
ᠼᠤᠤ ᠶᠦᠩ ᠫᠢᠩ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠸ᠎ᠠ ᠠᠵᠤ ᠠᠬᠤᠶ᠎ᠶ᠋ᠢᠨ ᠰᠤᠳᠤᠯᠭᠠᠨ᠎ᠤ ᠲᠥᠪ᠎ᠦᠨ ᠨᠡᠢᠭᠡᠮ᠎ᠦᠨ ᠬᠦᠭᠵᠢᠯᠳᠠ ᠵᠢ ᠰᠤᠳᠤᠯᠬᠤ ᠭᠠᠵᠡᠷ᠎ᠤᠨ ᠲᠠᠷᠤᠭ᠎ᠠ
ᠠᠷᠠᠳ ᠲᠦᠮᠡᠨ᠎ᠤ ᠬᠦᠰᠡᠯ ᠡᠷᠡᠮᠡᠯᠵᠡᠯ ᠪᠣᠯ ᠵᠠᠰᠠᠭ᠎ᠤᠨ ᠠᠵᠢᠯ᠎ᠤᠨ ᠬᠦᠴᠦᠯᠡᠬᠦ ᠴᠢᠭᠯᠡᠯ ᠶᠤᠮ᠃ ᠠᠷᠠᠳ᠎ᠤᠨ ᠠᠮᠢᠳᠤᠷᠠᠯ᠎ᠢ ᠠᠩᠬᠠᠷᠴᠤ᠌᠂ ᠠᠷᠠᠳ᠎ᠤᠨ ᠠᠮᠢᠳᠤᠷᠠᠯ᠎ᠢ ᠬᠦᠴᠦ᠍ᠯᠠᠨ ᠪᠠᠲᠤᠯᠠᠬᠤ ᠪᠠ ᠰᠠᠢᠵᠢᠷᠠᠭᠤᠯᠬᠤ ᠨᠢ ᠮᠠᠨ᠎ᠤ ᠨᠠᠮ᠎ᠤᠨ ᠠᠷᠠᠳ ᠲᠦᠮᠡᠨ᠎ᠢᠶᠡᠷ ᠭᠣᠣᠯ ᠪᠣᠯᠭᠠᠭ᠍ᠰᠠᠨ ᠦᠷᠳᠡᠭ᠎ᠦᠨ ᠬᠥᠭᠡᠭᠡᠴᠡᠯᠳᠦᠯ᠎ᠢ ᠢᠯᠡᠷᠡᠭᠦᠯᠵᠦ᠍᠂ ᠮᠠᠨ᠎ᠤ ᠨᠠᠮ᠎ᠤᠨ ᠤᠭ ᠰᠠᠨᠠᠭ᠎ᠠ ᠪᠠ ᠵᠣᠷᠢᠯᠲᠠ᠎ᠶ᠋ᠢ ᠢᠯᠡᠷᠡᠭᠦᠯᠪᠡ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠶᠡᠷᠦᠩᠬᠡᠶ ᠱᠦᠵᠢ ᠰᠢ᠎ᠶ᠋ᠢᠨ ᠫᠢᠩ ᠠᠷᠠᠳ᠎ᠤᠨ ᠠᠮᠢᠳᠤᠷᠠᠯ᠎ᠢ ᠪᠠᠲᠤᠯᠠᠬᠤ ᠠᠵᠢᠯ᠎ᠢ ᠰᠠᠢᠲᠤᠷ ᠬᠢᠬᠦ᠌ ᠲᠤᠬᠠᠶ ᠠᠯᠢ ᠣᠯᠠᠨ ᠴᠢᠬᠤᠯᠠ ᠵᠢᠭᠠᠪᠤᠷᠢ ᠦᠭᠴᠤ᠂ ᠠᠷᠠᠳ᠎ᠤᠨ ᠠᠮᠢᠳᠤᠷᠠᠯ ᠪᠣᠯ ᠬᠠᠮᠤᠭ᠎ᠤᠨ ᠶᠡᠬᠡ ᠤᠯᠤᠰ ᠲᠥᠷᠥ᠍ ᠮᠥᠨ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠨᠡᠮᠡᠭ᠌ᠳᠡᠭᠦᠯᠬᠦ᠌ ᠪᠣᠯ ᠬᠥᠭ᠌ᠵᠢᠯᠲᠡ᠎ᠶ᠋ᠢᠨ ᠦᠨᠳᠦᠰᠦᠨ ᠵᠣᠷᠢᠯᠭ᠎ᠠ ᠮᠥᠨ᠂ ᠠᠷᠠᠳ᠎ᠤᠨ ᠠᠮᠢᠳᠤᠷᠠᠯ᠎ᠤᠨ ᠠᠵᠢᠯ᠎ᠢ ᠬᠢᠬᠦ᠌᠎ᠳᠦ ᠡᠩ ᠲᠡᠷᠢᠭᠦᠨ᠎ᠳᠦ ᠠᠷᠠᠳ᠎ᠤᠨ ᠲᠥᠯᠥᠭᠡ ᠵᠢᠳᠬᠦᠬᠦ᠌ ᠰᠡᠳᠭᠢᠯᠭᠡ ᠲᠡᠶ ᠪᠠᠢᠵᠤ᠂ ᠠᠷᠠᠳ᠎ᠤᠨ ᠠᠮᠢᠳᠤᠷᠠᠯ᠎ᠤᠨ ᠠᠱᠢᠭ ᠲᠤᠰᠠ᠎ᠶ᠋ᠢ ᠢᠯᠡᠭᠦᠬᠡᠨ ᠪᠣᠳᠣᠯᠬᠢᠯᠠᠵᠤ᠂ ᠠᠷᠠᠳ᠎ᠤᠨ ᠠᠮᠢᠳᠤᠷᠠᠯ᠎ᠤᠨ ᠬᠦᠴᠢᠷ ᠵᠤᠪᠠᠭᠤᠷᠢ ᠵᠢ ᠢᠯᠡᠭᠦᠬᠡᠨ ᠱᠢᠶ᠋ᠳᠪᠦᠷᠢᠯᠡᠵᠦ᠍᠂ ᠬᠥᠭ᠌ᠵᠢᠯᠲᠡ᠎ᠶ᠋ᠢᠨ ᠳᠤᠮᠳᠠ ᠠᠷᠠᠳ᠎ᠤᠨ ᠠᠮᠢᠳᠤᠷᠠᠯ᠎ᠤᠨ ᠳᠤᠲᠠᠭᠤᠳᠠᠯ᠎ᠢ ᠨᠥᠬᠥᠪᠥᠷᠢᠯᠡᠵᠦ᠍᠂ ᠨᠡᠢᠭᠡᠮ᠎ᠦᠨ ᠲᠥᠪ ᠭᠣᠸ᠋ᠯᠴᠢ ᠱᠢᠳᠤᠷᠭᠤ ᠶᠣᠰᠣ᠎ᠶ᠋ᠢ ᠠᠬᠢᠭᠤᠯᠬᠤ ᠬᠡᠷᠡᠭ᠌ᠲᠡᠶ ᠭᠡᠵᠦ᠍ ᠭᠦᠨᠵᠡᠭᠡᠶ ᠵᠢᠭᠠᠵᠤ ᠭᠠᠷᠭᠠᠪᠠ᠃ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠬᠤᠭᠤᠴᠠᠭᠠᠨ᠎ᠳᠤ᠂ ᠶᠡᠷᠦᠩᠬᠡᠢ ᠱᠦᠵᠢ ᠰᠢ᠎ᠶ᠋ᠢᠨ ᠫᠢᠩ᠄《ᠠᠷᠠᠳ ᠲᠦᠮᠡᠨ᠎ᠢᠶᠡᠷ ᠭᠣᠣᠯ ᠪᠣᠯᠭᠠᠬᠤ᠎ᠶ᠋ᠢ ᠪᠠᠷᠢᠮᠲᠠᠯᠠᠵᠤ᠂ ᠬᠥᠭ᠌ᠵᠢᠯᠲᠡ᠎ᠶ᠋ᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠶ᠋ᠢ ᠨᠡᠩ ᠴᠢᠬᠤᠯᠠᠴᠢᠯᠠᠵᠤ᠂ ᠠᠷᠠᠳ᠎ᠤᠨ ᠠᠮᠢᠳᠤᠷᠠᠯ᠎ᠤᠨ ᠳᠤᠲᠠᠭᠤᠳᠠᠯ᠎ᠢ ᠨᠥᠬᠥᠪᠥᠷᠢᠯᠡᠵᠦ᠍᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠨᠡᠮᠡᠭ᠌ᠳᠡᠭᠦᠯᠵᠦ᠍᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠳᠦ ᠬᠠᠮᠲᠤ ᠪᠠᠷ ᠪᠠᠶᠠᠵᠢᠬᠤ᠎ᠶ᠋ᠢ ᠠᠬᠢᠭᠤᠯᠬᠤ ᠠᠵᠢᠯ ᠦᠨᠡᠨ ᠪᠤᠳᠠᠳᠠᠢ ᠶᠠᠪᠤᠬᠳᠠᠵᠤ ᠪᠠᠢᠨ᠎ᠠ᠂ ᠳᠡᠷᠭᠡᠳᠡ ᠨᠢ ᠪᠠᠢᠨ᠎ᠡ ᠬᠡᠳᠡᠭ᠎ᠢ ᠦᠨᠡᠨ ᠬᠦ᠌ ᠮᠡᠳᠡᠷᠡᠭᠦᠯᠬᠦ᠌ ᠬᠡᠷᠡᠭ᠌ᠲᠡᠢ》 ᠭᠡᠵᠦ᠍ ᠴᠢᠬᠤᠯᠠᠴᠢᠯᠠᠪᠠ᠃ ᠡᠨᠡ ᠬᠦ᠌ ᠴᠢᠬᠤᠯᠠ ᠵᠢᠭᠠᠪᠤᠷᠢ ᠨᠢ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠶᠠᠪᠤᠴᠠ᠎ᠳᠤ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠲᠠᠰᠤᠷᠠᠯᠲᠠ ᠦᠭᠡᠢ ᠨᠡᠮᠡᠭ᠌ᠳᠡᠭᠦᠯᠬᠦ᠂ ᠬᠠᠮᠲᠤ ᠪᠠᠷ ᠪᠡᠶᠡᠵᠢᠬᠤ᠌ᠶ᠋ᠢ ᠠᠬᠢᠭᠤᠯᠬᠤ᠎ᠳᠤ ᠴᠢᠭ᠌ᠯᠡᠯ᠎ᠢ ᠲᠣᠳᠣᠷᠬᠠᠢ ᠵᠢᠭᠠᠵᠤ ᠦᠭᠴᠤ᠂ ᠦᠨᠳᠦᠰᠦᠨ ᠵᠢᠷᠤᠮᠯᠠᠯ ᠬᠠᠩᠭᠠᠵᠠᠢ᠃ ᠪᠢᠳᠡ ᠡᠨᠡ ᠬᠦ᠌ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠍᠂ ᠠᠷᠠᠳ᠎ᠤᠨ ᠠᠮᠢᠳᠤᠷᠠᠯ᠎ᠤᠨ ᠲᠤᠪᠤᠢ᠌ᠮ᠎ᠠ ᠠᠰᠠᠭᠤᠳᠠᠯ᠎ᠢ ᠴᠢᠩ ᠦᠨᠡᠨ ᠰᠡᠳᠭᠢᠯ ᠡᠴᠡ ᠪᠠᠨ ᠦᠷᠭᠦᠯᠵᠢᠯᠡᠨ ᠱᠢᠢᠳᠪᠦᠷᠢᠯᠡᠵᠦ᠍᠂ ᠠᠷᠠᠳ᠎ᠤᠨ ᠠᠮᠢᠳᠤᠷᠠᠯ᠎ᠳᠤ ᠬᠤᠯᠪᠤᠭᠳᠠᠭᠰᠠᠠ ᠲᠦᠷᠦ᠍᠎ᠶ᠋ᠢᠨ ᠪᠤᠳᠤᠯᠭ᠎ᠠ᠎ᠶ᠋ᠢ ᠪᠣᠳᠠᠲᠠᠢ ᠨᠠᠢᠳᠠᠪᠤᠷᠢᠵᠢᠭᠤᠯᠵᠤ᠂ ᠠᠷᠠᠳ᠎ᠲᠤ ᠠᠱᠢᠭ ᠬᠦᠷᠲᠡᠭᠡᠬᠦ᠌ ᠲᠦᠷᠦ᠍᠎ᠶ᠋ᠢᠨ ᠪᠤᠳᠤᠯᠭ᠎ᠠ᠎ᠶ᠋ᠢ ᠨᠡᠩ ᠦᠷᠭᠦᠯᠵᠢᠯᠡᠭᠦᠯᠤᠨ᠂ ᠬᠠᠮᠲᠤ ᠪᠠᠷ ᠡᠳ᠋ᠯᠡᠬᠦ᠌ ᠬᠥᠭ᠌ᠵᠢᠯᠲᠡ᠎ᠶ᠋ᠢᠨ ᠳᠤᠮᠳᠠ ᠬᠠᠮᠲᠤ ᠪᠠᠷ ᠪᠠᠶᠠᠵᠢᠬᠤ ᠶ᠋ᠢ ᠠᠬᠢᠭᠤᠯᠬᠤ ᠬᠡᠷᠡᠭᠳᠡᠢ᠃
ᠣᠷᠣᠯᠭ᠎ᠠ ᠵᠢ ᠨᠡᠮᠡᠭ᠌ᠳᠡᠭᠦᠯᠦᠨ ᠠᠷᠠᠳ᠎ᠢ ᠪᠠᠶᠠᠵᠢᠭᠤᠯᠬᠤ᠎ᠶ᠋ᠢ ᠲᠤᠪᠤᠢ᠌ᠯᠭᠠᠵᠤ᠂ ᠠᠵᠢᠯ ᠣᠯᠭᠣᠯᠲᠠ ᠣᠷᠣᠯᠭ᠎ᠠ᠎ᠶ᠋ᠢ ᠪᠠᠲᠤᠯᠠᠬᠤ᠎ᠶ᠋ᠢ ᠬᠦᠴᠦᠯᠡᠨ ᠠᠬᠢᠭᠤᠯᠤᠨ᠎ᠠ᠃ ᠬᠡᠯᠪᠡᠷᠢ ᠪᠡᠨ ᠬᠤᠪᠢᠷᠠᠭᠤᠯᠬᠤ ᠬᠡᠷᠡᠭ᠌ᠴᠡᠭᠡ ᠪᠤᠯᠤᠨ ᠭᠣᠣᠯᠳᠠᠯᠭ᠎ᠠ ᠲᠠᠶ ᠬᠦᠮᠤᠰ ᠲᠤ᠌ ᠠᠩᠬᠠᠷᠤᠯ᠎ᠢᠶᠠᠨ ᠲᠥᠪᠯᠡᠷᠡᠭᠦᠯᠵᠦ᠍᠂ ᠠᠵᠢᠯ ᠣᠯᠭᠣᠵᠤ ᠦᠢᠯᠡᠰ ᠪᠤᠰᠬᠠᠬᠤ᠎ᠳᠤ ᠨᠡᠩ ᠢᠳᠡᠪᠬᠢᠲᠡᠶ ᠲᠦᠷᠦ᠍᠎ᠶ᠋ᠢᠨ ᠪᠤᠳᠤᠯᠭ᠎ᠠ᠎ᠶ᠋ᠢ ᠬᠡᠷᠡᠭ᠌ᠵᠢᠭᠦᠯᠵᠦ᠍᠂ ᠤᠯᠠᠨ ᠨᠡᠢᠲᠡ᠎ᠶ᠋ᠢᠨ ᠠᠵᠢᠯ ᠣᠯᠭᠣᠯᠲᠠ᠎ᠶ᠋ᠢᠨ ᠦᠢᠯᠡᠴᠢᠯᠡᠭᠡ᠎ᠶ᠋ᠢ ᠬᠦᠴᠦᠯᠡᠨ ᠴᠢᠩᠭᠠᠳᠭᠠᠵᠤ᠂ ᠠᠵᠢᠯ ᠤᠯᠬᠤ᠎ᠳᠤ ᠬᠦᠴᠢᠷᠲᠡᠶ ᠬᠦᠮᠤᠰ᠎ᠢ ᠬᠠᠪᠰᠤᠷᠤᠨ ᠲᠡᠳᠬᠦᠬᠦ᠌ ᠡᠷᠴᠢᠮ᠎ᠢᠶᠡᠨ ᠴᠢᠩᠭᠠᠷᠠᠭᠤᠯᠬᠤ ᠬᠡᠷᠡᠭᠳᠡᠢ᠃ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠪᠣᠯᠪᠠᠰᠤᠷᠠᠯ᠎ᠤᠨ ᠱᠢᠰᠲ᠋ᠧᠮ᠎ᠢ ᠤᠯᠠᠮ ᠲᠡᠭᠦᠯᠳᠡᠷᠵᠢᠭᠦᠯᠵᠦ᠍᠂ ᠵᠠᠰᠠᠭ᠎ᠤᠨ ᠣᠷᠳᠣᠨ᠎ᠤ ᠨᠥᠬᠥᠪᠥᠷᠢ᠎ᠶ᠋ᠢᠨ ᠴᠢᠨᠠᠷᠲᠠᠶ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠪᠣᠯᠪᠠᠰᠤᠷᠠᠯ᠎ᠢ ᠴᠢᠩᠭᠠᠳᠭᠠᠨ᠂ ᠦᠶ᠋ᠯᠡᠰ ᠪᠤᠰᠬᠠᠬᠤ᠎ᠪᠠᠷ ᠠᠵᠢᠯ ᠣᠯᠭᠣᠯᠲᠠ᠎ᠶ᠋ᠢ ᠳᠠᠢᠴᠢᠯᠠᠬᠤ ᠵᠡᠷᠬᠡ ᠣᠯᠠᠨ ᠠᠷᠭ᠎ᠠ ᠵᠠᠮ᠎ᠢᠶᠠᠷ ᠠᠵᠢᠯ ᠤᠯᠭᠤᠯᠳᠠ ᠵᠢ ᠠᠮᠢᠳᠤᠯᠢᠬ ᠪᠤᠯᠭᠠᠬᠤ ᠬᠡᠷᠡᠭᠳᠡᠢ᠃ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠶ᠋ᠢᠨ ᠲᠥᠷᠥᠯ ᠵᠦᠢᠯ᠎ᠢ ᠬᠡᠷᠡᠭᠵᠢᠬᠦᠯᠤᠨ ᠠᠵᠢᠯ ᠣᠯᠭᠣᠬᠤ ᠲᠡᠳᠬᠦᠮᠵᠢ᠎ᠶ᠋ᠢ ᠣᠷᠣᠯᠠᠭᠤᠯᠵᠦ᠍᠂ ᠲᠤᠬᠠᠶ᠎ᠶ᠋ᠢᠨ ᠭᠠᠵᠠᠷ᠎ᠤᠨ ᠣᠯᠠᠨ ᠲᠦᠮᠡᠨ᠎ᠦ ᠣᠷᠣᠯᠭ᠎ᠠ᠎ᠶ᠋ᠢᠨ ᠨᠡᠮᠡᠭ᠌ᠳᠡᠯ᠎ᠢ ᠠᠬᠢᠭᠤᠯᠵᠤ᠂ ᠲᠠᠷᠢᠶᠠᠯᠠᠩ ᠠᠵᠤ ᠠᠬᠤᠢᠯᠠᠯ᠎ᠤᠨ ᠠᠱᠢᠭ ᠲᠤᠰᠠ᠎ᠶ᠋ᠢᠨ ᠬᠣᠯᠪᠣᠭᠠᠨ᠎ᠤ ᠲᠣᠭ᠍ᠲᠠᠴᠠ᠂ ᠭᠠᠴᠠᠭ᠎ᠠ ᠲᠣᠰᠭᠣᠨ᠎ᠤ ᠬᠠᠮᠲᠤ᠎ᠶ᠋ᠢᠨ ᠠᠵᠤ ᠠᠬᠤᠶ᠂ ᠲᠠᠷᠢᠶᠠᠯᠠᠩ᠎ᠤᠨ ᠪᠦᠳᠦᠬᠡᠭᠳᠡᠬᠦᠨ ᠮᠠᠯ᠎ᠤᠨ ᠠᠱᠢᠭ ᠱᠢᠮ᠎ᠡ᠎ᠶ᠋ᠢᠨ ᠡᠯᠧᠺᠲ᠋ᠷᠣᠨ ᠬᠤᠳᠠᠯᠳᠤᠭᠠᠨ᠎ᠤ ᠲᠠᠪᠴᠠᠩ ᠵᠡᠷᠭᠡ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠨ᠂ ᠮᠠᠯᠴᠢᠨ ᠲᠠᠷᠢᠶᠠᠴᠢᠨ᠎ᠤ ᠤᠷᠤᠯᠭ᠎ᠠ ᠵᠢᠨ ᠨᠡᠮᠡᠭᠳᠡᠯ᠎ᠢ ᠲᠠᠢᠴᠢᠯᠠᠬᠤ ᠬᠡᠷᠡᠭᠳᠡᠢ᠃ ᠰᠦᠯᠵᠢᠶᠡᠨ ᠳᠡᠭᠡᠷᠡᠬᠢ ᠪᠠ ᠠᠬᠤᠢ ᠲᠡᠯᠡᠪᠡᠢ ᠵᠢᠨ ᠦᠢᠯᠡᠴᠢᠯᠡᠭᠡᠨ᠎ᠦ ᠠᠷᠭ᠎ᠠ ᠬᠡᠯᠪᠡᠷᠢ᠎ᠵᠢᠨ ᠱᠢᠨ᠎ᠡ᠎ᠶ᠋ᠢ ᠡᠭᠦᠳᠴᠦ᠍᠂ ᠤᠯᠠᠨ ᠨᠡᠢᠲᠡ᠎ᠶ᠋ᠢᠨ ᠠᠵᠢᠯ ᠣᠯᠭᠣᠯᠲᠠ᠎ᠶ᠋ᠢᠨ ᠦᠢᠯᠡᠴᠢᠯᠡᠭᠡᠨ᠎ᠦ ᠲᠠᠪᠴᠠᠩ᠎ᠤᠨ ᠴᠢᠳᠠᠮᠵᠢ᠎ᠶ᠋ᠢ ᠲᠡᠭᠦᠯᠳᠡᠷᠵᠢᠭᠦᠯᠬᠦ ᠪᠠ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠌᠎ᠶ᠋ᠢ ᠠᠬᠢᠭᠤᠯᠵᠤ᠂ ᠠᠵᠢᠯ ᠣᠯᠭᠣᠯᠲᠠ᠂ ᠦᠢᠯᠡᠰ ᠪᠤᠰᠬᠠᠬᠤ ᠦᠢᠯᠡᠴᠢᠯᠡᠭᠡᠨ᠎ᠦ ᠡᠴᠦᠰ᠎ᠦᠨ ᠨᠢᠭᠡ ᠺᠢᠯᠣᠮᠧᠲ᠋ᠷ᠎ᠢ ᠨᠡᠪᠲᠡᠷᠡᠭᠦᠯᠵᠦ᠍᠂ ᠴᠢᠨᠠᠷ ᠰᠠᠢᠲᠠᠶ ᠠᠵᠢᠯ ᠣᠯᠭᠣᠯᠲᠠ᠎ᠪᠠᠷ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ ᠪᠠ ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠳᠤᠭᠳᠠᠭᠤᠨ ᠵᠢᠡᠷ ᠨᠡᠮᠡᠭᠳᠡᠬᠦ ᠵᠢ ᠠᠬᠢᠭᠤᠯᠬᠤ ᠬᠡᠷᠡᠭᠳᠡᠢ᠃
ᠠᠷᠠᠳ᠎ᠲᠤ ᠦᠢᠯᠡᠴᠢᠯᠡᠵᠦ᠍ ᠠᠷᠠᠳ᠎ᠲᠤ ᠠᠱᠢᠭ ᠬᠦᠷᠲᠡᠭᠡᠬᠦ᠌᠎ᠶ᠋ᠢ ᠪᠠᠷᠢᠮᠲᠠᠯᠠᠵᠤ᠂ ᠤᠯᠠᠨ ᠲᠦᠮᠡᠨ᠎ᠦ ᠳᠡᠷᠭᠡᠳᠡᠬᠢ ᠶᠠᠪᠤᠳᠠᠯ᠎ᠢ ᠬᠦᠴᠦᠯᠡᠨ ᠰᠠᠢᠲᠤᠷ ᠬᠢᠬᠦ᠌ ᠬᠡᠷᠡᠭ᠌ᠲᠡᠢ᠃ ᠠᠷᠠᠳ ᠲᠦᠮᠡᠨ᠎ᠦ ᠰᠠᠢ᠌ᠨ ᠰᠠᠢᠬᠠᠨ ᠠᠮᠢᠳᠤᠷᠠᠯ᠎ᠤᠨ ᠲᠤᠬᠠᠶ ᠬᠦᠰᠡᠯ ᠡᠷᠡᠮᠡᠯᠵᠡᠯ᠎ᠢ ᠪᠠᠲᠤ ᠡᠵᠡᠮᠳᠡᠵᠦ᠍᠂ ᠴᠢᠨᠠᠷ ᠰᠠᠢᠲᠠᠶ ᠪᠥᠭᠡᠳ ᠲᠡᠩᠴᠡᠭᠦᠷᠢᠲᠡᠶ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠱᠢᠰᠲ᠋ᠧᠮ᠎ᠢ ᠲᠦᠷᠭᠡᠪᠴᠢᠯᠡᠨ ᠪᠠᠢᠭᠤᠯᠬᠤ ᠬᠡᠷᠡᠭᠳᠡᠢ᠃ ᠰᠤᠷᠭᠠᠨ ᠬᠥᠮᠦᠵᠢᠯ᠎ᠦᠨ ᠣᠳᠣᠬᠢᠴᠢᠯᠠᠯᠲᠠ᠎ᠶ᠋ᠢᠨ ᠲᠦᠪᠱᠢᠨ᠎ᠢ ᠲᠦᠷᠭᠡᠳᠬᠡᠨ ᠳᠡᠭᠡᠭ᠌ᠰᠢᠯᠡᠭᠦᠯᠵᠦ᠍᠂ ᠱᠢᠯᠭᠠᠯᠲᠠ᠎ᠪᠠᠷ ᠰᠣᠷᠣᠭ᠍ᠴᠢ ᠡᠯᠰᠡᠬᠦ᠌ ᠲᠦᠷᠢᠮ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ 《ᠬᠣᠶᠠᠷ᠎ᠢ ᠬᠦᠩᠬᠡᠷᠡᠬᠦᠯᠬᠦ》 ᠵᠡᠷᠭᠡ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠰᠤᠷᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠂ ᠳᠤᠮᠳᠠᠳᠤ ᠪᠠᠭ᠎ᠠ ᠰᠤᠷᠭᠠᠭᠤᠯᠢ᠎ᠶ᠋ᠢ ᠥᠭᠡᠷᠡᠴᠢᠯᠡᠵᠦ᠍ ᠥᠷᠭᠡᠳᠭᠡᠨ ᠪᠠᠢᠭᠤᠯᠬᠤ᠂ ᠤᠨᠴᠠᠯᠢᠬ᠍ᠳᠤ ᠰᠤᠷᠭᠠᠭᠤᠯᠢ᠎ᠶ᠋ᠢᠨ ᠪᠠᠢᠭᠤᠯᠤᠯᠲᠠ ᠵᠡᠷᠭᠡ ᠲᠠᠯ᠎ᠠ᠎ᠪᠠᠷ ᠬᠢ ᠣᠷᠣᠭᠤᠯᠤᠯᠲᠠ᠎ᠶ᠋ᠢᠨ ᠡᠷᠴᠢᠮ᠎ᠢ ᠴᠢᠩᠭᠠᠷᠠᠭᠤᠯᠵᠤ᠂ ᠠᠷᠠᠳ ᠣᠯᠠᠨ᠎ᠤ ᠴᠢᠨᠠᠷ ᠰᠠᠢᠳᠠᠢ ᠰᠤᠷᠭᠠᠨ ᠬᠥᠮᠦᠵᠢᠯ᠎ᠦᠨ ᠱᠢᠨ᠎ᠡ ᠬᠦᠰᠡᠯ ᠡᠷᠡᠮᠡᠯᠵᠡᠯ᠎ᠢ ᠨᠠᠩ ᠰᠠᠢᠲᠤᠷ ᠬᠠᠩᠭᠠᠬᠤ ᠬᠡᠷᠡᠭ᠌ᠲᠡᠶ᠃ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠯ᠎ᠤᠨ ᠥᠭᠡᠷᠡᠴᠢᠯᠡᠯᠲᠡ᠎ᠶ᠋ᠢ ᠨᠢᠭᠡᠳᠦᠯᠲᠡᠶ ᠲᠥᠯᠥᠪᠵᠢᠬᠦᠯᠦᠨ ᠠᠬᠢᠭᠤᠯᠵᠤ᠂ ᠦᠨᠳᠦᠰᠦᠨ ᠱᠠᠲᠤᠨ᠎ᠤ ᠬᠢᠲᠠᠳ (ᠮᠣᠩᠭᠣᠯ) ᠡᠮ ᠡᠮᠨᠡᠯᠭᠡ᠎ᠶ᠋ᠢᠨ ᠦᠶ᠋ᠯᠡᠴᠢᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠥᠷᠨᠢᠭᠦᠯᠦᠨ᠂ ᠴᠢᠨᠠᠷ ᠰᠠᠢᠲᠠᠶ ᠡᠮᠴᠢᠯᠡᠭᠡᠨ᠎ᠦ ᠡᠬᠢ ᠪᠠᠶᠠᠯᠢᠭ᠎ᠤᠨ ᠪᠠᠭ᠍ᠲᠠᠭᠠᠮᠵᠢ᠎ᠶ᠋ᠢ ᠥᠷᠭᠡᠳᠭᠡᠬᠦ᠌ ᠪᠠ ᠣᠷᠣᠨ ᠪᠦᠰᠡ᠎ᠶ᠋ᠢᠨ ᠲᠡᠩᠴᠡᠭᠦᠷᠢᠲᠡᠶ ᠪᠠᠢᠷᠢᠱᠢᠭᠤᠯᠤᠯᠲᠠ᠎ᠶ᠋ᠢ ᠠᠬᠢᠭᠤᠯᠵᠤ᠂ ᠣᠯᠠᠨ ᠲᠦᠮᠡᠨ᠎ᠦ ᠡᠪᠡᠳᠴᠢᠨ ᠦᠵᠡᠭᠦᠯᠵᠦ᠍ ᠡᠮ ᠬᠤᠳᠠᠯᠳᠤᠨ ᠠᠪᠬᠤ ᠳᠥᠭᠥᠮ ᠲᠦᠷᠬᠡᠨ ᠴᠢᠨᠠᠷ᠂ ᠥᠨᠳᠥᠷ ᠦᠷ᠎ᠡ ᠠᠱᠢᠭ᠍ᠲᠤ ᠴᠢᠨᠠᠷ᠂ ᠠᠮᠤᠷ ᠲᠦᠪᠱᠢᠨ᠎ᠦ ᠴᠢᠨᠠᠷ᠎ᠢ ᠳᠡᠭᠡᠭ᠌ᠰᠢᠯᠡᠭᠦᠯᠬᠦ ᠬᠡᠷᠡᠭᠳᠡᠢ᠃