
ᠵᠠᠶ ᠶᠢᠩ ᠵᠢᠶᠦ᠋ᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠤᠨ ᠲᠠᠷᠤᠭ᠎ᠠ
ᠶᠡᠷᠦᠩᠬᠡᠢ ᠱᠦᠵᠢ ᠰᠢ᠎ᠶ᠋ᠢᠨ ᠫᠢᠩ᠄ 《ᠠᠷᠠᠳ ᠲᠦᠮᠡᠨ᠎ᠢᠶᠡᠷ ᠭᠣᠣᠯ ᠪᠣᠯᠭᠠᠬᠤ᠎ᠶ᠋ᠢ ᠪᠠᠷᠢᠮᠲᠠᠯᠠᠵᠤ᠂ ᠬᠥᠭ᠌ᠵᠢᠯᠲᠡ᠎ᠶ᠋ᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠶ᠋ᠢ ᠨᠡᠩ ᠴᠢᠬᠤᠯᠠᠴᠢᠯᠠᠵᠤ᠂ ᠠᠷᠠᠳ᠎ᠤᠨ ᠠᠮᠢᠳᠤᠷᠠᠯ᠎ᠤᠨ ᠳᠤᠲᠠᠭᠤᠳᠠᠯ᠎ᠢ ᠨᠥᠬᠥᠪᠥᠷᠢᠯᠡᠵᠦ᠍᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠨᠡᠮᠡᠭ᠌ᠳᠡᠭᠦᠯᠵᠦ᠍᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠳ᠋ᠤ ᠬᠠᠮᠲᠤ ᠪᠠᠷ ᠪᠠᠶᠠᠵᠢᠬᠤ᠌᠎ᠶ᠋ᠢ ᠠᠬᠢᠭᠤᠯᠬᠤ ᠠᠵᠢᠯ ᠦᠨᠡᠨ ᠪᠤᠳᠠᠳᠠᠢ ᠶᠠᠪᠤᠬᠳᠠᠵᠤ ᠪᠠᠢᠨ᠎ᠠ᠂ ᠳᠡᠷᠭᠡᠳᠡ ᠨᠢ ᠪᠠᠢᠨ᠎ᠡ ᠬᠡᠳᠡᠭ᠎ᠢ ᠦᠨᠡᠨ ᠬᠦ᠌ ᠮᠡᠳᠡᠷᠡᠭᠦᠯᠬᠦ᠌ ᠬᠡᠷᠡᠭ᠌ᠲᠡᠢ》 ᠭᠡᠵᠦ᠍ ᠴᠢᠬᠤᠯᠠᠴᠢᠯᠠᠪᠠ᠃ ᠡᠨᠡ ᠬᠦ᠌ ᠴᠢᠬᠤᠯᠠ ᠵᠢᠭᠠᠪᠤᠷᠢ ᠨᠢ ᠠᠷᠠᠳ ᠲᠦᠮᠡᠨ᠎ᠦ ᠤᠳᠤᠷᠢᠳᠤᠭ᠍ᠴᠢ᠎ᠶ᠋ᠢᠨ ᠡᠷᠡᠰ ᠪᠠᠲᠤ ᠠᠷᠠᠳ ᠲᠦᠮᠡᠨ᠎ᠦ ᠵᠣᠭ᠍ᠰᠣᠯᠲᠠ ᠪᠣᠯᠤᠨ ᠠᠷᠠᠳ ᠲᠦᠮᠡᠨ᠎ᠤ ᠲᠦᠯᠦᠬᠡ ᠬᠡᠬᠦ ᠭᠦᠨ ᠵᠤᠵᠠᠭᠠᠨ ᠬᠠᠢᠷ᠎ᠠ ᠰᠡᠳᠭᠢᠯᠭᠡ᠎ᠶ᠋ᠢ ᠭᠦᠢᠴᠡᠳ ᠢᠯᠡᠷᠡᠭᠦᠯᠵᠦ᠍᠂ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠱᠢᠨ᠎ᠡ ᠴᠠᠭ ᠦᠶ᠎ᠡ᠎ᠶ᠋ᠢᠨ ᠠᠷᠠᠳ᠎ᠤᠨ ᠠᠮᠢᠳᠤᠷᠠᠯ᠎ᠤᠨ ᠠᠵᠢᠯ᠎ᠢ ᠰᠠᠢᠲᠤᠷ ᠬᠢᠬᠦ᠌᠎ᠳᠦ ᠴᠢᠭ᠌ᠯᠡᠯ᠎ᠢ ᠲᠣᠳᠣᠷᠬᠠᠢ ᠵᠢᠭᠠᠵᠤ ᠦᠭᠴᠤ᠂ ᠦᠨᠳᠦᠰᠦᠨ ᠵᠢᠷᠤᠮᠯᠠᠯ ᠬᠠᠩᠭᠠᠵᠠᠢ᠃
ᠤᠯᠠᠨ ᠲᠦᠮᠡᠨ᠎ᠦ ᠠᠱᠢᠭ ᠲᠤᠰᠠ᠎ᠳᠤ ᠪᠠᠭ᠎ᠠ ᠶᠠᠪᠤᠳᠠᠯ ᠭᠡᠵᠦ᠍ ᠦᠬᠡᠢ᠃ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠠᠵᠢᠯ ᠠᠷᠠᠳ ᠲᠦᠮᠡᠨ᠎ᠦ ᠠᠱᠢᠭ ᠲᠤᠰᠠᠲᠠᠶ ᠨᠢᠭ᠍ᠲᠠ ᠬᠣᠯᠪᠤᠬᠳᠠᠵᠤ᠂ ᠠᠷᠠᠳ ᠤᠯᠠᠨ᠎ᠤ ᠵᠢᠷᠭᠠᠯ ᠵᠣᠪᠠᠯᠠᠩ᠎ᠲᠠᠶ ᠨᠢᠭ᠍ᠲᠠ ᠬᠣᠯᠪᠣᠭ᠎ᠠ᠎ᠲᠠᠶ ᠪᠠᠢᠳᠠᠭ ᠪᠣᠯᠬᠣᠷ ᠪᠢᠳᠡ ᠡᠭᠦᠷᠭᠡ ᠬᠠᠷᠢᠭᠤᠴᠠᠯᠭ᠎ᠠ ᠬᠦᠨᠳᠦ ᠭᠡᠳᠡᠭ᠎ᠢ ᠭᠦᠨ ᠣᠢᠯᠠᠭᠠᠵᠤ ᠪᠠᠢᠨ᠎ᠠ᠃ ᠳᠠᠷᠠᠭᠠᠴᠢ᠎ᠶ᠋ᠢᠨ ᠠᠯᠬᠤᠮ᠎ᠳᠤ᠂ ᠪᠢᠳᠡ ᠡᠨᠡ ᠬᠦ᠌ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠠᠴᠢ ᠬᠠᠷᠢᠭᠤᠯᠠᠵᠤ ᠡᠷᠡᠯᠬᠡᠭ᠌ᠯᠡᠨ ᠤᠷᠤᠭ᠍ᠰᠢᠯᠠᠵᠤ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠠᠷᠠᠳ᠎ᠤᠨ ᠲᠥᠯᠥᠭᠡ ᠵᠢᠳᠬᠦᠬᠦ᠌ ᠬᠠᠢᠷ᠎ᠠ ᠰᠡᠳᠭᠢᠯᠭᠡ ᠶ᠋ᠢ ᠪᠠᠲᠤᠳᠭᠠᠵᠤ᠂ ᠠᠷᠠᠳ ᠲᠦᠮᠡᠨ᠎ᠦ ᠰᠠᠢ᠌ᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠳᠦ᠎ᠨᠢ ᠨᠡᠢᠴᠡᠭᠦᠯᠵᠦ᠍᠂ ᠱᠢᠰᠲ᠋ᠧᠮ᠎ᠤᠨ ᠰᠡᠳᠭᠢᠬᠦᠢ ᠪᠠ ᠣᠢᠯᠠᠭᠠᠮᠵᠢᠲᠠᠢ ᠰᠡᠳᠭᠢᠬᠦᠢ᠎ᠶ᠋ᠢ ᠴᠢᠩᠭᠠᠳᠭᠠᠵᠤ᠂ ᠠᠵᠢᠯ᠎ᠢᠶᠠᠨ ᠰᠠᠢᠲᠤᠷ ᠬᠢᠬᠦ᠌᠎ᠶ᠋ᠢᠨ ᠬᠦᠴᠦᠯᠡᠬᠦ᠌ ᠴᠡᠭ᠂ ᠭᠠᠷᠳᠠᠬᠤ ᠴᠡᠭ᠎ᠢ ᠣᠨᠣᠪᠴᠢᠲᠠᠢ ᠣᠯᠵᠤ᠂ ᠠᠷᠠᠳ ᠤᠯᠠᠨ᠎ᠤ ᠨᠡᠩ ᠲᠣᠭ᠍ᠲᠠᠭᠤᠨ ᠠᠵᠢᠯ ᠤᠯᠬᠤ᠂ ᠨᠡᠩ ᠬᠠᠨᠤᠮᠵᠢᠲᠠᠢ ᠣᠷᠣᠯᠭ᠎ᠠ ᠤᠯᠬᠤ᠂ ᠨᠡᠩ ᠨᠠᠢᠳᠠᠪᠤᠷᠢᠲᠠᠢ ᠨᠡᠢᠭᠡᠮ᠎ᠦᠨ ᠪᠠᠲᠤᠯᠠᠭ᠎ᠠ ᠬᠦᠷᠳᠡᠬᠦ ᠵᠡᠷᠭᠡ ᠲᠠᠯ᠎ᠠ᠎ᠶ᠋ᠢᠨ ᠰᠠᠢ᠌ᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠲᠠᠰᠤᠷᠠᠯᠳᠠ ᠦᠭᠡᠢ ᠬᠠᠩᠭᠠᠬᠤ ᠬᠡᠷᠡᠭᠳᠡᠢ᠃
ᠠᠵᠢᠯ ᠣᠯᠭᠣᠯᠲᠠ ᠬᠡᠬᠦ ᠡᠨᠡ ᠬᠦ᠌ ᠬᠠᠮᠤᠭ᠎ᠤᠨ ᠦᠨᠳᠦᠰᠦᠨ ᠠᠷᠠᠳ᠎ᠤᠨ ᠠᠮᠢᠳᠤᠷᠠᠯ᠎ᠢ ᠰᠠᠢᠲᠤᠷ ᠠᠳᠭᠤᠬᠤ ᠬᠡᠷᠡᠭᠳᠡᠢ᠃ ᠠᠵᠢᠯ ᠣᠯᠭᠣᠯᠲᠠ᠎ᠶ᠋ᠢ ᠲᠡᠷᠢᠭᠦᠨ᠎ᠳᠦ ᠲᠠᠯᠪᠢᠬᠤ ᠲᠥᠷᠥ᠎ᠶ᠋ᠢᠨ ᠪᠤᠳᠤᠯᠭ᠎ᠠ ᠵᠢ ᠪᠦᠬᠦ ᠲᠠᠯ᠎ᠠ ᠪᠡᠷ ᠨᠠᠢᠳᠠᠪᠤᠷᠢᠵᠢᠭᠤᠯᠵᠤ᠂ ᠠᠵᠢᠯ ᠣᠯᠭᠣᠯᠲᠠ᠎ᠶ᠋ᠢᠨ ᠪᠠᠭ᠍ᠲᠠᠭᠠᠮᠵᠢ ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠢᠨᠵᠧᠨᠧᠷᠢᠩ᠎ᠢ ᠭᠦᠨᠵᠡᠭᠡᠶ ᠬᠡᠷᠡᠭ᠌ᠵᠢᠭᠦᠯᠵᠦ᠍᠂ ᠠᠵᠢᠯ ᠣᠯᠭᠣᠯᠲᠠ᠎ᠶ᠋ᠢ ᠠᠬᠢᠭᠤᠯᠬᠤ 《ᠲᠠᠪᠤᠨ ᠶᠡᠬᠡ ᠠᠵᠢᠯᠯᠠᠭ᠎ᠠ》 ᠶ᠋ᠢ ᠭᠦᠨᠵᠡᠭᠡᠢᠷᠡᠭᠦᠯᠵᠦ᠍᠂ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ ᠵᠡᠷᠭᠡ ᠭᠣᠸ᠋ᠯᠳᠠᠯᠭ᠎ᠠ᠎ᠲᠠᠶ ᠬᠦᠮᠤᠰ᠎ᠤᠨ ᠠᠵᠢᠯ ᠣᠯᠭᠣᠬᠤ᠎ᠶ᠋ᠢ ᠳᠣᠪᠣᠢᠯᠭᠠᠨ᠂ ᠰᠤᠷᠭᠠᠭᠤᠯᠢ ᠡᠴᠠ᠎ᠪᠠᠨ ᠰᠠᠯᠤᠭᠠᠳ ᠠᠵᠢᠯ ᠣᠯᠤᠭᠠᠳᠤᠶ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ ᠲᠤ᠌ ᠦᠨᠡᠨ ᠨᠡᠷ᠎ᠡ᠎ᠪᠡᠷ᠎ᠢᠶᠡᠨ ᠦᠶ᠋ᠯᠡᠴᠢᠯᠡᠵᠦ᠍ ᠬᠠᠪᠰᠤᠷᠤᠨ ᠲᠡᠳᠬᠦᠬᠦ᠌ 《131》 ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠵᠤ᠂ ᠲᠡᠭᠦᠰᠭᠦ ᠰᠣᠷᠣᠭ᠍ᠴᠢ᠎ᠶ᠋ᠢᠨ ᠡᠷᠲᠡᠬᠡᠨ ᠠᠵᠢᠯ ᠤᠯᠬᠤ᠎ᠶ᠋ᠢ ᠠᠬᠢᠭᠤᠯᠤᠨ᠂ ᠶᠠᠳᠠᠭᠤ ᠡᠴᠠ ᠠᠩᠭᠢᠵᠢᠷᠠᠭ᠍ᠰᠠᠨ ᠬᠥᠳᠡᠯᠮᠦᠷᠢ ᠬᠦᠴᠦᠨ᠎ᠦ ᠠᠵᠢᠯ ᠤᠯᠬᠤ ᠬᠦᠷᠢᠶ᠎ᠠ ᠬᠡᠪᠴᠢᠶ᠎ᠡ᠎ᠶ᠋ᠢ ᠲᠣᠭ᠍ᠲᠠᠪᠤᠷᠢᠵᠢᠭᠤᠯᠵᠤ᠂ ᠠᠵᠢᠯ ᠠᠯᠳᠠᠭ᠍ᠰᠠᠳ᠂ ᠠᠵᠢᠯ ᠤᠯᠬᠤ᠎ᠳᠤ ᠬᠦᠴᠢᠷᠲᠡᠶ ᠬᠥᠮᠦᠰ᠂ ᠠᠵᠢᠯ ᠲᠠᠢ ᠬᠦᠮᠦᠨ ᠦᠬᠡᠢ ᠬᠡᠷ ᠪᠦᠯᠢ᠎ᠶ᠋ᠢᠨ ᠪᠦᠷᠢᠯᠳᠦᠬᠦᠨ ᠵᠡᠷᠭᠡ ᠬᠦᠴᠢᠷᠳᠡᠯᠲᠡᠶ ᠬᠦᠮᠤᠰ᠎ᠤᠨ ᠦᠨᠳᠦᠰᠦᠨ ᠵᠦᠶ᠋ᠯ᠎ᠢ ᠪᠠᠲᠤᠯᠠᠵᠤ ᠬᠠᠪᠰᠤᠷᠤᠨ ᠲᠡᠳᠬᠦᠬᠦ᠌ ᠠᠵᠢᠯ᠎ᠢ ᠨᠠᠷᠢᠯᠢᠭ ᠣᠨᠣᠴᠠᠲᠠᠶ᠎ᠪᠠᠷ ᠰᠠᠢᠲᠤᠷ ᠬᠢᠬᠦ ᠬᠡᠷᠡᠭᠳᠡᠢ; ᠠᠵᠤ ᠠᠬᠤᠢᠯᠠᠯ᠎ᠳᠤ ᠬᠠᠨᠳᠤᠭᠤᠯᠤᠨ ᠳᠤᠮᠳᠠᠳᠤ ᠤᠯᠤᠰ᠎ᠤᠨ ᠣᠨᠴᠠᠯᠢᠭ ᠲᠠᠢ ᠱᠢᠨ᠎ᠡ ᠬᠡᠯᠪᠡᠷᠢ ᠵᠢᠨ ᠱᠠᠪᠢ ᠣᠷᠣᠬᠤ ᠲᠥᠷᠢᠮ᠎ᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍᠂ ᠣᠯᠠᠨ ᠠᠷᠭ᠎ᠠ ᠵᠠᠮ᠎ᠢᠶᠠᠷ ᠠᠮᠢᠳᠤᠯᠢᠭ᠎ᠢᠶᠠᠷ ᠠᠵᠢᠯ ᠤᠯᠬᠤ᠎ᠶ᠋ᠢ ᠲᠡᠮᠵᠢᠵᠥ᠍᠂ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠦᠨ ᠪᠥᠳᠥᠭᠡᠨ ᠪᠠᠢᠭᠤᠯᠤᠯᠲᠠ᠎ᠶ᠋ᠢ ᠲᠦᠷᠭᠡᠪᠴᠢᠯᠡᠨ ᠠᠬᠢᠭᠤᠯᠵᠤ᠂ ᠣᠯᠠᠨ ᠨᠡᠢᠲᠡ ᠶ᠋ᠢᠨ ᠠᠵᠢᠯ ᠣᠯᠭᠣᠯᠲᠠ᠎ᠶ᠋ᠢᠨ ᠦᠢᠯᠡᠴᠢᠯᠡᠭᠡᠨ᠎ᠦ ᠴᠢᠨᠠᠷ ᠴᠢᠨᠰᠠᠭ᠎ᠠ ᠦᠷ᠎ᠡ ᠠᠱᠢᠭ᠎ᠢ ᠳᠡᠭᠡᠭ᠌ᠰᠢᠯᠡᠭᠦᠯᠦᠨ᠂ ᠠᠵᠢᠯ ᠣᠯᠭᠣᠯᠲᠠ᠎ᠶ᠋ᠢᠨ ᠬᠠᠩᠭᠠᠯᠭ᠎ᠠ ᠬᠡᠷᠡᠭ᠌ᠴᠡᠭᠡ᠎ᠶ᠋ᠢ ᠨᠠᠷᠢᠯᠢᠭ ᠣᠨᠣᠴᠠᠲᠠᠶ ᠪᠠᠷ ᠵᠣᠯᠭᠠᠭᠤᠯᠬᠤ᠎ᠶ᠋ᠢ ᠠᠬᠢᠭᠤᠯᠵᠤ᠂ ᠠᠵᠢᠯ ᠣᠯᠭᠣᠯᠲᠠ᠎ᠶ᠋ᠢᠨ ᠬᠡᠮᠵᠢᠶ᠎ᠡ᠎ᠶ᠋ᠢ ᠥᠷᠭᠡᠳᠭᠡᠬᠦ᠌ ᠪᠠ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠬᠦ᠌᠎ᠶ᠋ᠢ ᠲᠠᠰᠣᠷᠠᠯᠳᠠ ᠥᠭᠡᠢ ᠠᠬᠢᠭᠤᠯᠵᠤ᠂ ᠬᠥᠳᠡᠯᠮᠦᠷᠢ᠎ᠶ᠋ᠢᠨ ᠡᠷᠬᠡ ᠠᠱᠢᠭ᠎ᠤᠨ ᠪᠠᠲᠤᠯᠠᠭ᠎ᠠ᠎ᠶ᠋ᠢ ᠴᠢᠩᠭᠠᠳᠭᠠᠵᠤ᠂ ᠨᠡᠩ ᠣᠯᠠᠨ ᠬᠥᠮᠦᠨ᠎ᠢ ᠬᠥᠳᠡᠯᠮᠦᠷᠢ᠎ᠪᠡᠷ ᠳᠠᠮᠵᠢᠭᠤᠯᠤᠨ ᠲᠣᠰ ᠪᠡᠶ᠎ᠡ᠎ᠶ᠋ᠢᠨ ᠬᠢᠨ ᠥᠷᠳᠡᠭ᠎ᠢ ᠪᠡᠶᠡᠯᠡᠭᠦᠯᠵᠦ᠍᠂ ᠨᠡᠢᠭᠡᠮ᠎ᠦᠨ ᠡᠳ᠋ ᠬᠦᠷᠦᠩᠬᠡ ᠵᠢ ᠡᠭᠦᠳᠦᠨ ᠪᠦᠲᠦᠭᠡᠯᠭᠡᠨ᠎ᠡ᠃
ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠤᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠱᠢᠯᠢᠳᠡᠭ᠌ᠵᠢᠭᠦᠯᠬᠦ᠌᠎ᠶ᠋ᠢ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠂ ᠨᠠᠮ ᠪᠠ ᠤᠯᠠᠨ ᠲᠦᠮᠡᠨ᠎ᠦ ᠬᠠᠷᠢᠴᠠᠭ᠎ᠠ᠎ᠶ᠋ᠢ ᠨᠢᠭ᠍ᠲᠠᠷᠠᠭᠤᠯᠬᠤ ᠶ᠋ᠢᠨ ᠴᠢᠬᠤᠯᠠ ᠭᠠᠷᠳᠠᠴᠠ ᠪᠣᠯᠭᠠᠬᠤ ᠬᠡᠷᠡᠭ᠌ᠲᠡᠶ᠃ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠱᠢᠯᠢᠳᠡᠭ᠎ᠢ ᠡᠭᠦᠳᠴᠦ᠍᠂ ᠴᠢᠨᠠᠷ ᠴᠢᠨᠰᠠᠭ᠎ᠠ ᠵᠢ ᠲᠡᠬᠡᠭᠰᠢᠯᠡᠬᠦᠯᠬᠦ ᠢᠨᠵᠸᠨ᠋ᠸᠷᠢᠩ᠎ᠢ ᠬᠦᠨᠵᠡᠬᠡᠢ ᠬᠡᠷᠡᠭᠵᠢᠬᠦᠯᠵᠤ᠂ ᠣᠯᠠᠨ ᠲᠦᠮᠡᠨ᠎ᠦ 《ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ》 ᠪᠠᠢᠭᠠᠠᠰᠠᠭᠤᠳᠠᠯᠳᠤ ᠠᠩᠬᠠᠷᠤᠯ᠎ᠢᠶᠠᠨ ᠲᠥᠪᠯᠡᠷᠡᠭᠦᠯᠵᠤ᠂ ᠤᠯᠠᠨ ᠨᠠᠢᠳᠠ ᠵᠢᠨ ᠦᠢᠯᠡᠴᠢᠯᠡᠭᠡ ᠵᠢ ᠦᠨᠳᠤᠷ ᠪᠦᠳᠦᠮᠵᠢᠳᠠᠢ ᠪᠤᠯᠭᠠᠨ᠎ᠠ᠃