭᠠᠭ᠍ᠴᠠ ᠨᠢᠭᠡᠨᠲᠡ ᠪᠠᠢᠭᠤᠯᠵᠤ ᠠᠱᠢᠭ᠍ᠯᠠᠯᠲᠠ᠎ᠳᠤ ᠣᠷᠣᠭᠤᠯᠤᠭ᠍ᠰᠠᠨ ᠨᠡᠭᠦᠷᠡᠰᠦ᠎ᠪᠡᠷ ᠲᠣᠰᠣ ᠦᠶ᠋ᠯᠡᠳᠬᠦ᠌᠂ ᠨᠡᠭᠦᠷᠡᠰᠦ᠎ᠪᠡᠷ ᠬᠡᠶ ᠦᠶ᠋ᠯᠡᠳᠬᠦ᠌ ᠲᠥᠷᠥᠯ ᠵᠦᠶ᠋ᠯ᠎ᠲᠡᠶ ᠮᠤᠵᠢ ᠣᠷᠣᠨ ᠪᠣᠯᠤᠨ᠎ᠠ᠃ ᠪᠦᠬᠦ᠌ ᠣᠷᠣᠨ᠎ᠤ ᠨᠡᠭᠦᠷᠡᠰᠦᠨ ᠠᠭᠤᠷᠬᠠᠶ᠎ᠶ᠋ᠢᠨ ᠣᠳᠣᠬᠢᠴᠢᠯᠠᠭ᠍ᠰᠠᠨ ᠨᠡᠭᠡᠭᠡᠨ ᠮᠠᠯᠲᠠᠬᠤ ᠲᠥᠪᠰᠢᠨ᠂ ᠮᠢᠩᠭᠠᠨ ᠲᠦᠮᠡᠨ ᠲᠣᠨ᠎ᠤ ᠲᠠᠰ᠎ᠤᠨ ᠣᠳᠣᠬᠢᠴᠢᠯᠠᠭ᠍ᠰᠠᠨ ᠨᠡᠭᠦᠷᠡᠰᠦᠨ ᠠᠭᠤᠷᠬᠠᠶ ᠶ᠋ᠢᠨ ᠲᠣᠭ᠎ᠠ ᠬᠡᠮᠵᠢᠶ᠎ᠡ ᠴᠥᠮ ᠪᠦᠬᠦ᠌ ᠤᠯᠤᠰ᠎ᠤᠨ ᠡᠮᠦᠨ᠎ᠡ ᠡᠩᠨᠡᠭᠡᠨ᠎ᠳᠦ ᠣᠷᠣᠵᠤ᠂ ᠳᠠᠩ ᠠᠭᠤᠷᠬᠠᠶ᠎ᠶ᠋ᠢᠨ ᠳᠤᠮᠳᠠᠴᠢ ᠦᠢᠯᠡᠳᠪᠦᠷᠢᠯᠡᠬᠦ᠌ ᠴᠢᠳᠠᠪᠤᠷᠢ 260 ᠲᠦᠮᠡᠨ ᠲᠣᠨ ᠪᠣᠯᠵᠤ ᠨᠡᠮᠡᠭ᠌ᠳᠡᠭᠡᠳ᠂ ᠪᠦᠬᠦ᠌ ᠤᠯᠤᠰ᠎ᠤᠨ ᠳᠤᠮᠳᠠᠴᠢ ᠲᠦᠪᠰᠢᠨ᠎ᠤ 3 ᠳᠠᠬᠢᠨ ᠪᠣᠯᠪᠠ᠃ ᠪᠦᠬᠦ᠌ ᠣᠷᠣᠨ᠎ᠤ ᠵᠢᠯ᠎ᠳᠦ ᠤᠨᠳᠤᠤᠰᠢᠭᠤᠯᠬᠤ ᠨᠡᠭᠦᠷᠡᠰᠦ 1 ᠳ᠋ᠦᠩᠱᠢᠭᠤᠷ ᠭᠠᠷᠤᠶ ᠲᠣᠨ ᠪᠣᠯᠵᠤ᠂ ᠨᠡᠭᠦᠷᠡᠰᠦ ᠪᠡᠷ ᠲᠣᠰᠣ ᠬᠡᠢ ᠦᠢᠯᠡᠳᠬᠦ᠌᠂ ᠨᠡᠭᠦᠷᠡᠰᠦ᠎ᠪᠡᠷ ᠠᠯᠺᠧᠨ ᠦᠢᠯᠡᠳᠪᠦᠷᠢᠯᠡᠬᠦ᠌ ᠪᠠ ᠨᠠᠷᠢᠯᠢᠭᠵᠢᠭᠤᠯᠤᠭᠰᠠᠨ ᠬᠢᠮᠢ᠎ᠶ᠋ᠢᠨ ᠦᠢᠯᠡᠳᠬᠦᠨ ᠦᠢᠯᠡᠳᠬᠦ᠌ ᠵᠡᠷᠭᠡ᠎ᠪᠡᠷ ᠭᠣᠣᠯ ᠪᠣᠯᠭᠠᠭ᠍ᠰᠠᠨ ᠤᠯᠤᠰ᠎ᠤᠨ ᠳᠣᠲᠣᠭᠠᠳᠤ᠎ᠶ᠋ᠢᠨ ᠬᠡᠪᠴᠢᠶ᠎ᠡ᠎ᠪᠡᠷ ᠬᠠᠮᠤᠭ᠎ᠤᠨ ᠶᠡᠬᠡ ᠣᠳᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠱᠢᠰᠲᠧᠮ᠎ᠢ ᠪᠣᠶ ᠪᠣᠯᠭᠠᠵᠤ᠂ ᠤᠯᠤᠰ᠎ᠤᠨ ᠳᠣᠲᠣᠭᠠᠳᠤ᠎ᠶ᠋ᠢᠨ ᠲᠥᠷᠥᠯ ᠵᠦᠢᠯ᠎ᠢᠶᠡᠷ ᠬᠠᠮᠤᠭ᠎ᠤᠨ ᠪᠦᠷᠢᠨ ᠨᠡᠭᠦᠷᠡᠰᠦ᠎ᠪᠡᠷ ᠰᠠᠭᠤᠷᠢ ᠪᠣᠯᠭᠠᠭ᠍ᠰᠠᠨ ᠳᠠᠬᠢᠯᠲᠠ ᠡᠨᠧᠷᠭᠢ᠎ᠶ᠋ᠢᠨ ᠠᠵᠤ ᠦᠢᠯᠡᠰ᠎ᠦᠨ ᠱᠢᠰᠲᠧᠮ᠎ᠢ ᠪᠠᠢᠭᠤᠯᠪᠠ᠃
2022 ᠣᠨ᠎ᠳᠤ᠂ ᠥᠪᠥᠷ ᠮᠣᠩᠭᠣᠯ᠎ᠤᠨ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠠᠵᠤ ᠠᠬᠤᠢᠯᠠᠯ 11.7 ᠳ᠋ᠦᠩᠱᠢᠭᠤᠷ ᠲᠣᠨ ᠲᠦᠭᠦᠬᠡᠶ ᠨᠡᠭᠦᠷᠡᠰᠦ ᠦᠶ᠋ᠯᠡᠳᠪᠦᠷᠢᠯᠡᠵᠦ᠍᠂ ᠪᠥᠬᠥ᠌ ᠤᠯᠤᠰ᠎ᠲᠤ 2 ᠳ᠋ᠤᠭᠠᠷ᠎ᠲᠤ ᠣᠷᠣᠵᠤ᠂ ᠪᠥᠬᠥ᠌ ᠤᠯᠤᠰ᠎ᠤᠨ ᠲᠦᠭᠦᠬᠡᠶ ᠨᠡᠭᠦᠷᠡᠰᠦᠨ᠎ᠦ ᠭᠠᠷᠤᠯᠲᠠ᠎ᠶ᠋ᠢᠨ 26.1% ᠶ᠋ᠢ ᠡᠵᠡᠯᠡᠵᠦ᠍᠂ ᠳᠡᠭᠡᠷ᠎ᠡ ᠵᠢᠯ᠎ᠦᠨ ᠠᠳᠠᠯᠢ ᠬᠤᠭᠤᠴᠠᠭᠠᠨ᠎ᠤ᠎ᠬᠢ᠎ᠡᠴᠡ ᠵᠠᠭᠤᠨ᠎ᠤ ᠬᠠᠷᠢᠴᠠᠯ᠎ᠢᠶᠡᠷ 0.3 ᠬᠤᠪᠢ ᠳᠡᠭᠡᠭ᠌ᠰᠢᠯᠡᠪᠡ; ᠲᠦᠭᠦᠬᠡᠶ ᠨᠡᠭᠦᠷᠡᠰᠦᠨ᠎ᠦ ᠭᠠᠷᠤᠯᠲᠠ ᠳᠡᠭᠡᠷ᠎ᠡ ᠵᠢᠯ᠎ᠦᠨ᠎ᠬᠢ᠎ᠡᠴᠡ 10.1% ᠪᠠᠷ ᠨᠡᠮᠡᠭ᠌ᠳᠡᠵᠦ᠍᠂ ᠨᠡᠮᠡᠭ᠌ᠳᠡᠯ᠎ᠦᠨ ᠬᠤᠷᠳᠤᠴᠠ᠎ᠨᠢ ᠪᠥᠬᠥ᠌ ᠤᠯᠤᠰᠤᠨᠬᠢᠡᠴᠡ ᠵᠠᠭᠤᠨ᠎ᠤ ᠬᠠᠷᠢᠴᠠᠯ᠎ᠵᠢᠡᠷ 1.1 ᠬᠤᠪᠢ ᠥᠨᠳᠥᠷ ᠪᠣᠯᠵᠣ᠂ ᠪᠥᠬᠥ᠌ ᠤᠯᠤᠰ᠎ᠤᠨ ᠲᠦᠭᠦᠬᠡᠶ ᠨᠡᠭᠦᠷᠡᠰᠦᠨ᠎ᠦ ᠭᠠᠷᠤᠯᠲᠠ᠎ᠶ᠋ᠢᠨ ᠨᠡᠮᠡᠭ᠌ᠳᠡᠯ᠎ᠳᠦ ᠦᠵᠡᠭᠦᠯᠦᠭ᠌ᠰᠡᠨ ᠬᠤᠪᠢ ᠨᠡᠮᠡᠷᠢ᠎ᠶ᠋ᠢᠨ ᠨᠣᠷᠮ᠎ᠠ᠎ᠨᠢ 29.1% ᠳ᠋ᠤ ᠬᠦᠷᠴᠦ᠍᠂ ᠬᠣᠶᠠᠳᠤᠭᠠᠷ ᠲᠤ᠌ ᠵᠢᠭᠰᠠᠭᠠᠵᠤ ᠪᠠᠢᠭᠰᠠᠨ ᠱᠠᠨ ᠰᠢ ᠮᠤᠵᠢᠶ᠋ᠢᠨᠬᠢᠡᠴᠡ ᠵᠠᠭᠤᠨ᠎ᠤ ᠬᠠᠷᠢᠴᠠᠯ᠎ᠵᠢᠡᠷ 0.9 ᠬᠤᠪᠢ ᠥᠨᠳᠥᠷ ᠪᠣᠯᠵᠣ᠂ ᠤᠯᠤᠰ ᠠᠷᠠᠳ᠎ᠤᠨ ᠠᠵᠤ ᠠᠬᠤᠶ᠎ᠶ᠋ᠢᠨ ᠬᠥᠭ᠌ᠵᠢᠯᠲᠡ᠎ᠳᠦ ᠦᠵᠡᠭᠦᠯᠬᠦ᠌ ᠨᠡᠭᠦᠷᠡᠰᠦᠨ᠎ᠦ ᠴᠢᠬᠤᠯᠠ ᠲᠤᠯᠭᠠᠭᠤᠷᠢᠯᠠᠬᠤ ᠦᠶ᠋ᠯᠡᠳᠦᠯ᠎ᠢ ᠭᠦᠶ᠋ᠴᠡᠳ ᠪᠠᠳᠠᠷᠠᠭᠤᠯᠪᠠ᠃
《ᠰᠠᠯᠬᠢ》 ᠵᠢ ᠡᠵᠡᠮᠳᠡᠨ ᠤᠷᠤᠭ᠍ᠰᠢᠯᠠᠵᠤ 《ᠭᠡᠷᠡᠯ》 ᠢ᠋ ᠲᠠᠭᠠᠨ ᠠᠶᠠᠯᠠᠵᠤ 《ᠤᠰᠤᠲᠥ᠋ᠷᠥᠭ᠌ᠴᠢ》 ᠶ᠋ᠢ ᠠᠴᠢᠶᠠᠯᠠᠵᠤ 《ᠰᠠᠯᠬᠢ ᠭᠡᠷᠡᠯ᠎ᠢ ᠤᠰᠤᠲᠦ᠋ᠷᠦᠭᠴᠢᠵᠢᠭᠦᠯᠦᠨ ᠬᠠᠳᠠᠭᠠᠯᠠᠬᠤ ᠲᠡᠷᠭᠡ》 ᠶ᠋ᠢ ᠨᠢᠭᠡ ᠴᠤᠬ᠍ᠴᠠᠵᠢᠭᠤᠯᠤᠨ ᠬᠠᠮᠵᠢᠯᠴᠠᠭᠤᠯᠤᠨ ᠠᠬᠢᠭᠤᠯᠵᠤ 《ᠠᠵᠤ ᠦᠢᠯᠡᠳᠪᠦᠷᠢ᠎ᠶ᠋ᠢᠨ ᠥᠪᠥᠷ ᠮᠣᠩᠭᠣᠯ》 ᠢ᠋ ᠲᠠᠬᠢᠨ ᠪᠠᠢᠭᠤᠯᠵᠤ ᠤᠯᠤᠰ᠎ᠤᠨ ᠴᠢᠬᠤᠯᠠ ᠡᠨᠧᠷᠭᠢ ᠪᠣᠯᠤᠨ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠠᠢᠭᠤᠯᠬᠤ᠎ᠳᠤ ᠰᠦᠷ ᠳᠠᠯᠠᠢᠴᠠᠲᠠᠢ ᠬᠦᠴᠦᠨ ᠪᠦᠬᠦᠢ ᠬᠥᠳᠡᠯᠭᠡᠬᠦ᠌ ᠬᠦᠴᠦᠨ᠎ᠦ ᠬᠥᠳᠡᠯᠭᠡᠭᠦᠷ ᠬᠠᠩᠭᠠᠨ᠎ᠠ
ᠳᠡᠯᠭᠡᠷ ᠵᠤᠨ᠎ᠤ ᠡᠬᠢᠨ᠎ᠢᠶᠡᠷ ᠲᠦᠮᠡᠨ ᠪᠣᠳᠠᠰ ᠴᠡᠴᠡᠭᠯᠡᠨ ᠳᠡᠯᠭᠡᠷᠡᠨ᠎ᠡ᠃
ᠣᠷᠳᠣᠰ᠎ᠤᠨ ᠬᠥᠪᠴᠢ᠎ᠶ᠋ᠢᠨ ᠡᠯᠡᠰᠦᠨ᠎ᠦ ᠥᠷᠥᠴᠡᠨ ᠳ᠋ᠦ᠂ ᠭᠤᠷᠪᠠᠨ ᠬᠠᠪᠴᠢᠯ᠎ᠤᠨ ᠥᠪᠥᠷ ᠮᠣᠩᠭᠣᠯ᠎ᠤᠨ ᠡᠨᠧᠷᠭᠢ᠎ᠶ᠋ᠢᠨ ᠬᠥᠪᠴᠢ᠎ᠶ᠋ᠢᠨ ᠰᠠᠭᠤᠷᠢᠨ ᠤ᠋ ᠲᠥᠷᠥᠯ ᠵᠦᠶ᠋ᠯ᠎ᠦᠨ ᠬᠣᠱᠢᠭᠤᠴᠢ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ᠎ᠶ᠋ᠢᠨ ᠲᠤᠬᠠᠶ᠎ᠶ᠋ᠢᠨ ᠲᠠᠯᠠᠪᠠᠶ᠎ᠳᠤ᠂ ᠵᠠᠭᠤ ᠭᠠᠷᠤᠶ ᠱᠢᠷᠣᠶ ᠲᠦᠯᠬᠢᠬᠦ᠌ ᠮᠠᠱᠢᠨ ᠶᠠᠭ ᠭᠠᠵᠠᠷ ᠱᠢᠷᠣᠶ᠎ᠶ᠋ᠢ ᠡᠷᠴᠢᠮᠲᠡᠶ ᠲᠡᠭ᠌ᠰᠢᠯᠡᠵᠦ᠍ ᠪᠣᠶ᠂ ᠤᠳᠠᠯ ᠥᠬᠡᠶ᠂ ᠡᠨᠳᠡ 《ᠬᠡᠷᠡᠯ᠎ᠤᠨ ᠲᠡᠯᠡᠶ ᠲᠠᠩᠭᠢᠰ》 ᠪᠣᠯᠵᠣ᠂《ᠠᠵᠤ ᠠᠬᠤᠶ᠎ᠶ᠋ᠢᠨ ᠨᠣᠭᠣᠭᠠᠨ ᠪᠦᠷᠢᠳᠦ》 ᠪᠣᠯᠵᠣ᠂ 《ᠠᠮᠢ ᠠᠬᠤᠶ᠎ᠶ᠋ᠢᠨ ᠥᠯᠢᠭᠡᠷ ᠳᠠᠭᠤᠷᠢᠶᠠᠯ》᠎ᠢ᠋ ᠪᠠᠢᠭᠤᠯᠬᠤ ᠪᠣᠯᠤᠨ᠎ᠠ᠃
ᠪᠥᠬᠥ᠌ ᠪᠥᠮᠪᠥᠷᠴᠡᠭ᠎ᠦᠨ ᠬᠠᠮᠤᠭ᠎ᠤᠨ ᠶᠡᠬᠡ ᠬᠡᠪᠴᠢᠶᠡᠨ᠎ᠦ 《ᠡᠯᠡᠰᠦ ᠭᠤᠪᠢ ᠴᠦᠯᠯᠡᠷᠬᠡᠭ ᠭᠠᠵᠠᠷ》 ᠤ᠋ᠨ ᠰᠠᠯᠬᠢᠨ ᠬᠦᠴᠦᠨ᠎ᠦ ᠴᠠᠬᠢᠯᠭᠠᠨ᠎ᠤ ᠬᠡᠷᠡᠯᠴᠢ ᠴᠡᠨᠡᠭ᠎ᠦᠨ ᠰᠠᠭᠤᠷᠢᠨ᠎ᠤ ᠲᠥᠷᠥᠯ ᠵᠦᠶ᠋ᠯ ᠪᠠ ᠪᠥᠬᠥ᠌ ᠤᠯᠤᠰ᠎ᠤᠨ ᠠᠩᠬᠠᠳᠠᠭ᠍ᠴᠢ ᠠᠵᠢᠯ ᠡᠬᠢᠯᠡᠭᠦᠯᠦᠨ ᠪᠥᠲᠥᠭᠡᠨ ᠪᠠᠢᠭᠤᠯᠤᠭ᠍ᠰᠠᠨ ᠮᠢᠩᠭᠠᠨ ᠲᠦᠮᠡᠨ ᠺᠢᠯᠦᠸᠠᠲ᠎ᠤᠨ ᠲᠠᠰ᠎ᠤᠨ ᠱᠢᠨ᠎ᠡ ᠡᠨᠧᠷᠭᠢ᠎ᠶ᠋ᠢᠨ ᠲᠣᠮᠣ ᠰᠠᠭᠤᠷᠢᠨ᠎ᠤ ᠲᠥᠷᠥᠯ ᠵᠦᠶ᠋ᠯ ᠪᠣᠯᠤᠭ᠍ᠰᠠᠨ᠎ᠤ ᠬᠤᠪᠢ᠎ᠳᠤ᠂ ᠲᠣᠰ ᠲᠥᠷᠥᠯ ᠵᠦᠶ᠋ᠯ᠎ᠦᠨ ᠶᠡᠷᠦᠩᠬᠡᠶ ᠪᠠᠯᠠ ᠣᠷᠣᠭᠤᠯᠤᠯᠲᠠ᠎ᠨᠢ 800 ᠳ᠋ᠦᠩᠱᠢᠭᠤᠷ ᠲᠥᠭᠥᠷᠢᠭ᠎ᠢ ᠳᠠᠪᠠᠵᠤ᠂ ᠶᠡᠷᠦᠩᠬᠡᠶ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ᠎ᠨᠢ 1600 ᠲᠦᠮᠡᠨ ᠺᠢᠯᠦᠸᠠᠲ ᠪᠠᠢᠵᠤ᠂ ᠬᠡᠷᠡᠯᠴᠢ ᠴᠡᠨᠡᠭ᠎ᠦᠨ 800 ᠲᠦᠮᠡᠨ ᠺᠢᠯᠦᠸᠠᠲ ᠪᠠ ᠰᠠᠯᠬᠢᠨ ᠬᠦᠴᠦᠨ᠎ᠦ ᠴᠠᠬᠢᠯᠭᠠᠨ 400 ᠲᠦᠮᠡᠨ ᠺᠢᠯᠦᠸᠠᠲ᠎ᠢ ᠪᠠᠭ᠍ᠲᠠᠭᠠᠵᠤ᠂ ᠲᠡᠷᠢᠭᠦᠨ᠎ᠦ ᠥᠨᠳᠥᠷ ᠪᠦᠲᠦᠮᠵᠢᠲᠡᠶ ᠨᠡᠭᠦᠷᠡᠰᠦᠨ ᠴᠠᠬᠢᠯᠭᠠᠨ᠎ᠤ ᠮᠠᠱᠢᠨ ᠴᠣᠭ᠍ᠴᠠᠯᠠᠪᠤᠷᠢ᠎ᠶ᠋ᠢᠨ 400 ᠲᠦᠮᠡᠨ ᠺᠢᠯᠦᠸᠠᠲ᠎ᠢ ᠲᠥᠬᠥᠷᠵᠢᠭᠦᠯᠦᠨ ᠥᠭᠡᠷᠡᠴᠢᠯᠡᠵᠦ᠍ ᠥᠷᠭᠡᠳᠭᠡᠨ ᠪᠠᠢᠭᠤᠯᠤᠨ᠎ᠠ᠃ ᠲᠦᠷᠦᠯ ᠵᠦᠢᠯ ᠪᠠᠢᠭᠤᠯᠤᠭ᠍ᠳᠠᠭ᠍ᠰᠠᠨ᠎ᠤ ᠳᠠᠷᠠᠭ᠎ᠠ᠂ ᠵᠢᠯ ᠪᠦᠷᠢ ᠪᠡᠭᠡᠵᠢᠩ ᠲᠢᠶᠠᠨᠵᠢᠨ ᠾᠸᠪᠸᠢ ᠣᠷᠣᠨ᠎ᠳᠤ 440 ᠳ᠋ᠦᠩᠱᠢᠭᠤᠷ ᠺᠢᠯᠦᠸᠠᠲ ᠴᠠᠭ ᠱᠢᠬᠠᠮ ᠴᠠᠬᠢᠯᠭᠠᠨ ᠬᠦᠷᠭᠡᠵᠦ᠍᠂ ᠵᠢᠯ ᠪᠦᠷᠢ ᠪᠠᠷᠤᠭ 600 ᠲᠦᠮᠡᠨ ᠲᠣᠨ ᠪᠠᠷᠢᠮᠵᠢᠶᠠᠲᠤ ᠨᠡᠭᠦᠷᠡᠰᠦ᠎ᠶ᠋ᠢ ᠠᠷᠪᠢᠯᠠᠵᠤ᠂ 1600 ᠲᠦᠮᠡᠨ ᠲᠣᠨ ᠱᠢᠬᠠᠮ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠤᠨ ᠭᠠᠳᠠᠭ᠍ᠰᠢᠯᠠᠭᠤᠯᠤᠯᠳᠠ ᠵᠢ ᠪᠠᠭᠠᠰᠬᠠᠵᠤ᠂ ᠡᠨᠡ ᠨᠢ ᠡᠨᠧᠷᠭᠢ᠎ᠶ᠋ᠢᠨ ᠠᠷᠢᠭᠤᠨ ᠴᠡᠪᠡᠷ ᠪᠠᠭ᠎ᠠ ᠨᠡᠭᠦᠷᠡᠰᠦᠲᠥ᠋ᠷᠥᠭ᠌ᠴᠢᠲᠦ ᠬᠡᠯᠪᠡᠷᠢ᠎ᠶ᠋ᠢ ᠬᠤᠪᠢᠷᠠᠭᠤᠯᠬᠤ᠎ᠶ᠋ᠢ ᠠᠬᠢᠭᠤᠯᠬᠤ᠂ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠴᠢᠬᠤᠯᠠ ᠠᠴᠢ ᠬᠣᠯᠪᠣᠭ᠍ᠳᠠᠯ᠎ᠲᠠᠶ ᠶᠤᠮ᠃
ᠬᠥᠬᠡᠬᠣᠲᠠ᠎ᠶ᠋ᠢᠨ ᠰᠠᠢᠬᠠᠨ ᠲᠣᠭᠣᠷᠢᠭ᠎ᠲᠤ ᠪᠠᠢᠷᠢᠯᠠᠵᠤ ᠪᠠᠢᠭ᠎ᠠ ᠵᠥᠩ ᠬᠤᠸᠠᠨ ᠠᠵᠤ ᠦᠶ᠋ᠯᠡᠰ᠎ᠦᠨ ᠬᠦᠷᠢᠶᠡᠯᠡᠩ᠎ᠦᠨ ᠦᠵᠡᠭᠦᠯᠭᠡ᠎ᠶ᠋ᠢᠨ ᠲᠢᠩᠬᠢᠮ᠎ᠳᠦ ᠣᠷᠣᠬᠤ᠎ᠳᠤ᠂ ᠭᠢᠯᠠᠯᠵᠠᠮ᠎ᠠ ᠲᠠᠩ ᠲᠠᠯᠠᠰᠲᠤ ᠴᠠᠬᠢᠭᠤᠷᠲᠤ ᠱᠢᠳᠠᠮ᠂ ᠭᠢᠯᠲᠠᠭᠠᠨᠠᠮ᠎ᠠ ᠴᠢᠯᠠᠭᠤᠨ ᠬᠠᠢᠯᠤᠭᠤᠷ᠎ᠨᠢ ᠬᠥᠮᠦᠰ᠎ᠦᠨ ᠠᠩᠬᠠᠷᠤᠯ᠎ᠢ ᠣᠨᠴᠠ ᠲᠠᠲᠠᠨ᠎ᠠ᠃
ᠵᠥᠩ ᠬᠤᠸᠠᠨ ᠠᠵᠤ ᠦᠶ᠋ᠯᠡᠰ᠎ᠦᠨ ᠬᠦᠷᠢᠶᠡᠯᠡᠩ᠎ᠢ 2009 ᠣᠨ᠎ᠳᠤ ᠪᠠᠯᠠ ᠣᠷᠣᠭᠤᠯᠤᠨ ᠪᠥᠲᠥᠭᠡᠨ ᠪᠠᠢᠭᠤᠯᠵᠤ᠂ ᠣᠳᠣᠬᠠᠨ᠎ᠳᠤ ᠬᠦᠷᠢᠶᠡᠯᠡᠩ᠎ᠳᠦ ᠤᠷᠤᠭ᠍ᠰᠠᠨ ᠠᠵᠤ ᠠᠬᠤᠢᠯᠠᠯ 16 ᠪᠠᠢᠵᠤ᠂ ᠬᠡᠷᠡᠯᠴᠢ ᠴᠡᠨᠡᠭ᠎ᠦᠨ ᠲᠠᠩ ᠲᠠᠯᠠᠰᠲᠤ᠎ᠶ᠋ᠢᠨ ᠨᠢᠭᠡᠳᠦᠭᠡᠷ ᠬᠤᠭᠤᠴᠠᠭ᠎ᠠ᠎ᠡᠴᠡ ᠲᠠᠪᠤᠳᠤᠭᠠᠷ ᠬᠤᠭᠤᠴᠠᠭ᠎ᠠ ᠬᠦᠷᠲᠡᠯᠡᠬᠢ ᠲᠥᠷᠥᠯ ᠵᠦᠶ᠋ᠯ ᠵᠢᠴᠢ ᠢᠵᠢ ᠪᠦᠷᠢᠳᠦᠭᠦᠯᠬᠦ᠌ ᠲᠥᠬᠥᠭᠡᠷᠦᠮᠵᠢ᠎ᠶ᠋ᠢ ᠪᠠᠢᠭᠤᠯᠤᠨ ᠳᠠᠭᠤᠰᠭᠠᠵᠤ᠂ ᠶᠡᠷᠦᠩᠬᠡᠶ ᠪᠠᠯᠠ ᠣᠷᠣᠭᠤᠯᠤᠯᠲᠠ᠎ᠨᠢ 400 ᠳ᠋ᠦᠩᠱᠢᠭᠤᠷ ᠱᠢᠬᠠᠮ ᠲᠥᠭᠥᠷᠢᠭ᠎ᠲᠦ ᠬᠦᠷᠴᠦ᠍᠂ ᠬᠡᠷᠡᠯᠴᠢ ᠴᠡᠨᠡᠭ᠎ᠦᠨ ᠲᠠᠩ ᠲᠠᠯᠠᠰᠲᠤ ᠪᠡᠶ᠎ᠡ᠎ᠶ᠋ᠢᠨ ᠵᠢᠯ᠎ᠦᠨ ᠦᠶ᠋ᠯᠡᠳᠪᠦᠷᠢᠯᠡᠬᠦ᠌ ᠴᠢᠳᠠᠪᠤᠷᠢ᠎ᠨᠢ 85GW ᠳ᠋ᠤ ᠬᠦᠷᠴᠦ᠍᠂ ᠬᠡᠷᠡᠯᠴᠢ ᠴᠡᠨᠡᠭ᠎ᠦᠨ ᠲᠠᠩ ᠲᠠᠯᠠᠰᠲᠤ ᠢᠯᠳᠠᠰᠤ᠎ᠶ᠋ᠢᠨ ᠵᠢᠯ᠎ᠦᠨ ᠦᠶ᠋ᠯᠡᠳᠪᠦᠷᠢᠯᠡᠬᠦ᠌ ᠴᠢᠳᠠᠪᠤᠷᠢ᠎ᠨᠢ 25GW ᠳ᠋ᠤ ᠬᠦᠷᠴᠦ᠍᠂ ᠪᠥᠬᠥ᠌ ᠪᠥᠮᠪᠥᠷᠴᠡᠭ᠎ᠦᠨ ᠶᠠᠰᠤ ᠴᠢᠨᠠᠷ᠎ᠢᠶᠠᠷ ᠬᠠᠮᠤᠭ᠎ᠤᠨ ᠱᠢᠯᠢᠳᠡᠭ᠂ ᠲᠠᠩ ᠴᠣᠭ᠍ᠴᠠ᠎ᠶ᠋ᠢᠨ ᠬᠡᠪᠴᠢᠶ᠎ᠡ᠎ᠪᠡᠷ ᠬᠠᠮᠤᠭ᠎ᠤᠨ ᠶᠡᠬᠡ᠂ ᠲᠥᠷᠥᠯ ᠵᠦᠶ᠋ᠯ᠎ᠨᠢ ᠬᠠᠮᠤᠭ᠎ᠤᠨ ᠪᠦᠷᠢᠨ᠂ ᠤᠷ᠎ᠠ ᠮᠡᠷᠭᠡᠵᠢᠯ᠎ᠨᠢ ᠲᠡᠷᠢᠭᠦᠨ᠎ᠦ᠂ ᠦᠶ᠋ᠯᠡᠳᠬᠦ᠌ ᠠᠷᠭ᠎ᠠ ᠬᠡᠯᠪᠡᠷᠢ ᠪᠠ ᠬᠥᠮᠦᠨ ᠳᠤᠮᠳᠠᠴᠢ᠎ᠶ᠋ᠢᠨ ᠦᠷ᠎ᠡ ᠪᠦᠲᠦᠮᠵᠢ᠎ᠪᠡᠷ ᠪᠥᠬᠥ᠌ ᠤᠯᠤᠰ᠎ᠲᠤ ᠲᠡᠷᠢᠭᠦᠯᠡᠭ᠌ᠰᠡᠨ ᠬᠡᠷᠡᠯᠴᠢ ᠴᠡᠨᠡᠭ᠎ᠦᠨ ᠲᠠᠩ ᠲᠠᠯᠠᠰᠲᠤ ᠴᠠᠬᠢᠭᠤᠷ᠎ᠤᠨ ᠮᠠᠲ᠋ᠧᠷᠢᠶᠠᠯ᠎ᠢ ᠰᠤᠳᠤᠯᠤᠨ ᠨᠡᠭᠡᠭᠡᠬᠦ᠌ ᠪᠠ ᠦᠶ᠋ᠯᠡᠳᠬᠦ᠌ ᠲᠥᠪ᠎ᠢ ᠪᠠᠢᠭᠤᠯᠪᠠ᠃
《ᠬᠦᠴᠦᠯᠡᠨ ᠠᠵᠢᠯᠯᠠᠵᠤ ᠲᠦᠷᠭᠡᠨ ᠬᠥᠭ᠌ᠵᠢᠭᠦᠯᠬᠦ᠌》 ᠪᠡᠷ ᠱᠢᠨ᠎ᠡ ᠡᠨᠧᠷᠭᠢ᠎ᠶ᠋ᠢᠨ ᠪᠦᠳᠦᠬᠡᠨ ᠪᠠᠢᠭᠤᠯᠤᠯᠲᠠ᠎ᠶ᠋ᠢ ᠠᠬᠢᠭᠤᠯᠵᠤ᠂ ᠱᠢᠨ᠎ᠡ ᠡᠨᠧᠷᠭᠢ᠎ᠶ᠋ᠢᠨ ᠠᠵᠤ ᠦᠢᠯᠡᠰ᠎ᠢ ᠶᠡᠬᠡ ᠪᠡᠷ ᠬᠥᠭ᠌ᠵᠢᠭᠦᠯᠬᠦ᠌ ᠪᠣᠯ ᠥᠪᠥᠷ ᠮᠣᠩᠭᠣᠯ᠎ᠤᠨ ᠡᠬᠢ ᠪᠠᠶᠠᠯᠢᠭ᠎ᠤᠨ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠬᠤ ᠬᠠᠮᠤᠭ᠎ᠤᠨ ᠱᠢᠯᠢᠳᠡᠭ ᠰᠣᠩᠭᠣᠯᠲᠠ ᠪᠣᠯᠤᠨ᠎ᠠ᠃ ᠥᠪᠥᠷ ᠮᠣᠩᠭᠣᠯ᠎ᠤᠨ ᠰᠠᠯᠬᠢᠨ ᠡᠨᠧᠷᠭᠢ᠂ ᠨᠡᠷᠡᠨ ᠡᠨᠧᠷᠭᠢ᠎ᠶ᠋ᠢᠨ ᠡᠬᠢ ᠪᠠᠶᠠᠯᠢᠭ ᠡᠯᠪᠡᠭ ᠳᠡᠯᠪᠡᠭ ᠪᠠᠢᠵᠤ᠂ ᠤᠯᠤᠰ᠎ᠤᠨ ᠴᠢᠬᠤᠯᠠ ᠴᠡᠪᠡᠷ ᠡᠨᠧᠷᠭᠢ᠎ᠶ᠋ᠢᠨ ᠬᠥᠭ᠌ᠵᠢᠯᠲᠡ᠎ᠶ᠋ᠢᠨ ᠰᠠᠭᠤᠷᠢᠨ᠎ᠤ ᠨᠢᠭᠡ ᠪᠣᠯᠤᠨ᠎ᠠ᠃ ᠰᠠᠯᠬᠢᠨ ᠡᠨᠧᠷᠭᠢ᠎ᠶ᠋ᠢᠨ ᠡᠬᠢ ᠪᠠᠶᠠᠯᠢᠭ᠎ᠤᠨ ᠮᠡᠷᠭᠡᠵᠢᠯ᠎ᠦᠨ ᠨᠡᠭᠡᠭᠡᠨ ᠠᠱᠢᠭ᠍ᠯᠠᠵᠤ ᠪᠣᠯᠬᠤ ᠬᠡᠮᠵᠢᠶ᠎ᠡ 14.6 ᠳ᠋ᠦᠩᠱᠢᠭᠤᠷ ᠺᠢᠯᠦᠸᠠᠲ᠎ᠲᠤ ᠬᠦᠷᠴᠦ᠍᠂ ᠪᠠᠷᠤᠭ ᠪᠦᠬᠦ᠌ ᠤᠯᠤᠰ᠎ᠤᠨ 57%᠎ᠶ᠋ᠢ ᠡᠵᠡᠯᠡᠨ᠎ᠡ; ᠨᠡᠷᠡᠨ᠎ᠦ ᠡᠨᠧᠷᠭᠢ᠎ᠶ᠋ᠢᠨ ᠡᠬᠢ ᠪᠠᠶᠠᠯᠢᠭ᠎ᠤᠨ ᠮᠡᠷᠭᠡᠵᠢᠯ᠎ᠦᠨ ᠨᠡᠭᠡᠭᠡᠨ ᠠᠱᠢᠭ᠍ᠯᠠᠵᠤ ᠪᠣᠯᠬᠤ ᠬᠡᠮᠵᠢᠶ᠎ᠡ 94 ᠳ᠋ᠦᠩᠱᠢᠭᠤᠷ ᠺᠢᠯᠦᠸᠠᠲ᠎ᠲᠤ ᠬᠦᠷᠴᠦ᠍᠂ ᠪᠠᠷᠤᠭ ᠪᠦᠬᠦ᠌ ᠤᠯᠤᠰ᠎ᠤᠨ 21% ᠵᠢ ᠡᠵᠡᠯᠡᠨ᠎ᠡ᠃ ᠱᠢᠨ᠎ᠡ ᠡᠨᠧᠷᠭᠢ᠎ᠶ᠋ᠢᠨ ᠠᠵᠤ ᠦᠢᠯᠡᠰ᠎ᠢ ᠬᠥᠭ᠌ᠵᠢᠭᠦᠯᠬᠦ᠌᠎ᠳᠦ ᠥᠪᠥᠷ ᠮᠣᠩᠭᠣᠯ ᠥᠪᠡᠷᠮᠢᠴᠡ ᠳᠠᠪᠠᠭᠤᠯᠢᠭ᠎ᠲᠠᠶ᠃
《ᠬᠦᠴᠦᠯᠡᠨ ᠠᠵᠢᠯᠯᠠᠵᠤ ᠲᠦᠷᠭᠡᠨ ᠬᠥᠭ᠌ᠵᠢᠭᠦᠯᠬᠦ᠌》 ᠪᠡᠷ ᠱᠢᠨ᠎ᠡ ᠡᠨᠧᠷᠭᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠵᠤ᠂ ᠱᠢᠨ᠎ᠡ ᠡᠨᠧᠷᠭᠢ᠎ᠶ᠋ᠢᠨ ᠠᠵᠤ ᠦᠢᠯᠡᠰ᠎ᠢ ᠶᠡᠬᠡ ᠪᠡᠷ ᠬᠥᠭ᠌ᠵᠢᠭᠦᠯᠬᠦ᠌ ᠨᠢ ᠨᠡᠩ ᠴᠤ᠌ ᠪᠦᠬᠦ᠌ ᠤᠯᠤᠰ᠎ᠤᠨ ᠡᠨᠧᠷᠭᠢ᠎ᠶ᠋ᠢᠨ ᠨᠢᠭᠡ ᠬᠥᠯᠭᠡ ᠱᠢᠳᠠᠷ᠎ᠠ᠎ᠶ᠋ᠢᠨ ᠵᠢᠯᠤᠭᠤᠳᠤᠯᠭ᠎ᠠ ᠳᠣᠣᠷ᠎ᠠ ᠥᠪᠥᠷ ᠮᠣᠩᠭᠣᠯ ᠡᠷᠬᠡᠪᠰᠢ ᠡᠭᠦᠷᠭᠡᠯᠡᠬᠦ᠌ ᠴᠢᠬᠤᠯᠠᠲᠠᠢ ᠲᠡᠦᠬᠡᠲᠦ ᠬᠦᠨᠳᠦ ᠡᠭᠦᠷᠭᠡ ᠪᠣᠯᠤᠨ᠎ᠠ᠃ 2030 ᠣᠨ᠎ᠡᠴᠡ ᠡᠮᠦᠨ᠎ᠡ ᠨᠡᠭᠦᠷᠡᠰᠦᠲᠥ᠋ᠷᠥᠭ᠌ᠴᠢ᠎ᠶ᠋ᠢᠨ ᠭᠠᠳᠠᠭᠰᠢᠯᠠᠭᠤᠯᠤᠯᠲᠠ ᠤᠷᠬᠢᠯ ᠬᠡᠮᠵᠢᠭᠳᠡᠯ᠎ᠳᠤ ᠬᠦᠷᠴᠦ᠍᠂ 2060 ᠣᠨ᠎ᠡᠴᠡ ᠡᠮᠦᠨ᠎ᠡ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ ᠤᠯᠤᠰ᠎ᠤᠨ 《ᠬᠣᠣᠰ ᠨᠡᠭᠦᠷᠡᠰᠦᠲᠥ᠋ᠷᠥᠭ᠌ᠴᠢ》 ᠵᠢᠨ ᠬᠠᠷᠠᠯᠲᠠ᠎ᠶ᠋ᠢ ᠪᠡᠶᠡᠯᠡᠭᠦᠯᠬᠦ᠌᠎ᠪᠡᠷ ᠴᠢᠷᠮᠠᠢᠵᠤ᠂ ᠥᠪᠥᠷ ᠮᠣᠩᠭᠣᠯ᠎ᠤᠨ ᠤᠳᠤ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠢ᠎ᠶ᠋ᠢᠨ ᠬᠥᠭ᠌ᠵᠢᠯᠲᠡ᠎ᠳᠦ ᠨᠡᠩ ᠭᠦᠨ ᠭᠦᠨᠵᠡᠭᠡᠢ ᠠᠬᠤᠢ ᠪᠠᠢᠳᠠᠯ᠂ ᠨᠡᠩ ᠭᠦᠨ ᠵᠤᠵᠠᠭᠠᠨ ᠠᠭᠤᠯᠤᠭ᠍ᠳᠠᠬᠤᠨ᠂ ᠨᠡᠩ ᠲᠣᠳᠣᠷᠬᠠᠢ ᠴᠢᠭ᠌ᠯᠡᠯ᠎ᠢ ᠬᠠᠩᠭᠠᠪᠠ᠃
ᠣᠢᠷ᠎ᠠ᠎ᠶ᠋ᠢᠨ ᠵᠢᠯ᠎ᠡᠴᠡ ᠨᠠᠭᠠᠰᠢ᠂ ᠥᠪᠥᠷ ᠮᠣᠩᠭᠣᠯ ᠱᠢᠨ᠎ᠡ ᠡᠨᠧᠷᠭᠢ᠎ᠶ᠋ᠢᠨ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠠᠮᠵᠢᠵᠤ᠂ ᠪᠥᠬᠥ᠌ ᠤᠯᠤᠰ ᠴᠢᠨᠠᠭ᠍ᠰᠢᠯᠠᠪᠠᠯ ᠳᠡᠯᠡᠬᠡᠶ᠎ᠶ᠋ᠢᠨ ᠱᠢᠨ᠎ᠡ ᠡᠨᠧᠷᠭᠢ᠎ᠶ᠋ᠢᠨ ᠠᠵᠤ ᠦᠶ᠋ᠯᠡᠰ᠎ᠦᠨ ᠥᠨᠳᠥᠷᠯᠢᠭ ᠭᠠᠵᠠᠷ ᠪᠣᠯᠭᠠᠨ ᠪᠥᠲᠥᠭᠡᠨ ᠪᠠᠢᠭᠤᠯᠬᠤ ᠪᠠᠷ ᠬᠠᠷᠠᠯᠲᠠ ᠪᠣᠯᠭᠠᠵᠤ᠂ ᠨᠢᠭᠡ ᠲᠠᠯ᠎ᠠ ᠪᠠᠷ ᠱᠢᠨ᠎ᠡ ᠡᠨᠧᠷᠭᠢ᠎ᠶ᠋ᠢᠨ ᠨᠡᠭᠡᠭᠡᠨ ᠬᠥᠭ᠌ᠵᠢᠭᠦᠯᠦᠯᠲᠡ᠎ᠶ᠋ᠢ ᠠᠳᠭᠤᠵᠤ᠂ ᠨᠥᠭᠥᠭᠡ ᠲᠠᠯ᠎ᠠ ᠪᠠᠷ ᠱᠢᠨ᠎ᠡ ᠡᠨᠧᠷᠭᠢ᠎ᠶ᠋ᠢᠨ ᠲᠣᠨᠣᠭ ᠲᠥᠬᠥᠭᠡᠷᠦᠮᠵᠢ ᠦᠶ᠋ᠯᠡᠳᠬᠦ᠌ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠬᠥᠭ᠌ᠵᠢᠯᠲᠡ᠎ᠶ᠋ᠢ ᠠᠳᠭᠤᠵᠤ᠂ ᠥᠪᠥᠷ ᠮᠣᠩᠭᠣᠯ᠎ᠢ ᠴᠢᠯᠠᠭᠤᠵᠢᠮᠠᠯ ᠡᠨᠧᠷᠭᠢ᠎ᠶ᠋ᠢᠨ ᠲᠣᠮᠣ ᠣᠷᠣᠨ᠎ᠡᠴᠡ ᠴᠡᠪᠡᠷ ᠡᠨᠧᠷᠭᠢ᠎ᠶ᠋ᠢᠨ ᠲᠣᠮᠣ ᠣᠷᠣᠨ ᠪᠣᠯᠭᠠᠨ ᠬᠤᠪᠢᠷᠠᠭᠤᠯᠬᠤ᠎ᠶ᠋ᠢ ᠬᠦᠴᠦᠯᠡᠨ ᠠᠬᠢᠭᠤᠯᠵᠤ᠂ ᠤᠯᠤᠰ᠎ᠲᠤ ᠨᠠᠩ ᠲᠣᠭ᠍ᠲᠠᠭᠤᠨ᠂ ᠨᠠᠩ ᠠᠮᠤᠷ ᠲᠦᠪᠱᠢᠨ᠂ ᠨᠠᠩ ᠪᠣᠬᠢᠷᠲᠤᠯ ᠥᠬᠡᠶ ᠡᠨᠧᠷᠭᠢ᠎ᠶ᠋ᠢᠨ ᠬᠠᠩᠭᠠᠯᠭ᠎ᠠ ᠬᠠᠩᠭᠠᠬᠤ᠎ᠪᠠᠷ ᠴᠢᠷᠮᠠᠢᠵᠤ ᠪᠠᠢᠨ᠎ᠠ᠃
— 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠡᠨᠧᠷᠭᠢ᠎ᠶ᠋ᠢᠨ ᠬᠥᠭ᠌ᠵᠢᠯᠲᠡ᠎ᠶ᠋ᠢᠨ ᠲᠥᠯᠥᠪᠵᠢᠭᠦᠯᠭᠡ ᠵᠢᠴᠢ ᠳᠠᠬᠢᠯᠲᠠ ᠡᠨᠧᠷᠭᠢ᠂ ᠲᠣᠰᠣ ᠬᠡᠶ᠂ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠤᠰᠤᠲᠥ᠋ᠷᠥᠭ᠌ᠴᠢ ᠡᠨᠧᠷᠭᠢ᠂ ᠡᠨᠧᠷᠭᠢ᠎ᠶ᠋ᠢᠨ ᠲᠣᠭᠠᠴᠢᠯᠠᠭ᠍ᠰᠠᠨ ᠬᠡᠯᠪᠡᠷᠢ᠎ᠶ᠋ᠢ ᠬᠤᠪᠢᠷᠠᠭᠤᠯᠬᠤ ᠵᠡᠷᠭᠡ ᠣᠯᠠᠨ ᠲᠤᠰᠭᠠᠶ ᠲᠥᠯᠥᠪᠵᠢᠭᠦᠯᠭᠡ᠎ᠶ᠋ᠢ ᠳᠠᠷᠤᠮᠠᠯᠯᠠᠨ ᠲᠠᠷᠬᠠᠭᠠᠵᠤ ᠬᠡᠷᠡᠭ᠌ᠵᠢᠭᠦᠯᠦᠨ᠂ ᠰᠠᠯᠬᠢᠨ ᠬᠦᠴᠦᠨ᠎ᠦ ᠴᠠᠬᠢᠯᠭᠠᠨ ᠬᠡᠷᠡᠯᠴᠢ ᠴᠡᠨᠡᠭ᠂ ᠨᠥᠭᠡᠴᠡ ᠡᠨᠧᠷᠭᠢ᠂ ᠤᠰᠤᠲᠥ᠋ᠷᠥᠭ᠌ᠴᠢ ᠡᠨᠧᠷᠭᠢ᠂ ᠱᠢᠨ᠎ᠡ ᠡᠨᠧᠷᠭᠢ᠎ᠶ᠋ᠢᠨ ᠲᠣᠨᠣᠭ᠍ᠯᠠᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠲᠤᠬᠠᠶ ᠰᠠᠨᠠᠯ ᠵᠡᠷᠭᠡ ᠱᠢᠷᠢᠰ ᠲᠥᠯᠥᠪᠵᠢᠭᠦᠯᠭᠡ ᠪᠠ ᠵᠢᠯᠣᠭᠣᠳᠭᠤ ᠴᠢᠨᠠᠷᠲᠠᠶ ᠪᠢᠴᠢᠭ ᠮᠠᠲ᠋ᠧᠷᠢᠶᠠᠯ᠎ᠢ ᠲᠣᠭ᠍ᠲᠠᠭᠠᠵᠤ᠂ ᠥᠪᠡᠷᠲᠡᠭᠡᠨ ᠵᠠᠰᠠᠬᠤ ᠣᠷᠣᠨ᠎ᠤ ᠱᠢᠨ᠎ᠡ ᠡᠨᠧᠷᠭᠢ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ᠎ᠦᠨ 《ᠳᠥᠷᠪᠡᠨ ᠨᠢᠷᠤᠭᠤ ᠨᠠᠶ᠋ᠮᠠᠨ ᠲᠤᠯᠭᠠᠭᠤᠷᠢ》 ᠶ᠋ᠢ ᠪᠠᠢᠭᠤᠯᠪᠠ᠃
— 《ᠰᠠᠯᠬᠢ ᠭᠡᠷᠡᠯ᠎ᠢ ᠤᠰᠤᠲᠦ᠋ᠷᠦᠭᠴᠢᠵᠢᠬᠦᠯᠤᠨ ᠬᠠᠳᠠᠭᠠᠯᠠᠬᠤ》 4 ᠵᠤᠷᠪᠤᠰ ᠭᠣᠣᠯᠳᠠᠯᠭ᠎ᠠ ᠲᠠᠶ ᠠᠵᠤ ᠦᠢᠯᠡᠰ᠎ᠦᠨ ᠬᠡᠯᠬᠢᠶ᠎ᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨ᠎ᠡ ᠡᠨᠧᠷᠭᠢ᠎ᠶ᠋ᠢ ᠨᠡᠭᠡᠭᠡᠨ ᠬᠥᠭ᠌ᠵᠢᠭᠦᠯᠬᠦ᠌ ᠪᠠ ᠲᠣᠨᠣᠭ᠍ᠯᠠᠯ ᠦᠢᠯᠡᠳᠬᠦ᠌᠂ ᠠᠵᠢᠯᠯᠠᠭᠤᠯᠵᠤ ᠪᠠᠲᠤᠯᠠᠬᠤ ᠦᠢᠯᠡᠴᠢᠯᠡᠭᠡ ᠵᠡᠷᠭᠡ ᠵᠢ ᠬᠠᠮᠵᠢᠯᠴᠠᠭᠤᠯᠤᠨ ᠬᠥᠭ᠌ᠵᠢᠭᠦᠯᠬᠦ᠎ᠶ᠋ᠢ ᠨᠢᠭᠡ ᠴᠣᠭ᠍ᠴᠠᠵᠢᠭᠤᠯᠤᠨ ᠠᠬᠢᠭᠤᠯᠵᠤ᠂ ᠮᠢᠩᠭᠠᠨ ᠳ᠋ᠦᠩᠱᠢᠭᠤᠷ᠎ᠤᠨ ᠲᠡᠰ᠎ᠤᠨ ᠲᠣᠨᠣᠭ᠍ᠯᠠᠯ ᠦᠢᠯᠡᠳᠬᠦ᠌ ᠠᠵᠤ ᠦᠢᠯᠡᠰ᠎ᠦᠨ ᠪᠦᠯᠦᠭ᠌ᠵᠢᠯ᠎ᠢ ᠬᠦᠴᠦᠯᠡᠨ ᠪᠤᠢ ᠪᠣᠯᠭᠠᠪᠠ᠃ 2022 ᠣᠨ᠎ᠳᠤ᠂ ᠪᠥᠬᠥ᠌ ᠣᠷᠣᠨ᠎ᠤ ᠱᠢᠨ᠎ᠡ ᠡᠨᠧᠷᠭᠢ᠎ᠶ᠋ᠢᠨ ᠲᠣᠨᠣᠭ᠍ᠯᠠᠯ ᠦᠶ᠋ᠯᠡᠳᠬᠦ᠌ ᠠᠵᠤ ᠦᠶ᠋ᠯᠡᠰ 620 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠤᠯᠲᠠ᠎ᠶ᠋ᠢ ᠪᠡᠶᠡᠯᠡᠭᠦᠯᠵᠦ᠍᠂ ᠵᠢᠯ᠎ᠦᠨ ᠡᠬᠢᠨ᠎ᠦ ᠲᠥᠯᠥᠪᠯᠡᠭᠡ᠎ᠶ᠋ᠢᠨ 1.3 ᠳᠠᠬᠢᠨ ᠪᠣᠯᠵᠣ᠂ ᠬᠥᠬᠡᠬᠣᠲᠠ ᠪᠤᠭᠤᠲᠤ ᠣᠷᠳᠣᠰ ᠲᠦᠩᠯᠢᠶᠣᠤ᠎ᠶ᠋ᠢᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠲᠣᠨᠣᠭ᠍ᠯᠠᠯ ᠦᠶ᠋ᠯᠡᠳᠬᠦ᠌ ᠰᠠᠭᠤᠷᠢᠨ ᠠᠩᠬ᠎ᠠ ᠠᠯᠬᠤᠮ ᠪᠦᠷᠢᠯᠳᠦᠪᠡ᠃
— ᠪᠥᠬᠥ᠌ ᠤᠯᠤᠰ᠎ᠲᠤ ᠡᠩ ᠲᠡᠷᠢᠭᠦᠨ᠎ᠳᠦ 6 ᠲᠥᠷᠥᠯ᠎ᠦᠨ ᠱᠢᠨ᠎ᠡ ᠡᠨᠧᠷᠭᠢ᠎ᠶ᠋ᠢ ᠵᠠᠬ᠎ᠠ ᠳᠡᠯᠭᠡᠭᠦᠷᠴᠢᠯᠡᠨ ᠪᠠᠭ᠍ᠲᠠᠭᠠᠨ ᠱᠢᠩᠭᠡᠭᠡᠬᠦ᠌ ᠵᠠᠭ᠍ᠪᠤᠷ᠎ᠢ ᠱᠢᠨ᠎ᠡ᠎ᠪᠡᠷ ᠡᠭᠦᠳᠴᠦ᠍᠂ ᠵᠠᠬ᠎ᠠ ᠳᠡᠯᠭᠡᠭᠦᠷᠴᠢᠯᠡᠭ᠌ᠰᠡᠨ ᠠᠷᠭ᠎ᠠ ᠬᠡᠯᠪᠡᠷᠢ᠎ᠪᠡᠷ ᠳᠠᠮᠵᠢᠭᠤᠯᠤᠨ ᠱᠢᠨ᠎ᠡ᠎ᠪᠡᠷ ᠨᠡᠮᠡᠭ᠌ᠳᠡᠭ᠌ᠰᠡᠨ ᠳᠠᠭᠠᠭᠠᠴᠡ᠎ᠳᠤ ᠵᠣᠬᠢᠬᠤ ᠬᠡᠪᠴᠢᠶ᠎ᠡ᠎ᠲᠡᠶ ᠱᠢᠨ᠎ᠡ ᠡᠨᠧᠷᠭᠢ᠎ᠶ᠋ᠢ ᠲᠣᠬᠢᠷᠠᠭᠤᠯᠵᠤ᠂ ᠱᠢᠨ᠎ᠡ ᠡᠨᠧᠷᠭᠢ᠎ᠶ᠋ᠢ ᠥᠪᠡᠷᠲᠡᠭᠡᠨ ᠬᠡᠷᠡᠭ᠌ᠯᠡᠬᠦ᠌ ᠪᠠ ᠡᠨᠧᠷᠭᠢ᠎ᠶ᠋ᠢᠨ ᠬᠣᠷᠣᠭ᠍ᠳᠠᠯ᠎ᠤᠨ ᠶᠡᠷᠦᠩᠬᠡᠶ ᠬᠡᠮᠵᠢᠶ᠎ᠡ᠂ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ᠂ ᠡᠨᠧᠷᠭᠢ ᠬᠡᠷᠡᠭ᠌ᠯᠡᠬᠦ᠌ ᠥᠪᠡᠷ᠎ᠦᠨ ᠥᠷᠲᠡᠭ᠎ᠢ ᠪᠠᠭᠤᠷᠠᠭᠤᠯᠬᠤ ᠵᠢ ᠪᠡᠶᠡᠯᠡᠬᠦᠯᠪᠡ᠃ 2022 ᠣᠨ᠎ᠳᠤ᠂ ᠪᠥᠬᠥ᠌ ᠣᠷᠣᠨ᠎ᠳᠤ 6 ᠲᠥᠷᠥᠯ᠎ᠦᠨ ᠵᠠᠬ᠎ᠠ ᠳᠡᠯᠭᠡᠭᠦᠷᠴᠢᠯᠡᠭ᠌ᠰᠡᠨ ᠱᠢᠨ᠎ᠡ ᠡᠨᠧᠷᠭᠢ᠎ᠶ᠋ᠢᠨ ᠲᠤᠤᠷ᠎ᠲᠤ ᠨᠡᠢᠯᠡᠭᠦᠯᠬᠦ᠌ ᠲᠥᠷᠥᠯ ᠵᠦᠶ᠋ᠯ᠎ᠢ 112 ᠵᠥᠪᠱᠢᠶᠡᠷᠡᠨ ᠬᠡᠷᠡᠭ᠌ᠵᠢᠭᠦᠯᠵᠦ᠍᠂ ᠶᠡᠷᠦᠩᠬᠡᠶ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ 3000 ᠲᠦᠮᠡᠨ ᠺᠢᠯᠦᠸᠠᠲ᠎ᠢ ᠳᠠᠪᠠᠪᠠ᠃
ᠡᠨᠧᠷᠭᠢ᠎ᠶ᠋ᠢᠨ ᠱᠢᠰᠲ᠋ᠧᠮ᠎ᠦᠨ 《ᠳᠥᠷᠪᠡᠨ ᠨᠢᠷᠤᠭᠤ ᠨᠠᠶ᠋ᠮᠠᠨ ᠲᠤᠯᠭᠠᠭᠤᠷᠢ》 ᠶ᠋ᠢ ᠲᠣᠭ᠍ᠲᠠᠭᠠᠵᠤ᠂ ᠠᠵᠤ ᠦᠶ᠋ᠯᠡᠰ᠎ᠦᠨ ᠲᠥᠷᠥᠯ ᠵᠦᠶ᠋ᠯ᠎ᠦᠨ 《ᠨᠢᠷᠤᠭᠤ ᠰᠡᠢᠯᠦᠨ ᠲᠤᠯᠭᠠᠭᠤᠷᠢ ᠵᠢᠷᠤᠬᠤ》 ᠤᠳᠬ᠎ᠠ ᠰᠠᠨᠠᠭ᠎ᠠ ᠵᠢ ᠢᠯᠡᠳᠭᠡᠪᠡ᠃ ᠡᠨᠧᠷᠭᠢ᠎ᠶ᠋ᠢᠨ ᠠᠵᠤ ᠠᠬᠤᠢ᠎ᠶ᠋ᠢ ᠤᠯᠠᠨ ᠡᠱᠢᠵᠢᠬᠦᠯᠬᠦ᠌᠂ ᠪᠠᠭ᠎ᠠ ᠨᠡᠭᠦᠷᠡᠰᠦᠲᠥ᠋ᠷᠥᠭ᠌ᠵᠢᠬᠦᠯᠬᠦ᠂ ᠳᠡᠭᠡᠳᠦ ᠲᠡᠰᠵᠢᠬᠦᠯᠬᠦ᠌ ᠵᠢ ᠲᠦᠷᠭᠡᠳᠭᠡᠨ ᠠᠬᠢᠭᠤᠯᠵᠤ᠂ ᠱᠢᠨ᠎ᠡ ᠡᠨᠧᠷᠭᠢ᠎ᠪᠡᠷ ᠱᠢᠨ᠎ᠡ ᠠᠵᠤ ᠦᠢᠯᠡᠳᠪᠦᠷᠢ᠎ᠶ᠋ᠢ ᠲᠠᠢ᠌ᠴᠢᠯᠠᠵᠥ᠍᠂ ᠥᠪᠥᠷ ᠮᠣᠩᠭᠣᠯ᠎ᠤᠨ ᠬᠢᠨ ᠴᠥᠬᠥᠷᠡᠰᠢ ᠦᠬᠡᠢ ᠴᠢᠷᠮᠠᠢᠵᠤ᠂ ᠰᠢᠨᠳᠠᠷᠠᠰᠢ ᠦᠬᠡᠢ ᠵᠢᠳᠭᠦᠵᠦ ᠪᠣᠳᠠᠲᠠᠢ ᠠᠵᠢᠯᠯᠠᠭ᠎ᠠ᠎ᠪᠠᠷ᠎ᠢᠶᠠᠨ ᠬᠠᠷᠢᠭᠤᠯᠲᠠ ᠥᠭ᠌ᠬᠦᠯᠡ᠃
ᠣᠳᠣᠬᠠᠨ᠎ᠳᠤ᠂ ᠪᠥᠬᠥ᠌ ᠣᠷᠣᠨ᠎ᠤ ᠱᠢᠨ᠎ᠡ ᠡᠨᠧᠷᠭᠢ᠎ᠶ᠋ᠢᠨ ᠲᠤᠤᠷ᠎ᠲᠤ ᠨᠡᠢᠯᠡᠭᠦᠯᠦᠭ᠌ᠰᠡᠨ ᠮᠠᠱᠢᠨ ᠴᠣᠭ᠍ᠴᠠᠯᠠᠪᠤᠷᠢ 6500 ᠲᠦᠮᠡᠨ ᠺᠢᠯᠦᠸᠠᠲ᠎ᠢ ᠳᠠᠪᠠᠵᠤ᠂ ᠪᠠᠢᠭᠤᠯᠵᠤ ᠪᠠᠢᠭ᠎ᠠ ᠪᠠ ᠪᠠᠢᠭᠤᠯᠬᠤ᠎ᠪᠠᠷ ᠪᠠᠢᠭ᠎ᠠ ᠱᠢᠨ᠎ᠡ ᠡᠨᠧᠷᠭᠢ᠎ᠶ᠋ᠢᠨ ᠬᠡᠪᠴᠢᠶ᠎ᠡ 1.3 ᠳ᠋ᠦᠩᠱᠢᠭᠤᠷ ᠺᠢᠯᠦᠸᠠᠲ᠎ᠢ ᠳᠠᠪᠠᠵᠤ᠂ ᠪᠠᠷᠤᠭ ᠪᠥᠬᠥ᠌ ᠤᠯᠤᠰ᠎ᠤᠨ ᠭᠤᠷᠪᠠᠨ᠎ᠤ ᠨᠢᠭᠡ ᠬᠤᠪᠢ᠎ᠶ᠋ᠢ ᠡᠵᠡᠯᠡᠵᠦ᠍᠂ ᠪᠠᠷᠤᠭ ᠥᠩᠭᠡᠷᠡᠭ᠌ᠰᠡᠨ 20 ᠵᠢᠯ᠎ᠦᠨ ᠪᠥᠬᠥ᠌ ᠣᠷᠣᠨ᠎ᠤ ᠱᠢᠨ᠎ᠡ ᠡᠨᠧᠷᠭᠢ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠬᠡᠪᠴᠢᠶ᠎ᠡ᠎ᠶ᠋ᠢᠨ 2 ᠳᠠᠬᠢᠨ ᠪᠠᠢᠵᠤ᠂ ᠮᠤᠨᠳᠠᠭ ᠶᠡᠬᠡ ᠪᠥᠲᠥᠭᠡᠨ ᠪᠠᠢᠭᠤᠯᠤᠯᠲᠠ᠎ᠶ᠋ᠢᠨ ᠬᠡᠷᠡᠭ᠌ᠴᠡᠭᠡ᠎ᠨᠢ ᠡᠬᠢᠨ᠎ᠤ ᠬᠡᠯᠬᠢᠶ᠎ᠡ᠎ᠵᠢᠨ ᠲᠦᠭᠦᠬᠡᠶ ᠮᠠᠲ᠋ᠧᠷᠢᠶᠠᠯ᠂ ᠳᠤᠮᠳᠠ ᠬᠡᠯᠬᠢᠶ᠎ᠡ᠎ᠵᠢᠨ ᠲᠣᠨᠣᠭ ᠲᠥᠬᠥᠭᠡᠷᠦᠮᠵᠢ ᠦᠶ᠋ᠯᠡᠳᠬᠦ᠌᠂ ᠡᠴᠦᠰ᠎ᠤᠨ ᠬᠡᠯᠬᠢᠶ᠎ᠡ᠎ᠵᠢᠨ ᠲᠡᠭᠡᠭᠡᠪᠦᠷᠢᠯᠡᠨ ᠬᠠᠮᠠᠭᠠᠯᠠᠬᠤ ᠦᠶ᠋ᠯᠡᠴᠢᠯᠡᠭᠡᠨ᠎ᠦ ᠵᠠᠬ᠎ᠠ ᠳᠡᠯᠭᠡᠭᠦᠷ᠎ᠦᠨ ᠨᠡᠮᠡᠭ᠌ᠳᠡᠯ᠎ᠢ ᠳᠠᠢᠴᠢᠯᠠᠵᠤ᠂ ᠨᠠᠭᠠᠳᠤ ᠵᠠᠬ᠎ᠠ᠎ᠳᠠᠭᠠᠨ ᠲᠦᠮᠡᠨ ᠳ᠋ᠦᠩᠱᠢᠭᠤᠷ ᠲᠥᠭᠥᠷᠢᠭ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠦᠶ᠋ᠯᠡᠳᠬᠦᠨ᠎ᠦ ᠥᠷᠲᠡᠭ᠎ᠢ ᠨᠡᠮᠡᠷᠢᠯᠡᠵᠤ᠂ 《ᠠᠵᠤ ᠦᠶ᠋ᠯᠡᠳᠪᠦᠷᠢ᠎ᠶ᠋ᠢᠨ ᠥᠪᠥᠷ ᠮᠣᠩᠭᠣᠯ》 ᠢ᠋ ᠳᠠᠬᠢᠨ ᠪᠠᠢᠭᠤᠯᠤᠬᠰᠠᠨ ᠲᠠᠢ ᠲᠡᠩᠴᠡᠵᠤ᠂ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠥᠲᠥᠭᠡᠨ ᠪᠠᠢᠭᠤᠯᠬᠤ᠎ᠳᠤ ᠰᠦᠷ ᠳᠠᠯᠠᠢᠴᠠᠲᠠᠶ ᠬᠦᠴᠦᠲᠡᠶ ᠬᠥᠳᠡᠯᠭᠡᠬᠦ᠌ ᠡᠨᠧᠷᠭᠢ᠎ᠶ᠋ᠢᠨ ᠬᠥᠳᠡᠯᠭᠡᠭᠦᠷ ᠬᠠᠩᠭᠠᠭ᠍ᠰᠠᠨ ᠪᠠᠢᠨ᠎ᠠ᠃
《ᠰᠠᠯᠬᠢ ᠭᠡᠷᠡᠯ᠎ᠢ ᠤᠰᠤᠲᠦ᠋ᠷᠦᠭᠴᠢᠵᠢᠭᠦᠯᠤᠨ ᠬᠠᠳᠠᠭᠠᠯᠠᠵᠤ ᠬᠡᠷᠡᠭᠯᠡᠬᠦ》 ᠵᠢ ᠨᠢᠭᠡ ᠴᠤᠭ᠍ᠴᠠᠵᠢᠭᠤᠯᠤᠨ ᠬᠠᠮᠵᠢᠯᠴᠠᠭᠤᠯᠤᠨ ᠠᠬᠢᠭᠤᠯᠵᠤ᠂ ᠥᠪᠥᠷ ᠮᠣᠩᠭᠣᠯ᠎ᠤᠨ ᠱᠢᠨ᠎ᠡ ᠡᠨᠧᠷᠭᠢ᠎ᠶ᠋ᠢᠨ ᠠᠵᠤ ᠦᠶ᠋ᠯᠡᠰ ᠬᠤᠷᠳᠤᠴᠠ᠎ᠪᠠᠨ ᠲᠦᠷᠭᠡᠳᠭᠡᠵᠦ᠍᠂ ᠱᠢᠨ᠎ᠡ ᠦᠨᠳᠦᠷᠴᠡ᠎ᠳ᠋ᠤ ᠬᠥᠷᠪᠡ᠃ ᠲᠥᠯᠥᠪᠵᠢᠭᠦᠯᠭᠡ ᠶᠣᠰᠣᠭᠠᠷ᠂ ᠡᠨᠡ ᠵᠢᠯ᠂ ᠮᠠᠨ᠎ᠤ ᠣᠷᠣᠨ ᠤᠯᠤᠰ᠎ᠤᠨ ᠱᠢᠨ᠎ᠡ ᠡᠨᠧᠷᠭᠢ᠎ᠶ᠋ᠢᠨ ᠴᠢᠬᠤᠯᠠ ᠶᠡᠬᠡ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠦᠷᠭᠦᠯᠵᠢᠯᠡᠨ ᠠᠰᠢᠭᠯᠠᠵᠤ᠂ ᠲᠣᠮᠣ ᠬᠡᠯᠪᠡᠷᠢ᠎ᠶ᠋ᠢᠨ ᠰᠠᠯᠬᠢ ᠬᠡᠷᠡᠯ᠎ᠦᠨ ᠰᠠᠭᠤᠷᠢᠨ ᠪᠣᠯᠤᠨ ᠡᠨ᠋ᠸᠷᠬᠢ ᠲᠤᠤᠷ ᠳᠠᠭᠠᠭᠠᠴᠡ ᠨᠥᠭᠡᠴᠡ᠂ ᠰᠠᠯᠬᠢ ᠬᠡᠷᠡᠯᠵᠢᠡᠷ ᠤᠰᠤᠲᠥ᠋ᠷᠥᠭ᠌ᠴᠢ ᠦᠶ᠋ᠯᠡᠳᠬᠦ᠌ ᠵᠡᠷᠭᠡ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ ᠵᠢᠱ᠌ᠢᠯᠲᠡ᠎ᠪᠡᠷ ᠵᠢᠯ᠎ᠦᠨ ᠡᠴᠦᠰ᠎ᠲᠦ ᠪᠥᠬᠥ᠌ ᠣᠷᠣᠨ᠎ᠤ ᠱᠢᠨ᠎ᠡ ᠡᠨᠧᠷᠭᠢ᠎ᠶ᠋ᠢᠨ ᠲᠤᠤᠷ᠎ᠲᠤ ᠨᠡᠢᠯᠡᠭᠦᠯᠦᠭ᠌ᠰᠡᠨ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ 9000 ᠲᠦᠮᠡᠨ ᠺᠢᠯᠦᠸᠠᠲ᠎ᠢ ᠳᠠᠪᠠᠵᠤ᠂ ᠪᠥᠬᠥ᠌ ᠤᠯᠤᠰ᠎ᠤᠨ 《ᠬᠤᠤᠰ ᠨᠡᠭᠦᠷᠡᠰᠦᠳᠦᠢ᠍ᠷᠦᠭ᠌ᠴᠢ》 ᠶ᠋ᠢᠨ ᠬᠠᠷᠠᠯᠲᠠ᠎ᠶ᠋ᠢ ᠪᠡᠶᠡᠯᠡᠭᠦᠯᠬᠦ᠌᠎ᠳᠦ ᠨᠠᠩ ᠶᠡᠬᠡ ᠱᠢᠨ᠎ᠡ ᠬᠦᠴᠦᠨ ᠨᠡᠮᠡᠷᠢᠯᠡᠬᠦ᠌ ᠪᠣᠯᠤᠨ᠎ᠠ᠃
《ᠨᠡᠭᠦᠷᠡᠰᠦ᠎ᠶ᠋ᠢ ᠠᠭᠠᠷ ᠵᠢᠡᠷ ᠬᠦᠷᠭᠡᠵᠦ᠍ ᠴᠠᠬᠢᠯᠭᠠᠨ᠎ᠢ ᠪᠥᠬᠥ᠌ ᠤᠯᠤᠰ᠎ᠲᠤ ᠬᠦᠷᠭᠡᠵᠦ》 《ᠪᠣᠬᠢᠷᠲᠤᠯ ᠥᠬᠡᠶ》 ᠪᠠᠷ ᠤᠷᠤᠭ᠍ᠰᠢᠯᠠᠵᠤ 《ᠱᠢᠨ᠎ᠡ》 ᠲᠡᠢᠰᠢ ᠤᠷᠤᠭ᠍ᠰᠢᠯᠠᠨ ᠥᠪᠥᠷ ᠮᠣᠩᠭᠣᠯ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠢ ᠪᠠᠲᠤᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠪᠠᠨ ᠡᠷᠡᠰ ᠰᠠᠢᠲᠤᠷ ᠭᠦᠶ᠋ᠴᠡᠳᠭᠡᠵᠦ᠍ ᠡᠨᠧᠷᠭᠢ᠎ᠶ᠋ᠢᠨ ᠬᠠᠩᠭᠠᠯᠭ᠎ᠠ᠎ᠶ᠋ᠢ ᠪᠠᠲᠤᠯᠠᠬᠤ 《ᠲᠤᠬᠳᠠᠪᠤᠷᠢᠵᠢᠭᠤᠯᠤᠬᠴᠢ》 ᠪᠣᠯᠵᠣ ᠡᠨᠧᠷᠭᠢ᠎ᠶ᠋ᠢᠨ ᠬᠠᠩᠭᠠᠯᠭ᠎ᠠ᠎ᠶ᠋ᠢ ᠪᠠᠲᠤᠯᠠᠬᠤ 《ᠬᠠᠲᠠᠭᠤ》 ᠡᠭᠦᠷᠭᠡ ᠵᠢ ᠡᠭᠦᠷᠭᠡᠯᠡᠨ᠎ᠡ
130 ᠮᠸᠲᠷ ᠭᠦᠨ ᠬᠤᠳᠳᠤᠭ᠎ᠲᠤ᠂ ᠤᠯᠤᠰ᠎ᠤᠨ ᠡᠨᠧᠷᠭᠢ᠎ᠶ᠋ᠢᠨ ᠪᠦᠯᠦᠭ᠌ᠯᠡᠯ᠎ᠦᠨ ᠱᠸᠨ ᠳ᠋ᠦᠩ ᠨᠡᠭᠦᠷᠡᠰᠦᠨ᠎ᠦ ᠺᠤᠮᠫᠠᠨᠢ ᠵᠢᠨ ᠱᠠᠩ ᠸᠠᠨ ᠨᠡᠭᠦᠷᠡᠰᠦᠨ ᠠᠭᠤᠷᠬᠠᠢ᠎ᠶ᠋ᠢᠨ 8.8 ᠮᠸᠲᠷ᠎ᠤᠨ ᠬᠡᠳᠦ ᠶᠡᠬᠡ ᠳᠡᠭᠡᠳᠤ ᠤᠶᠤᠨᠴᠢ ᠶᠡᠷᠦᠩᠬᠡᠢᠯᠡᠭᠰᠡᠨ ᠮᠠᠯᠲᠠᠬᠤ ᠠᠵᠢᠯ ᠤ᠋ᠨ ᠲᠦᠬᠦᠭᠡᠷᠤᠮᠵᠢ ᠮᠠᠰᠢ ᠶᠠᠭᠠᠷᠠᠯᠲᠠᠢ ᠠᠵᠢᠯᠯᠠᠨ᠎ᠠ᠃ ᠨᠡᠭᠦᠷᠡᠰᠦ ᠮᠠᠯᠲᠠᠬᠤ ᠮᠠᠱᠢᠨ᠎ᠤ ᠡᠷᠭᠢᠯᠳᠦᠬᠦ᠌ᠶ᠋ᠢ ᠳᠠᠭᠠᠯᠳᠤᠨ᠂ ᠬᠠᠷ᠎ᠠ ᠲᠦᠭᠦᠬᠡᠶ ᠨᠡᠭᠦᠷᠡᠰᠦ ᠤᠨᠠᠵᠤ ᠢᠷᠡᠨ᠎ᠠ᠃
ᠱᠠᠩ ᠸᠠᠨ ᠨᠡᠭᠦᠷᠡᠰᠦᠨ ᠠᠭᠤᠷᠬᠠᠶ᠎ᠶ᠋ᠢᠨ 8.8 ᠮᠧᠲ᠋ᠷ᠎ᠦᠨ ᠬᠡᠳᠦ ᠶᠡᠬᠡ ᠳᠡᠭᠡᠳᠤ ᠤᠶᠤᠨᠳᠤ ᠶᠡᠷᠦᠩᠬᠡᠢᠯᠡᠭᠰᠡᠨ ᠮᠠᠯᠲᠠᠬᠤ ᠲᠦᠬᠦᠭᠡᠷᠤᠮᠵᠢ ᠪᠣᠯ ᠮᠠᠨ᠎ᠤ ᠤᠯᠤᠰ᠎ᠤᠨ ᠪᠦᠷᠢᠮᠦᠰᠦᠨ ᠪᠡᠶ᠎ᠡ᠎ᠪᠡᠨ ᠳᠠᠭᠠᠭᠠᠭ᠍ᠰᠠᠨ ᠮᠡᠳᠡᠯᠭᠡ᠎ᠶ᠋ᠢᠨ ᠦᠮᠴᠢᠯᠡᠯ ᠤ᠋ᠨ ᠡᠷᠬᠡ᠎ᠲᠡᠶ ᠬᠡᠲᠦ ᠶᠡᠬᠡ ᠳᠡᠭᠡᠳᠤ ᠤᠶᠤᠨᠳᠤ ᠶᠡᠷᠦᠩᠬᠡᠢᠯᠡᠭᠰᠡᠨ ᠮᠠᠯᠲᠠᠬᠤ ᠠᠵᠢᠯ ᠤ᠋ᠨ ᠲᠦᠬᠦᠭᠡᠷᠤᠮᠵᠢ ᠪᠣᠯᠤᠨ᠎ᠠ᠂ ᠪᠠᠰᠠ ᠴᠤ᠌ ᠳᠡᠯᠡᠬᠡᠶ ᠳᠡᠭᠡᠷᠡᠬᠢ ᠠᠩᠬᠠᠳᠠᠭ᠍ᠴᠢ 8.8 ᠮᠧᠲ᠋ᠷ᠎ᠦᠨ ᠬᠡᠲᠦ ᠶᠡᠬᠡ ᠳᠡᠭᠡᠳᠤ ᠤᠶᠤᠨᠴᠢ ᠶᠡᠷᠦᠩᠬᠡᠢᠯᠡᠭᠰᠡᠨ ᠮᠠᠯᠲᠠᠬᠤ ᠠᠵᠢᠯ ᠤ᠋ᠨ ᠲᠦᠬᠦᠭᠡᠷᠤᠮᠵᠢ ᠪᠣᠯᠤᠨ᠎ᠠ᠃ ᠲᠣᠰ ᠠᠵᠢᠯ᠎ᠤᠨ ᠲᠦᠬᠦᠭᠡᠷᠤᠮᠵᠢ ᠨᠢ 28 ᠵᠦᠶ᠋ᠯ᠎ᠦᠨ ᠤᠶᠤᠨᠴᠢᠯᠠᠭ᠍ᠰᠠᠨ ᠪᠠᠢᠴᠠᠭᠠᠨ ᠵᠠᠰᠠᠬᠤ ᠱᠢᠰᠲ᠋ᠧᠮ ᠵᠢᠴᠢ 42 ᠵᠦᠶ᠋ᠯ᠎ᠦᠨ ᠤᠶᠤᠨᠴᠢᠯᠠᠭ᠍ᠰᠠᠨ ᠠᠵᠢᠯᠯᠠᠭᠠᠨ᠎ᠤ ᠱᠢᠰᠲ᠋ᠧᠮ᠎ᠢᠶᠡᠷ ᠳᠠᠮᠵᠢᠭᠤᠯᠤᠨ᠂ 《ᠪᠡᠶ᠎ᠡ᠎ᠪᠡᠨ ᠳᠠᠭᠠᠭᠠᠵᠤ ᠨᠡᠭᠦᠷᠡᠰᠦ ᠦᠷᠦᠮᠳᠡᠬᠦ + ᠮᠦᠷᠳᠡᠨ ᠳᠠᠭᠠᠬᠤ ᠬᠦᠮᠦᠨ ᠦᠭᠡᠢ + ᠠᠯᠤᠰ ᠡᠵᠡᠮᠱᠢᠯ᠎ᠢᠶᠡᠷ ᠬᠠᠪᠰᠤᠷᠤᠮᠵᠢ ᠪᠣᠯᠭᠠᠭ᠍ᠰᠠᠨ》 ᠨᠡᠭᠡᠭᠡᠨ ᠮᠠᠯᠲᠠᠬᠤ ᠵᠠᠭ᠍ᠪᠤᠷ᠎ᠢ ᠪᠣᠶ ᠪᠣᠯᠭᠠᠵᠠᠶ᠃
ᠨᠡᠭᠦᠷᠡᠰᠦᠨ ᠠᠭᠤᠷᠬᠠᠢ᠎ᠶ᠋ᠢᠨ ᠤᠶᠤᠨᠴᠢᠯᠠᠬ᠍ᠰᠠᠨ ᠪᠦᠳᠦᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠬᠤ ᠪᠣᠯ ᠨᠡᠭᠦᠷᠡᠰᠦᠨ᠎ᠦ ᠠᠵᠤ ᠦᠢᠯᠡᠳᠪᠦᠷᠢ᠎ᠶ᠋ᠢᠨ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠌᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠭᠣᠣᠯᠯᠠᠭ᠍ᠴᠢ ᠮᠡᠷᠭᠡᠵᠢᠯ᠎ᠦᠨ ᠲᠤᠯᠭᠠᠭᠤᠷᠢᠯᠠᠯ ᠪᠣᠯᠤᠨ᠎ᠠ᠃ ᠣᠳᠣᠬᠠᠨ ᠪᠣᠯᠲᠠᠯ᠎ᠠ᠂ ᠥᠪᠥᠷ ᠮᠣᠩᠭᠣᠯ ᠨᠢᠭᠡᠨᠲᠡ 126 ᠣᠶᠤᠨᠴᠢᠯᠠᠭ᠍ᠰᠠᠨ ᠨᠡᠭᠦᠷᠡᠰᠦᠨ ᠠᠭᠤᠷᠬᠠᠶ᠎ᠶ᠋ᠢ ᠪᠠᠢᠭᠤᠯᠪᠠ; ᠤᠶᠤᠨᠴᠢᠯᠠᠭ᠍ᠰᠠᠨ ᠮᠠᠯᠲᠠᠬᠤ ᠠᠵᠢᠯ ᠤ᠋ᠨ ᠲᠦᠬᠦᠭᠡᠷᠤᠮᠵᠢ ᠵᠢ 227 ᠪᠠᠢᠭᠤᠯᠵᠤ᠂ 2020 ᠣᠨ᠎ᠤ ᠬᠢ᠎ᠡᠴᠡ 12.6 ᠲᠠᠬᠢᠨ ᠨᠡᠮᠡᠭ᠌ᠳᠡᠪᠡ᠃ ᠡᠭᠦᠨ᠎ᠳᠦ᠂ 25 ᠵᠠᠳᠠᠭᠠᠶ ᠨᠡᠭᠦᠷᠡᠰᠦᠨ ᠠᠭᠤᠷᠬᠠᠶ ᠵᠢᠯᠣᠭᠣᠴᠢ ᠦᠯᠦ ᠲᠤᠬᠢᠷᠠᠭᠤᠯᠬᠤ ᠲᠤᠷᠱᠢᠯᠲᠠ ᠬᠢᠵᠦ᠍᠂ ᠵᠢᠯᠣᠭᠣᠴᠢ ᠥᠬᠡᠶ ᠲᠡᠷᠭᠡ 233᠎ᠳ᠋ᠤ ᠬᠦᠷᠴᠦ᠍᠂ 2020 ᠣᠨ᠎ᠤ᠎ᠬᠢ᠎ᠡᠴᠡ 12.7 ᠳᠠᠬᠢᠨ ᠨᠡᠮᠡᠭ᠌ᠳᠡᠪᠡ; 82 ᠨᠡᠭᠦᠷᠡᠰᠦᠨ ᠠᠭᠤᠷᠬᠠᠶ᠎ᠶ᠋ᠢᠨ ᠬᠤᠳᠳᠤᠭ ᠳᠣᠲᠣᠷ᠎ᠠ ᠠᠭᠤᠷᠬᠠᠶ᠎ᠶ᠋ᠢᠨ ᠮᠠᠱᠢᠨ ᠬᠥᠮᠦᠨ᠎ᠢ ᠬᠡᠷᠡᠭ᠌ᠯᠡᠵᠦ᠍᠂ 103 ᠨᠡᠭᠦᠷᠡᠰᠦᠨ ᠠᠭᠤᠷᠬᠠᠶ᠎ᠶ᠋ᠢᠨ ᠬᠤᠳᠳᠤᠭ ᠳᠣᠲᠣᠷ᠎ᠠ ᠲᠣᠭ᠍ᠲᠠᠮᠠᠯ ᠲᠠᠯᠠᠪᠤᠷ ᠭᠠᠵᠠᠷ᠎ᠲᠤ ᠵᠢᠵᠢᠭᠦᠷᠯᠡᠬᠦ᠌ ᠬᠥᠮᠦᠨ ᠦᠯᠦ ᠲᠤᠬᠢᠷᠠᠭᠤᠯᠬᠤ ᠵᠢ ᠪᠡᠶᠡᠯᠡᠭᠦᠯᠵᠠᠢ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠭᠦᠷᠡᠰᠦᠨ ᠠᠭᠤᠷᠬᠠᠶ ᠵᠢᠨ ᠤᠶᠤᠨᠴᠢᠯᠠᠭᠰᠠᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠬᠤ ᠭᠤᠷᠪᠠᠨ ᠵᠢᠯ᠎ᠦᠨ ᠠᠵᠢᠯᠯᠠᠭᠠᠨ᠎ᠤ ᠲᠥᠰᠦᠯ ᠶᠣᠰᠣᠭᠠᠷ᠂ 2023 ᠣᠨ᠎ᠤ ᠰᠡᠭᠦᠯᠴᠢ ᠪᠣᠯᠬᠤ᠎ᠳᠤ᠂ ᠥᠪᠥᠷ ᠮᠣᠩᠭᠣᠯ ᠨᠥᠬᠥᠴᠡᠯ ᠪᠦᠷᠢᠯᠳᠦᠭᠦᠯᠦᠭ᠌ᠰᠡᠨ 240 ᠬᠡᠪ᠎ᠦᠨ ᠦᠢᠯᠡᠳᠪᠦᠷᠢᠯᠡᠯ᠎ᠲᠡᠶ ᠨᠡᠭᠦᠷᠡᠰᠦᠨ ᠠᠭᠤᠷᠬᠠᠶ᠎ᠶ᠋ᠢ ᠪᠦᠬᠦᠨ᠎ᠢ ᠤᠶᠤᠨᠴᠢᠯᠠᠬᠤ᠎ᠪᠠᠷ ᠴᠢᠷᠮᠠᠢᠨ᠎ᠠ᠃
ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠦᠴᠦᠲᠡᠶ ᠲᠤᠯᠭᠠᠭᠤᠷᠢᠯᠠᠯ ᠳᠤᠤᠷ᠎ᠠ᠂ ᠨᠡᠭᠦᠷᠡᠰᠦᠨ᠎ᠦ ᠲᠡᠷᠢᠭᠦᠨ᠎ᠦ ᠦᠶ᠋ᠯᠡᠳᠪᠦᠷᠢᠯᠡᠬᠦ᠌ ᠴᠢᠳᠠᠪᠤᠷᠢ᠎ᠶ᠋ᠢ ᠲᠠᠰᠤᠷᠠᠯᠲᠠ ᠥᠬᠡᠶ ᠪᠠᠳᠠᠷᠠᠭᠤᠯᠪᠠ᠃ 2022 ᠣᠨ᠎ᠳᠤ᠂ ᠥᠪᠥᠷ ᠮᠣᠩᠭᠣᠯ ᠨᠡᠭᠦᠷᠡᠰᠦᠨ᠎ᠦ ᠬᠠᠩᠭᠠᠯᠭ᠎ᠠ᠎ᠶ᠋ᠢ ᠪᠠᠲᠤᠯᠠᠬᠤ ᠡᠭᠦᠷᠭᠡ᠎ᠶ᠋ᠢ 9.45 ᠳ᠋ᠦᠩᠱᠢᠭᠤᠷ ᠲᠣᠨ ᠪᠡᠶᠡᠯᠡᠭᠦᠯᠵᠦ᠍᠂ ᠪᠥᠬᠥ᠌ ᠤᠯᠤᠰ᠎ᠤᠨ ᠲᠡᠷᠢᠭᠦᠨ᠎ᠳᠦ ᠣᠷᠣᠪᠠ᠃ ᠡᠭᠦᠨ᠎ᠳᠦ ᠭᠠᠳᠠᠭ᠍ᠰᠢ ᠬᠦᠷᠭᠡᠭ᠌ᠰᠡᠨ ᠨᠡᠭᠦᠷᠡᠰᠦ 7.2 ᠳ᠋ᠦᠩᠱᠢᠭᠤᠷ ᠲᠣᠨ᠎ᠳᠤ ᠬᠦᠷᠴᠦ᠍᠂ ᠪᠥᠬᠥ᠌ ᠤᠯᠤᠰ᠎ᠤᠨ ᠮᠤᠵᠢ ᠠᠯᠤᠰᠯᠠᠨ ᠭᠠᠳᠠᠭ᠍ᠰᠢ ᠬᠦᠷᠭᠡᠭ᠌ᠰᠡᠨ ᠨᠡᠭᠦᠷᠡᠰᠦᠨ᠎ᠦ 1/3 ᠶ᠋ᠢ ᠡᠵᠡᠯᠡᠵᠦ᠍᠂ ᠥᠪᠡᠷᠲᠡᠭᠡᠨ ᠵᠠᠰᠠᠬᠤ ᠣᠷᠣᠨ᠎ᠤ ᠨᠡᠭᠦᠷᠡᠰᠦᠨ᠎ᠦ ᠲᠣᠭ᠍ᠲᠠᠭᠤᠨ ᠬᠠᠩᠭᠠᠯᠭ᠎ᠠ᠎ᠶ᠋ᠢ ᠪᠠᠲᠤᠯᠠᠬᠤ᠎ᠶ᠋ᠢᠨ ᠬᠠᠮᠲᠤ᠂ ᠪᠥᠬᠥ᠌ ᠤᠯᠤᠰ᠎ᠤᠨ 29 ᠮᠤᠵᠢ ᠣᠷᠣᠨ ᠬᠣᠲᠠ᠎ᠶ᠋ᠢᠨ ᠨᠡᠭᠦᠷᠡᠰᠦ ᠬᠡᠷᠡᠭ᠌ᠯᠡᠬᠦ᠌ ᠬᠡᠷᠡᠭ᠌ᠴᠡᠭᠡ᠎ᠶ᠋ᠢ ᠬᠦᠴᠦᠲᠡᠶ ᠪᠠᠲᠤᠯᠠᠵᠤ᠂ ᠥᠪᠥᠷ ᠮᠣᠩᠭᠣᠯ᠎ᠤᠨ ᠨᠡᠭᠦᠷᠡᠰᠦ ᠳᠤᠮᠳᠠᠳᠤ ᠤᠯᠤᠰ ᠤ᠋ᠨ ᠶᠡᠬᠡᠩᠬᠢ ᠭᠠᠵᠠᠷ ᠢ᠋ ᠳᠤᠯᠠᠭᠠᠯᠠᠪᠠ᠃
ᠤᠯᠤᠰ᠎ᠤᠨ ᠴᠠᠬᠢᠯᠭᠠᠨ ᠬᠦᠴᠦᠨ᠎ᠦ ᠬᠠᠩᠭᠠᠯᠭ᠎ᠠ᠎ᠶ᠋ᠢᠨ ᠴᠢᠬᠤᠯᠠ ᠰᠠᠭᠤᠷᠢᠨ ᠪᠣᠯᠤᠭ᠍ᠰᠠᠨ᠎ᠤ ᠬᠤᠪᠢ᠎ᠳᠤ᠂ 1993 ᠣᠨ᠎ᠤ ᠨᠢᠭᠡᠳᠦᠭᠡᠷ ᠵᠤᠷᠪᠤᠰ 500 ᠺᠢᠯᠦᠸᠠᠲ᠎ᠤᠨ ᠭᠠᠳᠠᠭᠰᠢ ᠴᠠᠬᠢᠯᠭᠠᠨ ᠬᠦᠷᠭᠡᠬᠦ᠌ ᠱᠤᠭᠤᠮ᠎ᠢ ᠠᠱᠢᠭ᠍ᠯᠠᠯᠲᠠ᠎ᠳᠤ ᠣᠷᠣᠭᠤᠯᠤᠭ᠍ᠰᠠᠨ᠎ᠡᠴᠡ ᠨᠠᠭᠠᠰᠢ᠂ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠭᠠᠳᠠᠭ᠍ᠰᠢ ᠬᠦᠷᠭᠡᠯᠲᠡ ᠨᠢ ᠪᠠᠢᠬᠤ ᠦᠭᠡᠶ᠎ᠡᠴᠡ ᠪᠠᠢᠬᠤ ᠪᠣᠯᠤᠭ᠍ᠰᠠᠨ᠂ ᠪᠠᠭ᠎ᠠ᠎ᠡᠴᠡ ᠶᠡᠬᠡ ᠪᠣᠯᠤᠭ᠍ᠰᠠᠨ᠂ ᠪᠠᠭᠤᠷᠠᠶ᠎ᠡᠴᠡ ᠬᠦᠴᠦᠷᠬᠡᠭ ᠪᠣᠯᠤᠭ᠍ᠰᠠᠨ ᠳᠠᠪᠠᠯᠲᠠᠲᠤ ᠮᠠᠶᠢᠭ᠎ᠤᠨ ᠬᠥᠭ᠌ᠵᠢᠯᠲᠡ᠎ᠶ᠋ᠢ ᠪᠡᠶᠡᠯᠡᠭᠦᠯᠪᠡ᠃ ᠤᠯᠤᠰ᠎ᠤᠨ 《ᠬᠤᠤᠰ ᠨᠡᠭᠦᠷᠡᠰᠦᠲᠥ᠋ᠷᠥᠭ᠌ᠴᠢ》 ᠶ᠋ᠢᠨ ᠪᠠᠢᠯᠳᠤᠬᠤ ᠪᠣᠳᠣᠯᠭ᠎ᠠ᠎ᠶ᠋ᠢ ᠳᠡᠮᠵᠢᠬᠦ᠌᠎ᠶ᠋ᠢᠨ ᠲᠥᠯᠥᠭᠡ᠂ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠭᠠᠳᠠᠭ᠍ᠰᠢ ᠬᠦᠷᠭᠡᠭ᠌ᠰᠡᠨ ᠬᠡᠮᠵᠢᠶ᠎ᠡ 10 ᠭᠠᠷᠤᠶ ᠵᠢᠯ ᠪᠥᠬᠥ᠌ ᠤᠯᠤᠰ᠎ᠲᠤ ᠲᠡᠷᠢᠭᠦᠯᠡᠭ᠌ᠰᠡᠨ ᠰᠠᠭᠤᠷᠢᠨ ᠳᠡᠭᠡᠷ᠎ᠡ᠂ ᠱᠢᠨ᠎ᠡ ᠡᠨᠧᠷᠭᠢ᠎ᠶ᠋ᠢᠨ ᠴᠠᠬᠢᠯᠭᠠᠨ ᠬᠦᠴᠦᠨ᠎ᠦ ᠭᠠᠳᠠᠭ᠍ᠰᠢ ᠬᠦᠷᠭᠡᠬᠦ᠌ ᠬᠡᠪᠴᠢᠶ᠎ᠡ᠎ᠶ᠋ᠢ ᠦᠷᠭᠦᠯᠵᠢᠯᠡᠨ ᠥᠷᠭᠡᠳᠭᠡᠪᠡ᠃ ᠣᠳᠣᠬᠠᠨ᠎ᠳᠤ᠂ ᠥᠪᠥᠷ ᠮᠣᠩᠭᠣᠯ᠎ᠤᠨ ᠱᠢᠨ᠎ᠡ ᠡᠨᠧᠷᠭᠢ᠎ᠶ᠋ᠢᠨ ᠴᠠᠬᠢᠯᠭᠠᠨ ᠬᠦᠴᠦᠨ᠎ᠦ ᠭᠠᠳᠠᠭ᠍ᠰᠢ ᠬᠦᠷᠭᠡᠬᠦ᠌ ᠬᠡᠪᠴᠢᠶ᠎ᠡ ᠨᠢ ᠤᠮᠠᠷᠠᠲᠤ ᠣᠷᠣᠨ᠂ ᠵᠡᠭᠦᠨ ᠬᠣᠢᠲᠤ ᠣᠷᠣᠨ᠂ ᠳᠣᠷᠣᠨᠠᠲᠤ ᠣᠷᠣᠨ᠂ ᠪᠠᠷᠠᠭᠤᠨ ᠬᠣᠢᠲᠤ ᠣᠷᠣᠨ᠎ᠢ ᠬᠠᠮᠤᠷᠴᠤ᠌᠂ ᠴᠠᠬᠢᠯᠭᠠᠨ ᠬᠦᠴᠦᠨ᠎ᠦ ᠡᠬᠢ ᠪᠠᠶᠠᠯᠢᠭ᠎ᠢ ᠨᠡᠩ ᠶᠡᠬᠡ ᠬᠡᠪᠴᠢᠶ᠎ᠡ᠎ᠪᠡᠷ ᠱᠢᠯᠢᠳᠡᠭ᠌ᠵᠢᠭᠦᠯᠦᠨ ᠲᠣᠬᠢᠷᠠᠭᠤᠯᠬᠤ᠎ᠶ᠋ᠢ ᠪᠡᠶᠡᠯᠡᠭᠦᠯᠪᠡ᠃ 2022 ᠣᠨ᠎ᠳᠤ᠂ ᠪᠥᠬᠥ᠌ ᠣᠷᠣᠨ᠎ᠤ ᠴᠠᠬᠢᠯᠭᠠᠨ ᠬᠦᠴᠦᠨ᠎ᠦ ᠶᠡᠷᠦᠩᠬᠡᠶ ᠮᠠᠱᠢᠨ ᠴᠣᠭ᠍ᠴᠠᠯᠠᠪᠤᠷᠢ 1.73 ᠳ᠋ᠦᠩᠱᠢᠭᠤᠷ ᠺᠢᠯᠦᠸᠠᠲ᠎ᠲᠤ ᠬᠦᠷᠴᠦ᠍᠂ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ 6500 ᠲᠦᠮᠡᠨ ᠺᠢᠯᠦᠸᠠᠲ᠎ᠲᠤ ᠬᠦᠷᠴᠦ᠍᠂ ᠭᠠᠳᠠᠭ᠍ᠰᠢ ᠬᠦᠷᠭᠡᠭ᠌ᠰᠡᠨ ᠴᠠᠬᠢᠯᠭᠠᠨ᠎ᠤ ᠬᠡᠮᠵᠢᠶ᠎ᠡ 2640 ᠳ᠋ᠦᠩᠱᠢᠭᠤᠷ ᠺᠢᠯᠦᠸᠠᠲ ᠴᠠᠭ᠎ᠲᠤ ᠬᠦᠷᠴᠦ᠍᠂ ᠭᠠᠳᠠᠭ᠍ᠰᠢ ᠬᠦᠷᠭᠡᠭ᠌ᠰᠡᠨ ᠴᠠᠬᠢᠯᠭᠠᠨ᠎ᠤ ᠬᠡᠮᠵᠢᠶ᠎ᠡ ᠪᠥᠬᠥ᠌ ᠤᠯᠤᠰ᠎ᠤᠨ ᠵᠢᠷᠭᠤᠭᠠᠨ᠎ᠤ ᠨᠢᠭᠡ ᠬᠤᠪᠢ᠎ᠶ᠋ᠢ ᠡᠵᠡᠯᠡᠵᠦ᠍᠂ ᠥᠪᠥᠷ ᠮᠣᠩᠭᠣᠯ᠎ᠤᠨ ᠴᠠᠬᠢᠯᠭᠠᠨ ᠬᠦᠴᠦᠨ ᠳᠤᠮᠳᠠᠳᠤ ᠵᠢᠨ ᠡᠬᠡ ᠭᠠᠵᠠᠷ ᠤ᠋ᠨ ᠲᠦᠭ ᠲᠦᠮᠡᠨ ᠠᠢᠯ ᠡᠷᠦᠬᠡ᠎ᠶ᠋ᠢ ᠭᠡᠷᠡᠯᠲᠦᠭᠦᠯᠪᠡ᠃
《ᠱᠢᠨ᠎ᠡ ᠴᠠᠭ ᠦᠶ᠎ᠡ ᠱᠢᠨ᠎ᠡ ᠠᠶᠠᠨ᠎ᠳᠤ᠂ ᠪᠢᠳᠡ ᠢᠮᠠᠭ᠍ᠲᠠ 〈ᠬᠣᠶᠠᠷ ᠶᠡᠬᠡ ᠲᠠᠯ᠎ᠠ〉 ᠵᠢ ᠬᠡᠬᠦᠳᠡᠭ ᠴᠡᠭᠡᠵᠢᠨ᠎ᠳᠡᠭᠡᠨ ᠪᠠᠭ᠍ᠲᠠᠭᠠᠵᠤ᠂ 〈ᠤᠯᠤᠰ᠎ᠤᠨ ᠶᠡᠬᠡ ᠶᠠᠪᠤᠳᠠᠯ〉 ᠢ᠋ ᠪᠠᠲᠤ ᠴᠡᠭᠡᠵᠢᠯᠡᠵᠦ᠍᠂ ᠨᠡᠭᠦᠷᠡᠰᠦ ᠴᠠᠬᠢᠯᠭᠠᠨ ᠲᠤᠰᠤ ᠪᠠᠢᠭᠠᠯᠢ ᠵᠢᠨ ᠰᠢᠳᠠᠮᠠᠬᠠᠢ ᠬᠡᠢ ᠰᠠᠯᠬᠢ ᠭᠡᠷᠡᠯ᠎ᠢ ᠵᠡᠷᠭᠡ᠎ᠪᠡᠷ ᠡᠷᠬᠢᠮᠯᠡᠬᠦ᠌᠎ᠶ᠋ᠢ ᠪᠠᠷᠢᠮᠲᠠᠯᠠᠵᠤ᠂ ᠨᠡᠭᠦᠷᠡᠰᠦ ᠪᠠ ᠨᠡᠭᠦᠷᠡᠰᠦᠨ ᠴᠠᠬᠢᠯᠭᠠᠨ᠎ᠤ 〈ᠲᠤᠬᠳᠠᠪᠤᠷᠢᠵᠢᠭᠤᠯᠤᠬᠴᠢ〉 ᠵᠢ ᠴᠢᠨᠠᠭ᠍ᠰᠢᠳᠠ ᠪᠡᠬᠢᠵᠢᠭᠦᠯᠵᠦ᠍᠂ ᠴᠢᠯᠠᠭᠤᠨ ᠲᠤᠰᠤ ᠪᠠᠢᠭᠠᠯᠢ᠎ᠶ᠋ᠢᠨ ᠱᠢᠲᠠᠮᠠᠬᠠᠢ ᠬᠡᠢ ᠵᠢᠨ ᠨᠥᠭᠡᠴᠡ ᠦᠢᠯᠡᠳᠪᠦᠷᠢᠯᠡᠯ ᠢ᠋ ᠨᠡᠮᠡᠭᠳᠡᠭᠦᠯᠬᠦ᠎ᠶ᠋ᠢ ᠠᠬᠢᠭᠤᠯᠵᠤ᠂ ᠡᠨᠧᠷᠭᠢ᠎ᠶ᠋ᠢᠨ ᠬᠠᠩᠭᠠᠯᠭ᠎ᠠ᠎ᠶ᠋ᠢᠨ ᠤᠶᠠᠨ ᠬᠠᠳᠠᠨ ᠴᠢᠨᠠᠷ᠎ᠢ ᠴᠢᠩᠭᠠᠳᠭᠠᠵᠤ᠂ ᠡᠨᠧᠷᠭᠢ᠎ᠶ᠋ᠢᠨ ᠰᠠᠭᠤᠷᠢ ᠲᠥᠬᠥᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠵᠤ᠂ ᠤᠯᠠᠨ ᠵᠦᠢᠯ᠎ᠦᠨ ᠡᠨᠧᠷᠭᠢ ᠬᠠᠮᠵᠢᠯᠴᠠᠨ ᠬᠠᠷᠢᠯᠴᠠᠨ ᠨᠥᠬᠥᠪᠥᠷᠢᠯᠡᠬᠦ᠌᠂ ᠶᠡᠷᠦᠩᠬᠡᠢᠯᠡᠨ ᠠᠱᠢᠭ᠍ᠯᠠᠬᠤ᠂ ᠡᠷᠴᠢᠮᠵᠢᠭᠰᠡᠨ ᠥᠨᠳᠥᠷ ᠪᠦᠲᠦᠮᠵᠢᠲᠡᠢ ᠡᠨᠧᠷᠭᠢ ᠬᠠᠩᠭᠠᠬᠤ ᠠᠷᠭ᠎ᠠ ᠬᠡᠯᠪᠡᠷᠢ᠎ᠶ᠋ᠢ ᠪᠦᠷᠢᠯᠳᠦᠭᠦᠯᠵᠦ᠍᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠢ ᠪᠠᠲᠤᠯᠠᠬᠤ ᠳᠤᠮᠳᠠ ᠨᠡᠩ ᠶᠡᠬᠡ ᠡᠭᠦᠷᠭᠡᠯᠡᠯ᠂ ᠨᠡᠩ ᠶᠡᠬᠡ ᠵᠢᠳᠬᠦᠯ ᠴᠢᠷᠮᠠᠢᠯᠭ᠎ᠠ ᠭᠠᠷᠭᠠᠨ᠎ᠠ》 ᠭᠡᠵᠤ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶ᠋ᠢᠨ ᠲᠣᠪᠴᠢᠶ᠎ᠠ᠎ᠶ᠋ᠢᠨ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ ᠬᠡᠯᠡᠪᠡ᠃
《ᠨᠡᠭᠦᠷᠡᠰᠦ᠎ᠶ᠋ᠢ ᠠᠭᠠᠷ ᠵᠢᠡᠷ ᠬᠦᠷᠭᠡᠵᠦ᠍᠂ ᠴᠠᠬᠢᠯᠭᠠᠨ᠎ᠢ ᠪᠥᠬᠥ᠌ ᠤᠯᠤᠰ᠎ᠲᠤ ᠬᠦᠷᠭᠡᠨ᠎ᠡ》᠂ ᠥᠪᠥᠷ ᠮᠣᠩᠭᠣᠯ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠢ ᠪᠠᠲᠤᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠪᠠᠨ ᠡᠷᠡᠰ ᠰᠠᠢᠲᠤᠷ ᠭᠦᠶ᠋ᠴᠡᠳᠭᠡᠵᠦ᠍᠂ ᠡᠨᠧᠷᠭᠢ᠎ᠶ᠋ᠢᠨ ᠬᠠᠩᠭᠠᠯᠭ᠎ᠠ᠎ᠶ᠋ᠢ ᠪᠠᠲᠤᠯᠠᠬᠤ 《ᠲᠤᠬᠳᠠᠪᠤᠷᠢᠵᠢᠭᠤᠯᠤᠬᠴᠢ》 ᠪᠣᠯᠵᠣ᠂ ᠡᠨᠧᠷᠭᠢ᠎ᠶ᠋ᠢᠨ ᠬᠠᠩᠭᠠᠯᠭ᠎ᠠ᠎ᠶ᠋ᠢ ᠪᠠᠲᠤᠯᠠᠬᠤ 《ᠬᠠᠲᠠᠭᠤ》 ᠡᠭᠦᠷᠭᠡ᠎ᠵᠢ ᠡᠭᠦᠷᠭᠡᠯᠡᠨ᠎ᠠ᠃ ᠡᠨᠡ ᠵᠢᠯ᠂ ᠥᠪᠥᠷ ᠮᠣᠩᠭᠣᠯ ᠡᠨᠧᠷᠭᠢ᠎ᠶ᠋ᠢᠨ ᠬᠠᠩᠭᠠᠯᠭ᠎ᠠ᠎ᠶ᠋ᠢ ᠪᠠᠲᠤᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠦᠷᠭᠦᠯᠵᠢᠯᠡᠨ ᠡᠭᠦᠷᠭᠡᠯᠡᠵᠦ᠍᠂ ᠡᠨᠧᠷᠭᠢ᠎ᠶ᠋ᠢᠨ ᠠᠵᠤ ᠦᠶ᠋ᠯᠡᠳᠪᠦᠷᠢ᠎ᠶ᠋ᠢᠨ ᠪᠠᠲᠤᠯᠠᠭ᠎ᠠ᠎ᠶ᠋ᠢᠨ ᠰᠠᠭᠤᠷᠢ᠎ᠶ᠋ᠢ ᠦᠷᠭᠦᠯᠵᠢᠯᠡᠨ ᠪᠡᠬᠢᠵᠢᠭᠦᠯᠵᠦ᠍᠂ ᠪᠠᠢᠭᠤᠯᠵᠤ ᠪᠠᠢᠭ᠎ᠠ ᠨᠡᠭᠦᠷᠡᠰᠦᠨ ᠠᠭᠤᠷᠬᠠᠶ᠎ᠶ᠋ᠢ ᠠᠱᠢᠭ᠍ᠯᠠᠯᠲᠠ᠎ᠳᠤ ᠣᠷᠣᠭᠤᠯᠬᠤ᠎ᠶ᠋ᠢ ᠪᠥᠬᠥ᠌ ᠬᠦᠴᠦᠨ᠎ᠢᠶᠡᠷ ᠠᠬᠢᠭᠤᠯᠵᠤ᠂ ᠥᠪᠡᠷᠲᠡᠭᠡᠨ ᠬᠡᠷᠡᠭ᠌ᠯᠡᠬᠦ᠌ ᠪᠠ ᠭᠠᠳᠠᠭ᠍ᠰᠢ ᠬᠦᠷᠭᠡᠬᠦ ᠨᠡᠭᠦᠷᠡᠰᠦᠨ ᠴᠠᠬᠢᠯᠭᠠᠨ᠎ᠤ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ 2023 ᠣᠨ᠎ᠤ ᠰᠡᠭᠦᠯᠴᠢ ᠪᠣᠯᠬᠤ᠎ᠳᠤ ᠨᠡᠭᠦᠷᠡᠰᠦᠨ᠎ᠦ ᠭᠠᠷᠤᠯᠲᠠ᠎ᠶ᠋ᠢ 12.5 ᠳ᠋ᠦᠩᠱᠢᠭᠤᠷ ᠲᠣᠨ᠎ᠳᠤ ᠬᠦᠷᠭᠡᠵᠦ᠍᠂ ᠴᠠᠬᠢᠯᠭᠠᠨ ᠬᠦᠴᠦᠨ᠎ᠦ ᠮᠠᠱᠢᠨ ᠴᠣᠭ᠍ᠴᠠᠯᠠᠪᠤᠷᠢ᠎ᠶ᠋ᠢ 2 ᠳ᠋ᠦᠩᠱᠢᠭᠤᠷ ᠺᠢᠯᠦᠸᠠᠲ᠎ᠢ ᠳᠠᠪᠠᠭᠤᠯᠵᠤ᠂ ᠡᠭᠦᠨ᠎ᠳᠦ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ᠎ᠶ᠋ᠢ 9000 ᠲᠦᠮᠡᠨ ᠺᠢᠯᠦᠸᠠᠲ᠎ᠲᠤ ᠬᠦᠷᠭᠡᠵᠦ᠍᠂ ᠬᠤᠪᠢ᠎ᠶ᠋ᠢᠨ ᠵᠢᠩ᠎ᠢ 45%᠎ᠡᠴᠡ ᠳᠡᠭᠡᠭ᠌ᠰᠢ᠎ᠳᠦ ᠬᠦᠷᠭᠡᠬᠦ ᠪᠡᠷ ᠴᠢᠷᠮᠠᠢᠨ᠎ᠠ᠃
ᠴᠠᠭ ᠦᠶ᠎ᠡ᠎ᠶ᠋ᠢᠨ ᠤᠷᠤᠰᠭᠠᠯ ᠳᠣᠯᠭᠢᠶᠠᠯᠠᠨ ᠤᠷᠤᠭ᠍ᠰᠢᠯᠠᠵᠤ᠂ ᠡᠭᠦᠷᠭᠡ ᠬᠠᠷᠢᠭᠤᠴᠠᠯᠭ᠎ᠠ ᠬᠥᠮᠦᠰ᠎ᠢ ᠤᠷᠮᠠᠱᠢᠭᠤᠯᠤᠨ᠎ᠠ᠃ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠣᠯ ᠦᠷᠭᠦᠯᠵᠢᠯᠡᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠤᠮᠤᠭ ᠵᠤᠷᠢᠭ ᠪᠠᠳᠠᠷᠠᠩᠭᠤᠢ ᠪᠡᠷ ᠡᠷᠡᠯᠬᠡᠭᠯᠡᠨ ᠴᠢᠷᠮᠠᠢᠵᠤ᠂ ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ᠎ᠶ᠋ᠢᠨ 《ᠪᠣᠬᠢᠷᠲᠤᠯ ᠥᠬᠡᠶ》 ᠪᠡᠷ ᠬᠦᠭᠵᠢᠵᠤ᠂ 《ᠱᠢᠨ᠎ᠡ》 ᠲᠡᠢᠰᠢ ᠤᠷᠤᠭ᠍ᠰᠢᠯᠠᠬᠤ᠎ᠶ᠋ᠢ ᠠᠬᠢᠭᠤᠯᠵᠤ᠂ ᠡᠨᠧᠷᠭᠢ ᠵᠢᠨ ᠡᠬᠢ ᠪᠠᠶᠠᠯᠢᠭ᠎ᠤᠨ ᠬᠠᠩᠭᠠᠯᠭ᠎ᠠ᠎ᠶ᠋ᠢᠨ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠵᠦ᠍᠂ 《ᠡᠨᠧᠷᠭᠢ ᠵᠢᠨ ᠪᠤᠳᠠᠭᠠᠨ ᠠᠶᠠᠭ᠎ᠠ》 ᠵᠢ ᠲᠣᠭ᠍ᠲᠠᠭᠤᠨ ᠪᠠᠢᠯᠭᠠᠬᠤ᠎ᠳᠤ ᠨᠠᠩ ᠶᠡᠬᠡ ᠬᠤᠪᠢ ᠨᠡᠮᠡᠷᠢ ᠦᠵᠡᠭᠦᠯᠦᠨ᠎ᠡ᠃