ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠶᠢᠨ ᠨᠢᠭᠡᠳᠦᠯᠲᠡᠢ ᠲᠤᠬᠢᠷᠠᠭᠤᠯᠤᠯᠳᠠ ᠪᠠᠢᠷᠢᠯᠠᠭᠤᠯᠤᠯᠳᠠ ᠵᠢ ᠦᠨᠳᠦᠰᠦᠯᠡᠨ᠂ ᠤᠢ᠍ᠢᠷᠠ ᠵᠢᠨ ᠡᠳᠦᠷ ᠲᠦ᠍᠂ ᠥᠪᠡᠷᠲᠡᠭᠡᠨ ᠵᠠᠰᠠᠬᠤ ᠣᠷᠣᠨ ᠤ᠋ ᠤᠳᠤᠷᠢᠳᠤᠯᠭ᠎ᠠ ᠨᠠᠷ ᠶᠡᠬᠡ ᠳᠡᠭᠡᠳᠦ ᠰᠤᠷᠭᠠᠭᠤᠯᠢ ᠳ᠋ᠦ ᠭᠦᠨᠵᠡᠭᠡᠢᠷᠡᠨ ᠦᠵᠡᠯ ᠰᠠᠨᠠᠭ᠎ᠠ ᠤᠯᠤᠰ ᠲᠦᠷᠦ᠍ ᠵᠢᠨ ᠬᠥᠮᠦᠵᠢᠯ ᠬᠢᠵᠤ᠂ ᠥᠷᠭᠡᠨ ᠤᠯᠠᠨ ᠵᠠᠯᠠᠭᠤ ᠰᠤᠷᠤᠭ᠍ᠴᠢᠳ ᠢ᠋ ᠴᠠᠭ ᠦᠶ᠎ᠡ ᠵᠢᠨ ᠬᠦᠨᠳᠦ ᠡᠭᠦᠷᠭᠡ ᠵᠢ ᠵᠣᠷᠢᠭ᠍ᠲᠠᠢ ᠡᠭᠦᠷᠭᠡᠯᠡᠵᠦ᠍᠂ ᠬᠤᠪᠢ ᠬᠥᠮᠦᠨᠦ ᠬᠦᠰᠡᠯᠡᠩ ᠵᠢᠡᠨ ᠡᠬᠡ ᠤᠯᠤᠰ ᠤ᠋ᠨ ᠢᠷᠡᠭᠡᠳᠦᠢ᠂ ᠦᠨᠳᠦᠰᠦᠲᠡᠨᠦ ᠬᠤᠪᠢ ᠵᠠᠶᠠᠭᠠᠲᠠᠶ ᠨᠢᠭ᠍ᠲᠠ ᠤᠶᠠᠯᠳᠤᠭᠤᠯᠵᠤ᠂ ᠵᠠᠯᠠᠭᠤ ᠨᠠᠰᠤ ᠪᠠᠨ ᠬᠥᠰᠡᠷᠳᠡᠭᠦᠯᠬᠦ᠌ ᠦᠭᠡᠢ᠂ ᠴᠠᠭ ᠦᠶᠡᠳᠦ ᠣᠰᠣᠯᠳᠠᠬᠤ ᠦᠭᠡᠢ᠂ ᠠᠷᠠᠳ ᠲᠦᠮᠡᠨᠦ ᠳᠤᠮᠳᠠ ᠦᠨᠳᠦᠰᠦᠯᠡᠵᠦ᠍᠂ ᠤᠯᠤᠰ ᠣᠷᠣᠨᠳᠠᠭᠠᠨ ᠬᠤᠪᠢ ᠨᠡᠮᠡᠷᠢ ᠦᠵᠡᠭᠦᠯᠵᠦ᠍᠂ ᠳᠤᠮᠳᠠᠳᠤ ᠵᠢᠨ ᠦᠨᠳᠦᠰᠦᠲᠡᠨᠦ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ᠌ ᠰᠦᠷ ᠳᠠᠯᠠᠢᠴᠠᠲᠠᠢ ᠦᠢᠯᠡᠳᠦᠯᠭᠡ ᠳᠤᠮᠳᠠ ᠵᠠᠯᠠᠭᠤ ᠨᠠᠰᠤᠨ ᠤ᠋ ᠳᠠᠭᠤᠯᠠᠯ ᠵᠢᠡᠨ ᠪᠢᠴᠢᠭ᠌ᠯᠡᠭᠡᠷᠡᠢ ᠭᠡᠵᠦ᠍ ᠵᠣᠷᠢᠭ᠍ᠵᠢᠭᠤᠯᠪᠠ᠃
ᠥᠪᠡᠷᠲᠡᠭᠡᠨ ᠵᠠᠰᠠᠬᠤ ᠣᠷᠣᠨ ᠤ᠋ ᠳᠡᠳ᠋ ᠲᠡᠷᠢᠭᠦᠯᠡᠭ᠌ᠴᠢ ᠴᠢ᠊ ᠪᠠᠲᠤ ᠣᠷᠳᠣᠰ ᠬᠡᠷᠡᠭ᠌ᠯᠡᠭᠡᠨᠦ ᠮᠡᠷᠭᠡᠵᠢᠯ ᠤ᠋ᠨ ᠳᠡᠭᠡᠳᠦ ᠰᠤᠷᠭᠠᠭᠤᠯᠢ ᠳ᠋ᠦ ᠬᠦᠷᠴᠦ᠍ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ ᠰᠣᠨᠣᠰᠴᠤ᠌᠂ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ ᠣᠷᠣᠪᠠ᠃ ᠴᠢ᠊ ᠪᠠᠲᠤ᠂ ᠰᠢ ᠵᠢᠨ ᠫᠢᠩ ᠤ᠋ᠨ ᠱᠢᠨ᠎ᠡ ᠴᠠᠭ ᠦᠶ᠎ᠡ ᠵᠢᠨ ᠳᠤᠮᠳᠠᠳᠤ ᠤᠯᠤᠰ ᠤ᠋ᠨ ᠣᠨᠴᠠᠯᠢᠭ ᠲᠠᠶ ᠨᠡᠢᠭᠡᠮ ᠵᠢᠷᠤᠮ ᠤ᠋ᠨ ᠦᠵᠡᠯ ᠰᠠᠨᠠᠭ᠎ᠠ ᠵᠢ ᠪᠦᠬᠦ᠌ ᠲᠠᠯ᠎ᠠ ᠪᠡᠷ ᠰᠤᠷᠤᠯᠴᠠᠨ ᠲᠤᠭᠤᠱᠢᠯᠠᠭᠤᠯᠵᠤ᠂ ᠤᠶᠤᠲᠠᠳ ᠤ᠋ᠨ ᠦᠵᠡᠯ ᠰᠠᠨᠠᠭ᠎ᠠ ᠤᠯᠤᠰ ᠲᠦᠷᠦ᠍ ᠵᠢᠨ ᠬᠥᠮᠦᠵᠢᠯ ᠪᠣᠯᠤᠨ ᠮᠠᠷᠺᠰ ᠤ᠋ᠨ ᠦᠵᠡᠯ ᠤ᠋ᠨ ᠤᠨᠤᠯ ᠤ᠋ᠨ ᠰᠤᠷᠤᠯᠴᠠᠯᠭ᠎ᠠ ᠵᠢ ᠴᠢᠩᠭᠠᠳᠭᠠᠵᠤ᠂ ᠰᠤᠷᠤᠭ᠍ᠴᠢᠳ ᠢ᠋ ᠢᠯᠡᠭᠦᠬᠡᠨ ᠱᠢᠭ ᠮᠡᠳᠡᠯᠭᠡ ᠡᠵᠡᠮᠱᠢᠵᠦ᠍᠂ ᠮᠣᠩᠭᠣᠯ ᠮᠣᠷᠢ ᠱᠢᠭ᠋ ᠡᠷᠡᠮᠡᠭᠡᠢᠯᠡᠨ ᠤᠷᠤᠭ᠍ᠰᠢᠯᠠᠵᠤ᠂ ᠶᠡᠷᠦᠩᠬᠡᠢ ᠱᠦᠵᠢ ᠰᠢ ᠵᠢᠨ ᠫᠢᠩ ᠤ᠋ᠨ ᠥᠪᠥᠷ ᠮᠣᠩᠭᠣᠯ ᠳ᠋ᠦ ᠲᠤᠱᠢᠶᠠᠭ᠍ᠰᠠᠨ ᠲᠠᠪᠤᠨ ᠶᠡᠬᠡ ᠡᠭᠦᠷᠭᠡ ᠵᠢ ᠴᠢᠷᠮᠠᠢᠨ ᠪᠡᠶᠡᠯᠡᠭᠦᠯᠵᠦ᠍᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠢ᠋ ᠪᠦᠬᠦ᠌ ᠲᠠᠯ᠎ᠠ ᠪᠡᠷ ᠪᠦᠳᠦᠭᠡᠨ ᠪᠠᠢᠭᠤᠯᠬᠤ ᠳ᠋ᠦ ᠭᠡᠷᠡᠯ ᠭᠢᠯᠪᠠᠭ᠎ᠠ ᠨᠡᠮᠡᠷᠢᠯᠡᠭᠡᠷᠡᠢ ᠭᠡᠵᠦ᠍ ᠵᠣᠷᠢᠭ᠍ᠵᠢᠭᠤᠯᠪᠠ᠃ ᠰᠤᠷᠭᠠᠭᠤᠯᠢ ᠪᠠ ᠪᠠᠭ᠍ᠰᠢᠨᠠᠷ ᠴᠣ ᠱᠢᠨ᠎ᠡ ᠣᠶᠤᠨ ᠰᠠᠨᠠᠭᠠᠨ ᠤ᠋ ᠳᠦᠷᠰᠦ ᠪᠠᠢᠳᠠᠯ ᠪᠠ ᠨᠠᠩ ᠥᠨᠳᠥᠷ ᠬᠥᠭ᠌ᠵᠢᠯᠲᠡ ᠵᠢᠨ ᠴᠢᠨᠠᠷ ᠴᠢᠨᠰᠠᠭ᠎ᠠ ᠦᠷ᠎ᠡ ᠪᠦᠲᠦᠮᠵᠢᠪᠡᠷ ᠶᠣᠰᠣ ᠰᠤᠷᠲᠠᠬᠤᠨ ᠵᠢᠡᠷ ᠬᠥᠮᠦᠨ ᠢ᠋ ᠬᠥᠮᠦᠵᠢᠭᠦᠯᠬᠦ᠌ ᠠᠵᠢᠯ ᠢ᠋ ᠠᠬᠢᠭᠤᠯᠵᠤ᠂ ᠣᠷᠳᠣᠰ ᠬᠡᠷᠡᠭ᠌ᠯᠡᠭᠡᠨᠦ ᠮᠡᠷᠭᠡᠵᠢᠯ ᠤ᠋ᠨ ᠳᠡᠭᠡᠳᠦ ᠰᠤᠷᠭᠠᠭᠤᠯᠢ ᠵᠢ ᠥᠨᠳᠥᠷ ᠲᠦᠪᠱᠢᠨ ᠲᠠᠢ᠂ ᠥᠪᠡᠷᠮᠢᠴᠡ ᠣᠨᠴᠠᠯᠢᠭ ᠲᠠᠶ ᠡᠷᠭᠢᠯᠡᠬᠦ᠌ ᠵᠢ ᠬᠦᠰᠡᠵᠦ᠍ ᠪᠠᠢᠨ᠎ᠠ ᠭᠡᠪᠡ᠃
ᠥᠪᠡᠷᠲᠡᠭᠡᠨ ᠵᠠᠰᠠᠬᠤ ᠣᠷᠣᠨ ᠤ᠋ ᠳᠡᠳ᠋ ᠲᠡᠷᠢᠭᠦᠯᠡᠭ᠌ᠴᠢ ᠪᠦᠦ ᠱᠢᠶᠠᠨ ᠬᠤᠸᠠ ᠥᠪᠥᠷ ᠮᠣᠩᠭᠣᠯ ᠤ᠋ᠨ ᠮᠠᠱᠢᠨ ᠴᠠᠬᠢᠯᠭᠠᠨ ᠤ᠋ ᠠᠵᠢᠯ ᠮᠡᠷᠭᠡᠵᠢᠯ ᠤ᠋ᠨ ᠳᠡᠭᠡᠳᠦ ᠰᠤᠷᠭᠠᠭᠤᠯᠢ ᠳ᠋ᠦ ᠬᠦᠷᠴᠦ᠍᠂ ᠪᠠᠭ᠍ᠰᠢ ᠰᠤᠷᠤᠭ᠍ᠴᠢᠳ ᠲᠦ᠍ ᠭᠣᠣᠯ ᠰᠡᠳᠦᠪᠲᠦ ᠬᠥᠮᠦᠵᠢᠯ ᠤ᠋ᠨ ᠲᠤᠰᠭᠠᠢ ᠰᠡᠳᠦᠪᠲᠦ ᠨᠠᠮ ᠤ᠋ᠨ ᠬᠢᠴᠢᠶᠡᠯ ᠵᠢᠴᠢ ᠶᠡᠬᠡ ᠳᠡᠭᠡᠳᠦ ᠰᠤᠷᠭᠠᠭᠤᠯᠢ ᠵᠢᠨ ᠦᠵᠡᠯ ᠰᠠᠨᠠᠭ᠎ᠠ ᠤᠯᠤᠰ ᠲᠦᠷᠦ᠍ ᠵᠢᠨ ᠬᠢᠴᠢᠶᠡᠯ ᠣᠷᠣᠪᠠ᠃ ᠪᠦᠦ ᠱᠢᠶᠠᠨ ᠬᠤᠸᠠ᠂ ᠣᠳᠣᠬᠠᠨ ᠳ᠋ᠦ᠂ ᠣᠷᠣᠨ ᠳᠠᠶᠠᠭᠠᠷ ᠵᠢᠡᠨ ᠶᠡᠷᠦᠩᠬᠡᠢ ᠱᠦᠵᠢ ᠰᠢ ᠵᠢᠨ ᠫᠢᠩ ᠤ᠋ᠨ ᠥᠪᠥᠷ ᠮᠣᠩᠭᠣᠯ ᠳ᠋ᠦ ᠲᠤᠱᠢᠶᠠᠭ᠍ᠰᠠᠨ ᠲᠠᠪᠤᠨ ᠶᠡᠬᠡ ᠡᠭᠦᠷᠭᠡ ᠵᠢ ᠰᠠᠢᠲᠤᠷ ᠪᠡᠶᠡᠯᠡᠭᠦᠯᠬᠦ᠌ ᠪᠠ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠢ᠋ ᠪᠦᠬᠦ᠌ ᠲᠠᠯ᠎ᠠ ᠪᠡᠷ ᠪᠦᠳᠦᠭᠡᠨ ᠪᠠᠢᠭᠤᠯᠬᠤ ᠵᠢᠨ ᠲᠥᠯᠥᠭᠡ ᠴᠢᠷᠮᠠᠢᠨ ᠲᠡᠮᠡᠴᠡᠵᠦ᠍᠂ ᠰᠤᠷᠭᠠᠨ ᠬᠥᠮᠦᠵᠢᠯ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠴᠢᠳᠠᠪᠤᠷᠢᠲᠠᠨ ᠬᠠᠮᠵᠢᠯᠴᠠᠨ ᠬᠥᠭ᠌ᠵᠢᠬᠦ᠌ ᠵᠢ ᠪᠠᠷᠢᠮᠲᠠᠯᠠᠵᠤ᠂ ᠮᠠᠨ ᠤ᠋ ᠣᠷᠣᠨ ᠤ᠋ ᠠᠵᠤ ᠠᠬᠤᠢ ᠨᠡᠢᠭᠡᠮ ᠤ᠋ᠨ ᠴᠢᠨᠠᠷ ᠰᠠᠢᠲᠠᠢ ᠬᠥᠭ᠌ᠵᠢᠯᠲᠡ ᠵᠢ ᠲᠤᠯᠭᠠᠭᠤᠷᠢᠯᠠᠵᠤ ᠪᠠᠢᠨ᠎ᠠ᠃ ᠥᠷᠭᠡᠨ ᠤᠯᠠᠨ ᠵᠠᠯᠠᠭᠤ ᠰᠤᠷᠤᠭ᠍ᠴᠢᠳ ᠰᠠᠢ᠌ᠨ ᠨᠣᠮ ᠤᠩᠱᠢᠵᠤ᠂ ᠰᠠᠢ᠌ᠨ ᠬᠥᠮᠦᠨ ᠪᠤᠯᠵᠤ᠂ ᠰᠠᠢ᠌ᠨ ᠴᠢᠳᠠᠪᠤᠷᠢᠲᠠᠨ ᠪᠤᠯᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠤ᠎ᠠ ᠰᠠᠢᠬᠠᠨ ᠬᠥᠳᠡᠯᠮᠦᠷᠢ ᠪᠦᠬᠦ᠌ ᠲᠠᠯ᠎ᠠ ᠪᠡᠷ ᠬᠥᠭ᠌ᠵᠢᠭ᠌ᠰᠡᠨ ᠨᠡᠢᠭᠡᠮ ᠵᠢᠷᠤᠮ ᠤ᠋ᠨ ᠬᠢᠷᠢ ᠲᠡᠩᠴᠡᠭ᠌ᠰᠡᠨ ᠪᠦᠳᠦᠭᠡᠨ ᠪᠠᠢᠭᠤᠯᠤᠭ᠍ᠴᠢ ᠪᠠ ᠨᠠᠢᠳᠠᠪᠤᠷᠢᠲᠠᠢ ᠵᠠᠯᠭᠠᠮᠵᠢᠯᠠᠭ᠍ᠴᠢ ᠪᠣᠯᠬᠤ ᠪᠡᠷ ᠴᠢᠷᠮᠠᠢᠬᠤ ᠬᠡᠷᠡᠭ᠌ᠲᠡᠢ ᠭᠡᠪᠡ᠃
ᠥᠪᠡᠷᠲᠡᠭᠡᠨ ᠵᠠᠰᠠᠬᠤ ᠣᠷᠣᠨ ᠤ᠋ ᠳᠡᠳ᠋ ᠲᠡᠷᠢᠭᠦᠯᠡᠭ᠌ᠴᠢ᠂ ᠳᠣᠲᠣᠭᠠᠳᠤ ᠵᠢ ᠬᠠᠮᠠᠭᠠᠯᠠᠬᠤ ᠲᠢᠩᠬᠢᠮ ᠤ᠋ᠨ ᠳᠠᠷᠤᠭ᠎ᠠ ᠵᠧᠩ ᠭᠤᠸᠠᠩ ᠵᠣᠣ ᠥᠪᠥᠷ ᠮᠣᠩᠭᠣᠯ ᠤ᠋ᠨ ᠴᠠᠭ᠍ᠳᠠᠭᠠ ᠵᠢᠨ ᠠᠵᠢᠯ ᠮᠡᠷᠭᠡᠵᠢᠯ ᠤ᠋ᠨ ᠳᠡᠭᠡᠳᠦ ᠰᠤᠷᠭᠠᠭᠤᠯᠢ ᠳ᠋ᠦ ᠬᠦᠷᠴᠦ᠍᠂ ᠪᠠᠭ᠍ᠰᠢ ᠰᠣᠷᠣᠭ᠍ᠴᠢ᠂ ᠠᠷᠠᠳ ᠤ᠋ᠨ ᠴᠠᠭ᠍ᠳᠠᠭᠠ ᠳ᠋ᠦ 《ᠭᠤᠤᠯ ᠰᠡᠳᠦᠪᠲᠦ ᠬᠥᠮᠦᠵᠢᠯ ᠢ᠋ ᠯᠠᠪᠳᠠᠭᠤᠨ ᠪᠠᠲᠤᠲᠠᠶ ᠥᠷᠨᠢᠭᠦᠯᠵᠦ᠍᠂ ᠳᠣᠲᠣᠭᠠᠳᠤ ᠵᠢ ᠬᠠᠮᠠᠭᠠᠯᠠᠬᠤ ᠲᠡᠮᠦᠷ ᠴᠡᠷᠢᠭ ᠢ᠋ ᠬᠦᠴᠦᠯᠡᠨ ᠳᠠᠪᠲᠠᠨ ᠪᠣᠯᠪᠠᠰᠤᠷᠠᠭᠤᠯᠵᠤ᠂ ᠥᠪᠡᠷᠲᠡᠭᠡᠨ ᠵᠠᠰᠠᠬᠤ ᠣᠷᠣᠨ ᠤ᠋ ᠬᠣᠶᠠᠷ ᠶᠡᠬᠡ ᠶᠠᠪᠤᠳᠠᠯ ᠢ᠋ ᠰᠠᠢᠲᠤᠷ ᠪᠡᠶᠡᠯᠡᠭᠦᠯᠬᠦ᠌ᠳᠦ ᠭᠠᠪᠢᠶ᠎ᠠ ᠵᠢᠳᠬᠦᠯ ᠪᠠᠢᠭᠤᠯᠤᠶ᠎ᠠ》 ᠭᠡᠬᠦ ᠭᠤᠤᠯ ᠰᠡᠳᠦᠪᠲᠦ ᠬᠥᠮᠦᠵᠢᠯ ᠤ᠋ᠨ ᠨᠠᠮ ᠤ᠋ᠨ ᠬᠢᠴᠢᠶᠡᠯ ᠵᠢᠴᠢ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ ᠣᠷᠣᠪᠠ᠃ ᠵᠧᠩ ᠭᠤᠸᠠᠩ ᠵᠤᠤ ᠶᠡᠷᠦᠩᠬᠡᠢ ᠱᠦᠵᠢ ᠰᠢ ᠵᠢᠨ ᠫᠢᠩ ᠤ᠋ᠨ ᠥᠪᠥᠷ ᠮᠣᠩᠭᠣᠯ ᠳ᠋ᠦ ᠱᠢᠨᠵᠢᠯᠡᠨ ᠪᠠᠢᠴᠠᠭᠠᠬᠤ ᠦᠶ᠎ᠡ ᠵᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠵᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠵᠢᠨ ᠲᠣᠭᠣᠷᠢᠨ ᠳ᠋ᠦ᠂ ᠤᠯᠠᠨ ᠢ᠋ 《ᠬᠣᠶᠠᠷ ᠢ᠋ ᠲᠣᠭ᠍ᠲᠠᠭᠠᠭᠰᠠᠨ》 ᠱᠢᠢᠳᠪᠦᠷᠢᠯᠡᠭ᠌ᠴᠢ ᠴᠢᠨᠠᠷᠲᠠᠢ ᠠᠴᠢ ᠬᠣᠯᠪᠣᠭ᠍ᠳᠠᠯ ᠢ᠋ ᠭᠦᠨᠵᠡᠭᠡᠢ ᠣᠢᠯᠠᠭᠠᠵᠤ᠂ 《 ᠵᠢᠷᠭᠤᠭ᠎ᠠ ᠵᠢ ᠡᠷᠬᠡᠪᠰᠢ ᠪᠠᠷᠢᠮᠲᠠᠯᠠᠬᠤ》 ᠵᠢ ᠣᠨᠣᠪᠴᠢᠲᠠᠢ ᠡᠵᠡᠮᠳᠡᠵᠦ᠍᠂ 《ᠲᠠᠪᠤᠨ ᠲᠡᠷᠢᠭᠦᠨ ᠵᠡᠷᠭᠡ》 ᠵᠢᠨ ᠥᠪᠥᠷ ᠮᠣᠩᠭᠣᠯ ᠤ᠋ᠨ ᠳᠣᠲᠣᠭᠠᠳᠤ ᠵᠢ ᠬᠠᠮᠠᠭᠠᠯᠠᠬᠤ ᠲᠡᠮᠦᠷ ᠴᠡᠷᠢᠭ ᠢ᠋ ᠳᠠᠪᠲᠠᠨ ᠪᠣᠯᠪᠠᠰᠤᠷᠠᠭᠤᠯᠵᠤ᠂ ᠥᠪᠡᠷᠲᠡᠭᠡᠨ ᠵᠠᠰᠠᠬᠤ ᠣᠷᠣᠨ ᠤ᠋ ᠬᠣᠶᠠᠷ ᠶᠡᠬᠡ ᠶᠠᠪᠤᠳᠠᠯ ᠢ᠋ ᠰᠠᠢᠲᠤᠷ ᠬᠢᠬᠦ᠌ᠳᠦ ᠦᠢᠯᠡᠴᠢᠯᠡᠬᠦ᠌ ᠴᠢᠬᠤᠯᠠ ᠶᠡᠬᠡ ᠡᠭᠦᠷᠭᠡ ᠵᠢ ᠡᠷᠡᠰ ᠡᠭᠦᠷᠭᠡᠯᠡᠬᠦ᠌ ᠬᠡᠷᠡᠭ᠌ᠲᠡᠢ ᠭᠡᠵᠦ᠍ ᠱᠠᠭᠠᠷᠳᠠᠪᠠ᠃
ᠥᠪᠡᠷᠲᠡᠭᠡᠨ ᠵᠠᠰᠠᠬᠤ ᠣᠷᠣᠨ ᠤ᠋ ᠳᠡᠳ᠋ ᠲᠡᠷᠢᠭᠦᠯᠡᠭ᠌ᠴᠢ ᠶᠣᠣ ᠶᠦᠩ ᠪᠥᠸᠧ ᠱᠢᠯᠢ ᠵᠢᠨ ᠭᠤᠤᠯ ᠤ᠋ᠨ ᠠᠵᠢᠯ ᠮᠡᠷᠭᠡᠵᠢᠯ ᠤ᠋ᠨ ᠳᠡᠭᠡᠳᠦ ᠰᠤᠷᠭᠠᠭᠤᠯᠢ ᠳ᠋ᠦ ᠪᠠᠢᠴᠠᠭᠠᠨ ᠰᠤᠳᠤᠯᠤᠯᠲᠠ ᠬᠢᠬᠦ᠌ᠳᠡᠭᠡᠨ᠂ ᠶᠣᠰᠣ ᠰᠤᠷᠲᠠᠬᠤᠨ ᠵᠢᠡᠷ ᠬᠥᠮᠦᠨ ᠢ᠋ ᠬᠥᠮᠦᠵᠢᠭᠦᠯᠬᠦ᠌ ᠵᠢ ᠰᠤᠷᠭᠠᠨ ᠬᠥᠮᠦᠵᠢᠯ ᠤ᠋ᠨ ᠰᠤᠷᠭᠠᠭᠤᠯᠢ ᠡᠷᠭᠢᠯᠡᠬᠦ᠌ ᠭᠤᠤᠯ ᠭᠣᠭ᠍ᠴᠣᠭᠠ ᠪᠣᠯᠭᠠᠬᠤ ᠵᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ᠂ ᠳᠤᠮᠳᠠᠳᠤ ᠵᠢᠨ ᠦᠨᠳᠦᠰᠦᠲᠡᠨᠦ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠠᠵᠢᠯ ᠢ᠋ ᠪᠥᠬᠥ᠌ ᠬᠦᠴᠦᠨ ᠵᠢᠡᠷ ᠵᠢᠡᠨ ᠰᠠᠢᠲᠤᠷ ᠠᠳᠭᠤᠵᠤ᠂ ᠰᠢ ᠵᠢᠨ ᠫᠢᠩ ᠤ᠋ᠨ ᠱᠢᠨ᠎ᠡ ᠴᠠᠭ ᠦᠶ᠎ᠡ ᠵᠢᠨ ᠳᠤᠮᠳᠠᠳᠤ ᠤᠯᠤᠰ ᠤ᠋ᠨ ᠣᠨᠴᠠᠯᠢᠭᠲᠠᠶ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠡᠷ ᠰᠦᠭ ᠰᠦᠨᠡᠰᠦ ᠵᠢ ᠱᠤᠭᠤᠵᠤ ᠬᠥᠮᠦᠨ ᠢ᠋ ᠬᠥᠮᠦᠵᠢᠭᠦᠯᠬᠦ᠌ ᠵᠢ ᠴᠥᠬᠥᠷᠡᠰᠢ ᠥᠬᠡᠶ ᠪᠠᠷᠢᠮᠲᠠᠯᠠᠵᠤ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠤ᠎ᠠ ᠰᠠᠢᠬᠠᠨ ᠬᠥᠳᠡᠯᠮᠦᠷᠢ ᠪᠥᠬᠥ᠌ ᠲᠠᠯ᠎ᠠ ᠪᠡᠷ ᠬᠥᠭ᠌ᠵᠢᠭ᠌ᠰᠡᠨ ᠨᠡᠢᠭᠡᠮ ᠵᠢᠷᠤᠮ ᠤ᠋ᠨ ᠪᠥᠲᠥᠭᠡᠨ ᠪᠠᠢᠭᠤᠯᠤᠭ᠍ᠴᠢ ᠪᠠ ᠵᠠᠯᠭᠠᠮᠵᠢᠯᠠᠭ᠍ᠴᠢ ᠵᠢ ᠴᠢᠷᠮᠠᠢᠨ ᠬᠥᠮᠦᠵᠢᠭᠦᠯᠬᠦ᠌ ᠬᠡᠷᠡᠭ᠌ᠲᠡᠶ᠃ ᠠᠵᠢᠯ ᠮᠡᠷᠭᠡᠵᠢᠯ ᠤ᠋ᠨ ᠰᠤᠷᠭᠠᠨ ᠬᠥᠮᠦᠵᠢᠯ ᠤ᠋ᠨ ᠴᠢᠨᠠᠷ ᠰᠠᠢᠲᠠᠶ ᠬᠥᠭ᠌ᠵᠢᠯᠲᠡ ᠵᠢ ᠯᠠᠪᠳᠠᠭᠤᠨ ᠪᠠᠲᠤᠲᠠᠶ ᠠᠬᠢᠭᠤᠯᠵᠤ᠂ ᠪᠥᠬᠥ᠌ ᠠᠢᠮᠠᠭ ᠤ᠋ᠨ ᠬᠥᠭ᠌ᠵᠢᠯᠲᠡ ᠵᠢᠨ ᠶᠡᠬᠡ ᠲᠠᠯ᠎ᠠ ᠳ᠋ᠦ ᠦᠶ᠋ᠯᠡᠴᠢᠯᠡᠬᠦ᠌᠂ ᠰᠤᠷᠭᠠᠭᠤᠯᠢ ᠡᠷᠭᠢᠯᠡᠬᠦ᠌ ᠲᠦᠪᠱᠢᠨ ᠢ᠋ ᠳᠡᠭᠡᠭ᠌ᠰᠢᠯᠡᠭᠦᠯᠬᠦ᠌᠂ ᠰᠤᠷᠭᠠᠭᠤᠯᠢ ᠵᠢᠨ ᠬᠦᠷᠢᠶᠡᠨᠦ ᠠᠮᠤᠷ ᠲᠦᠪᠱᠢᠨ ᠢ᠋ ᠬᠠᠮᠠᠭᠠᠯᠠᠬᠤ᠂ ᠪᠠᠭ᠍ᠰᠢ ᠵᠢᠨ ᠮᠣᠷᠠᠯ ᠪᠠᠭ᠍ᠰᠢ ᠵᠢᠨ ᠰᠤᠷᠲᠠᠯ ᠤ᠋ᠨ ᠪᠠᠢᠭᠤᠯᠤᠯᠲᠠ ᠵᠢᠨ ᠲᠠᠯ᠎ᠠ ᠪᠡᠷ ᠪᠣᠳᠠᠲᠠᠶ ᠦᠷ᠎ᠡ ᠪᠦᠲᠦᠮᠵᠢ ᠤᠯᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ ᠤ᠋ ᠳᠡᠳ᠋ ᠲᠡᠷᠢᠭᠦᠯᠡᠭ᠌ᠴᠢ ᠳᠠᠢᠴᠢᠨ ᠠᠯᠠᠱᠠ ᠵᠢᠨ ᠠᠵᠢᠯ ᠮᠡᠷᠭᠡᠵᠢᠯ ᠤ᠋ᠨ ᠳᠡᠭᠡᠳᠦ ᠰᠤᠷᠭᠠᠭᠤᠯᠢ ᠳ᠋ᠦ ᠭᠦᠨᠵᠡᠭᠡᠢᠷᠡᠨ ᠶᠡᠬᠡ ᠳᠡᠭᠡᠳᠦ ᠰᠤᠷᠭᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ ᠤ᠋ᠨ ᠠᠵᠢᠯ ᠢ᠋ ᠪᠠᠢᠴᠠᠭᠠᠨ ᠰᠤᠳᠤᠯᠵᠤ ᠵᠢᠭᠠᠨ ᠵᠢᠯᠣᠭᠣᠳᠴᠤ᠌᠂ ᠳᠡᠭᠡᠳᠦ ᠰᠤᠷᠭᠠᠭᠤᠯᠢ ᠵᠢᠨ ᠪᠠᠭ ᠤ᠋ᠨ ᠪᠦᠷᠢᠯᠳᠦᠬᠦᠨ᠂ ᠪᠠᠭ᠍ᠰᠢ ᠰᠤᠷᠤᠭ᠍ᠴᠢᠳ ᠤ᠋ᠨ ᠲᠥᠯᠥᠭᠡᠯᠡᠭ᠌ᠴᠢᠳ ᠲᠠᠢ ᠭᠦᠨᠵᠡᠭᠡᠶ ᠶᠠᠷᠢᠯᠴᠠᠵᠤ ᠰᠠᠨᠠᠯ ᠵᠢᠡᠨ ᠰᠣᠯᠢᠯᠴᠠᠪᠠ᠃ ᠲᠡᠷᠡ᠂ ᠭᠤᠤᠯ ᠰᠡᠳᠦᠪᠲᠦ ᠬᠥᠮᠦᠵᠢᠯ ᠢ᠋ ᠨᠠᠷᠢᠨ ᠬᠢᠨᠠᠮᠠᠭᠠᠶ ᠰᠠᠢᠲᠤᠷ ᠥᠷᠨᠢᠭᠦᠯᠵᠦ᠍᠂ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ ᠪᠣᠯᠤᠨ ᠭᠤᠤᠯ ᠰᠡᠳᠦᠪᠲᠦ ᠬᠥᠮᠦᠵᠢᠯ ᠢ᠋ ᠨᠢᠭ᠍ᠲᠠ ᠤᠶᠠᠯᠳᠤᠭᠤᠯᠵᠤ᠂ ᠰᠤᠷᠤᠭ᠍ᠴᠢᠳ ᠢ᠋ ᠬᠥᠲᠥᠯᠥᠨ ᠵᠢᠯᠣᠭᠣᠳᠴᠤ᠌ ᠡᠷᠡᠰ ᠭᠤᠢᠪᠢᠰᠢ ᠥᠬᠡᠶᠪᠡᠷ ᠨᠠᠮ ᠤ᠋ᠨ ᠠᠴᠢ ᠳ᠋ᠦ ᠲᠠᠯᠠᠷᠬᠠᠨ᠂ ᠨᠠᠮ ᠤ᠋ᠨ ᠦᠭᠡ ᠵᠢ ᠰᠣᠨᠣᠰᠴᠦ᠂ ᠨᠠᠮ ᠵᠢᠡᠨ ᠳᠠᠭᠠᠨ ᠤᠷᠤᠭᠰᠢᠯᠠᠵᠦ᠂ ᠦᠨᠳᠦᠰᠦᠲᠡᠨᠦ ᠰᠡᠷᠭᠦᠨ ᠮᠠᠨᠳᠤᠯᠲᠠ ᠵᠢᠨ ᠬᠦᠨᠳᠦ ᠡᠭᠦᠷᠭᠡ ᠵᠢ ᠡᠭᠦᠷᠭᠡᠯᠡᠵᠦ᠍ ᠳᠡᠢᠯᠬᠦ᠌ ᠴᠠᠭ ᠦᠶ᠎ᠡ ᠵᠢᠨ ᠱᠢᠨ᠎ᠡ ᠬᠥᠮᠦᠨ ᠪᠣᠯᠬᠤ ᠪᠡᠷ ᠴᠢᠷᠮᠠᠢᠬᠤ ᠬᠡᠷᠡᠭ᠌ᠲᠡᠶ᠃ ᠲᠤᠰᠭᠠᠶ ᠮᠡᠷᠭᠡᠵᠢᠯ ᠤ᠋ᠨ ᠪᠠᠢᠭᠤᠯᠤᠯᠲᠠ ᠵᠢᠨ ᠬᠢᠷᠢ ᠲᠦᠪᠱᠢᠨ ᠪᠠ ᠰᠤᠷᠭᠠᠭᠤᠯᠢ ᠡᠷᠭᠢᠯᠡᠬᠦ᠌ ᠪᠦᠬᠦᠯᠢ ᠴᠣᠭ᠍ᠴᠠ ᠵᠢᠨ ᠪᠣᠳᠠᠲᠤ ᠬᠦᠴᠦᠨ ᠢ᠋ ᠪᠥᠬᠥ᠌ ᠬᠦᠴᠦᠨ ᠵᠢᠡᠷ ᠵᠢᠡᠨ ᠳᠡᠭᠡᠭ᠌ᠰᠢᠯᠡᠭᠦᠯᠵᠦ᠍᠂ ᠮᠠᠨ ᠤ᠋ ᠣᠷᠣᠨ ᠤ᠋ ᠪᠠᠷᠠᠭᠤᠨ ᠣᠷᠣᠨ ᠤ᠋ ᠴᠢᠬᠤᠯᠠ ᠮᠡᠷᠭᠡᠵᠢᠯ ᠤ᠋ᠨ ᠴᠢᠳᠠᠪᠤᠷᠢᠲᠠᠨ ᠢ᠋ ᠬᠥᠮᠦᠵᠢᠭᠦᠯᠬᠦ᠌ ᠰᠠᠭᠤᠷᠢᠨ ᠢ᠋ ᠴᠢᠷᠮᠠᠢᠨ ᠪᠠᠢᠭᠤᠯᠵᠤ᠂ ᠶᠡᠷᠦᠩᠬᠡᠶ ᠱᠦᠵᠢ ᠰᠢ ᠵᠢᠨ ᠫᠢᠩ ᠤ᠋ᠨ ᠪᠢᠳᠡᠨᠳᠦ ᠲᠤᠱᠢᠶᠠᠭ᠍ᠰᠠᠨ ᠲᠠᠪᠤᠨ ᠶᠡᠬᠡ ᠡᠭᠦᠷᠭᠡ ᠵᠢ ᠰᠠᠢᠲᠤᠷ ᠪᠡᠶᠡᠯᠡᠭᠦᠯᠬᠦ᠌ ᠪᠠ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠢ᠋ ᠪᠥᠬᠥ᠌ ᠲᠠᠯ᠎ᠠ ᠪᠡᠷ ᠪᠥᠲᠥᠭᠡᠨ ᠪᠠᠢᠭᠤᠯᠬᠤ ᠳ᠋ᠦ ᠨᠠᠩ ᠶᠡᠬᠡ ᠬᠦᠴᠦᠨ ᠴᠢᠳᠠᠯ ᠵᠢᠡᠨ ᠡᠷᠭᠦᠬᠦ᠌ ᠬᠡᠷᠡᠭ᠌ᠲᠡᠶ ᠭᠡᠵᠦ᠍ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ ᠤ᠋ ᠳᠡᠳ᠋ ᠲᠡᠷᠢᠭᠦᠯᠡᠭ᠌ᠴᠢ ᠶᠠᠩ ᠵᠢᠨ ᠥᠪᠥᠷ ᠮᠣᠩᠭᠣᠯ ᠤ᠋ᠨ ᠡᠯᠧᠺᠲ᠋ᠷᠣᠨ ᠮᠡᠳᠡᠭᠡ ᠵᠠᠩᠭᠢ ᠵᠢᠨ ᠠᠵᠢᠯ ᠮᠡᠷᠭᠡᠵᠢᠯ ᠤ᠋ᠨ ᠳᠡᠭᠡᠳᠦ ᠰᠤᠷᠭᠠᠭᠤᠯᠢ ᠳ᠋ᠦ ᠬᠦᠷᠴᠦ᠍᠂ ᠮᠠᠷᠺᠰ ᠤ᠋ᠨ ᠦᠵᠡᠯ ᠤ᠋ᠨ ᠵᠢᠭᠠᠨ ᠰᠤᠷᠭᠠᠯᠲᠠ ᠵᠢᠨ ᠬᠡᠯᠲᠡᠰ ᠤ᠋ᠨ ᠪᠠᠭ᠍ᠰᠢ ᠵᠢᠨ 《ᠦᠨᠳᠦᠰᠦᠲᠡᠨᠦ ᠰᠡᠷᠭᠦᠨ ᠮᠠᠨᠳᠤᠯᠲᠠ ᠵᠢᠨ ᠶᠡᠬᠡ ᠡᠭᠦᠷᠭᠡ ᠵᠢ ᠡᠭᠦᠷᠭᠡᠯᠡᠬᠦ ᠴᠠᠭ ᠦᠶ᠎ᠡ ᠵᠢᠨ ᠵᠠᠯᠠᠭᠤᠴᠤᠳ ᠪᠤᠯᠤᠶ᠎ᠠ》 ᠬᠡᠬᠦ ᠰᠡᠳᠦᠪᠳᠤ ᠦᠵᠡᠯ ᠰᠠᠨᠠᠭ᠎ᠠ ᠤᠯᠤᠰ ᠲᠦᠷᠦᠵᠢᠨ ᠬᠢᠴᠢᠶᠡᠯᠢ ᠰᠣᠨᠣᠰᠬᠤᠵᠢᠨ ᠬᠠᠮᠳᠦ ᠪᠠᠭ᠍ᠰᠢ ᠰᠤᠷᠤᠭ᠍ᠴᠢᠳᠲᠠᠶ ᠶᠠᠷᠢᠯᠴᠠᠪᠠ᠃ ᠶᠠᠩ ᠵᠢᠨ᠂ ᠣᠳᠣᠬᠠᠨ ᠳ᠋ᠦ ᠠᠵᠢᠯ ᠮᠡᠷᠭᠡᠵᠢᠯ ᠤ᠋ᠨ ᠰᠤᠷᠭᠠᠨ ᠬᠥᠮᠦᠵᠢᠯ ᠬᠥᠭ᠌ᠵᠢᠯᠲᠡ ᠵᠢᠨ ᠱᠢᠨ᠎ᠡ ᠱᠠᠲᠤᠨ ᠳ᠋ᠦ ᠣᠷᠣᠪᠠ᠂ ᠰᠤᠷᠭᠠᠭᠤᠯᠢ ᠡᠴᠡ ᠶᠡᠷᠦᠩᠬᠡᠢ ᠱᠦᠵᠢ ᠰᠢ ᠵᠢᠨ ᠫᠢᠩ ᠤ᠋ᠨ ᠥᠪᠥᠷ ᠮᠣᠩᠭᠣᠯ ᠳ᠋ᠦ ᠱᠢᠨᠵᠢᠯᠡᠨ ᠪᠠᠢᠴᠠᠭᠠᠬᠤ ᠦᠶ᠎ᠡ ᠵᠢᠨ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠵᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ᠋ ᠬᠣᠶᠠᠷ ᠶᠡᠬᠡ ᠶᠠᠪᠤᠳᠠᠯ ᠢ᠋ ᠰᠠᠢᠲᠤᠷ ᠬᠢᠵᠦ᠍᠂ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠳᠠᠵᠢᠨ ᠥᠪᠥᠷ ᠮᠣᠩᠭᠣᠯ ᠤ᠋ᠨ ᠱᠢᠨ᠎ᠡ ᠬᠠᠭᠤᠳᠠᠰᠤ ᠵᠢ ᠴᠢᠷᠮᠠᠢᠨ ᠪᠢᠴᠢᠭᠯᠡᠬᠦᠵᠢ ᠠᠬᠢᠭᠤᠯᠬᠤ ᠳ᠋ᠦ ᠬᠦᠴᠦᠨ ᠴᠢᠳᠠᠯ ᠵᠢᠡᠨ ᠡᠷᠭᠦᠬᠦ᠌ ᠬᠡᠷᠡᠭ᠌ᠲᠡᠢ᠃ ᠵᠠᠯᠠᠭᠤ ᠰᠤᠷᠤᠭ᠍ᠴᠢᠳ ᠶᠡᠬᠡ ᠵᠣᠷᠢᠭᠢ ᠡᠪᠦᠷᠯᠡᠵᠦ᠂ ᠶᠡᠬᠡ ᠶᠤᠰᠤᠵᠢ ᠮᠡᠳᠡᠵᠦ᠂ ᠶᠡᠬᠡ ᠴᠢᠳᠠᠪᠤᠷᠢᠲᠠᠨ ᠪᠤᠯᠵᠤ᠂ ᠶᠡᠬᠡ ᠡᠭᠦᠷᠭᠡ ᠵᠢ ᠡᠭᠦᠷᠭᠡᠯᠡᠵᠦ᠍᠂ ᠦᠨᠳᠦᠰᠦᠲᠡᠨᠦ ᠰᠡᠷᠭᠦᠨ ᠮᠠᠨᠳᠤᠯᠲᠠ ᠵᠢᠨ ᠶᠡᠬᠡ ᠡᠭᠦᠷᠭᠡ ᠵᠢ ᠡᠭᠦᠷᠭᠡᠯᠡᠬᠦ᠌ ᠴᠠᠭ ᠦᠶ᠎ᠡ ᠵᠢᠨ ᠱᠢᠨ᠎ᠡ ᠬᠥᠮᠦᠨ ᠪᠣᠯᠬᠤ ᠪᠡᠷ ᠴᠢᠷᠮᠠᠢᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ ᠤ᠋ ᠳᠡᠳ᠋ ᠲᠡᠷᠢᠭᠦᠯᠡᠭ᠌ᠴᠢ ᠪᠠᠢ ᠴᠢᠩ ᠶᠤᠸᠠᠨ ᠥᠪᠥᠷ ᠮᠣᠩᠭᠣᠯ ᠤ᠋ᠨ ᠪᠡᠶ᠎ᠡ ᠵᠢᠨ ᠲᠠᠮᠢᠷ ᠤ᠋ᠨ ᠠᠵᠢᠯ ᠮᠡᠷᠭᠡᠵᠢᠯ ᠤ᠋ᠨ ᠳᠡᠭᠡᠳᠦ ᠰᠤᠷᠭᠠᠭᠤᠯᠢ ᠳ᠋ᠦ ᠭᠦᠨᠵᠡᠭᠡᠢᠷᠡᠵᠦ᠍᠂ ᠰᠣᠯᠢᠯᠴᠠᠨ ᠶᠠᠷᠢᠯᠴᠠᠬᠤ ᠬᠡᠯᠪᠡᠷᠢᠪᠡᠷ ᠪᠠᠭ᠍ᠰᠢ ᠰᠤᠷᠤᠭ᠍ᠴᠢᠳ ᠲᠦ᠍ ᠦᠵᠡᠯ ᠰᠠᠨᠠᠭ᠎ᠠ ᠤᠯᠤᠰ ᠲᠦᠷᠦ᠍ ᠵᠢᠨ ᠬᠢᠴᠢᠶᠡᠯ ᠣᠷᠣᠪᠠ᠃ ᠪᠠᠢ ᠴᠢᠩ ᠶᠤᠸᠠᠨ᠂ ᠶᠡᠷᠦᠩᠬᠡᠢ ᠱᠦᠵᠢ ᠰᠢ ᠵᠢᠨ ᠫᠢᠩ ᠤ᠋ᠨ ᠪᠡᠶ᠎ᠡ ᠵᠢᠨ ᠲᠠᠮᠢᠷ ᠤ᠋ᠨ ᠬᠦᠴᠦᠷᠬᠡᠭ ᠤᠯᠤᠰ ᠢ᠋ ᠪᠦᠳᠦᠭᠡᠨ ᠪᠠᠢᠭᠤᠯᠬᠤ ᠲᠤᠬᠠᠢ ᠴᠢᠬᠤᠯᠠ ᠥᠭᠦᠯᠡᠯᠲᠡ ᠪᠣᠯᠤᠨ ᠥᠪᠥᠷ ᠮᠣᠩᠭᠣᠯ ᠳ᠋ᠦ ᠱᠢᠨᠵᠢᠯᠡᠨ ᠪᠠᠢᠴᠠᠭᠠᠬᠤ ᠦᠶ᠎ᠡ ᠵᠢᠨ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠵᠤ᠂ ᠶᠣᠰᠣ ᠰᠤᠷᠲᠠᠬᠤᠨ ᠵᠢᠡᠷ ᠬᠥᠮᠦᠨ ᠢ᠋ ᠬᠥᠮᠦᠵᠢᠭᠦᠯᠬᠦ᠌ ᠦᠨᠳᠦᠰᠦᠨ ᠡᠭᠦᠷᠭᠡ ᠵᠢ ᠪᠠᠲᠤ ᠴᠡᠭᠡᠵᠢᠯᠡᠨ᠂ ᠥᠭᠡᠷᠡᠴᠢᠯᠡᠯᠲᠡ ᠬᠢᠵᠦ᠍ ᠱᠢᠨ᠎ᠡ ᠵᠢ ᠡᠭᠦᠳᠬᠦ᠌ ᠵᠢ ᠪᠠᠷᠢᠮᠲᠠᠯᠠᠵᠤ᠂ 《ᠶᠡᠬᠡ ᠦᠵᠡᠯ ᠰᠠᠨᠠᠭ᠎ᠠ ᠤᠯᠤᠰ ᠲᠦᠷᠦ᠍ ᠵᠢᠨ ᠬᠢᠴᠢᠶᠡᠯ》 ᠤ᠋ᠨ ᠪᠠᠢᠭᠤᠯᠤᠯᠲᠠ ᠵᠢ ᠠᠬᠢᠭᠤᠯᠬᠤ ᠬᠡᠷᠡᠭ᠌ᠲᠡᠢ᠃ ᠳᠤᠮᠳᠠᠳᠤ ᠵᠢᠨ ᠦᠨᠳᠦᠰᠦᠲᠡᠨᠦ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ ᠢ᠋ ᠪᠠᠲᠤ ᠡᠵᠡᠮᠳᠡᠵᠦ᠍᠂ ᠬᠣᠶᠠᠷ ᠶᠡᠬᠡ ᠶᠠᠪᠤᠳᠠᠯ ᠢ᠋ ᠰᠠᠢᠲᠤᠷ ᠬᠢᠬᠦ᠌ᠳᠦ ᠠᠩᠬᠠᠷᠤᠯ ᠵᠢᠡᠨ ᠲᠥᠪᠯᠡᠷᠡᠭᠦᠯᠵᠦ᠍᠂ ᠱᠢᠨᠵᠢᠯᠡᠭᠡᠨᠦ ᠳᠠᠪᠠᠭᠤᠯᠢᠭ ᠵᠢᠡᠨ ᠪᠠᠳᠠᠷᠠᠭᠤᠯᠵᠤ᠂ ᠰᠤᠷᠭᠠᠨ ᠬᠥᠮᠦᠵᠢᠯ ᠤ᠋ᠨ ᠶᠠᠰᠤ ᠴᠢᠨᠠᠷ ᠢ᠋ ᠳᠡᠭᠡᠭ᠌ᠰᠢᠯᠡᠭᠦᠯᠵᠦ᠍᠂ ᠥᠪᠥᠷ ᠮᠣᠩᠭᠣᠯ ᠤ᠋ᠨ ᠪᠡᠶ᠎ᠡ ᠵᠢᠨ ᠲᠠᠮᠢᠷ ᠤ᠋ᠨ ᠦᠢᠯᠡᠰ ᠤ᠋ᠨ ᠬᠥᠭ᠌ᠵᠢᠯᠲᠡᠳᠦ ᠨᠡᠩ ᠤᠯᠠᠨ ᠴᠢᠳᠠᠪᠤᠷᠢᠲᠠᠨ ᠢ᠋ ᠬᠥᠮᠦᠵᠢᠭᠦᠯᠵᠦ᠍ ᠥᠭ᠌ᠭᠦ ᠭᠡᠷᠡᠭᠳᠠᠢ ᠭᠡᠵᠦ ᠴᠢᠬᠤᠯᠠᠴᠢᠯᠠᠪᠠ᠃