ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠬᠢᠩᠭᠠᠨ ᠠᠢᠮᠠᠭ ᠪᠣᠯᠣᠨ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢᠭᠤᠯᠭ᠎ᠠ᠎ᠳᠤ ᠬᠦᠷᠴᠦ ᠤᠬᠠᠭᠤᠯᠤᠨ ᠲᠠᠢᠯᠪᠤᠷᠢᠯᠠᠪᠠ
2023-07-13 09:59:45
ᠵᠣᠬᠢᠶᠠᠭ᠍ᠴᠢ᠄
ᠰᠦᠩ ᠱᠤᠸᠠᠩ ᠯᠢ ᠬᠠᠨ ᠭᠤᠤ ᠮᠢᠨ ᠨᠠ
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 10 ᠡᠴᠡ 11᠎ᠤ᠋ ᠡᠳᠦᠷ ᠪᠣᠯᠲᠠᠯ᠎ᠠ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠬᠢᠩᠭᠠᠨ ᠠᠢᠮᠠᠭ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ᠎ᠲᠦ ᠬᠦᠷᠴᠦ ᠤᠬᠠᠭᠤᠯᠤᠨ ᠲᠠᠢᠯᠪᠤᠷᠢᠯᠠᠪᠠ᠃

ᠬᠢᠩᠭᠠᠨ ᠠᠢᠮᠠᠭ᠎ᠲᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠢᠭᠡᠳᠦᠮᠡᠯ ᠹᠷᠣᠨᠲ᠎ᠤᠨ ᠬᠡᠯᠲᠡᠰ᠎ᠦᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠬᠢᠯᠡᠬᠦ ᠵᠥᠪᠯᠡᠯ᠎ᠦᠨ ᠡᠷᠬᠢᠯᠡᠭᠴᠢ ᠭᠤᠤ ᠵᠠᠨ ᠱᠧᠩ ᠤᠬᠠᠭᠤᠯᠤᠨ ᠲᠠᠢᠯᠪᠤᠷᠢᠯᠠᠬᠤ᠎ᠳᠠᠭᠠᠨ᠂ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠣᠢᠯᠠᠭᠠᠵᠤ᠂ ᠬᠣᠶᠠᠷ ᠶᠡᠬᠡ ᠶᠠᠪᠤᠳᠠᠯ᠎ᠢ ᠪᠥᠬᠥ ᠬᠦᠴᠦᠨ᠎ᠢᠶᠡᠷ᠎ᠢᠶᠡᠨ ᠰᠠᠢᠲᠤᠷ ᠬᠢᠵᠦ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ ᠪᠠᠷ ᠪᠦᠲᠦᠭᠡᠨ ᠪᠠᠶ᠋ᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠲᠣᠭᠲᠠᠭᠠᠯ》 ᠢ᠋ ᠬᠢᠨᠠᠮᠠᠭᠠᠢ ᠨᠠᠢᠳᠠᠪᠤᠷᠢᠵᠢᠭᠤᠯᠤᠨ ᠪᠣᠳᠠᠲᠠᠢ ᠨᠠᠢᠳᠠᠪᠤᠷᠢᠵᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠨᠢᠳᠦᠨ᠎ᠳᠦ ᠦᠵᠡᠭᠳᠡᠵᠤ ᠰᠡᠳᠭᠢᠯ᠎ᠳᠦ ᠰᠠᠭᠤᠭᠳᠠᠵᠤ ᠭᠠᠷ᠎ᠲᠦ ᠪᠠᠷᠢᠭᠳᠠᠮ᠎ᠠ ᠪᠠᠲᠤ ᠴᠤᠬᠴᠠᠯᠠᠵᠦ᠂ ᠪᠥᠬᠥ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠬᠥᠮᠥᠵᠢᠭᠦᠯᠦᠨ ᠬᠥᠲᠥᠯᠥᠨ ᠵᠢᠯᠤᠭᠣᠳᠴᠤ ᠪᠠᠢᠭᠠᠳ ᠨᠠᠩ ᠴᠢᠩ ᠰᠡᠳᠬᠢᠯ᠎ᠡᠴᠡ ᠪᠡᠨ ᠨᠠᠮ᠎ᠤᠨ ᠠᠴᠢ᠎ᠡᠨᠡᠷᠢᠯ᠎ᠳᠤ ᠲᠠᠯᠠᠷᠬᠠᠨ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠳᠠᠭᠠᠨ ᠤᠷᠤᠬᠰᠢᠯᠠᠵᠤ᠂ ᠦᠨᠳᠦᠰᠦᠲᠡᠨ ᠨᠤᠬᠦᠳ᠎ᠤᠨ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠬᠠᠮᠲᠤ ᠪᠠᠷ ᠪᠠᠢᠭᠤᠯᠵᠤ ᠬᠠᠮᠲᠤ᠎ᠪᠠᠷ ᠡᠳ᠋ᠯᠡᠬᠦ᠎ᠶᠢ ᠠᠬᠢᠭᠤᠯᠬᠤ ᠬᠡᠷᠡᠭᠲᠡᠢ ᠬᠡᠵᠦ ᠬᠡᠯᠡᠪᠡ᠃

ᠮᠡᠳᠡᠭᠦᠯᠦᠯᠲᠡ᠎ᠶᠢᠨ ᠬᠤᠷᠠᠯ ᠲᠡᠭᠦᠰᠦᠭᠰᠡᠨ᠎ᠦ ᠲᠠᠷᠠᠭ᠎ᠠ᠂ ᠭᠤᠤ ᠵᠠᠨ ᠱᠧᠩ ᠪᠠᠰᠠ ᠤᠯᠠᠭᠠᠨᠬᠣᠲᠠ᠎ᠶᠢᠨ ᠬᠣᠩ ᠶᠦᠨ ᠨᠡᠢᠭᠡᠮ ᠲᠣᠭᠣᠷᠢᠭ᠋᠎ᠲᠤ ᠬᠦᠷᠴᠦ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠶᠢᠨ ᠲᠣᠭᠣᠷᠢᠨ᠎ᠳᠤ᠂ ᠨᠡᠢᠭᠡᠮ ᠲᠣᠭᠣᠷᠢᠭ᠋᠎ᠤᠨ ᠰᠠᠭᠤᠭᠠᠯᠢ ᠠᠷᠠᠳ ᠲᠠᠢ ᠨᠢᠭᠤᠷᠳᠡᠨ ᠬᠤᠷᠰᠢᠯᠴᠠᠨ ᠰᠠᠨᠠᠯ᠎ᠢᠶᠠᠨ ᠰᠣᠯᠢᠯᠴᠠᠵᠤ᠂ ᠤᠯᠠᠨ᠎ᠤ ᠠᠩᠬᠠᠷᠤᠯ ᠲᠠᠯᠪᠢᠵᠤ ᠪᠠᠢᠭ᠎ᠠ ᠬᠠᠯᠠᠮᠰᠢᠯ ᠠᠰᠠᠭᠤᠳᠠᠯ᠎ᠳᠤ ᠬᠠᠷᠢᠭᠤᠯᠲᠠ ᠥᠭᠴᠡᠢ᠃

7 ᠰᠠᠷ᠎ᠠ᠎ᠶᠢᠨ 11᠎ᠤ᠋ ᠦᠳᠡ᠎ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠢ᠋ᠢᠨ ᠳᠡᠳ᠋ ᠵᠠᠬᠢᠷᠤᠯ ᠮᠠ ᠬᠦᠶ ᠶᠢᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠯᠪᠠᠨ ᠲᠢᠩᠬᠢᠮ᠎ᠳᠦ ᠬᠦᠷᠴᠦ᠂ 《ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠶ᠎ᠡ》 ᠭᠡᠬᠦ ᠰᠡᠳᠦᠪ᠎ᠢᠶᠡᠷ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠵᠦ᠂ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠰᠢᠰᠲᠧᠮ᠎ᠲᠠᠢ ᠲᠠᠢᠯᠪᠤᠷᠢᠯᠠᠨ ᠭᠦᠨᠵᠡᠭᠡᠢ ᠲᠠᠢᠯᠤᠮᠵᠢ ᠬᠢᠵᠡᠢ᠃

《ᠪᠢᠳᠡ ᠶᠡᠷᠦᠩᠬᠡᠢ ᠱᠦᠵᠢ ᠰᠢ ᠵᠢᠨ ᠫᠢᠩ᠎ᠤᠨ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠠᠵᠢᠯ᠎ᠤᠨ ᠪᠠᠢᠷᠢ᠎ᠶᠢᠨ ᠪᠣᠳᠠᠲᠤ ᠪᠠᠢᠳᠠᠯ᠎ᠳᠠᠭᠠᠨ ᠰᠠᠭᠤᠷᠢᠯᠠᠨ᠂ ᠮᠣᠩᠭᠣᠯ ᠮᠣᠷᠢᠨ᠎ᠤ ᠵᠣᠷᠢᠭ᠋ ᠰᠠᠨᠠᠭ᠎ᠠ ᠪᠠ 〈ᠤᠮᠠᠷᠠᠲᠦ ᠢ᠋ᠢᠨ ᠭᠤᠷᠪᠠᠨ ᠤᠷᠤᠨ᠎ᠤ ᠵᠣᠷᠢᠭ᠋ ᠰᠠᠨᠠᠭ᠎ᠠ〉 ᠵᠢ ᠶᠡᠬᠡ ᠪᠡᠷ ᠦᠢᠯᠡᠳᠦᠯᠭᠡᠵᠢᠭᠦᠯᠦᠨ ᠪᠠᠳᠠᠷᠠᠭᠤᠯᠵᠤ᠂ 〈ᠭᠤᠷᠪᠠ᠎ᠳᠤ ᠦᠢᠯᠡᠴᠢᠯᠡᠬᠦ〉 ᠠᠵᠢᠯ᠎ᠤᠨ ᠴᠢᠳᠠᠪᠤᠷᠢ ᠪᠠ ᠲᠦᠪᠰᠢᠨ᠎ᠢᠶᠡᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ᠎ᠳᠦ ᠨᠠᠮ᠎ᠤᠨ ᠬᠤᠷᠢᠶ᠎ᠠ ᠢ᠋ᠢᠨ ᠠᠯᠪᠠᠨ ᠲᠢᠩᠬᠢᠮ᠎ᠤᠨ ᠬᠥᠮᠥᠰ᠎ᠦᠨ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠡᠨ ᠦᠵᠡᠭᠦᠯᠦᠨ᠎ᠡ》 ᠭᠡᠵᠦ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠯᠪᠠᠨ ᠲᠢᠩᠬᠢᠮ᠎ᠦᠨ ᠪᠠᠢᠭᠤᠯᠭ᠎ᠠ᠎ᠶᠢᠨ ᠨᠠᠮ᠎ᠤᠨ ᠬᠣᠷᠢᠶ᠎ᠠ᠎ᠶᠢᠨ ᠳᠡᠳ᠋ ᠱᠦᠵᠢ ᠸᠠᠩ ᠯᠢ ᠲᠦᠩ ᠬᠡᠯᠡᠪᠡ᠃

11᠎ᠤ᠋ ᠡᠲᠦᠷ᠎ᠤᠨ ᠦᠳᠡ᠎ᠶᠢᠨ ᠬᠣᠢᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ᠎ᠲᠦ᠂ ᠮᠠ ᠬᠦᠢ ᠶᠢᠩ 《ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠳᠠᠬᠢ ᠬᠠᠯᠠᠭᠤᠨ ᠲᠤᠳᠤᠨᠤ ᠬᠠᠢᠷ᠎ᠠ ᠬᠠᠯᠠᠮᠵᠢ᠎ᠶᠢ ᠭᠦᠨᠵᠡᠭᠡᠢ ᠣᠢᠯᠠᠭᠠᠶ᠎ᠠ》᠂《ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠪᠠᠶᠠᠯᠢᠭ᠋ ᠠᠭᠤᠯᠤᠭᠳᠠᠬᠤᠨ ᠪᠠ ᠦᠢᠯᠡᠳᠦᠯᠭᠡ᠎ᠶᠢᠨ ᠱᠠᠭᠠᠷᠳᠠᠯᠭ᠎ᠠ᠎ᠶᠢ ᠭᠦᠨᠵᠡᠭᠡᠢ ᠣᠢᠯᠠᠭᠠᠶ᠎ᠠ》᠂《ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ ᠪᠡᠷ ᠬᠥᠲᠥᠯᠥᠮᠵᠢ ᠪᠣᠯᠭᠠᠵᠤ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠲᠠᠪᠤᠷᠢᠵᠢᠭᠤᠯᠬᠤ ᠵᠢ ᠠᠬᠢᠭᠤᠯᠤᠶ᠎ᠠ》 ᠬᠡᠬᠦ ᠭᠤᠷᠪᠠᠨ ᠲᠠᠯ᠎ᠠ᠎ᠠᠴᠠ ᠰᠢᠰᠲ᠋ᠸᠮ ᠲᠠᠢ ᠲᠣᠳᠣᠷᠬᠠᠢᠯᠠᠨ ᠥᠭᠦᠯᠡᠪᠡ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ᠎ᠦᠨ ᠵᠣᠬᠢᠶᠠᠨ ᠪᠠᠶ᠋ᠢᠭᠤᠯᠬᠤ ᠭᠤᠷᠪᠠᠳᠤᠭᠠᠷ ᠭᠠᠵᠠᠷ᠎ᠤᠨ ᠨᠠᠮ᠎ᠤᠨ ᠡᠭᠦᠷ᠎ᠦᠨ ᠱᠦᠵᠢ᠂ ᠭᠠᠵᠠᠷ᠎ᠤᠨ ᠳᠠᠷᠤᠭ᠎ᠠ ᠸᠠᠩ ᠶᠦᠩ᠂ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠵᠣᠬᠢᠶᠠᠨ ᠪᠠᠶ᠋ᠢᠭᠤᠯᠬᠤ ᠠᠵᠢᠯ᠎ᠤᠨ ᠺᠠᠳ᠋ᠷ ᠪᠣᠯᠤᠭᠰᠠᠨ᠎ᠤ ᠬᠤᠪᠢ᠎ᠳᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ ᠪᠠᠷ ᠭᠣᠣᠯ ᠰᠢᠵᠢᠮ ᠪᠣᠯᠭᠠᠵᠤ᠂ ᠪᠠᠲᠤ ᠴᠢᠩᠭ᠎ᠠ ᠪᠡᠬᠢᠯᠡᠯᠲᠡ᠎ᠶᠢᠨ 《ᠵᠢᠱ᠌ᠢᠶᠡᠴᠢ》 ᠨᠠᠮ᠎ᠤᠨ ᠡᠭᠦᠷ᠎ᠢ ᠪᠠᠶ᠋ᠢᠭᠤᠯᠬᠤ ᠪᠠᠷ ᠭᠠᠷᠳᠠᠴᠠ ᠪᠣᠯᠭᠠᠵᠤ᠂ ᠬᠤᠳᠠ᠎ᠶᠢᠨ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ ᠪᠡᠷ ᠦᠨᠳᠦᠰᠦᠨ ᠱᠠᠲᠤᠨ᠎ᠤ ᠵᠠᠰᠠᠯᠲᠠ᠎ᠶᠢ ᠬᠥᠲᠥᠯᠥᠨ ᠳᠠᠭᠠᠭᠤᠯᠬᠤ ᠵᠢ ᠦᠷᠭᠦᠯᠵᠢᠯᠡᠨ ᠬᠦᠨᠵᠡᠭᠡᠢᠷᠡᠭᠦᠯᠵᠦ᠂ ᠨᠠᠮ᠎ᠤᠨ ᠪᠠᠢᠭᠤᠯᠤᠯᠲᠠ᠎ᠶᠢ ᠠᠳᠬᠤᠵᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠬᠤ᠎ᠶᠢ ᠭᠦᠨᠵᠡᠭᠡᠢ ᠠᠬᠢᠭᠤᠯᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠤᠯᠤᠰ ᠳᠦᠷᠦ᠎ᠶᠢᠨ ᠴᠢᠳᠠᠪᠬᠢ ᠪᠣᠯᠣᠨ ᠵᠣᠬᠢᠶᠠᠨ ᠪᠠᠢᠭᠤᠯᠤᠯᠲᠠ᠎ᠶᠢᠨ ᠴᠢᠳᠠᠪᠬᠢ᠎ᠶᠢ ᠳᠠᠰᠤᠷᠠᠯᠳᠠ ᠦᠭᠡᠢ ᠴᠢᠩᠭᠠᠳᠬᠠᠨ᠎ᠠ ᠬᠡᠵᠦ ᠢᠯᠡᠷᠬᠡᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号