
ᠵᠢᠶᠠᠩ ᠬᠣᠩ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠤᠨ ᠲᠠᠷᠤᠭ᠎ᠠ
ᠶᠡᠷᠦᠩᠬᠡᠶ ᠱᠦᠵᠢ ᠰᠢ᠎ᠶ᠋ᠢᠨ ᠫᠢᠩ ᠵᠢᠭᠠᠵᠤ ᠭᠠᠷᠭᠠᠬᠤ᠎ᠳᠠᠭᠠᠨ᠂ 《ᠨᠡᠢᠭᠡᠮ᠎ᠦᠨ ᠠᠪᠤᠷᠠᠨ ᠲᠤᠰᠠᠯᠠᠯᠲᠠ᠂ ᠡᠮ ᠡᠮᠨᠡᠯᠭᠡ᠎ᠶ᠋ᠢᠨ ᠠᠪᠤᠷᠠᠨ ᠲᠤᠰᠠᠯᠠᠯᠲᠠ᠂ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ ᠪᠠ ᠬᠦᠴᠢᠷᠳᠡᠯᠲᠡᠶ ᠬᠡᠷ ᠪᠦᠯᠢ᠎ᠶ᠋ᠢᠨ ᠪᠠᠲᠤᠯᠠᠭ᠎ᠠ᠎ᠶ᠋ᠢᠨ ᠲᠡᠳᠬᠦᠨ ᠳᠡᠮᠵᠢᠬᠦ᠌ ᠠᠷᠭ᠎ᠠ ᠬᠡᠮᠵᠢᠶ᠎ᠡ᠎ᠶ᠋ᠢ ᠴᠢᠩᠭᠠᠳᠬᠠᠵᠤ᠂ ᠨᠠᠰᠤᠵᠢᠯ᠎ᠤᠨ ᠠᠰᠠᠷᠠᠮᠵᠢ᠎ᠶ᠋ᠢᠨ ᠠᠵᠢᠯ ᠦᠶ᠋ᠯᠡᠰ ᠪᠠ ᠨᠠᠰᠤᠵᠢᠯ᠎ᠤᠨ ᠠᠰᠠᠷᠠᠮᠵᠢ᠎ᠶ᠋ᠢᠨ ᠠᠵᠤ ᠦᠶ᠋ᠯᠡᠰ᠎ᠢ ᠬᠥᠭ᠌ᠵᠢᠭᠦᠯᠬᠦ᠌ ᠬᠡᠷᠡᠭ᠌ᠲᠡᠶ》 ᠭᠡᠵᠠᠢ᠃ ᠡᠨᠡ ᠨᠢ ᠠᠷᠠᠳ᠎ᠤᠨ ᠠᠮᠢᠳᠤᠷᠠᠯ ᠠᠷᠠᠳ᠎ᠤᠨ ᠶᠠᠪᠤᠳᠠᠯ᠎ᠤᠨ ᠠᠵᠢᠯ᠎ᠢ ᠰᠠᠢᠲᠤᠷ ᠬᠢᠬᠦ᠌᠎ᠳᠦ ᠦᠨᠳᠦᠰᠦᠨ ᠵᠢᠷᠤᠮᠯᠠᠯ ᠬᠠᠩᠭᠠᠭ᠍ᠰᠠᠨ ᠪᠠᠢᠨ᠎ᠠ᠃ ᠪᠢᠳᠡ ᠶᠡᠷᠦᠩᠬᠡᠶ ᠱᠦᠵᠢ ᠰᠢ᠎ᠶ᠋ᠢᠨ ᠫᠢᠩ᠎ᠤᠨ ᠴᠢᠬᠤᠯᠠ ᠵᠢᠭᠠᠪᠤᠷᠢ ᠪᠠ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠵᠢ ᠣᠳᠣᠬᠠᠨ᠎ᠤ ᠪᠠ ᠬᠣᠢᠱᠢᠳᠠ᠎ᠶ᠋ᠢᠨ ᠨᠢᠭᠡᠨ ᠬᠤᠭᠤᠴᠠᠭᠠᠨ᠎ᠤ ᠴᠢᠬᠤᠯᠠ ᠤᠯᠤᠰ ᠲᠦᠷᠦ᠍᠎ᠶ᠋ᠢᠨ ᠡᠭᠦᠷᠭᠡ ᠪᠣᠯᠭᠠᠵᠤ᠂ ᠭᠣᠣᠯ ᠰᠡᠳᠦᠪᠲᠦ ᠬᠥᠮᠦᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ ᠲᠠᠶ ᠤᠶᠠᠯᠳᠤᠭᠤᠯᠵᠤ᠂ ᠠᠷᠠᠳ᠎ᠤᠨ ᠠᠮᠢᠳᠤᠷᠠᠯ᠎ᠤᠨ ᠠᠱᠢᠭ ᠲᠤᠰᠠ᠎ᠶ᠋ᠢ ᠢᠯᠡᠭᠦᠬᠡᠨ ᠪᠣᠳᠣᠯᠬᠢᠯᠠᠵᠤ᠂ ᠠᠷᠠᠳ᠎ᠤᠨ ᠠᠮᠢᠳᠤᠷᠠᠯ᠎ᠤᠨ ᠬᠦᠴᠢᠷ ᠵᠣᠪᠠᠭᠤᠷᠢ᠎ᠶ᠋ᠢ ᠢᠯᠡᠭᠦᠬᠡᠨ ᠱᠢᠶ᠋ᠳᠪᠦᠷᠢᠯᠡᠵᠦ᠍᠂ ᠪᠣᠳᠠᠲᠠᠶ ᠠᠵᠢᠯᠯᠠᠬᠤ ᠪᠠᠷ ᠱᠢᠨ᠎ᠡ ᠵᠢᠷᠤᠭ ᠲᠥᠰᠦᠪ ᠵᠢᠠᠨ ᠵᠢᠷᠤᠭ᠍ᠯᠠᠬᠤ ᠬᠡᠷᠡᠭ᠌ᠲᠡᠶ᠃
ᠬᠦᠴᠦᠨ᠎ᠢᠶᠡᠨ ᠲᠥᠪᠯᠡᠷᠡᠭᠦᠯᠵᠦ᠍ ᠲᠡᠰ ᠳᠠᠪᠬᠤᠷᠭ᠎ᠠ ᠲᠦᠷᠦᠯ ᠬᠤᠪᠢᠶᠠᠭ᠍ᠰᠠᠨ ᠨᠡᠢᠭᠡᠮ᠎ᠦᠨ ᠠᠪᠤᠷᠠᠨ ᠲᠤᠰᠠᠯᠠᠬᠤ ᠱᠢᠰᠲ᠋ᠧᠮ᠎ᠢ ᠪᠦᠷᠢᠨᠱᠢᠬᠦᠯᠵᠦ᠍᠂ ᠦᠨᠡᠨ ᠬᠦ᠌ ᠰᠠᠭᠤᠷᠢ᠎ᠶ᠋ᠢ ᠨᠢ ᠰᠠᠢᠲᠤᠷ ᠪᠠᠲᠤᠯᠠᠨ᠎ᠠ᠃ ᠤᠢ᠍ᠢᠷ᠎ᠠ᠎ᠶ᠋ᠢᠨ ᠵᠢᠯ᠎ᠡᠴᠡ ᠪᠢᠳᠡ ᠶᠠᠳᠠᠭᠤ᠎ᠠᠴᠠ ᠠᠩᠭᠢᠵᠢᠷᠠᠭᠤᠯᠵᠤ ᠪᠣᠭᠣᠮᠲᠠ ᠱᠢᠪᠲᠤᠯᠬᠤ ᠠᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌᠂ ᠣᠨᠴᠠᠭᠠᠢ ᠬᠦᠮᠤᠰ ᠪᠤᠯᠤᠨ ᠤᠯᠠᠨ ᠲᠦᠮᠡᠨ᠎ᠦ ᠰᠠᠨᠠᠭᠠᠰᠢᠷᠠᠵᠤ ᠪᠠᠢᠭ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠦᠷᠢᠮ᠎ᠦᠨ ᠱᠢᠰᠲᠸᠮ᠎ᠢ ᠴᠢᠨᠠᠭ᠍ᠰᠢᠳᠠ ᠲᠡᠭᠦᠯᠳᠡᠷᠵᠢᠭᠦᠯᠵᠦ᠍᠂ ᠪᠠᠢᠭᠤᠯᠤᠮᠵᠢ ᠲᠣᠭ᠍ᠲᠠᠴᠠ᠎ᠶ᠋ᠢ ᠪᠦᠷᠢᠨᠱᠢᠬᠦᠯᠵᠦ᠍᠂ ᠲᠦᠷᠦ᠍᠎ᠶ᠋ᠢᠨ ᠪᠤᠳᠤᠯᠭ᠎ᠠ᠎ᠶ᠋ᠢᠨ ᠨᠠᠢᠳᠠᠪᠤᠷᠢᠵᠢᠭᠤᠯᠤᠯᠲᠠ᠎ᠶ᠋ᠢ ᠴᠢᠩᠭᠠᠳᠭᠠᠵᠤ᠂ ᠨᠡᠢᠭᠡᠮ᠎ᠦᠨ ᠠᠪᠤᠷᠠᠨ ᠲᠤᠰᠠᠯᠠᠬᠤ ᠠᠵᠢᠯ᠎ᠤᠨ ᠲᠦᠷᠭᠡᠨ ᠬᠥᠭ᠌ᠵᠢᠯᠲᠡ᠎ᠶ᠋ᠢ ᠠᠬᠢᠭᠤᠯᠤᠨ᠂ ᠬᠦᠴᠢᠷᠳᠡᠯᠲᠡᠢ ᠤᠯᠠᠨ ᠲᠦᠮᠡᠨ᠎ᠦ ᠦᠨᠳᠦᠰᠦᠨ ᠠᠮᠢᠳᠤᠷᠠᠯ᠎ᠢ ᠪᠠᠲᠤᠯᠠᠪᠠ᠃ ᠳᠠᠷᠠᠭᠠᠴᠢ ᠶ᠋ᠢᠨ ᠠᠯᠬᠤᠮ᠎ᠳᠤ᠂ ᠪᠢᠳᠡ ᠪᠦᠬᠦ᠌ ᠠᠷᠠᠳ ᠲᠦᠮᠡᠨ᠎ᠦ ᠬᠠᠮᠲᠤ ᠪᠠᠷ ᠪᠠᠶᠠᠵᠢᠨ ᠴᠢᠨᠡᠭᠡᠯᠢᠭ᠌ᠵᠢᠬᠦ᠌᠎ᠶ᠋ᠢ ᠠᠬᠢᠭᠤᠯᠵᠤ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠨᠡᠮᠡᠭ᠌ᠳᠡᠭᠦᠯᠬᠦ᠌ ᠲᠠᠯ᠎ᠠ ᠪᠠᠷ ᠦᠨᠳᠦᠰᠦᠨ ᠵᠦᠢᠯ᠎ᠢ ᠪᠠᠲᠤᠯᠠᠬᠤ ᠦᠢᠯᠡᠳᠦᠯ᠎ᠢ ᠴᠢᠨᠠᠭ᠍ᠰᠢᠳᠠ ᠪᠠᠳᠠᠷᠠᠭᠤᠯᠵᠤ᠂ ᠨᠡᠢᠭᠡᠮ᠎ᠦᠨ ᠠᠪᠤᠷᠠᠨ ᠲᠤᠰᠠᠯᠠᠬᠤ ᠲᠦᠷᠢᠮ᠎ᠦᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠬᠦᠷᠢᠶ᠎ᠡ ᠬᠡᠪᠴᠢᠶ᠎ᠡ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠵᠦ᠍ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠴᠢᠩᠭᠠᠳᠭᠠᠬᠤ ᠬᠡᠷᠡᠭᠳᠡᠢ᠂ ᠶᠠᠳᠠᠭᠤ ᠡᠴᠠ ᠠᠩᠭᠢᠵᠢᠷᠠᠭᠤᠯᠬᠤ ᠪᠤᠭᠤᠮᠳᠠ ᠱᠢᠪᠲᠤᠯᠤᠬᠰᠠᠨ ᠠᠵᠢᠯ᠎ᠤᠨ ᠦᠷ᠎ᠡ ᠪᠦᠲᠦᠭᠡᠯ᠎ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠶ ᠵᠣᠯᠭᠠᠭᠤᠯᠬᠤ᠎ᠶ᠋ᠢ ᠪᠡᠬᠢᠵᠢᠭᠦᠯᠦᠨ ᠥᠷᠭᠡᠳᠭᠡᠵᠦ᠍᠂ ᠣᠷᠣᠯᠭ᠎ᠠ ᠪᠠᠭᠠᠲᠠᠶ ᠬᠥᠮᠦᠨ ᠠᠮᠠ᠎ᠶ᠋ᠢ ᠬᠥᠳᠡᠯᠦᠩᠭᠦᠶ ᠪᠡᠷ ᠬᠢᠨᠠᠨ ᠬᠡᠮᠵᠢᠬᠦ᠌ ᠲᠣᠭ᠍ᠲᠠᠴᠠ᠎ᠶ᠋ᠢ ᠪᠦᠷᠢᠨᠱᠢᠬᠦᠯᠵᠦ᠍᠂ ᠰᠠᠨᠠᠭᠠᠴᠢᠯᠠᠭ᠎ᠠ ᠡᠴᠠ ᠪᠠᠨ ᠤᠬᠠᠭᠤᠯᠬᠤ᠂ ᠰᠠᠨᠠᠭᠠᠴᠢᠯᠠᠭ᠎ᠠᠡᠴᠠ ᠪᠠᠨ ᠢᠯᠡᠷᠡᠭᠦᠯᠬᠦ᠌᠂ ᠰᠠᠨᠠᠭᠠᠴᠢᠯᠠᠭ᠎ᠠ ᠡᠴᠠ ᠪᠠᠨ ᠢᠯᠡ᠎ᠪᠡᠷ ᠬᠠᠮᠲᠤᠷᠠᠨ ᠬᠥᠳᠡᠯᠦᠯᠴᠡᠬᠦ᠌᠎ᠶ᠋ᠢ ᠴᠢᠩᠭᠠᠳᠭᠠᠨ᠂ ᠨᠡᠢᠭᠡᠮ᠎ᠦᠨ ᠠᠪᠤᠷᠠᠨ ᠲᠤᠰᠠᠯᠠᠯᠲᠠ᠎ᠶ᠋ᠢᠨ ᠨᠠᠷᠢᠯᠢᠬ᠍ᠵᠢᠭᠤᠯᠬᠤ ᠲᠦᠪᠰᠢᠨ᠎ᠢ ᠳᠡᠭᠡᠭ᠌ᠰᠢᠯᠡᠭᠦᠯᠵᠦ᠍᠂ ᠬᠠᠮᠲᠤ᠎ᠪᠠᠷ ᠪᠠᠶᠠᠵᠢᠬᠤ ᠵᠠᠮ ᠳᠡᠭᠡᠷ᠎ᠡ 《ᠨᠢᠭᠡ᠎ᠶ᠋ᠢ ᠴᠦ᠍ ᠡᠩᠨᠡᠭᠡ᠎ᠡᠴᠡ᠎ᠪᠡᠨ ᠤᠷᠬᠢᠬᠳᠠᠭᠤᠯᠬᠤ ᠥᠬᠡᠶ》 ᠪᠠᠢᠬᠤ᠎ᠶ᠋ᠢ ᠪᠠᠲᠤᠯᠠᠬᠤ᠎ᠳᠤ ᠢᠯᠡᠭᠦᠬᠡᠨ ᠬᠤᠪᠢ ᠨᠡᠮᠡᠷᠢ ᠦᠵᠡᠭᠦᠯᠬᠦ ᠬᠡᠷᠡᠭᠳᠡᠢ᠃
ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠴᠢᠨᠠᠷ ᠰᠠᠢᠲᠠᠶ ᠬᠥᠭ᠌ᠵᠢᠯᠲᠡ᠎ᠳᠦ ᠠᠩᠬᠠᠷᠤᠯ ᠵᠢᠠᠨ ᠲᠥᠪᠯᠡᠷᠡᠭᠦᠯᠵᠦ᠍᠂ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠲᠠᠰ ᠳᠡᠪᠱᠢᠬᠦ᠌᠎ᠶ᠋ᠢ ᠲᠦᠷᠭᠡᠳᠭᠡᠨ᠎ᠡ᠃ ᠪᠢᠳᠡ 《ᠦᠨᠳᠦᠰᠦᠨ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠱᠢᠰᠲ᠋ᠧᠮ᠎ᠤᠨ ᠪᠠᠢᠭᠤᠯᠤᠯᠲᠠ᠎ᠶ᠋ᠢ ᠠᠬᠢᠭᠤᠯᠬᠤ ᠲᠤᠬᠠᠶ ᠬᠡᠷᠡᠭ᠌ᠵᠢᠭᠦᠯᠬᠦ᠌ ᠲᠥᠰᠦᠯ》 ᠪᠠ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠨᠠᠷᠢᠨ ᠲᠠᠩᠰᠠ᠎ᠶ᠋ᠢ ᠨᠠᠢᠳᠠᠪᠤᠷᠢᠵᠢᠭᠤᠯᠬᠤ᠎ᠶ᠋ᠢ ᠴᠢᠩᠭ᠎ᠠ ᠠᠳᠭᠤᠵᠤ᠂ ᠨᠠᠰᠤᠵᠢᠯ᠎ᠤᠨ ᠠᠰᠠᠷᠠᠮᠵᠢ ᠶ᠋ᠢᠨ ᠦᠶ᠋ᠯᠡᠴᠢᠯᠡᠭᠡᠨ᠎ᠦ ᠬᠠᠩᠭᠠᠯᠭ᠎ᠠ᠎ᠶ᠋ᠢ ᠱᠢᠯᠢᠳᠡᠭ᠌ᠵᠢᠭᠦᠯᠪᠡ᠃ ᠣᠳᠣᠬᠠᠨ᠎ᠳᠤ᠂ ᠮᠠᠨ᠎ᠤ ᠣᠷᠣᠨ᠎ᠤ ᠬᠣᠲᠠ᠎ᠶ᠋ᠢᠨ 《ᠨᠢᠭᠡ ᠮᠥᠴᠡ》 ᠶ᠋ᠢᠨ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠳᠤᠭᠤᠷᠢᠬ ᠨᠢᠭᠡᠨᠲᠡ ᠦᠨᠳᠦᠰᠦᠨ ᠳ᠋ᠡᠭᠡᠨ ᠪᠠᠢᠭᠤᠯᠤᠭ᠍ᠳᠠᠵᠤ᠂ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠠᠵᠢᠯ ᠦᠶ᠋ᠯᠡᠰ ᠪᠠ ᠠᠵᠤ ᠦᠶ᠋ᠯᠡᠰ᠎ᠦᠨ ᠬᠠᠮᠵᠢᠯᠴᠠᠨ ᠬᠥᠭ᠌ᠵᠢᠬᠦ᠌ ᠲᠠᠯ᠎ᠠ ᠪᠠᠷ ᠢᠳᠡᠪᠬᠢᠲᠡᠶ ᠦᠷ᠎ᠡ ᠪᠦᠲᠦᠮᠵᠢ ᠤᠯᠪᠠ᠃ ᠳᠠᠷᠠᠭᠠᠴᠢ᠎ᠶ᠋ᠢᠨ ᠠᠯᠬᠤᠮ᠎ᠳᠤ᠂ ᠪᠢᠳᠡ ᠪᠦᠬᠦ᠌ ᠨᠠᠰᠤᠲᠠᠢᠴᠤᠳ᠎ᠲᠤ ᠦᠨᠳᠦᠰᠦᠨ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡ ᠡᠳ᠋ᠯᠡᠭᠦᠯᠬᠦ᠌ ᠬᠠᠷᠠᠯᠲᠠ᠎ᠶ᠋ᠢ ᠪᠡᠶᠡᠯᠡᠭᠦᠯᠬᠦ᠌᠎ᠶ᠋ᠢ ᠠᠬᠢᠭᠤᠯᠬᠤ᠎ᠶ᠋ᠢᠨ ᠲᠣᠭᠣᠷᠢᠨ᠎ᠳᠤ᠂ ᠬᠥᠳᠡᠭᠡ ᠲᠣᠰᠭᠣᠨ᠎ᠤ ᠨᠠᠰᠤᠵᠢᠯ᠎ᠤᠨ ᠦᠶ᠋ᠯᠡᠴᠢᠯᠡᠭᠡᠨ᠎ᠦ ᠳᠤᠲᠠᠭᠤᠳᠠᠯ᠎ᠢ ᠲᠦᠷᠭᠡᠳᠬᠡᠨ ᠨᠥᠬᠥᠪᠥᠷᠢᠯᠡᠵᠦ᠍᠂ ᠬᠣᠱᠢᠭᠤ ᠱᠢᠶᠠᠨ᠎ᠤ ᠣᠨᠴᠠ ᠬᠦᠴᠢᠷᠳᠡᠯᠲᠡᠶ ᠬᠥᠮᠦᠰ᠎ᠢ ᠠᠰᠠᠷᠠᠨ ᠲᠡᠳᠬᠦᠬᠦ᠌ ᠪᠠᠢᠭᠤᠯᠤᠮᠵᠢ᠎ᠶ᠋ᠢᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌᠎ᠶ᠋ᠢ ᠠᠬᠢᠭᠤᠯᠤᠨ᠂ ᠱᠢᠶᠠᠩ ᠪᠠᠯᠭᠠᠰᠤ ᠣᠷᠣᠨ ᠪᠦᠰᠡ᠎ᠶ᠋ᠢᠨ ᠨᠠᠰᠤᠵᠢᠯ᠎ᠤᠨ ᠦᠶ᠋ᠯᠡᠴᠢᠯᠡᠭᠡᠨ᠎ᠦ ᠲᠥᠪ᠎ᠦᠨ ᠴᠢᠳᠠᠮᠵᠢ᠎ᠶ᠋ᠢᠨ ᠪᠠᠢᠷᠢᠱᠢᠭᠤᠯᠤᠯᠲᠠ᠎ᠶ᠋ᠢ ᠲᠡᠭᠦᠯᠳᠡᠷᠵᠢᠭᠦᠯᠵᠦ᠍᠂ ᠲᠣᠰᠭᠣᠨ᠎ᠤ ᠱᠠᠲᠤᠨ᠎ᠤ ᠨᠠᠰᠤᠵᠢᠯ᠎ᠤᠨ ᠦᠶ᠋ᠯᠡᠴᠢᠯᠡᠭᠡᠨ᠎ᠦ ᠳᠤᠨᠤᠭ ᠲᠦᠬᠦᠬᠡᠷᠤᠮᠵᠢ᠎ᠶ᠋ᠢ ᠰᠠᠢᠲᠤᠷ ᠪᠠᠢᠭᠤᠯᠤᠨ ᠬᠡᠷᠡᠭ᠌ᠯᠡᠵᠦ᠍᠂ ᠬᠥᠳᠡᠭᠡ ᠲᠣᠰᠭᠣᠨ᠎ᠤ ᠨᠠᠰᠤᠵᠢᠯ᠎ᠤᠨ ᠠᠰᠠᠷᠠᠮᠵᠢ ᠵᠢᠨ ᠦᠶ᠋ᠯᠡᠴᠢᠯᠡᠭᠡ᠎ᠵᠢ ᠨᠠᠩ ᠲᠥᠬᠥᠮ ᠪᠣᠯᠭᠠᠬᠤ ᠬᠡᠷᠡᠭᠳᠡᠢ᠃ ᠨᠠᠰᠤᠵᠢᠯ᠎ᠤᠨ ᠠᠰᠠᠷᠠᠮᠵᠢ ᠵᠢᠨ ᠦᠶ᠋ᠯᠡᠴᠢᠯᠡᠭᠡᠨ᠎ᠦ ᠲᠤᠰᠭᠠᠢᠵᠢᠯᠲᠠ᠂ ᠲᠦᠷᠤᠯ ᠲᠡᠮᠳᠡᠭ᠌ᠵᠢᠯᠲᠡ᠂ ᠬᠡᠪᠴᠢᠶᠡᠵᠢᠯᠲᠡ᠎ᠶ᠋ᠢᠨ ᠲᠦᠪᠰᠢᠨ᠎ᠢ ᠳᠡᠭᠡᠭ᠌ᠰᠢᠯᠡᠭᠦᠯᠵᠦ᠍᠂ ᠨᠠᠰᠤᠲᠠᠢᠴᠤᠳ᠎ᠲᠤ ᠣᠯᠠᠨ ᠲᠠᠰ ᠳᠠᠪᠬᠤᠷᠭ᠎ᠠ᠎ᠶ᠋ᠢᠨ ᠣᠯᠠᠨ ᠶᠠᠩᠵᠤ᠎ᠶ᠋ᠢᠨ ᠨᠠᠰᠤᠵᠢᠯ᠎ᠤᠨ ᠠᠰᠠᠷᠠᠮᠵᠢ ᠵᠢᠨ ᠦᠶ᠋ᠯᠡᠴᠢᠯᠡᠭᠡᠨ᠎ᠦ ᠬᠡᠷᠡᠭ᠌ᠴᠡᠭᠡ᠎ᠶ᠋ᠢ ᠨᠠᠩ ᠰᠠᠢᠲᠤᠷ ᠬᠠᠩᠭᠠᠬᠤ ᠬᠡᠷᠡᠭᠳᠡᠢ᠃