
ᠴᠠᠩ ᡁᠢ ᠭᠠᠩ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠲᠢᠩᠬᠢᠮ᠎ᠦᠨ ᠨᠠᠮ᠎ᠤᠨ ᠬᠣᠷᠢᠶ᠎ᠠ᠎ᠶ᠋ᠢᠨ ᠱᠦᠵᠢ᠂ ᠲᠢᠩᠬᠢᠮ᠎ᠤᠨ ᠲᠠᠷᠤᠭ᠎ᠠ
ᠶᠡᠷᠦᠩᠬᠡᠶ ᠱᠦᠵᠢ ᠰᠢ᠎ᠶ᠋ᠢᠨ ᠫᠢᠩ ᠴᠢᠬᠤᠯᠠᠴᠢᠯᠠᠬᠤ᠎ᠳᠠᠭᠠᠨ᠂ 《ᠴᠠᠭ ᠢᠮᠠᠭ᠍ᠲᠠ ᠰᠠᠨᠠᠭ᠎ᠠ ᠠᠮᠤᠷ ᠥᠬᠡᠶ ᠪᠠᠢᠬᠤ》 ᠬᠠᠷᠢᠭᠤᠴᠠᠯᠭᠠᠲᠤ ᠰᠡᠳᠭᠢᠯᠭᠡ ᠪᠡᠷ ᠠᠶᠤᠯᠭᠦᠶ ᠦᠶ᠋ᠯᠡᠳᠪᠦᠷᠢᠯᠡᠯ᠎ᠢ ᠰᠠᠢᠲᠤᠷ ᠠᠳᠭᠤᠵᠤ᠂ ᠲᠦᠷᠢᠮ᠎ᠢ ᠲᠡᠭᠦᠯᠳᠡᠷᠵᠢᠭᠦᠯᠦᠨ᠂ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠵᠤ᠂ ᠬᠠᠮᠤᠭ᠎ᠤᠨ ᠶᠡᠬᠡ ᠴᠢᠷᠮᠠᠢᠯᠭᠠᠪᠠᠷᠡᠯᠡ ᠲᠥᠷᠥᠯ᠎ᠦᠨ ᠬᠦᠨᠳᠦ ᠶᠡᠬᠡ ᠠᠮᠤᠷ ᠲᠦᠪᠱᠢᠨ᠎ᠦ ᠡ᠊ᠨᠳᠡᠯ ᠭᠠᠷᠬᠤ᠎ᠶ᠋ᠢ ᠰᠡᠷᠭᠡᠢᠯᠡᠵᠦ᠍᠂ ᠠᠷᠠᠳ ᠣᠯᠠᠨ᠎ᠤ ᠠᠮᠢ ᠨᠠᠰᠤ ᠪᠠ ᠡᠳ᠋ ᠬᠥᠷᠥᠩᠭᠡ᠎ᠶ᠋ᠢᠨ ᠠᠮᠤᠷ ᠲᠦᠪᠱᠢᠨ᠎ᠢ ᠰᠠᠢᠲᠤᠷ ᠬᠠᠮᠠᠭᠠᠯᠠᠬᠤ ᠬᠡᠷᠡᠭ᠌ᠲᠡᠶ ᠭᠡᠵᠡᠶ᠃ ᠡᠨᠡ ᠬᠦ᠌ ᠴᠢᠬᠤᠯᠠ ᠵᠢᠭᠠᠪᠤᠷᠢ ᠨᠢ ᠰᠡᠷᠡᠮᠵᠢᠯᠡᠬᠦᠯᠤᠨ ᠱᠠᠭᠠᠷᠳᠠᠬᠰᠠᠨ ᠮᠦᠷᠳᠡᠬᠡᠨ ᠪᠠᠰᠠ ᠭᠦᠨ ᠭᠦᠨᠵᠡᠭᠡᠢ ᠰᠤᠷᠭᠠᠯ ᠪᠠᠢᠵᠤ᠂ ᠪᠢᠳᠡᠨ᠎ᠦ ᠠᠶᠤᠯᠭᠦᠢ ᠦᠢᠯᠡᠳᠪᠦᠷᠢᠯᠡᠯ᠎ᠦᠨ ᠠᠵᠢᠯ᠎ᠢ ᠰᠠᠢᠲᠤᠷ ᠬᠢᠬᠦ᠌᠎ᠳᠦ ᠤᠷᠤᠭ᠍ᠰᠢᠯᠠᠬᠤ ᠴᠢᠭ᠌ᠯᠡᠯ᠎ᠢ ᠵᠢᠭᠠᠵᠤ ᠥᠭ᠌ᠴᠡᠢ᠃ ᠪᠢᠳᠡ ᠡᠨᠡ ᠬᠦ᠌ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠠᠴᠢ ᠬᠠᠷᠢᠭᠤᠯᠠᠨ ᠡᠷᠡᠯᠬᠡᠭ᠌ᠯᠡᠨ ᠤᠷᠤᠭ᠍ᠰᠢᠯᠠᠵᠤ᠂ ᠢᠮᠠᠭ᠍ᠲᠠ ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ᠎ᠶ᠋ᠢ ᠳᠡᠭᠡᠳᠦᠯᠡᠬᠦ᠌᠎ᠶ᠋ᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ᠎ᠦᠨ ᠬᠠᠷᠢᠭᠤᠴᠠᠯᠭ᠎ᠠ᠎ᠶ᠋ᠢ ᠡᠷᠡᠰ ᠪᠠᠲᠤᠳᠭᠠᠵᠤ᠂ ᠬᠦᠨᠳᠦ ᠶᠡᠬᠡ ᠠᠮᠤᠷ ᠲᠦᠪᠱᠢᠨ᠎ᠦ ᠠᠶᠤᠯ ᠲᠦᠭ᠌ᠰᠢᠭᠦᠷᠢ᠎ᠶ᠋ᠢ ᠪᠦᠬᠦ᠌ ᠬᠦᠴᠦᠨ᠎ᠢᠶᠡᠷ᠎ᠢᠶᠡᠨ ᠰᠡᠷᠭᠡᠢᠯᠡᠨ ᠠᠷᠢᠯᠭᠠᠵᠤ᠂ ᠠᠶᠤᠯᠭᠦᠢ ᠦᠢᠯᠡᠳᠪᠦᠷᠢᠯᠡᠯ᠎ᠦᠨ ᠬᠣᠷᠢᠭ᠎ᠠ ᠱᠤᠭᠤᠮ᠎ᠢ ᠪᠠᠲᠤ ᠰᠠᠬᠢᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠪᠠᠲᠤ ᠪᠡᠬᠢ ᠠᠮᠤᠷ ᠲᠦᠪᠱᠢᠨ᠎ᠦ ᠪᠠᠲᠤᠯᠠᠭ᠎ᠠ ᠬᠠᠩᠭᠠᠨ᠎ᠠ᠃
ᠠᠶᠤᠯ ᠲᠦᠭ᠌ᠰᠢᠭᠦᠷᠢ᠎ᠶ᠋ᠢᠨ ᠬᠡᠮ ᠰᠣᠭᠣᠭ᠎ᠢ ᠪᠠᠢᠴᠠᠭᠠᠨ ᠴᠡᠭ᠌ᠴᠡᠯᠡᠨ ᠵᠠᠰᠠᠬᠤ᠎ᠶ᠋ᠢ ᠦᠨᠡᠨ ᠬᠦ᠌ ᠴᠢᠩᠭᠠᠳᠬᠠᠨ᠎ᠠ᠃ ᠬᠦᠨᠳᠦ ᠶᠡᠬᠡ ᠠᠮᠤᠷ ᠲᠦᠪᠱᠢᠨ᠎ᠦ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠵᠦ᠍᠂ ᠬᠦᠨᠳᠦ ᠶᠡᠬᠡ ᠣᠨᠴᠠ ᠶᠡᠬᠡ ᠡᠨᠳᠡᠯ᠎ᠢ ᠬᠣᠷᠢᠭ᠍ᠯᠠᠬᠤ ᠪᠣᠯ ᠴᠢᠬᠤᠯᠠᠡᠴᠠ ᠴᠢᠬᠤᠯᠠ ᠶᠠᠪᠤᠳᠠᠯ ᠪᠣᠯᠤᠨ᠎ᠠ᠃ ᠵᠤᠷᠪᠤᠰ ᠵᠤᠷᠪᠤᠰ᠎ᠢᠶᠠᠷ ᠭᠠᠷᠳᠠᠨ ᠭᠦᠢᠴᠡᠳᠭᠡᠵᠦ᠍᠂ ᠵᠤᠷᠪᠤᠰ ᠵᠤᠷᠪᠤᠰ᠎ᠢᠶᠠᠷ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠠᠶᠤᠯᠭᠦᠢ ᠦᠢᠯᠡᠳᠪᠦᠷᠢᠯᠡᠯ᠎ᠦᠨ 15 ᠵᠤᠷᠪᠤᠰ ᠴᠢᠩᠭ᠎ᠠ ᠠᠷᠭ᠎ᠠ ᠬᠡᠮᠵᠢᠢ᠎ᠡ ᠪᠣᠯᠤᠨ ᠮᠠᠨ᠎ᠤ ᠣᠷᠣᠨ᠎ᠤ 53 ᠵᠤᠷᠪᠤᠰ ᠢᠵᠢ ᠪᠦᠷᠢᠳᠦᠭ᠌ᠰᠡᠨ ᠠᠷᠭ᠎ᠠ ᠬᠡᠮᠵᠢᠢ᠎ᠡ ᠵᠢᠴᠢ ᠥᠪᠡᠷᠲᠡᠭᠡᠨ ᠵᠠᠰᠠᠬᠤ ᠣᠷᠣᠨ᠎ᠤ ᠲᠣᠭ᠍ᠲᠠᠭᠠᠵᠤ ᠨᠡᠢᠲᠡᠯᠡᠭ᠌ᠰᠡᠨ 10 ᠭᠣᠣᠯᠳᠠᠯᠭ᠎ᠠ᠎ᠲᠠᠶ ᠠᠵᠢᠯ ᠲᠦᠷᠦᠯ᠎ᠦᠨ ᠬᠦᠷᠢᠶᠡᠨ ᠳ᠋ᠡᠬᠢ 135 ᠵᠤᠷᠪᠤᠰ ᠬᠦᠨᠳᠦ ᠣᠨᠴᠠ ᠶᠡᠬᠡ ᠡ᠊ᠨᠳᠡᠯ᠎ᠢ ᠰᠡᠷᠭᠡᠢᠯᠡᠨ ᠬᠣᠷᠢᠭ᠍ᠯᠠᠬᠤ ᠴᠢᠩᠭ᠎ᠠ ᠠᠷᠭ᠎ᠠ ᠬᠡᠮᠵᠢᠢ᠎ᠡ᠎ᠶ᠋ᠢ ᠨᠠᠢᠳᠠᠪᠤᠷᠢᠵᠢᠭᠤᠯᠬᠤ ᠬᠡᠷᠡᠭ᠌ᠲᠡᠢ᠃ ᠶᠡᠬᠡ ᠪᠡᠷ ᠪᠠᠢᠴᠠᠭᠠᠵᠤ ᠶᠡᠬᠡᠪᠡᠷ ᠴᠡᠭ᠌ᠴᠡᠯᠡᠨ ᠵᠠᠰᠠᠬᠤ ᠠᠵᠢᠯ᠎ᠢ ᠦᠨᠡᠨ ᠬᠦ᠌ ᠰᠠᠢᠲᠤᠷ ᠠᠳᠭᠤᠵᠤ᠂ ᠬᠦᠨᠳᠦ ᠶᠡᠬᠡ ᠡ᠊ᠨᠳᠡᠯ᠎ᠦᠨ ᠬᠡᠮ ᠰᠣᠭᠣᠭ᠎ᠢ ᠲᠤᠰᠭᠠᠶ ᠪᠠᠢᠴᠠᠭᠠᠨ ᠴᠡᠭ᠌ᠴᠡᠯᠡᠨ ᠵᠠᠰᠠᠬᠤ 2023 ᠤᠨ᠎ᠤ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍᠂ 《ᠠᠮᠤᠷ ᠲᠦᠪᠱᠢᠨ᠎ᠦ ᠦᠨᠡᠯᠡᠯᠲᠡ + ᠬᠠᠸ᠋ᠯᠢ ᠬᠡᠷᠡᠭ᠌ᠵᠢᠭᠦᠯᠬᠦ + ᠦᠶ᠋ᠯᠡᠴᠢᠯᠡᠭᠡ》᠂ ᠢᠯᠡ᠎ᠪᠡᠷ ᠪᠠᠢᠴᠠᠭᠠᠵᠤ ᠳᠠᠯᠳᠠᠭᠤᠷ ᠰᠤᠷᠪᠤᠯᠵᠢᠯᠠᠬᠤ᠂ ᠣᠨᠳᠣᠸ᠋ ᠭᠠᠵᠠᠷ᠎ᠲᠤ ᠰᠣᠯᠪᠢᠴᠠᠭᠤᠯᠤᠨ ᠬᠠᠸ᠋ᠯᠢ ᠬᠡᠷᠡᠭ᠌ᠵᠢᠭᠦᠯᠬᠦ᠌᠂ 《ᠢᠨᠲ᠋ᠸᠷ ᠰᠦᠯᠵᠢᠶ᠎ᠡ + ᠬᠠᠸ᠋ᠯᠢ ᠬᠡᠷᠡᠭ᠌ᠵᠢᠭᠦᠯᠬᠦ》᠂ 《ᠡᠷᠬᠢᠨ ᠬᠠᠷᠠᠬᠤ》 ᠬᠢᠨᠠᠨ ᠵᠢᠯᠣᠭᠣᠳᠭᠤ ᠵᠡᠷᠭᠡ ᠠᠷᠭ᠎ᠠ ᠵᠢ ᠠᠪᠴᠤ᠌᠂ ᠬᠦᠨᠳᠦ ᠶᠡᠬᠡ ᠡ᠊ᠨᠳᠡᠯ᠎ᠦᠨ ᠬᠡᠮ ᠰᠣᠭᠣᠭ ᠪᠠ ᠬᠠᠸ᠋ᠯᠢ ᠪᠤᠰᠤ ᠬᠠᠸ᠋ᠯᠢ ᠡᠴᠠ ᠵᠥᠷᠢᠴᠡᠭ᠌ᠰᠡᠨ ᠦᠶ᠋ᠯᠡ ᠠᠵᠢᠯᠯᠠᠭ᠎ᠠ ᠶ᠋ᠢ ᠴᠢᠩᠭ᠎ᠠ ᠠᠳᠭᠤᠨ᠂ ᠡᠴᠦᠰ᠎ᠲᠦᠨᠢ ᠲᠤᠯᠲᠠᠯ᠎ᠠ ᠪᠠᠢᠴᠠᠭᠠᠵᠤ᠂ ᠠᠶᠤᠯ ᠲᠦᠭ᠌ᠰᠢᠭᠦᠷᠢ᠎ᠶ᠋ᠢᠨ ᠬᠡᠮ ᠰᠣᠭᠣᠭ᠎ᠢ ᠪᠠᠢᠴᠠᠭᠠᠬᠤ ᠪᠠ ᠴᠡᠭ᠌ᠴᠡᠯᠡᠨ ᠰᠠᠢᠵᠢᠷᠠᠭᠤᠯᠬᠤ ᠶᠠᠰᠤ ᠴᠢᠨᠠᠷ᠎ᠢ ᠦᠨᠡᠨ ᠬᠦ᠌ ᠳᠡᠭᠡᠭ᠌ᠰᠢᠯᠡᠭᠦᠯᠦᠨ᠂ ᠠᠰᠠᠭᠤᠳᠠᠯ᠎ᠢ ᠢᠯᠡᠷᠡᠭᠦᠯᠵᠦ᠍ ᠠᠰᠠᠭᠤᠳᠠᠯ᠎ᠢ ᠱᠢᠶ᠋ᠳᠪᠦᠷᠢᠯᠡᠬᠦ᠌ ᠪᠤᠳᠤᠯ ᠤᠬᠠᠮᠰᠠᠷ ᠪᠠ ᠴᠢᠳᠠᠪᠤᠷᠢ ᠪᠠᠨ ᠳᠡᠭᠡᠭ᠌ᠰᠢᠯᠡᠭᠦᠯᠵᠦ᠍᠂ ᠬᠦᠨᠳᠦ ᠶᠡᠬᠡ ᠣᠨᠴᠠ ᠶᠡᠬᠡ ᠡᠨᠳᠡᠯ ᠭᠠᠷᠬᠤ᠎ᠶ᠋ᠢ ᠡᠷᠡᠰ ᠬᠣᠷᠢᠭ᠍ᠯᠠᠨ᠎ᠠ᠃
ᠠᠶᠤᠯᠭᠦᠶ ᠦᠢᠯᠡᠳᠪᠦᠷᠢᠯᠡᠯ᠎ᠦᠨ ᠦᠨᠳᠦᠰᠦᠨ ᠱᠠᠲᠤᠨ᠎ᠤ ᠰᠠᠭᠤᠷᠢ᠎ᠶ᠋ᠢ ᠪᠠᠲᠤᠳᠭᠠᠨ ᠪᠡᠬᠢᠵᠢᠭᠦᠯᠦᠨ᠎ᠡ᠃ ᠦᠨᠳᠦᠰᠦᠨ ᠱᠠᠲᠤᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠶ᠋ᠢᠨ ᠱᠢᠰᠲᠸᠮ ᠪᠣᠯᠤᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠠᠬᠢᠭᠤᠯᠵᠤ᠂ ᠠᠮᠤᠷ ᠲᠦᠪᠰᠢᠨ᠎ᠤ ᠬᠢᠨᠠᠠ ᠬᠠᠮᠢᠶᠠᠷᠬᠤ ᠬᠠᠤᠯᠢ ᠬᠡᠷᠡᠭ᠌ᠵᠢᠭᠦᠯᠬᠦ᠌ ᠡᠩᠨᠡᠭᠡᠨ᠎ᠤ ᠪᠠᠢᠭᠤᠯᠤᠯᠲᠠ ᠪᠣᠯᠤᠨ ᠴᠢᠳᠠᠪᠤᠷᠢ᠎ᠶ᠋ᠢ ᠳᠡᠭᠡᠭ᠌ᠰᠢᠯᠡᠬᠦᠯᠬᠦ᠎ᠶ᠋ᠢ ᠴᠢᠩᠭᠠᠳᠭᠠᠬᠤ ᠬᠡᠷᠡᠭ᠌ᠲᠡᠶ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠷᠭ᠎ᠠ ᠪᠠᠷᠢᠯ᠎ᠢ ᠬᠡᠷᠡᠭ᠌ᠯᠡᠬᠦ᠎ᠶ᠋ᠢ ᠪᠥᠬᠥ᠌ ᠲᠠᠯ᠎ᠠ᠎ᠪᠠᠷ ᠴᠢᠩᠭᠠᠳᠭᠠᠵᠤ᠂ ᠠᠶᠤᠯ ᠶᠡᠬᠡᠲᠡᠶ ᠠᠵᠢᠯ ᠲᠥᠷᠥᠯ᠎ᠳᠦ 《ᠮᠠᠱᠢᠨᠴᠢᠯᠠᠯᠲᠠ ᠪᠠᠷ ᠬᠥᠮᠦᠨ ᠰᠣᠯᠢᠬᠤ᠂ ᠠᠦ᠋ᠲ᠋ᠣᠴᠢᠯᠠᠯᠲᠠ ᠪᠠᠷ ᠬᠥᠮᠦᠨ᠎ᠢ ᠤᠷᠤᠯᠠᠭᠤᠯᠬᠤ᠂ ᠣᠶᠤᠨᠴᠢᠯᠠᠯᠳᠠ ᠪᠡᠷ ᠤᠷᠤᠯᠠᠭᠤᠯᠬᠤ》 ᠶ᠋ᠢ ᠠᠬᠢᠭᠤᠯᠤᠨ᠂ ᠠᠶᠤᠯᠬᠦᠢ ᠦᠶ᠋ᠯᠡᠳᠪᠦᠷᠢᠯᠡᠯ᠎ᠦᠨ ᠲᠦᠭ᠌ᠰᠢᠭᠦᠷᠢ ᠶ᠋ᠢ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠱᠢᠰᠲ᠋ᠧᠮ᠎ᠢ ᠬᠡᠷᠡᠭᠯᠡᠬᠦ ᠵᠢ ᠴᠢᠩᠭᠠᠳᠬᠠᠨ᠎ᠡ᠃ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ᠎ᠦ ᠪᠠᠢᠭᠤᠯᠤᠯᠲᠠ᠎ᠶ᠋ᠢᠨ ᠭᠤᠷᠪᠠᠨ ᠵᠢᠯ᠎ᠦᠨ ᠠᠵᠢᠯᠯᠠᠭ᠎ᠠ᠎ᠶ᠋ᠢ ᠠᠬᠢᠭᠤᠯᠵᠤ᠂ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠭᠡᠯ ᠲᠥᠰᠦᠯ᠎ᠦᠨ ᠱᠢᠰᠲ᠋ᠧᠮ᠎ᠢ ᠲᠡᠭᠦᠯᠳᠡᠷᠵᠢᠭᠦᠯᠦᠨ᠂ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ ᠨᠢᠭᠡ ᠪᠦᠯᠦᠭ ᠲᠤᠰᠭᠠᠶ ᠡᠩᠨᠡᠭᠡ᠎ᠶ᠋ᠢ ᠲᠦᠷᠭᠡᠳᠭᠡᠨ ᠪᠠᠢᠭᠤᠯᠵᠤ᠂ ᠠᠭᠤᠷᠬᠠᠶ ᠪᠤᠯᠤᠨ ᠠᠶᠤᠯ ᠲᠠᠶ ᠬᠢᠮᠢ᠎ᠶ᠋ᠢᠨ ᠪᠤᠳᠠᠰ᠎ᠤᠨ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ ᠰᠠᠭᠤᠷᠢᠨ᠎ᠢ ᠪᠥᠲᠥᠭᠡᠨ ᠪᠠᠢᠭᠤᠯᠵᠤ᠂ ᠥᠨᠳᠥᠷ ᠦᠷ᠎ᠡ ᠪᠦᠲᠦᠮᠵᠢᠲᠡᠶ ᠪᠡᠷ ᠠᠪᠤᠷᠠᠨ ᠲᠤᠰᠠᠯᠠᠬᠤ ᠲᠦᠪᠰᠢᠨ᠎ᠢ ᠳᠡᠭᠡᠭ᠌ᠰᠢᠯᠡᠭᠦᠯᠦᠨ᠎ᠡ᠃ ᠪᠣᠳᠠᠲᠠᠶ᠎ᠶ᠋ᠢ ᠡᠷᠬᠢᠮᠯᠡᠭ᠌ᠰᠡᠨ ᠪᠥᠭᠡᠳ ᠲᠤᠰᠠ ᠲᠡᠮᠵᠢᠯᠬᠡ ᠦᠵᠡᠬᠦᠯᠬᠦ ᠤᠬᠠᠭᠤᠯᠭ᠎ᠠ ᠬᠥᠮᠦᠵᠢᠯ᠎ᠦᠨ ᠪᠣᠯᠪᠠᠰᠤᠷᠠᠯ᠎ᠢ ᠥᠷᠨᠢᠭᠦᠯᠵᠦ᠍᠂ ᠠᠶᠤᠯᠬᠦᠢ ᠦᠶ᠋ᠯᠡᠳᠪᠦᠷᠢᠯᠡᠯ᠎ᠦᠨ ᠬᠦᠷᠢᠶᠡᠨ᠎ᠳᠡᠬᠢ ᠢᠯᠡᠴᠢᠯᠡᠨ ᠮᠡᠳᠡᠭᠦᠯᠦᠭ᠌ᠰᠡᠳᠢ ᠱᠠᠩᠨᠠᠬᠤ ᠠᠷᠭ᠎ᠠ᠎ᠶ᠋ᠢ ᠴᠢᠩᠭ᠎ᠠ ᠨᠠᠢᠳᠠᠪᠤᠷᠢᠵᠢᠭᠤᠯᠤᠨ᠂ ᠨᠡᠢᠭᠡᠮ ᠨᠡᠢᠲᠡ᠎ᠶ᠋ᠢᠨ ᠠᠮᠤᠷ ᠲᠦᠪᠱᠢᠨ᠎ᠦ ᠦᠵᠡᠯ ᠤᠬᠠᠮᠰᠠᠷ ᠪᠠ ᠠᠮᠤᠷ ᠲᠦᠪᠱᠢᠨ᠎ᠦ ᠤᠷ᠎ᠠ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃