7 ᠰᠠᠷ᠎ᠠ᠎ᠶ᠋ᠢᠨ 12 ᠡᠴᠡ 13 ᠤ᠋ ᠡᠳᠦᠷ ᠪᠣᠯᠲᠠᠯ᠎ᠠ ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠤᠯᠠᠭᠠᠨᠬᠠᠳᠠ ᠬᠤᠳᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠯᠤᠰ ᠲᠦᠷᠦ᠍ ᠬᠠᠤᠯᠢ ᠴᠠᠭᠠᠵᠠ᠎ᠶ᠋ᠢᠨ ᠬᠣᠷᠢᠶ᠎ᠠ᠎ᠳᠤ ᠬᠦᠷᠴᠦ᠍ ᠤᠬᠠᠭᠤᠯᠤᠨ ᠲᠠᠢᠯᠪᠤᠷᠢᠯᠠᠪᠠ᠃
ᠤᠯᠠᠭᠠᠨᠬᠠᠳᠠ ᠬᠣᠲᠠ᠎ᠳᠤ ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ ᠂ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠢᠶᠠ ᠶᠤᠸᠠᠢ ᠹᠸᠩ 《ᠬᠦᠰᠠᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠶ᠎ᠡ》 ᠭᠡᠬᠦ᠌ ᠰᠡᠳᠦᠪ᠎ᠢᠶᠡᠷ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠲᠠᠶ ᠨᠢᠭ᠍ᠲᠠ ᠤᠶᠠᠯᠳᠤᠭᠤᠯᠤᠨ ᠂ ᠪᠥᠬᠥ᠌ ᠲᠠᠯ᠎ᠠ᠎ᠪᠠᠷ ᠱᠢᠰᠲ᠋ᠧᠮ᠎ᠲᠡᠶ ᠭᠦᠨᠵᠡᠭᠡᠶ ᠤᠬᠠᠭᠤᠯᠤᠨ ᠲᠠᠢᠯᠪᠤᠷᠢᠯᠠᠬᠤ᠎ᠶ᠋ᠢᠨ ᠬᠠᠮᠲᠤ 《ᠬᠥᠳᠡᠭᠡ ᠠᠵᠤ ᠠᠬᠤᠶ ᠬᠥᠳᠡᠭᠡ ᠲᠣᠰᠭᠣᠨ ᠲᠠᠷᠢᠶᠠᠴᠢᠨ》 ᠤ᠋ ᠠᠵᠢᠯ᠎ᠢ ᠰᠠᠢᠲᠤᠷ ᠬᠢᠬᠦ᠌ ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ᠎ᠲᠠᠶ ᠤᠶᠠᠯᠳᠤᠭᠤᠯᠤᠨ ᠭᠦᠨᠵᠡᠭᠡᠶ ᠪᠥᠭᠡᠳ ᠣᠢᠯᠠᠭᠠᠮᠵᠢᠲᠠᠶ ᠤᠬᠠᠭᠤᠯᠤᠨ ᠲᠠᠢᠯᠪᠤᠷᠢᠯᠠᠵᠠᠢ᠃
ᠤᠬᠠᠭᠤᠯᠤᠨ ᠲᠠᠢᠯᠪᠤᠷᠢᠯᠠᠬᠤ ᠬᠤᠷᠠᠯ᠎ᠤᠨ ᠳᠠᠷᠠᠭ᠎ᠠ ᠂ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ ᠰᠦᠩᠱᠠᠨ ᠲᠣᠭᠣᠷᠢᠭ᠎ᠤᠨ ᠳ᠋ᠠ ᠮᠢᠶᠣᠣ ᠪᠠᠯᠭᠠᠰᠤᠨ᠎ᠤ ᠱᠢᠶᠤᠤ ᠮᠢᠶᠣᠣ ᠽᠢ ᠲᠣᠰᠭᠣᠨ᠎ᠤ ᠡᠮ᠎ᠦᠨ ᠮᠠᠲ᠋ᠧᠷᠢᠶᠠᠯ᠎ᠤᠨ ᠰᠠᠭᠤᠷᠢᠨ᠎ᠳᠤ ᠬᠦᠷᠴᠦ᠍ ᠂ ᠲᠤᠬᠠᠢ᠎ᠶ᠋ᠢᠨ ᠭᠠᠵᠠᠷ᠎ᠤᠨ ᠺᠠᠳ᠋ᠷ ᠤᠯᠠᠨ ᠲᠦᠮᠡᠨ᠎ᠲᠡᠶ ᠰᠠᠨᠠᠯ᠎ᠢᠶᠠᠨ ᠰᠣᠯᠢᠯᠴᠠᠵᠠᠢ᠃ ᠤᠯᠠᠨ᠎ᠢᠶᠠᠷ᠎ᠢᠶᠠᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠠᠶᠠᠨ᠎ᠳᠤ ᠦᠷᠭᠦᠯᠵᠢᠯᠡᠨ ᠲᠡᠮᠡᠴᠡᠵᠦ᠍᠂ ᠱᠢᠨ᠎ᠡ ᠦᠵᠡᠯ ᠰᠠᠨᠠᠭ᠎ᠠ᠂ ᠱᠢᠨ᠎ᠡ ᠣᠢᠯᠠᠭᠠᠭ᠍ᠳᠠᠬᠤᠨ᠂ ᠱᠢᠨ᠎ᠡ ᠱᠠᠭᠠᠷᠳᠠᠯᠭ᠎ᠠ᠎ᠪᠠᠷ ᠱᠢᠨ᠎ᠡ ᠴᠠᠭ ᠦᠶ᠎ᠡ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠬᠠᠷᠢᠭᠤᠯᠲᠠ᠎ᠶ᠋ᠢᠨ ᠬᠠᠭᠤᠳᠠᠰᠤ᠎ᠶ᠋ᠢ ᠪᠢᠴᠢᠭ᠌ᠯᠡᠨ᠎ᠡ ᠭᠡᠵᠦ᠍ ᠰᠠᠨᠠᠯ ᠨᠢᠭᠡᠲᠡᠢ ᠢᠯᠡᠳᠭᠡᠵᠡᠭᠡᠪᠠ᠃
7 ᠰᠠᠷ᠎ᠠ᠎ᠶ᠋ᠢᠨ 13 ᠤ᠋ ᠦᠳᠡ᠎ᠶ᠋ᠢᠨ ᠡᠮᠦᠨ᠎ᠡ ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠵᠢᠨ ᠳᠡᠳ᠋ ᠱᠦᠵᠢ ᠂ ᠬᠢᠨᠠᠨ ᠪᠠᠢᠴᠠᠭᠠᠬᠤ ᠵᠥᠪᠯᠡᠯ᠎ᠦᠨ ᠳᠡᠳ᠋ ᠡᠷᠬᠢᠯᠡᠭ᠌ᠴᠢ ᠴᠧᠨ ᠵᠢᠶ ᠴᠢᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠯᠤᠰ ᠲᠥᠷᠥ᠍ ᠬᠠᠤᠯᠢ ᠴᠠᠭᠠᠵᠠ᠎ᠶ᠋ᠢᠨ ᠬᠤᠷᠢᠶ᠎ᠠ᠎ᠳᠦ ᠬᠦᠷᠴᠦ᠍ ᠂ 《ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠠᠬᠢ ᠬᠠᠯᠠᠭᠤᠨ ᠲᠤᠳᠤᠨᠤ ᠬᠠᠢᠷ᠎ᠠ ᠬᠠᠯᠠᠮᠵᠢ᠎ᠶ᠋ᠢ ᠣᠢᠯᠠᠭᠠᠬᠤ》 ᠂ 《ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭᠠᠨ᠎ᠤ ᠪᠠᠶᠠᠯᠢᠭ ᠠᠭᠤᠯᠤᠭ᠍ᠳᠠᠬᠤᠨ ᠪᠠ ᠦᠶ᠋ᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠣᠬᠠᠪᠤᠷᠢᠯᠠᠬᠤ》 ᠂ 《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠬᠤ᠎ᠶ᠋ᠢ ᠯᠠᠪᠳᠠᠭᠤᠨ ᠪᠠᠲᠤᠲᠠᠶ ᠠᠬᠢᠭᠤᠯᠬᠤ》 ᠭᠤᠷᠪᠠᠨ ᠲᠠᠯ᠎ᠠ᠎ᠠᠴᠠ ᠭᠦᠨᠵᠡᠭᠡᠶ ᠲᠠᠢᠯᠤᠮᠵᠢ ᠬᠢᠵᠠᠢ᠃
ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ ᠂ ᠣᠯᠠᠨ᠎ᠢᠶᠠᠷ᠎ᠢᠶᠠᠨ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠢᠯᠠᠭᠠᠵᠤ ᠪᠣᠳᠠᠲᠠᠶ᠎ᠳᠤ ᠨᠠᠢᠳᠠᠪᠤᠷᠢᠵᠢᠭᠤᠯᠵᠤ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌ ᠵᠢᠨ ᠲᠣᠭᠣᠷᠢᠨ᠎ᠳᠤ ᠣᠷᠭᠢᠯᠤᠮ᠎ᠠ ᠬᠠᠯᠠᠭᠤᠨ ᠰᠡᠳᠬᠢᠯᠭᠡ ᠪᠠ ᠵᠣᠷᠢᠭ᠎ᠢᠶᠠᠷ ᠤᠯᠤᠰ ᠲᠥᠷᠥ᠍ ᠬᠠᠤᠯᠢ ᠴᠠᠭᠠᠵᠠ᠎ᠶ᠋ᠢᠨ ᠡᠯ᠎ᠡ ᠵᠦᠶ᠋ᠯ᠎ᠦᠨ ᠠᠵᠢᠯ᠎ᠢ ᠰᠠᠢᠲᠤᠷ ᠬᠢᠵᠦ᠍᠂ ᠱᠢᠨ᠎ᠡ ᠴᠠᠭ ᠦᠶ᠎ᠡ᠎ᠶ᠋ᠢᠨ ᠱᠢᠨ᠎ᠡ ᠠᠶᠠᠨ᠎ᠳᠤ ᠥᠪᠥᠷ ᠮᠣᠩᠭᠣᠯ᠎ᠤᠨ ᠤᠯᠤᠰ ᠲᠥᠷᠥ᠍ ᠬᠠᠤᠯᠢ ᠴᠠᠭᠠᠵᠠ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠡ ᠭᠡᠵᠦ᠍ ᠢᠯᠡᠳᠭᠡᠵᠡᠭᠡᠪᠡ᠃